ᠶᠠᠷᠦᠡᠭᠭᠡᠢᠯᠡᠨ ᠵᠠᠰᠠᠬᠤ ᠲᠦᠪ ᠤ᠋ᠨ ᠵᠢᠷᠤᠮᠵᠢᠭᠤᠯᠬᠤ ᠪᠠᠢᠭᠤᠯᠤᠯᠳᠠ ᠵᠢ ᠠᠬᠢᠭᠤᠯᠬᠤ ᠦᠢᠯᠡᠳᠦᠯᠭᠡ ᠵᠢᠨ ᠰᠢᠷᠢᠰ ᠮᠡᠳᠡᠭᠡᠯᠡᠯ⑤— ᠭᠤᠪᠢ ᠨᠤᠳᠤᠭ ᠤ᠋ᠨ ᠨᠡᠢᠭᠡᠮ ᠤ᠋ᠨ ᠵᠠᠰᠠᠯᠳᠠ ᠵᠢᠨ ᠤᠳᠤᠬᠢᠴᠢᠯᠠᠯᠳᠠ ᠵᠢᠨ ᠲᠦᠪᠰᠢᠨ ᠢ᠋ ᠲᠡᠭᠡᠭᠰᠢᠯᠡᠬᠦᠯᠦᠭᠰᠡᠨ ᠰᠢᠨ᠎ᠠ ᠵᠠᠬᠪᠤᠷ
2026-04-14 10:47:21
ᠵᠣᠬᠢᠶᠠᠭ᠍ᠴᠢ᠄
ᠰᠦᠨ ᠯᠢ ᠶᠢᠩ
ᠣᠩᠱᠢᠭ᠍ᠰᠠᠨ ᠣᠳᠠᠭ᠎ᠠ᠄
★★★☆☆

ᠤᠢᠷ᠎ᠡ ᠵᠢᠨ ᠵᠢᠯ᠎ᠤᠨ ᠲᠤᠷᠰᠢ᠂ ᠠᠯᠠᠱᠠ ᠠᠢᠮᠠᠭ᠎ᠤᠨ ᠨᠠᠮ᠎ᠤᠨ ᠬᠤᠷᠢᠶ᠎ᠡ ᠵᠢᠨ ᠤᠯᠤᠰ ᠲᠦᠷᠦ ᠬᠠᠤᠯᠢ ᠴᠠᠭᠠᠵᠠ ᠵᠢᠨ ᠬᠤᠷᠢᠶ᠎ᠡ ᠨᠡᠢᠭᠡᠮ᠎ᠤᠨ ᠠᠮᠦᠷ᠎ᠢ ᠬᠠᠮᠠᠭᠠᠯᠠᠬᠤ ᠶᠡᠷᠦᠩᠭᠡᠢᠯᠡᠨ ᠵᠠᠰᠠᠬᠤ ᠲᠦᠪ᠎ᠤᠨ ᠵᠢᠷᠦᠮᠵᠢᠭᠤᠯᠬᠤ ᠪᠠᠢᠭᠤᠯᠤᠯᠲᠠ ᠡᠨᠡ ᠬᠦ᠌ ᠵᠠᠩᠬᠢᠯᠠᠭ᠍᠎ᠡ ᠵᠢᠨ ᠭᠠᠷᠳᠠᠴᠠ ᠵᠢ ᠴᠢᠩᠭ᠍᠎ᠡ ᠡᠵᠡᠮᠳᠡᠵᠦ᠂ 《ᠲᠤᠭᠳᠠᠴᠠ ᠵᠢᠨ ᠲᠠᠷᠤᠭᠠᠰᠦ ᠵᠢ ᠬᠦᠩᠭᠡᠷᠡᠬᠦᠯᠬᠦ᠂ ᠡᠬᠢ ᠪᠠᠶᠠᠯᠢᠭ ᠡᠴᠡ ᠡᠨ᠋ᠸᠷᠬᠢ ᠤᠯᠭᠤᠬᠤ᠂ ᠦᠷ᠎ᠡ ᠪᠦᠲᠦᠮᠵᠢ ᠵᠢ ᠲᠡᠭᠡᠭᠰᠢᠯᠡᠬᠦᠯᠬᠦ》 ᠬᠠᠮ ᠠᠷᠭ᠍᠎ᠡ ᠬᠡᠮᠵᠢᠶ᠎ᠡ ᠵᠢ ᠬᠡᠷᠡᠭᠯᠡᠵᠦ᠂ ᠠᠮᠤᠭᠤᠯᠠᠩᠲᠦ ᠪᠦᠲᠦᠭᠡᠨ ᠪᠠᠢᠭᠤᠯᠤᠯᠲᠠ ᠪᠠᠷ ᠪᠦᠬᠦ ᠠᠢᠮᠠᠭ᠎ᠤᠨ ᠴᠢᠨᠠᠷ ᠰᠠᠢᠲᠠᠢ ᠬᠦᠭᠵᠢᠯᠲᠡ ᠵᠢᠨ ᠠᠮᠦᠷ ᠲᠦᠪᠰᠢᠨ ᠎ᠤ ᠰᠠᠭᠤᠷᠢ ᠵᠢ ᠪᠡᠬᠢᠵᠢᠭᠦᠯᠵᠦ᠂ ᠠᠮᠤᠭᠤᠯᠠᠩᠲᠦ ᠪᠦᠲᠦᠭᠡᠨ ᠪᠠᠢᠭᠤᠯᠤᠯᠲᠠ ᠵᠢ ᠬᠠᠤᠯᠢ ᠴᠠᠭᠠᠵᠠ ᠵᠢᠨ ᠡᠷᠴᠢᠮ ᠲᠠᠢ ᠮᠦᠷᠲᠡᠭᠡᠨ ᠠᠷᠠᠳ᠎ᠤᠨ ᠠᠮᠢᠳᠤᠷᠠᠯ᠎ᠤᠨ ᠬᠠᠯᠠᠭᠤᠨ ᠲᠤᠯᠠᠭᠠᠨ ᠲᠠᠢ ᠪᠤᠯᠭᠠᠪᠠ᠃  


