ᠵᠠᠮ ᠰᠢᠯᠤᠭᠤᠨ ᠪᠤᠯ ᠰᠡᠳᠬᠢᠯ ᠲᠡᠨᠢᠬᠦᠨ
2026-04-14 11:01:26
ᠵᠣᠬᠢᠶᠠᠭ᠍ᠴᠢ᠄
ᠰᠦᠨ ᠯᠢ ᠶᠢᠡᠭ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ᠎ᠤᠨ ᠣᠯᠠᠨ ᠤᠯᠤᠰ᠎ᠤᠨ ᠬᠤᠷᠠᠯ ᠦᠵᠡᠰᠭᠦᠯᠡᠩ᠎ᠦᠨ ᠲᠥᠪ᠎ᠦᠨ ᠲᠡᠷᠭᠡ ᠵᠣᠭ᠍ᠰᠣᠭᠠᠬᠤ ᠰᠦᠶ᠋ᠳᠭᠡᠯ ᠢ᠋ ᠴᠠᠭ ᠪᠦᠷᠢ 2 ᠲᠥᠭᠥᠷᠢᠭ ᠪᠣᠯᠭᠠᠨ ᠪᠠᠭᠤᠷᠠᠭᠤᠯᠪᠠ;

ᠰᠠᠢᠬᠠᠨ ᠲᠣᠭᠣᠷᠢᠭ᠎ᠤᠨ ᠣᠯᠠᠨ ᠪᠠᠢᠭᠤᠯᠭ᠎ᠠ ᠨᠢᠭᠡᠴᠢ᠎ᠶ᠋ᠢᠨ ᠲᠡᠷᠭᠡᠨ ᠵᠣᠭ᠍ᠰᠣᠭᠠᠯ᠎ᠢ ᠬᠣᠲᠠ᠎ᠶ᠋ᠢᠨ ᠠᠷᠠᠳ᠎ᠲᠤ ᠨᠡᠭᠡᠭᠡᠵᠦ᠍᠂ 1800 ᠭᠠᠷᠤᠶ ᠬᠠᠮᠲᠤ᠎ᠪᠠᠷ ᠡᠳ᠋ᠯᠡᠬᠦ᠌ ᠲᠡᠷᠭᠡᠨ ᠵᠣᠭ᠍ᠰᠣᠭᠠᠯ ᠲᠠᠢ ᠪᠤᠯᠪᠠ;

ᠬᠥᠬᠡᠬᠣᠲᠠ᠎ᠶ᠋ᠢᠨ ᠠᠷᠪᠠ ᠶᠢᠰᠦᠳᠦᠭᠡᠷ ᠳᠤᠮᠳᠠᠳᠤ ᠰᠤᠷᠭᠠᠭᠤᠯᠢ᠎ᠶ᠋ᠢᠨ ᠣᠢᠷ᠎ᠠ ᠬᠠᠪᠢ᠎ᠶ᠋ᠢᠨ ᠲᠡᠷᠭᠡᠨ ᠵᠣᠭ᠍ᠰᠣᠭᠠᠯ ᠬᠡᠤᠬᠡᠳ ᠬᠦᠷᠭᠡᠵᠦ ᠲᠤᠰᠬᠤ ᠪᠡᠷ ᠢᠷᠡᠭᠰᠡᠨ ᠬᠡᠷ᠎ᠦᠨ ᠠᠬᠠᠮᠠᠳ ᠤ᠋ᠨ ᠲᠡᠷᠭᠡ ᠡᠴᠨ ᠰᠦᠶ᠋ᠳᠭᠡᠯ ᠬᠤᠷᠢᠶᠠᠬᠤ ᠥᠬᠡᠶ;

    ᠁

ᠤᠢᠷ᠎ᠠ ᠵᠢᠨ ᠡᠳᠦᠷ ᠲᠸ᠋᠂ ᠬᠥᠬᠡᠬᠣᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠰᠠᠯᠪᠤᠷᠢ ᠠᠩᠭᠢ ᠬᠣᠲᠠ᠎ᠶ᠋ᠢᠨ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠲᠡᠶ ᠬᠠᠮᠲᠤᠷᠠᠨ ᠥᠷᠨᠢᠭᠦᠯᠦᠭ᠌ᠰᠡᠨ ᠮᠠᠱᠢᠨᠲᠤ ᠲᠡᠷᠭᠡ᠎ᠶ᠋ᠢ ᠳᠤᠷ᠎ᠠ᠎ᠪᠠᠷ ᠵᠣᠭ᠍ᠰᠣᠭᠠᠵᠤ ᠳᠤᠷ᠎ᠠ᠎ᠪᠠᠷ ᠲᠠᠯᠪᠢᠬᠤ᠎ᠶ᠋ᠢ ᠲᠤᠰᠭᠠᠶ ᠴᠡᠭ᠌ᠴᠡᠯᠡᠨ ᠵᠠᠰᠠᠬᠤ ᠠᠵᠢᠯᠯᠠᠭ᠎ᠠ ᠭᠦᠨᠵᠡᠭᠡᠶ ᠠᠭᠢᠬᠤ᠎ᠶ᠋ᠢ ᠳᠠᠭᠠᠯᠳᠤᠨ᠂ ᠣᠷᠣᠨ᠎ᠤ ᠲᠥᠪ ᠬᠤᠳᠠ《ᠲᠡᠷᠭᠡ ᠵᠣᠭ᠍ᠰᠣᠭᠠᠬᠤ᠎ᠳᠤ ᠲᠥᠬᠥᠮ ᠦᠵᠡᠭᠦᠯᠬᠦ᠌》 ᠪᠠ 《ᠲᠡᠷᠭᠡ ᠵᠢ ᠰᠠᠭᠠᠳ ᠦᠭᠡᠢ ᠶᠠᠪᠤᠭᠤᠯᠬᠤ》ᠡᠨᠡ ᠬᠤᠶᠠᠷ ᠠᠷᠠᠳ᠎ᠤᠨ ᠠᠮᠢᠳᠤᠷᠠᠯ᠎ᠳᠤ ᠬᠣᠯᠪᠣᠭ᠍ᠳᠠᠬᠤ ᠴᠢᠬᠤᠯᠠ ᠶᠠᠪᠤᠳᠠᠯ᠎ᠢ ᠴᠢᠷᠮᠠᠢᠨ ᠱᠢᠶ᠋ᠳᠪᠦᠷᠢᠯᠡᠵᠦ᠍ ᠪᠠᠢᠨ᠎ᠠ᠃

ᠤᠯᠠᠡᠭᠭᠢ ᠬᠦᠮᠦᠨ ᠳ᠋ᠤ ᠡᠢᠮᠤ ᠪᠠᠢᠳᠠᠯ ᠲᠤᠬᠢᠶᠠᠯᠳᠤᠵᠤ ᠦᠡᠭᠭᠡᠷᠡᠪᠡ᠄ ᠦᠪᠡᠰᠦᠪᠡᠨ ᠮᠠᠰᠢᠨ ᠲᠠᠷᠭᠡ ᠵᠢᠯᠤᠭᠤᠳᠴᠤ ᠶᠠᠪᠤᠬᠤ ᠳ᠋ᠤ ᠵᠠᠮ ᠤ᠋ᠨ ᠬᠠᠵᠠᠭᠤ ᠳ᠋ᠤ ᠬᠡᠳᠦᠨ ᠮᠦᠷ ᠵᠢᠡᠷ ᠡᠡᠭᠨᠡᠷᠡᠨ ᠵᠤᠬᠰᠤᠵᠤ ᠪᠠᠢᠭ᠎ᠠ ᠮᠠᠰᠢᠨ ᠲᠡᠷᠭᠡ ᠵᠢ ᠦᠵᠡᠬᠦ ᠳ᠋ᠤ ᠵᠠᠮ ᠬᠠᠷᠢᠯᠴᠠᠭᠠᠨ ᠤ᠋ ᠰᠠᠭᠠᠳ ᠲᠦᠭᠵᠢᠷᠡᠯ ᠢ᠋ ᠪᠤᠢ ᠪᠤᠯᠭᠠᠵᠤ᠂ ᠤᠯᠠᠨ ᠨᠡᠢᠳᠡ ᠵᠢᠨ ᠶᠠᠪᠤᠵᠤ ᠰᠠᠭᠤᠬᠤ ᠳ᠋ᠤ ᠨᠦᠯᠦᠭᠡ ᠦᠵᠡᠬᠦᠯᠪᠡ ᠭᠡᠵᠦ ᠲᠤᠷ᠎ᠠ ᠠᠯᠳᠠᠳᠠᠭ᠃ ᠶᠠᠮᠠᠷ ᠨᠢᠬᠡᠨ ᠶᠠᠪᠤᠳᠠᠯ ᠡᠴᠨ ᠮᠠᠰᠢᠨ ᠲᠡᠷᠭᠡ ᠪᠠᠨ ᠵᠤᠬᠰᠤᠭᠠᠬᠤ ᠦᠶ᠎ᠠ ᠳ᠋ᠤ᠂ ᠡᠨᠳᠡ ᠲᠦᠷ ᠵᠤᠬᠰᠤᠵᠤ ᠲᠦᠷᠬᠡᠨ ᠪᠤᠴᠠᠬᠤ ᠳ᠋ᠤ ᠵᠠᠮ ᠬᠠᠷᠢᠯᠴᠠᠭᠠᠨ ᠤ᠋ ᠡᠮᠬᠢ ᠲᠢᠭᠯᠢᠮ ᠢ᠋ ᠡᠪᠳᠡᠭᠰᠡᠨ ᠦᠭᠡᠢ ᠭᠡᠵᠦ ᠪᠤᠳᠤᠳᠠᠭ᠃ ᠢᠡᠭᠭᠢᠬᠦᠯᠡᠷ  ᠵᠠᠮ ᠬᠠᠷᠢᠯᠴᠠᠭᠠᠨ᠎ᠤ ᠵᠠᠰᠠᠯᠲᠠ᠎ᠶ᠋ᠢᠨ ᠵᠠᠡᠭᠭᠢᠯᠠᠭ᠎ᠠ ᠨᠢ ᠣᠯᠠᠨ ᠨᠡᠢᠲᠡ᠎ᠶ᠋ᠢᠨ ᠰᠠᠭᠠᠳ ᠦᠭᠡᠢ ᠨᠡᠪᠳᠡᠷᠡᠬᠦ᠎ᠶ᠋ᠢ ᠪᠠᠲᠤᠯᠠᠭ᠍ᠰᠠᠨ ᠤᠷᠢᠲᠠᠯ ᠳᠤᠤᠷ᠎ᠠ᠂ ᠬᠤᠪᠢ ᠬᠥᠮᠦᠨ᠎ᠦ ᠲᠡᠷᠭᠡ ᠵᠣᠭ᠍ᠰᠣᠭᠠᠬᠤ ᠬᠡᠷᠡᠭ᠌ᠴᠡᠭᠡ ᠱᠠᠭᠠᠷᠳᠠᠯᠭ᠎ᠠ᠎ᠶ᠋ᠢ ᠴᠸ᠋ ᠠᠯᠢ ᠴᠢᠳᠠᠬᠤ᠎ᠪᠠᠷ ᠬᠠᠩᠭᠠᠬᠤ ᠶᠠᠪᠤᠳᠠᠯ ᠪᠣᠯᠤᠨ᠎ᠠ᠃

