ᠪᠤᠭᠤᠲᠤ ᠬᠣᠲᠠ᠎ᠶ᠋ᠢᠨ ᠱᠢᠭᠤᠢᠲᠤ ᠲᠣᠭᠣᠷᠢᠭ᠎ᠤᠨ ᠭᠠᠢᠯᠢ᠎ᠶ᠋ᠢᠨ ᠶᠠᠪᠤᠳᠠᠯ᠎ᠤᠨ ᠲᠣᠪᠴᠢᠶ᠎ᠠ 《ᠭᠠᠢᠯᠢ ᠲᠠᠲᠠᠪᠤᠷᠢ᠎ᠶ᠋ᠢᠨ ᠢᠯᠡ ᠬᠢᠴᠢᠶᠡᠯ》 ᠤᠷᠤᠪᠠ
2026-04-14 10:40:27
ᠵᠣᠬᠢᠶᠠᠭ᠍ᠴᠢ᠄
​ᠸ· ᠭᠡᠷᠡᠯᠳᠦ ᠰᠦᠨ ᠬᠤᠤ
ᠣᠩᠱᠢᠭ᠍ᠰᠠᠨ ᠣᠳᠠᠭ᠎ᠠ᠄
★★★☆☆

35 ᠎ᠳ᠋ᠠᠬᠢ ᠪᠥᠬᠥ᠌ ᠤᠯᠤᠰ᠎ᠤᠨ ᠭᠠᠢᠯᠢ ᠲᠠᠲᠠᠪᠤᠷᠢ᠎ᠶ᠋ᠢᠨ ᠤᠬᠠᠭᠤᠯᠭ᠎ᠠ᠎ᠶ᠋ᠢᠨ ᠰᠠᠷ᠎ᠠ ᠪᠤᠯᠬᠤ ᠲᠠᠱᠢᠷᠠᠮ᠎ᠢᠶᠠᠷ᠂ ᠤᠢᠷ᠎ᠠ᠎ᠳᠦ᠂ ᠤᠯᠤᠰ᠎ᠤᠨ ᠭᠠᠢᠯᠢ᠎ᠶ᠋ᠢᠨ ᠶᠠᠪᠤᠳᠠᠯ᠎ᠤᠨ ᠶᠡᠷᠦᠩᠬᠡᠶ ᠲᠣᠪᠴᠢᠶ᠎ᠠ᠎ᠶ᠋ᠢᠨ ᠪᠤᠭᠤᠲᠤ ᠬᠣᠲᠠ᠎ᠶ᠋ᠢᠨ ᠱᠢᠭᠤᠢᠲᠤ ᠲᠣᠭᠣᠷᠢᠭ᠎ᠤᠨ ᠭᠠᠢᠯᠢ᠎ᠶ᠋ᠢᠨ ᠶᠠᠪᠤᠳᠠᠯ᠎ᠤᠨ ᠲᠣᠪᠴᠢᠶ᠎ᠠ ᠨᠢᠭᠡ ᠤᠳᠠᠭᠠᠨ᠎ᠤ ᠥᠪᠡᠷᠮᠢᠴᠡ ᠣᠨᠴᠠᠯᠢᠭ ᠪᠦᠬᠦᠢ ᠭᠠᠢᠯᠢ ᠲᠠᠲᠠᠪᠤᠷᠢ᠎ᠶ᠋ᠢᠨ ᠤᠬᠠᠭᠤᠯᠭ᠎ᠠ᠎ᠶ᠋ᠢᠨ ᠠᠵᠢᠯᠯᠠᠭ᠎ᠠ ᠥᠷᠨᠢᠭᠦᠯᠪᠡ᠃ ᠱᠢᠭᠤᠢᠲᠤ ᠲᠣᠭᠣᠷᠢᠭ᠎ᠤᠨ ᠱᠢᠭᠤᠢᠲᠤ ᠪᠠᠭ᠎ᠠ ᠰᠤᠷᠭᠠᠭᠤᠯᠢ᠎ᠶ᠋ᠢᠨ ᠰᠤᠷᠤᠭ᠍ᠴᠢᠳ ᠪᠤᠭᠤᠲᠤ᠎ᠶ᠋ᠢᠨ ᠭᠠᠢᠯᠢ᠎ᠶ᠋ᠢᠨ ᠶᠠᠪᠤᠳᠠᠯ᠎ᠤᠨ ᠮᠦᠽᠧᠢ᠎ᠳᠦ ᠢᠷᠡᠵᠥ᠍᠂ ᠭᠠᠢᠯᠢ᠎ᠶ᠋ᠢᠨ ᠶᠠᠪᠤᠳᠠᠯ᠎ᠤᠨ ᠵᠠᠯᠠᠭᠤ ᠺᠠᠳ᠋ᠷ  ᠡᠴᠡ 《ᠲᠡᠦᠬᠡ᠎ᠶ᠋ᠢᠨ  ᠳᠤᠷᠠᠰᠭᠠᠯᠲᠤ ᠵᠦᠢᠯᠡᠰ᠎ᠦᠨ ᠲᠠᠢᠯᠪᠤᠷᠢᠯᠠᠭ᠍ᠴᠢ》 ᠪᠤᠯᠵᠥ᠍᠂ ᠬᠡᠦᠬᠡᠳ᠎ᠦᠳ 《ᠭᠠᠢᠯᠢ᠎ᠶ᠋ᠢᠨ ᠶᠠᠪᠤᠳᠠᠯ᠎ᠤᠨ ᠪᠢᠴᠢᠬᠠᠨ ᠬᠠᠢᠨ ᠰᠦᠪᠡᠭ᠌ᠴᠢᠯᠡᠭ᠌ᠴᠢ 》 ᠪᠤᠯᠵᠥ᠍᠂ 《 ᠭᠠᠢᠯᠢ ᠲᠠᠲᠠᠪᠤᠷᠢ᠎ᠶ᠋ᠢᠨ ᠢᠯᠡ ᠬᠢᠴᠢᠶᠡᠯ》ᠣᠷᠣᠪᠠ᠃ ᠦᠵᠡᠭᠦᠯᠭᠡ ᠵᠢᠨ ᠲᠠᠯᠠᠪᠠᠢ ᠵᠢᠨ  ᠯᠠᠩᠭᠦᠶ᠎ᠳᠦ᠂ 1949 ᠣᠨ᠎ᠳᠤ ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ ᠤ᠋ ᠳᠠᠷᠠᠭᠠᠬᠢ ᠠᠩᠬᠠᠳᠠᠭ᠍ᠴᠢ 《ᠤᠯᠠᠭᠠᠨ ᠲᠣᠭ ᠳᠡᠯᠡᠬᠡᠢ ᠵᠢᠨ ᠪᠦᠮᠪᠦᠷᠴᠡᠭ᠎ᠤᠨ ᠵᠢᠷᠤᠭ》ᠲᠠᠢ ᠭᠠᠢᠯᠢ᠎ᠶ᠋ᠢᠨ ᠪᠢᠯᠧᠲ ᠡᠴᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠢᠯᠡᠷᠡᠭᠦᠯᠦᠭ᠌ᠰᠡᠨ ᠬᠠᠮᠤᠭ᠎ᠤᠨ ᠡᠷᠲᠡᠨ᠎ᠦ ᠭᠠᠵᠠᠷ ᠱᠢᠷᠣᠶ᠎ᠶ᠋ᠢᠨ ᠭᠡᠷ᠎ᠡ ᠬᠦᠷᠲᠡᠯ᠎ᠡ ᠁ ᠠᠯᠢ ᠣᠯᠠᠨ ᠬᠣᠪᠣᠷ ᠨᠠᠨᠳᠢᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠨᠢ ᠭᠠᠢᠯᠢ᠎ᠶ᠋ᠢᠨ ᠶᠠᠪᠤᠳᠠᠯ᠎ᠤᠨ ᠺᠠᠳ᠋ᠷ᠎ᠤᠨ ᠲᠠᠢᠯᠤᠮᠵᠢ ᠪᠡᠷ ᠳᠠᠮᠵᠢᠨ ᠲᠣᠭᠣᠷᠢᠨ ᠦᠵᠡᠬᠦ᠌᠎ᠪᠡᠷ ᠢᠷᠡᠭ᠌ᠰᠡᠨ ᠬᠡᠦᠬᠡᠳ᠎ᠦᠳ ᠲᠤ᠌ ᠡᠷᠲᠡᠨ ᠡᠳᠦᠭᠡ᠎ᠶ᠋ᠢ ᠦᠵᠡᠭᠦᠯᠪᠡ᠃ ᠪᠣᠳᠠᠲᠤ ᠪᠤᠳᠠᠰ ᠤ᠋ᠨ ᠦᠵᠡᠭᠦᠯᠭᠡ᠎ᠶ᠋ᠢᠨ ᠲᠣᠭᠣᠷᠢᠭ᠎ᠲᠤ᠂ ᠢᠷᠭᠡᠨ ᠤᠯᠤᠰ᠎ᠤᠨ ᠭᠤᠤ ᠤᠪᠤᠭᠳᠤ ᠵᠢᠨ ᠲᠣᠭᠣᠷᠢᠭ ᠰᠤᠸᠠᠮᠫᠠᠨ ᠣᠯᠠᠨ᠎ᠤ ᠠᠩᠬᠠᠷᠤᠯ᠎ᠢ ᠲᠠᠲᠠᠵᠤ᠂ ᠣᠯᠠᠨ᠎ᠢᠶᠠᠷ ᠵᠢᠡᠨ ᠰᠤᠨᠢᠷᠬᠠᠨ ᠦᠵᠡᠵᠤ᠂ ᠡᠷᠲᠡᠨ᠎ᠦ ᠬᠦᠮᠦᠰ ᠤ᠋ᠨ ᠣᠶᠤᠨ ᠤᠬᠠᠭᠠᠨ᠎ᠢ ᠱᠠᠭᠰᠢᠨ ᠪᠢᠰᠢᠷᠡᠵᠤ᠂ ᠲᠣᠭᠣᠷᠢᠨ ᠦᠵᠡᠬᠦ᠌ ᠳᠤᠮᠳᠠ᠎ᠪᠠᠨ ᠲᠤᠬᠠᠶ᠎ᠶ᠋ᠢᠨ ᠦᠶ᠎ᠡ᠎ᠶ᠋ᠢᠨ ᠠᠵᠤ ᠠᠬᠤᠶ ᠨᠡᠢᠭᠡᠮ᠎ᠦᠨ ᠬᠥᠭ᠌ᠵᠢᠯᠲᠡ ᠳᠠᠪᠱᠢᠯᠲᠠ᠎ᠶ᠋ᠢ ᠣᠢᠯᠠᠭᠠᠪᠠ; ᠬᠡᠦᠬᠡᠳ᠎ᠦᠳ 《ᠡᠷᠲᠡᠨ᠎ᠦ ᠦᠶ᠎ᠡ᠎ᠳᠦ ᠪᠠᠰᠠ ᠡᠢᠮᠦ᠍ ᠰᠦᠷᠡᠬᠡᠶ ᠪᠠᠭᠠᠵᠢ᠎ᠲᠠᠶ ᠪᠠᠢᠭ᠍ᠰᠠᠨ ᠪᠠᠢᠵᠠᠢ》 ᠭᠡᠵᠦ᠍ ᠭᠠᠢᠬᠠᠰᠢ ᠠᠯᠳᠠᠪᠠ᠃ ᠬᠠᠮᠤᠭ ᠤ᠋ᠨ ᠰᠡᠭᠦᠯ᠎ᠳᠦ᠂ ᠭᠠᠢᠯᠢ᠎ᠶ᠋ᠢᠨ ᠶᠠᠪᠤᠳᠠᠯ᠎ᠤᠨ ᠺᠠᠳ᠋ᠷ ᠡᠴᠡ 《ᠵᠣᠭᠣᠰ ᠪᠠ ᠭᠠᠢᠯᠢ ᠲᠠᠲᠠᠪᠤᠷᠢ᠎ᠶ᠋ᠢᠨ ᠥᠯᠢᠭᠡᠷ》 ᠵᠢᠡᠷ ᠬᠡᠦᠬᠡᠳ᠎ᠦᠳ᠎ᠲᠦ ᠭᠠᠢᠯᠢ ᠲᠠᠲᠠᠪᠤᠷᠢ᠎ᠶ᠋ᠢᠨ ᠠᠵᠢᠯ᠎ᠤᠨ ᠬᠠᠤᠯᠢ᠎ᠪᠠᠷ ᠵᠠᠰᠠᠭᠰᠠᠨ ᠥᠨᠢ ᠤᠳᠠᠭᠠᠨ ᠲᠡᠦᠬᠡ᠎ᠶ᠋ᠢ ᠣᠢᠯᠠᠭᠠᠭᠤᠯᠪᠠ᠃ ᠲᠣᠰ ᠤᠳᠠᠭᠠᠨ᠎ᠤ ᠠᠵᠢᠯᠯᠠᠭ᠎ᠠ ᠳ᠋ᠤ ᠭᠠᠢᠯᠢ ᠲᠠᠲᠠᠪᠤᠷᠢ᠎ᠶ᠋ᠢᠨ ᠬᠡᠢᠰᠪᠦᠷᠢ ᠮᠡᠳᠡᠯᠭᠡ᠎ᠶ᠋ᠢ ᠬᠡᠤᠬᠡᠳ ᠤ᠋ᠨ ᠰᠡᠳᠭᠢᠯ ᠳ᠋ᠤ ᠭᠦᠨᠵᠡᠭᠡᠢ ᠰᠠᠭᠤᠭᠳᠠᠭᠤᠯᠤᠭᠰᠠᠨ ᠪᠦᠭᠡᠳ ᠬᠡᠦᠬᠡᠳ᠎ᠦᠨ ᠰᠡᠳᠭᠢᠯ᠎ᠳᠦ ᠬᠠᠤᠯᠢ ᠶᠣᠰᠣᠭᠠᠷ ᠭᠠᠢᠯᠢ ᠲᠤᠱᠢᠶᠠᠬᠤ ᠬᠠᠤᠯᠢ ᠴᠠᠭᠠᠵᠠ ᠵᠢᠨ ᠡᠭᠦᠷᠭᠡ ᠵᠢᠨ ᠦᠷ᠎ᠡ ᠵᠢ ᠨᠠᠬᠢᠶᠠᠯᠠᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号