QQ20260413-191130.png


《ᠡᠳᠦᠭᠡ ᠠᠯᠠᠱᠠ ᠠᠢᠮᠠᠭ᠎ᠤᠨ ᠠᠮᠤᠭᠤᠯᠠᠩᠳᠤ ᠪᠦᠳᠦᠭᠡᠨ ᠪᠠᠢᠭᠤᠯᠤᠯᠲᠠ᠎ᠳᠤ〈ᠬᠡᠯᠪᠡᠷᠢᠴᠢ ᠦᠵᠡᠯ᠎ᠢ ᠪᠠᠭᠠᠰᠭᠠᠵᠤ᠂ ᠵᠠᠰᠠᠯᠲᠠ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌ 〉 ᠰᠠᠢ᠌ᠨ ᠰᠠᠢᠬᠠᠨ ᠪᠠᠢᠳᠠᠯ ᠢᠯᠡᠷᠡᠵᠦ᠍᠂ ᠵᠥᠷᠢᠴᠡᠯ ᠵᠠᠭᠤᠷᠠᠯᠳᠤᠭᠠᠨ᠎ᠢ ᠱᠢᠢᠳᠪᠦᠷᠢᠯᠡᠬᠦ᠌ ᠨᠤᠷᠮ᠎ᠠ ᠢᠯᠡᠳᠲᠡ ᠳᠡᠭᠡᠭ᠌ᠰᠢᠯᠡᠪᠡ》 ᠭᠡᠵᠦ ᠠᠯᠠᠱᠠ ᠠᠢᠮᠠᠭ᠎ᠤᠨ ᠨᠠᠮ᠎ᠤᠨ ᠬᠣᠷᠢᠶ᠎ᠠ ᠵᠢᠨ ᠤᠯᠤᠰ ᠲᠦᠷᠦ᠍ ᠬᠠᠤᠯᠢ ᠴᠠᠭᠠᠵᠠ᠎ᠶ᠋ᠢᠨ ᠬᠣᠷᠢᠶ᠎ᠠ ᠵᠢᠨ ᠬᠠᠮᠢᠶ᠎ᠠ ᠪᠦᠬᠦᠢ ᠬᠠᠷᠢᠭᠤᠴᠠᠯᠭᠠᠳᠠᠨ ᠢᠯᠡᠷᠭᠡᠢᠯᠡᠪᠡ᠃

 《ᠳᠥᠷᠪᠡᠨ ᠡᠶᠡᠳᠡᠭᠦᠯᠭᠡ ᠬᠣᠯᠪᠣᠭᠠᠯᠠᠨ ᠬᠦᠳᠡᠯᠦᠯᠴᠡᠵᠦ》ᠵᠦᠷᠢᠴᠡᠯ ᠵᠠᠭᠤᠷᠠᠯᠳᠤᠭᠠᠨ ᠢ᠋ ᠪᠦᠳᠦᠮᠵᠢᠳᠡᠢ ᠰᠢᠢᠳᠪᠤᠷᠢᠯᠡᠨ᠎ᠠ

《ᠬᠡᠲᠦ ᠳᠡᠯᠭᠡᠭᠦᠷ ᠡᠳᠤᠷᠵᠢᠨ ᠦᠨᠳᠦᠷ ᠲᠠᠭᠤᠨ ᠵᠢᠡᠷ ᠵᠠᠷ ᠮᠡᠳᠡᠭᠡ ᠨᠡᠪᠳᠡᠷᠡᠬᠦᠯᠵᠦ᠂ KTV ᠦᠷᠯᠦᠭᠡ ᠵᠢᠨ 2 ᠴᠠᠭ ᠪᠤᠯᠳᠠᠯ᠎ᠠ ᠡᠵᠡᠡᠭᠨᠡᠵᠦ ᠰᠠᠭᠤᠭᠠᠯᠢ ᠠᠷᠠᠳ᠎ᠤᠨ ᠬᠡᠪ᠎ᠤᠨ ᠠᠮᠢᠳᠤᠷᠠᠯ᠎ᠢ ᠨᠦᠯᠦᠭᠡᠯᠡᠪᠡ᠂ ᠡᠳᠡᠭᠡᠷ ᠠᠰᠠᠭᠤᠳᠠᠯ ᠢ᠋ ᠪᠢ᠎ᠤᠲᠠᠰᠤ ᠠᠪᠴᠤ᠌ ᠮᠡᠳᠡᠬᠦᠯᠦᠭᠰᠡᠨ ᠳ᠋ᠤ ᠬᠡᠳᠦᠭᠡᠨ ᠡᠳᠦᠷ᠎ᠦᠨ ᠳᠣᠲᠣᠷ᠎ᠠ ᠱᠢᠶ᠋ᠳᠪᠦᠷᠢᠯᠡᠴᠢᠭᠡᠪᠡ》ᠭᠡᠵᠦ ᠡᠵᠡᠨ᠎ᠡ ᠬᠣᠱᠢᠭᠤᠨ᠎ᠤ ᠰᠠᠭᠤᠭᠠᠯᠢ ᠠᠷᠠᠳ ᠸᠠᠩ ᠠᠪᠠᠬᠠᠢ ᠶᠡᠷᠦᠩᠬᠡᠢᠯᠡᠨ ᠵᠠᠰᠠᠬᠤ ᠲᠥᠪ ᠤ᠋ᠨ ᠠᠷᠠᠳ ᠤ᠋ᠨ ᠬᠦᠰᠡᠯ ᠱᠠᠭᠠᠷᠳᠠᠯᠭ᠎ᠠ ᠵᠢ ᠲᠦᠷᠭᠡᠨ ᠰᠢᠢᠳᠪᠤᠷᠢᠯᠡᠭᠰᠡᠨ ᠳ᠋ᠤ ᠰᠡᠳᠬᠢᠯ ᠬᠠᠨᠤᠮᠵᠢᠳᠠᠢ ᠮᠠᠬᠳᠠᠵᠤ ᠭᠠᠷᠤᠯ᠎ᠠ᠃

ᠸᠠᠩ ᠠᠪᠠᠬᠠᠶ ᠵᠢᠨ ᠰᠠᠭᠤᠭᠠᠯᠢ ᠠᠷᠠᠳ ᠤ᠋ᠨ ᠲᠤᠭᠤᠷᠢᠭ ᠤ᠋ᠨ ᠤᠢᠷ᠎ᠠ ᠬᠠᠪᠢ ᠵᠢᠨ ᠬᠡᠲᠦ ᠳᠡᠯᠭᠡᠭᠦᠷ᠎ᠦᠨ ᠵᠠᠷ ᠮᠡᠳᠡᠭᠡᠨ᠎ᠦ ᠱᠤᠤᠬᠢᠶᠠᠨ ᠪᠠ KTV ᠰᠥᠨᠢᠵᠢᠨ ᠡᠵᠡᠩᠨᠡᠬᠦ ᠠᠰᠠᠭᠤᠳᠠᠯ᠎ᠲᠡᠬᠦᠨ ᠢ᠋ ᠨᠡᠯᠢᠶᠡᠳ ᠤᠳᠠᠳᠠᠯ᠎ᠠ ᠵᠤᠪᠠᠭᠠᠵᠤ ᠪᠠᠢᠵᠠᠢ᠃ ᠡᠵᠡᠨ᠎ᠡ ᠬᠣᠱᠢᠭᠤᠨ᠎ᠤ ᠶᠡᠷᠦᠩᠬᠡᠢᠯᠡᠨ ᠵᠠᠰᠠᠬᠤ ᠲᠥᠪ ᠲᠤᠰᠠᠯᠠᠮᠵᠢ ᠵᠢ ᠬᠦᠯᠢᠶᠡᠭ᠌ᠰᠡᠨ᠎ᠦ ᠳᠠᠷᠠᠭ᠎ᠠ᠂ ᠲᠡᠷᠡ ᠳᠠᠷᠤᠶ᠎ᠳᠤᠨᠢ ᠲᠤᠤᠷᠵᠢᠯ ᠤ᠋ᠨ ᠬᠠᠮᠢᠶᠠᠷᠤᠯᠲᠠ᠎ᠶ᠋ᠢᠨ ᠠᠵᠢᠯᠲᠠᠨ᠎ᠢ ᠲᠣᠮᠢᠯᠠᠨ ᠬᠠᠷᠭᠤᠭᠤᠯᠤᠨ ᠪᠠᠢᠴᠠᠭᠠᠯᠭᠠᠵᠤ᠂ ᠬᠠᠷᠢᠶ᠎ᠠ ᠣᠷᠣᠨ᠎ᠤ ᠠᠷᠠᠳ᠎ᠤᠨ ᠴᠠᠭ᠍ᠳᠠᠭ᠎ᠠ᠂ ᠠᠳᠠᠯ ᠠᠬᠤᠶ᠎ᠶ᠋ᠢᠨ ᠺᠣᠮᠫᠠᠨᠢ᠎ᠲᠠᠶ ᠬᠠᠮᠲᠤᠷᠠᠨ ᠡᠶᠡᠳᠡᠭᠦᠯᠬᠦ᠌ ᠠᠵᠢᠯ᠎ᠤᠨ ᠳᠤᠭᠤᠢᠯᠠᠩ ᠪᠠᠢᠭᠤᠯᠵᠤ᠂ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠤᠨ ᠲᠠᠢᠯᠪᠤᠷᠢᠯᠠᠬᠤ ᠪᠠ ᠬᠦᠯᠢᠴᠡᠩᠭᠦᠶ᠎ᠪᠡᠷ ᠢᠳᠬᠠᠨ ᠰᠠᠨᠠᠭᠤᠯᠬᠤ ᠪᠡᠷ ᠲᠠᠮᠵᠢᠨ᠂ ᠡᠵᠡᠩᠨᠡᠯᠲᠡ᠎ᠶ᠋ᠢᠨ ᠲᠠᠯ᠎ᠠ᠎ᠶ᠋ᠢᠨ᠎ᠬᠢᠨ ᠲᠤᠬᠠᠶ᠎ᠶ᠋ᠢᠨ ᠲᠠᠯᠠᠪᠤᠷ᠎ᠲᠤ ᠪᠤᠷᠤᠭᠤ ᠬᠦᠯᠢᠶᠡᠬᠦ᠌᠎ᠶ᠋ᠢᠨ ᠬᠠᠮᠲᠤ ᠴᠡᠭ᠌ᠴᠡᠯᠡᠨ ᠰᠠᠢᠵᠢᠷᠠᠭᠤᠯᠬᠤ᠎ᠪᠡᠷ ᠠᠮᠠᠯᠳᠠᠵᠤ᠂ ᠰᠠᠭᠤᠭᠠᠯᠢ ᠠᠷᠠᠳ᠎ᠤᠨ ᠠᠮᠤᠷ ᠵᠢᠷᠭᠠᠯ᠎ᠢ ᠪᠠᠲᠤᠯᠠᠭ᠍ᠰᠠᠨ ᠮᠥᠷᠲᠡᠭᠡᠨ ᠬᠤᠳᠠᠯᠳᠤᠭᠠᠨ᠎ᠤ ᠡᠷᠦᠬᠡ᠎ᠶ᠋ᠢᠨ ᠬᠠᠤᠯᠢ ᠶᠣᠰᠣᠨ᠎ᠤ ᠡᠷᠬᠡ ᠠᠱᠢᠭ᠎ᠢ ᠬᠠᠮᠲᠤ᠎ᠳᠤᠨᠢ ᠬᠠᠷᠠᠭᠠᠯᠵᠠᠪᠠ᠃