ᠬᠦᠬᠡᠬᠤᠳᠠ ᠵᠢᠨ ᠲᠣᠰ ᠤᠳᠠᠭᠠᠨ᠎ᠤ ᠴᠡᠭ᠌ᠴᠡᠯᠡᠨ ᠵᠠᠰᠠᠯᠲᠠ ᠨᠢ ᠦᠡᠭᠭᠡᠷᠡᠭᠰᠡᠨ ᠤ᠋《ᠰᠢᠭᠤᠳ ᠲᠣᠷᠭᠠᠨ ᠰᠢᠢᠳᠭᠡᠭᠦ》 ᠲᠥᠬᠥᠮ ᠬᠡᠯᠪᠡᠷᠢ ᠡᠴᠡ ᠵᠠᠢᠯᠠᠰᠬᠢᠵᠦ᠂ ᠵᠠᠮ ᠬᠠᠷᠢᠯᠴᠠᠭᠠᠨ ᠤ᠋ ᠵᠠᠰᠠᠯᠲᠠ᠎ᠶ᠋ᠢᠨ ᠣᠶᠤᠨ ᠤᠬᠠᠭᠠᠨ᠎ᠢ ᠭᠦᠶ᠋ᠴᠡᠳ ᠢᠯᠡᠷᠡᠭᠦᠯᠪᠡ᠄ ᠳᠤᠷ᠎ᠠ᠎ᠪᠠᠷ᠎ᠢᠶᠠᠨ ᠵᠣᠭ᠍ᠰᠣᠭᠠᠬᠤ᠂ ᠤᠷᠳᠤ ᠬᠤᠭᠤᠴᠠᠭ᠎ᠠ ᠪᠡᠷ ᠬᠦᠳᠡᠯᠭᠡᠭᠦ ᠦᠭᠡᠢ ᠮᠠᠰᠢᠨ ᠲᠡᠷᠭᠡ ᠳ᠋ᠤ ᠴᠢᠡᠭᠭ᠎ᠠ ᠬᠠᠳᠠᠭᠤ ᠠᠷᠭ᠎ᠠ ᠬᠡᠮᠵᠢᠶ᠎ᠠ ᠠᠪᠴᠤ ᠰᠢᠯᠵᠢᠬᠦᠯᠦᠨ ᠴᠡᠪᠡᠷᠯᠡᠬᠦ ᠵᠢᠨ ᠬᠠᠮᠳᠤ ᠪᠠᠢᠭᠤᠯᠭ᠎ᠠ ᠨᠢᠭᠡᠴᠢ ᠵᠢᠨ ᠲᠡᠷᠭᠡᠨ ᠵᠣᠭ᠍ᠰᠣᠭᠠᠯ᠎ᠢ ᠴᠠᠭ ᠵᠥᠷᠢᠭᠦᠯᠦᠨ ᠨᠡᠭᠡᠭᠡᠬᠦ᠂ ᠰᠤᠯᠠ ᠭᠠᠵᠠᠷ᠎ᠲᠤ ᠲᠦᠷ ᠴᠠᠭ᠎ᠤᠨ ᠲᠡᠷᠭᠡᠨ ᠵᠣᠭ᠍ᠰᠣᠭᠠᠯ ᠪᠠᠢᠭᠤᠯᠬᠤ᠂ ᠡᠮᠨᠡᠯᠭᠡ᠎ᠶ᠋ᠢᠨ ᠬᠣᠷᠢᠶ᠎ᠠ ᠵᠢᠨ ᠡᠷᠬᠢᠨ ᠲᠣᠭᠣᠷᠢᠨ᠎ᠤ ᠲᠡᠷᠭᠡᠨ ᠵᠣᠭ᠍ᠰᠣᠭᠠᠯ᠎ᠢ ᠨᠡᠮᠡᠭᠳᠡᠬᠦᠯᠬᠦ ᠵᠡᠷᠭᠡ ᠤᠶᠠᠨ ᠵᠦᠬᠡᠯᠡᠨ ᠠᠷᠭ᠎ᠠ ᠪᠣᠳᠣᠯᠭ᠎ᠠ ᠬᠡᠷᠡᠭ᠌ᠵᠢᠭᠦᠯᠵᠦ᠍᠂ ᠵᠠᠮ ᠬᠠᠷᠢᠯᠴᠠᠭ᠎ᠠ ᠵᠢ ᠵᠠᠰᠠᠵᠤ ᠰᠢᠯᠤᠭᠤᠳᠬᠠᠬᠤ ᠬᠢᠬᠡᠳ ᠲᠡᠷᠭᠡ ᠵᠣᠭ᠍ᠰᠣᠬᠤ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠮᠲᠤ᠎ᠳᠤᠨᠢ ᠬᠠᠷᠠᠭᠠᠯᠵᠠᠵᠦ᠂ ᠤᠯᠠᠨ ᠲᠦᠮᠡᠨ ᠳ᠋ᠤ ᠵᠠᠰᠠᠭ ᠤ᠋ᠨ ᠤᠷᠳᠤᠨ ᠤ᠋ ᠵᠠᠰᠠᠯᠳᠠ ᠵᠢᠨ ᠬᠠᠯᠠᠭᠤᠨ ᠲᠤᠯᠠᠭᠠᠨ ᠢ᠋ ᠤᠢᠯᠠᠭᠠᠭᠤᠯᠪᠠ᠃  ᠨᠠᠩ ᠴᠢᠬᠤᠯᠠ᠎ᠨᠢ ᠲᠤᠰ ᠤᠳᠠᠭᠠᠨ ᠤ᠋ ᠵᠠᠰᠠᠯᠳᠠ ᠵᠢᠨ ᠶᠠᠪᠤᠴᠠ᠎ᠳᠤ ᠬᠣᠲᠠ᠎ᠶ᠋ᠢᠨ ᠠᠷᠠᠳ᠎ᠢ ᠬᠥᠲᠥᠯᠥᠨ ᠵᠢᠯᠣᠭᠣᠳᠴᠤ᠌ ᠪᠠᠢᠭᠠᠳ 《ᠡᠮᠬᠢ ᠲᠢᠭᠯᠢᠮ ᠲᠠᠢ ᠲᠡᠷᠭᠡ ᠵᠣᠭ᠍ᠰᠣᠭᠠᠵᠤ᠂ ᠪᠣᠯᠪᠠᠰᠤᠨ᠎ᠢᠶᠠᠷ ᠶᠠᠪᠤᠵᠤ ᠰᠠᠭᠤᠬᠤ》 ᠤᠢᠯᠠᠭᠠᠬᠳᠠᠬᠤᠨ ᠢ᠋ ᠪᠤᠢ ᠪᠣᠯᠭᠠᠵᠤ᠂ ᠵᠠᠮ ᠬᠠᠷᠢᠯᠴᠠᠭᠠᠨ᠎ᠤ ᠲᠦᠷᠢᠮ ᠲᠤᠬᠳᠠᠭᠠᠯ ᠢ᠋ ᠵᠢᠷᠤᠮᠯᠠᠬᠤ ᠤᠬᠠᠮᠰᠠᠷ ᠢ᠋ ᠬᠦᠮᠦᠰ ᠤ᠋ᠨ ᠰᠡᠳᠬᠢᠯ ᠳ᠋ᠤ ᠬᠠᠳᠠᠡᠭᠰᠢᠭᠤᠯᠵᠤ᠂ ᠬᠠᠮᠲᠤ ᠪᠠᠷ ᠪᠠᠢᠭᠤᠯᠵᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ᠌ ᠬᠣᠲᠠ᠎ᠶ᠋ᠢᠨ ᠪᠣᠯᠪᠠᠰᠤᠨ᠎ᠤ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠤᠬᠰᠠᠨ ᠶᠤᠮ᠃