ᠡᠨᠡ ᠬᠦ᠌ ᠵᠠᠭᠤᠷᠠᠯᠳᠤᠭᠠᠨ᠎ᠢ ᠪᠦᠲᠦᠮᠵᠢᠲᠡᠶ ᠱᠢᠶ᠋ᠳᠪᠦᠷᠢᠯᠡᠭ᠌ᠰᠡᠨ ᠶᠠᠪᠤᠳᠠᠯ ᠪᠣᠯ ᠠᠯᠠᠱᠠ ᠠᠢᠮᠠᠭ᠎ᠤᠨ ᠶᠡᠷᠦᠩᠬᠡᠢᠯᠡᠨ ᠵᠠᠰᠠᠬᠤ ᠲᠥᠪ᠎ᠦᠨ ᠪᠢᠲᠡᠭᠦᠤ ᠴᠠᠭᠠᠷᠢᠭ ᠤ᠋ᠨ ᠠᠵᠢᠯᠯᠠᠭᠠᠨ᠎ᠤ ᠲᠣᠭ᠍ᠲᠠᠴᠠ᠎ᠶ᠋ᠢ ᠲᠡᠭᠦᠯᠳᠡᠷᠵᠢᠭᠦᠯᠦᠭ᠌ᠰᠡᠨ ᠠᠮᠢᠳᠤᠯᠢᠭ ᠵᠢᠷᠤᠭ᠍ᠯᠠᠯ ᠪᠣᠯᠤᠨ᠎ᠠ᠃ ᠲᠣᠰ ᠠᠢᠮᠠᠭ ᠲᠤᠬᠳᠠᠴᠠ ᠵᠢ ᠤᠷᠢᠳ᠎ᠢᠶᠠᠷ ᠬᠡᠷᠡᠭ᠌ᠵᠢᠭᠦᠯᠬᠦ᠌᠎ᠶ᠋ᠢ ᠪᠠᠷᠢᠮᠲᠠᠯᠠᠵᠤ᠂ ᠨᠠᠷᠢᠨ ᠲᠠᠩᠰᠠᠯᠠᠭᠤᠯᠬᠤ᠂ ᠵᠢᠷᠤᠮᠵᠢᠭᠤᠯᠬᠤ ᠪᠠᠢᠭᠤᠯᠤᠯᠲᠠ᠎ᠪᠠᠷ ᠡᠷᠬᠡ ᠬᠠᠷᠢᠭᠤᠴᠠᠯᠭ᠎ᠠ ᠲᠣᠳᠣᠷᠬᠠᠶ ᠥᠬᠡᠶ ᠪᠠᠢᠬᠤ ᠬᠦᠴᠢᠷ ᠠᠰᠠᠭᠤᠳᠠᠯ᠎ᠢ ᠱᠢᠶ᠋ᠳᠪᠦᠷᠢᠯᠡᠨ᠂ ᠵᠥᠷᠢᠴᠡᠯ ᠵᠠᠭᠤᠷᠠᠯᠳᠤᠭᠠᠨ᠎ᠢ ᠭᠥᠯᠢᠶᠡᠨ ᠠᠪᠬᠤ᠂ ᠵᠢᠭ᠍ᠰᠠᠭᠠᠨ ᠪᠠᠢᠴᠠᠭᠠᠬᠤ᠂ ᠱᠢᠯᠵᠢᠭᠦᠯᠦᠨ ᠥᠭ᠌ᠬᠦ᠂ ᠱᠢᠶ᠋ᠳᠪᠦᠷᠢᠯᠡᠵᠦ᠍ ᠳᠠᠭᠤᠰᠭᠠᠬᠤ᠂ ᠱᠠᠯᠠᠪᠳᠠᠭᠤᠯᠤᠨ ᠱᠢᠶ᠋ᠳᠪᠦᠷᠢᠯᠡᠭᠦᠯᠬᠦ᠌᠂ ᠬᠠᠷᠢᠭᠤ ᠰᠤᠷᠪᠤᠯᠵᠢᠯᠠᠬᠤ᠂ ᠰᠤᠳᠤᠯᠤᠨ ᠮᠠᠭᠠᠳᠯᠠᠬᠤ ᠪᠥᠬᠥ᠌ ᠬᠡᠯᠬᠢᠶ᠎ᠠ ᠵᠢᠨ ᠱᠢᠰᠲ᠋ᠧᠮ᠎ᠢ ᠪᠠᠢᠭᠤᠯᠵᠤ᠂ ᠡᠯ᠎ᠡ ᠱᠠᠲᠤᠨ᠎ᠤ ᠶᠡᠷᠦᠩᠬᠡᠢᠯᠡᠨ ᠵᠠᠰᠠᠬᠤ ᠲᠥᠪ᠎ᠦᠨ ᠪᠣᠳᠠᠲᠤ ᠴᠣᠭ᠍ᠴᠠᠵᠢᠭ᠍ᠰᠠᠨ ᠠᠵᠢᠯᠯᠠᠭᠠᠨ᠎ᠢ ᠠᠬᠢᠭᠤᠯᠪᠠ᠃

ᠠᠯᠠᠱᠠ ᠵᠡᠭᠦᠨ ᠬᠣᠱᠢᠭᠤᠨ᠎ᠳᠤ᠂ ᠡᠨᠡ ᠬᠦ᠌  ᠲᠤᠬᠳᠠᠴᠠ ᠨᠢ ᠨᠡᠩ ᠢᠯᠡᠷᠬᠡᠢ ᠦᠷ᠎ᠠ ᠪᠦᠳᠦᠮᠵᠢ ᠤᠯᠵᠠᠢ᠃ ᠲᠣᠰ ᠬᠣᠱᠢᠭᠤᠨ᠎ᠤ ᠶᠡᠷᠦᠩᠬᠡᠢᠯᠡᠨ ᠵᠠᠰᠠᠬᠤ ᠲᠥᠪ ᠨᠢ 《1 + 4 + 8》 ᠣᠯᠠᠨ ᠡᠱᠢᠲᠦ ᠵᠠᠭᠤᠷᠠᠯᠳᠤᠭᠠᠨ᠎ᠢ ᠱᠢᠶ᠋ᠳᠪᠦᠷᠢᠯᠡᠬᠦ᠌ ᠲᠣᠭ᠍ᠲᠠᠴᠠ᠎ᠶ᠋ᠢ ᠪᠠᠢᠭᠤᠯᠵᠤ᠂ ᠨᠢᠭᠡ ᠲᠥᠪ ᠨᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠠᠷᠠᠳ᠎ᠤᠨ ᠡᠶᠡᠳᠡᠭᠦᠯᠭᠡ᠂ ᠵᠠᠰᠠᠭ ᠵᠠᠬᠢᠷᠭᠠᠨ᠎ᠤ ᠡᠶᠡᠳᠡᠭᠦᠯᠭᠡ ᠂ ᠬᠠᠤᠯᠢ ᠴᠠᠭᠠᠵᠠ᠎ᠶ᠋ᠢᠨ ᠡᠶᠡᠳᠡᠭᠦᠯᠭᠡ᠂ ᠬᠥᠨᠳᠡᠯᠡᠨ᠎ᠡᠴᠡ ᠲᠠᠰᠤᠯᠬᠤ ᠡᠶᠡᠳᠡᠭᠦᠯᠭᠡ ᠵᠡᠷᠭᠡ 《ᠳᠥᠷᠪᠡᠨ ᠡᠶᠡᠳᠡᠭᠦᠯᠭᠡ ᠬᠣᠯᠪᠣᠭᠠᠯᠠᠨ ᠬᠦᠳᠡᠯᠦᠯᠴᠡᠵᠦ》᠂ 8 ᠵᠦᠶ᠋ᠯ᠎ᠦᠨ ᠨᠠᠷᠢᠯᠢᠭ ᠣᠨᠣᠴᠠᠲᠠᠶ ᠦᠶ᠋ᠯᠡᠴᠢᠯᠡᠭᠡ ᠬᠠᠩᠭᠠᠬᠤ ᠪᠡᠷ ᠲᠠᠮᠵᠢᠭᠤᠯᠤᠨ᠂ ᠵᠥᠷᠢᠴᠡᠯ ᠵᠠᠭᠤᠷᠠᠯᠳᠤᠭᠠᠨ᠎ᠢ 《ᠨᠢᠭᠡ ᠥᠷᠲᠡᠭᠡᠴᠢᠯᠡᠭᠰᠡᠨ ᠮᠠᠶᠢᠭ᠎ᠢᠶᠠᠷ ᠭᠥᠯᠢᠶᠡᠨ ᠠᠪᠴᠤ᠌ ᠱᠢᠶ᠋ᠳᠪᠦᠷᠢᠯᠡᠨ᠂ ᠨᠢᠭᠡ ᠤᠳᠠᠭ᠎ᠠ᠎ᠳᠤ ᠪᠦᠬᠦ ᠦᠶ᠋ᠯᠡᠴᠢᠯᠡᠭᠡ ᠵᠢ ᠬᠠᠡᠭᠭᠠᠵᠤ᠂ ᠨᠢᠭᠡ ᠤᠳᠠᠭ᠎ᠠ ᠳ᠋ᠤ ᠪᠦᠬᠦᠨ᠎ᠢ ᠱᠢᠶ᠋ᠳᠪᠦᠷᠢᠯᠡᠬᠦ》 ᠵᠢ ᠪᠡᠶᠡᠯᠡᠬᠦᠯᠪᠡ᠃

ᠲᠤᠬᠳᠠᠴᠠ ᠵᠢ ᠪᠣᠳᠠᠲᠠᠢ᠎ᠳᠤ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢᠨ ᠲᠥᠯᠥᠭᠡ᠂ ᠠᠯᠠᠱᠠ ᠠᠢᠮᠠᠭ᠎ᠤᠨ ᠬᠢᠨ ᠡᠷᠬᠡ ᠬᠠᠷᠢᠭᠤᠴᠠᠯᠭ᠎ᠠ᠎ᠶ᠋ᠢᠨ ᠵᠠᠭᠠᠭ ᠱᠤᠭᠤᠮ᠎ᠢ ᠲᠣᠳᠣᠷᠬᠠᠢᠯᠠᠵᠤ᠂ 《ᠶᠡᠷᠦᠩᠬᠡᠢᠯᠡᠨ ᠵᠠᠰᠠᠬᠤ ᠲᠥᠪ᠎ᠢᠶᠡᠷ ᠭᠣᠣᠯ ᠪᠣᠯᠭᠠᠵᠤ᠂ ᠲᠣᠮᠢᠯᠠᠨ ᠰᠠᠭᠤᠭ᠎ᠠ ᠨᠢᠭᠡᠴᠢ᠎ᠪᠡᠷ ᠬᠠᠪᠰᠤᠷᠤᠮᠵᠢ ᠪᠣᠯᠭᠠᠬᠤ》 ᠳᠠᠪᠬᠤᠷ ᠬᠢᠨᠠᠨ ᠱᠢᠯᠭᠠᠬᠤ ᠱᠢᠰᠲᠸᠮ᠎ᠢ ᠪᠠᠢᠭᠤᠯᠵᠤ᠂ ᠬᠠᠷᠢᠭᠤ ᠲᠤᠰᠬᠠᠯ ᠦᠭᠭᠦᠭᠰᠡᠨ ᠪᠠᠢᠳᠠᠯ᠂ ᠨᠠᠮᠳᠠᠭᠠᠵᠦ ᠰᠢᠢᠳᠪᠤᠷᠢᠯᠡᠭᠰᠡᠨ ᠶᠠᠰᠤ ᠴᠢᠨᠠᠷ᠂ ᠤᠯᠠᠨ ᠲᠦᠮᠡᠨ᠎ᠦ ᠬᠠᠨᠤᠮᠵᠢ᠎ᠶ᠋ᠢᠨ ᠬᠡᠮᠵᠢᠢ᠎ᠡ᠎ᠶ᠋ᠢ ᠡᠳᠦᠷ ᠳᠤᠳᠤᠮ᠎ᠤᠨ ᠬᠢᠨᠠᠨ ᠱᠢᠯᠭᠠᠯᠲᠠ᠎ᠳᠤ ᠣᠷᠣᠭᠤᠯᠵᠤ᠂ ᠣᠷᠣᠵᠤ ᠰᠠᠭᠤᠬᠰᠠᠨ ᠨᠢᠭᠡᠴᠢ᠎ᠶ᠋ᠢᠨ ᠦᠨᠡᠨ ᠪᠣᠳᠠᠲᠠᠢ ᠠᠵᠢᠯᠯᠠᠵᠦ ᠦᠷ᠎ᠠ ᠪᠦᠳᠦᠮᠵᠢ ᠭᠠᠷᠭᠠᠬᠤ ᠵᠢ ᠠᠬᠢᠭᠤᠯᠪᠠ᠃ 2025 ᠣᠨ᠎ᠳᠤ᠂ ᠪᠥᠬᠥ᠌ ᠠᠢᠮᠠᠭ᠎ᠤᠨ ᠡᠯ᠎ᠡ ᠱᠠᠲᠤᠨ᠎ᠤ ᠶᠡᠷᠦᠩᠬᠡᠢᠯᠡᠨ ᠵᠠᠰᠠᠬᠤ ᠲᠥᠪ᠎ᠨᠢ ᠡᠯ᠎ᠡ ᠲᠥᠷᠥᠯ᠎ᠦᠨ ᠵᠥᠷᠢᠴᠡᠯ ᠵᠠᠭᠤᠷᠠᠯᠳᠤᠭᠠᠨ᠎ᠢ ᠨᠡᠢᠲᠡ 6029 ᠬᠤᠪᠢ ᠭᠥᠯᠢᠶᠡᠨ ᠠᠪᠴᠤ᠌ ᠱᠢᠶ᠋ᠳᠪᠦᠷᠢᠯᠡᠨ᠂ 5937 ᠬᠤᠪᠢ᠎ᠶ᠋ᠢ ᠱᠢᠶ᠋ᠳᠪᠦᠷᠢᠯᠡᠵᠦ᠍᠂ ᠱᠢᠶ᠋ᠳᠪᠦᠷᠢᠯᠡᠭ᠌ᠰᠡᠨ ᠨᠣᠷᠮ᠎ᠠ᠎ᠨᠢ 98.47 % ᠎ᠳ᠋ᠤ ᠬᠦᠷᠴᠡᠶ᠃

《ᠪᠠᠢᠭᠤᠯᠬᠤ᠂ ᠦᠢᠯᠡᠴᠢᠯᠡᠬᠦ᠂ ᠵᠠᠰᠠᠬᠤ》 ᠪᠠᠢᠷᠢᠰᠢᠯ ᠎ᠢ ᠪᠦᠷᠢᠯᠳᠦᠬᠦᠯᠵᠦ ᠵᠠᠰᠠᠯᠳᠠ ᠵᠢᠨ ᠦᠷ᠎ᠠ ᠪᠦᠳᠦᠮᠵᠢ ᠵᠢ ᠲᠡᠭᠡᠭᠰᠢᠯᠡᠬᠦᠯᠦᠨ᠎ᠠ

ᠣᠢᠷ᠎ᠠ᠎ᠳᠤ᠂ ᠡᠵᠡᠨ᠎ᠡ ᠬᠣᠱᠢᠭᠤᠨ᠎ᠤ ᠰᠠᠭᠤᠭᠠᠯᠢ ᠠᠷᠠᠳ ᠯᠢ ᠠᠪᠤᠭᠠᠶ《ᠬᠠᠤᠯᠢ ᠶᠣᠰᠣᠭᠠᠷ ᠡᠶᠡᠳᠡᠭᠦᠯᠦᠨ ᠡᠷᠬᠡ ᠠᠱᠢᠭ ᠢ᠋ ᠬᠠᠮᠠᠭᠠᠯᠠᠪᠠ》 ᠭᠡᠭᠦ ᠦᠰᠦᠭᠳᠤ ᠬᠡᠮᠡᠷᠯᠢᠭ ᠲᠣᠭ᠎ᠢ ᠬᠣᠱᠢᠭᠤᠨ᠎ᠤ ᠶᠡᠷᠦᠩᠬᠡᠢᠯᠡᠨ ᠵᠠᠰᠠᠬᠤ ᠲᠥᠪ᠎ᠲᠦ ᠬᠦᠷᠭᠡᠪᠡ᠃

ᠡᠭᠦᠨ᠎ᠡᠴᠡ ᠡᠮᠦᠨ᠎ᠡ᠂ ᠯᠢ ᠠᠪᠤᠭᠠᠶ ᠠᠵᠢᠯ᠎ᠡᠴᠡ ᠪᠤᠯᠵᠦ ᠬᠡᠮᠳᠦᠭᠰᠡᠨ᠎ᠤ ᠳᠠᠷᠠᠭ᠎ᠠ᠂ ᠠᠵᠢᠯᠳᠠᠨ ᠬᠡᠷᠡᠭᠯᠡᠬᠦ ᠪᠠᠢᠭᠤᠯᠭ᠎ᠠ ᠲᠠᠢ ᠪᠠᠨ ᠲᠥᠯᠥᠪᠦᠷᠢ᠎ᠶ᠋ᠢᠨ ᠶᠠᠪᠤᠳᠠᠯ᠎ᠤᠨ ᠲᠤᠬᠠᠶ ᠵᠦᠪᠳᠡᠯᠴᠡᠭᠡᠳ ᠶᠡᠷᠦ ᠬᠠᠨᠤᠮᠵᠢᠳᠠᠢ ᠦᠷ᠎ᠠ ᠳ᠋ᠦᠡᠭ  ᠳ᠋ᠤ ᠬᠦᠷᠦᠭᠰᠡᠨ ᠦᠭᠡᠢ᠃ ᠲᠤᠤᠷᠵᠢᠯ᠎ᠤᠨ ᠬᠠᠮᠢᠶᠠᠷᠤᠯᠲᠠ᠎ᠶ᠋ᠢᠨ ᠠᠵᠢᠯᠲᠠᠨ ᠲᠣᠭᠣᠷᠢᠨ ᠪᠠᠢᠴᠠᠭᠠᠬᠤ ᠶᠠᠪᠤᠴᠠ ᠳ᠋ᠠᠭᠠᠨ ᠡᠨᠡ ᠬᠦ᠌ ᠪᠠᠢᠳᠠᠯ᠎ᠢ ᠣᠯᠵᠤ ᠮᠠᠲᠠᠭᠡᠳ ᠳᠠᠷᠤᠢᠬᠠᠨ ᠲᠠᠩᠰᠠᠯᠠᠵᠦ ᠲᠡᠭᠡᠭᠰᠢ ᠮᠡᠳᠡᠭᠦᠯᠪᠡ᠂  ᠶᠡᠷᠦᠡᠭᠭᠡᠢᠯᠡᠨ ᠵᠠᠰᠠᠬᠤ ᠲᠥᠪ᠎ᠡᠴᠡ ᠣᠯᠠᠨ ᠡᠱᠢᠵᠢᠭᠦᠯᠣᠨ᠎ᠰᠢᠢᠳᠪᠤᠷᠢᠯᠡᠬᠦ ᠲᠣᠭ᠍ᠲᠠᠴᠠ᠎ᠶ᠋ᠢ ᠡᠬᠢᠯᠡᠨ ᠬᠡᠷᠡᠭᠵᠢᠭᠦᠯᠵᠤ᠂ ᠲᠤᠰᠭᠠᠢ ᠡᠶᠡᠳᠡᠭᠦᠯᠦᠭ᠌ᠴᠢ ᠲᠣᠮᠢᠯᠠᠨ ᠬᠠᠤᠯᠢ ᠴᠠᠭᠠᠵᠠ ᠲᠦᠷᠢᠮ ᠲᠣᠭ᠍ᠲᠠᠭᠠᠯ᠂ ᠠᠵᠢᠯ᠎ᠠᠴᠠ ᠪᠣᠯᠤᠭ᠍ᠰᠠᠨ ᠭᠡᠮᠲᠦᠯ᠎ᠦᠨ ᠲᠥᠯᠥᠪᠦᠷᠢ᠎ᠶ᠋ᠢᠨ ᠪᠠᠷᠢᠮᠵᠢᠢ᠎ᠠ ᠵᠢᠴᠢ ᠡᠢᠮᠦᠷᠭᠦᠦ ᠬᠡᠷᠡᠭ ᠤ᠋ᠨ ᠵᠢᠱ᠌ᠢᠶ᠎ᠠ ᠲᠠᠢ ᠤᠶᠠᠯᠳᠤᠭᠤᠯᠤᠨ᠂ ᠣᠯᠠᠨ ᠡᠭᠡᠯᠵᠢ᠎ᠵᠢᠨ ᠡᠶᠡᠳᠡᠭᠦᠯᠭᠡ ᠬᠢᠭᠰᠡᠨ᠎ᠦ ᠲᠠᠷᠠᠭ᠎ᠠ ᠬᠣᠶᠠᠷ ᠲᠠᠯ᠎ᠠ᠎ᠪᠠᠷ᠎ᠢᠶᠠᠨ ᠬᠡᠯᠡᠯᠴᠡᠭᠡᠷ ᠲᠣᠭ᠍ᠲᠠᠬᠰᠠᠨ ᠪᠠᠢᠨ᠎ᠠ᠃