  ᠲᠦᠭᠵᠢᠷᠡᠯ ᠵᠠᠮ ᠢ᠋ ᠰᠢᠯᠤᠭᠤᠳᠬᠠᠪᠠᠯ ᠰᠡᠳᠬᠢᠯ ᠲᠡᠨᠢᠬᠦᠨ᠂ ᠵᠢᠷᠤᠮᠵᠢᠯ ᠶᠤᠰᠤᠭᠠᠷ ᠲᠡᠷᠭᠡ ᠵᠣᠭ᠍ᠰᠣᠬᠤ ᠨᠢ ᠪᠣᠯᠪᠠᠰᠤᠨ ᠬᠡᠪ ᠰᠤᠷᠲᠠᠯ᠎ᠤ᠋ᠨ ᠢᠯᠡᠷᠡᠯ᠃ ᠬᠣᠲᠠ᠎ᠶ᠋ᠢᠨ ᠵᠠᠰᠠᠯᠲᠠ᠎ᠶ᠋ᠢᠨ ᠳᠤᠯᠠᠭᠠᠨ᠎ᠤ ᠬᠡᠮᠵᠢᠶ᠎ᠡ᠂ ᠲᠦᠷᠢᠮ᠎ᠦᠨ ᠤᠬᠠᠮᠰᠠᠷ᠎ᠢ ᠪᠣᠶ ᠪᠣᠯᠭᠠᠬᠤ᠎ᠳᠤ ᠡᠯ᠎ᠡ ᠲᠠᠯ᠎ᠠ᠎ᠶ᠋ᠢᠨ᠎ᠬᠢᠨ ᠦᠷᠭᠦᠯᠵᠢᠯᠡᠨ ᠬᠦᠴᠦᠯᠡᠵᠦ᠍ ᠵᠢᠳᠬᠦᠯ ᠴᠢᠷᠮᠠᠢᠯᠭ᠎ᠠ ᠭᠠᠷᠭᠠᠬᠤ ᠬᠡᠷᠡᠭ᠌ᠲᠡᠶ ᠮᠥᠷᠲᠡᠭᠡᠨ ᠨᠠᠩ ᠴᠤ᠌ ᠪᠥᠬᠥ᠌ ᠠᠷᠠᠳ᠎ᠢᠶᠠᠷ᠎ᠢᠶᠠᠨ ᠬᠠᠮᠲᠤ᠎ᠪᠠᠷ ᠦᠶ᠋ᠯᠡᠳᠦᠯᠭᠡᠵᠢᠭᠦᠯᠬᠦ᠌ ᠴᠢᠬᠤᠯᠠᠳᠠᠢ᠃ ᠤᠯᠠᠨ ᠲᠦᠮᠡᠨ᠎ᠤ ᠠᠰᠢᠭ ᠳᠤᠰᠠ ᠵᠢ ᠲᠡᠷᠢᠬᠦᠨ᠎ᠳᠦ ᠳᠠᠯᠪᠢᠨ ᠠᠷᠭ᠎ᠠ ᠪᠤᠳᠤᠯᠭ᠎ᠠ ᠳᠤᠬᠳᠠᠭᠠᠨ᠂ ᠨᠠᠩ ᠠᠮᠤᠷ ᠲᠦᠪᠱᠢᠨ᠂ ᠰᠠᠭᠠᠳ ᠥᠬᠡᠶ᠂ ᠡᠮᠬᠢ ᠳᠢᠭ᠌ᠯᠢᠮ᠎ᠲᠡᠶ ᠵᠠᠮ ᠬᠠᠷᠢᠯᠴᠠᠭ᠎ᠠ ᠵᠢ ᠪᠠᠢᠭᠤᠯᠬᠤ ᠨᠢ ᠤᠷᠤᠨ ᠤ᠋ ᠲᠦᠪ ᠤ᠋ᠨ ᠰᠢᠨᠡᠴᠢᠯᠡᠯᠳᠡ ᠭᠦᠭᠵᠢᠯᠳᠠ ᠳ᠋ᠤ ᠬᠤᠪᠢ ᠨᠡᠮᠡᠷᠢ ᠦᠵᠡᠬᠦᠯᠬᠦ ᠨᠢ ᠯᠠᠪᠳᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号