ᠡᠨᠡ ᠬᠦ᠌ ᠬᠥᠳᠡᠯᠮᠦᠷᠢ᠎ᠶ᠋ᠢᠨ ᠮᠠᠷᠭᠤᠯᠳᠤᠭᠠᠨ᠎ᠢ ᠱᠢᠶ᠋ᠳᠪᠦᠷᠢᠯᠡᠬᠰᠡᠨ ᠨᠢ ᠠᠯᠠᠱᠠ ᠠᠢᠮᠠᠭ᠎ᠤᠨ 《ᠬᠦᠴᠦᠨ᠎ᠢᠶᠡᠨ ᠳᠣᠷᠣᠭ᠍ᠰᠢ ᠪᠠᠭᠤᠯᠭᠠᠵᠤ᠂ ᠡᠬᠢ ᠪᠠᠶᠠᠯᠢᠭ᠎ᠢᠶᠠᠨ ᠨᠡᠢᠳᠭᠡᠭᠦ》 ᠵᠠᠰᠠᠯᠲᠠ᠎ᠶ᠋ᠢᠨ ᠠᠷᠭ᠎ᠠ ᠬᠡᠮᠵᠢᠶ᠎ᠠ᠎ᠠᠴᠠ ᠰᠠᠯᠵᠤ ᠴᠢᠳᠠᠬᠤ ᠥᠬᠡᠶ ᠶᠤᠮ᠃ ᠲᠣᠰ ᠠᠢᠮᠠᠭ ᠰᠠᠯᠠᠭ᠎ᠠ ᠮᠥᠴᠢᠷ᠎ᠦᠨ ᠪᠡᠬᠢᠯᠡᠯᠲᠡ᠎ᠶ᠋ᠢ ᠡᠪᠳᠡᠵᠦ᠍᠂ ᠳᠣᠲᠣᠭᠠᠳᠤ᠎ᠶ᠋ᠢ ᠬᠠᠮᠠᠭᠠᠯᠠᠬᠤ᠂ ᠬᠠᠤᠯᠢ ᠴᠠᠭᠠᠵᠠ᠎ᠶ᠋ᠢᠨ ᠵᠠᠰᠠᠭ ᠵᠠᠬᠢᠷᠭ᠎ᠠ᠂ ᠵᠠᠬᠢᠳᠠᠯ ᠰᠤᠷᠪᠤᠯᠵᠢᠯᠠᠯ ᠵᠡᠷᠭᠡ ᠰᠠᠯᠠᠭ᠎ᠠ ᠮᠥᠴᠢᠷ᠎ᠦᠨ ᠶᠡᠷᠦᠩᠬᠡᠢᠯᠡᠨ ᠵᠠᠰᠠᠬᠤ ᠲᠥᠪ᠎ᠲᠦ ᠪᠠᠢᠩᠭᠤ ᠰᠠᠭᠤᠵᠤ᠂ ᠣᠷᠣᠨ ᠰᠠᠭᠤᠴᠠ ᠪᠠ ᠪᠥᠲᠥᠭᠡᠨ ᠪᠠᠢᠭᠤᠯᠤᠯᠲᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠵᠡᠷᠭᠡ ᠭᠤᠤᠯᠳᠠᠯᠭ᠎ᠠ᠎ᠲᠠᠶ ᠬᠦᠷᠢᠶ᠎ᠠ ᠴᠠᠷᠠᠭᠠᠨ ᠤ᠋ ᠡᠭᠦᠷᠭᠡ ᠴᠢᠳᠠᠪᠬᠢᠳᠤ ᠰᠠᠯᠠᠭ᠎ᠠ ᠮᠥᠴᠢᠷ ᠶᠡᠷᠦᠩᠬᠡᠢᠯᠡᠨ ᠵᠠᠰᠠᠬᠤ ᠲᠥᠪ᠎ᠲᠦ ᠡᠭᠡᠯᠵᠢᠯᠡᠨ ᠰᠠᠭᠤᠵᠦ᠂ ᠬᠠᠤᠯᠢᠴᠢ᠂ ᠰᠡᠳᠭᠢᠴᠡ᠎ᠶ᠋ᠢᠨ ᠵᠥᠪᠯᠡᠯᠭᠡ ᠥᠭ᠌ᠭᠦᠭ᠌ᠴᠢ᠂ ᠠᠷᠠᠳ᠎ᠤᠨ ᠡᠶᠡᠳᠡᠭᠦᠯᠦᠭ᠌ᠴᠢ ᠵᠡᠷᠭᠡ ᠨᠡᠢᠭᠡᠮ᠎ᠦᠨ ᠬᠦᠴᠦᠨ ᠴᠢᠳᠠᠯ᠎ᠢ ᠬᠦᠢᠴᠡᠳ ᠲᠠᠢᠴᠢᠯᠠᠵᠦ᠂《ᠶᠡᠷᠦᠩᠬᠡᠢᠯᠡᠨ ᠵᠠᠰᠠᠬᠤ ᠲᠥᠪ ᠲᠠᠪᠴᠠᠩ ᠪᠠᠢᠭᠤᠯᠬᠤ᠂ ᠡᠯ᠎ᠠ ᠰᠠᠯᠠᠭ᠎ᠠ ᠮᠥᠴᠢᠷ ᠦᠢᠯᠡᠴᠢᠯᠡᠭᠡ ᠬᠠᠡᠭᠭᠠᠵᠤ᠂ ᠣᠯᠠᠨ ᠡᠱᠢᠵᠢᠬᠦᠯᠦᠨ ᠬᠠᠮᠲᠤ᠎ᠪᠠᠷ ᠵᠠᠰᠠᠬᠤ》ᠪᠠᠢᠷᠢᠱᠢᠯ᠎ᠢ ᠪᠦᠷᠢᠯᠳᠦᠬᠦᠯᠪᠡ᠃

ᠲᠠᠨᠢᠯᠴᠠᠭᠤᠯᠤᠭ᠍ᠰᠠᠨ᠎ᠢᠶᠠᠷ᠂ ᠠᠯᠠᠱᠠ ᠠᠢᠮᠠᠭ ᠡᠩ᠎ᠦᠨ ᠲᠤᠤᠷᠵᠢᠯ 963᠂ ᠪᠢᠴᠢᠯ ᠲᠤᠤᠷᠵᠢᠯ 3484 ᠎ᠶ᠋ᠢ ᠪᠠᠢᠭᠤᠯᠵᠤ᠂ ᠲᠤᠰᠭᠠᠶ ᠲᠤᠱᠢᠶᠠᠯᠲᠤ ᠲᠤᠤᠷᠵᠢᠯ᠎ᠤᠨ ᠬᠠᠮᠢᠶᠠᠷᠤᠯᠳᠠ ᠵᠢᠨ ᠠᠵᠢᠯᠲᠠᠨ 1081᠂ ᠠᠰᠠᠷ(ᠲᠠᠰᠤᠭ᠂ ᠬᠣᠯᠪᠣᠭᠠᠲᠤ ᠡᠷᠦᠬᠡ) ᠎ᠤ᠋ᠨ ᠳᠠᠷᠤᠭ᠎ᠠ 3735 ᠎ᠶ᠋ᠢ ᠲᠣᠬᠢᠷᠠᠭᠤᠯᠵᠤ᠂ ᠲᠤᠤᠷᠵᠢᠯ᠎ᠤᠨ ᠵᠠᠰᠠᠯᠲᠠ᠎ᠶ᠋ᠢ ᠨᠡᠢᠳᠡᠮ ᠪᠥᠷᠬᠥᠭᠦᠯᠬᠦ᠌᠎ᠶ᠋ᠢ ᠪᠡᠶᠡᠯᠡᠭᠦᠯᠦᠨ᠂ ᠦᠨᠳᠦᠰᠦᠨ ᠱᠠᠳᠤᠨ ᠤ᠋ ᠵᠠᠰᠠᠯᠳᠠ ᠵᠢᠨ ᠦᠶ᠎ᠠ ᠪᠦᠳᠦᠮᠵᠢ ᠵᠢ ᠦᠨᠡᠨ ᠎ᠬᠦ ᠲᠡᠭᠡᠭᠰᠢᠯᠡᠬᠦᠯᠪᠡ᠃

ᠡᠭᠦᠨ᠎ᠡᠴᠡ ᠭᠠᠳᠠᠨ᠎ᠠ᠂ ᠪᠦᠬᠦ᠌ ᠠᠢᠮᠠᠭ᠎ᠤᠨ ᠲᠤᠰᠭᠠᠢ ᠰᠡᠳᠦᠪᠲᠦ ᠪᠣᠯᠪᠠᠰᠤᠷᠠᠯ᠎ᠤᠨ ᠠᠩᠭᠢ 4 ᠤᠳᠠᠭ᠎ᠠ ᠡᠷᠬᠢᠯᠡᠵᠦ᠂《ᠠᠬᠠᠮᠠᠳ ᠠᠵᠢᠯᠳᠠᠨ᠎ᠨᠢ ᠱᠢᠨ᠎ᠡ᠎ᠠᠵᠢᠯᠳᠠᠨ ᠵᠢᠡᠨ ᠳᠠᠭᠠᠭᠤᠯᠬᠤ》 ᠬᠠᠪᠰᠤᠷᠤᠨ ᠳᠠᠭᠠᠭᠤᠯᠬᠤ ᠲᠣᠭ᠍ᠲᠠᠴᠠ ᠪᠠ 《ᠪᠣᠳᠠᠲᠤ ᠳᠠᠢᠨ᠎ᠤ ᠪᠣᠯᠪᠠᠰᠤᠷᠠᠯ + ᠲᠤᠬᠠᠢ᠎ᠶ᠋ᠢᠨ ᠲᠠᠯᠠᠪᠤᠷ᠎ᠤᠨ ᠦᠵᠡᠭᠦᠯᠭᠡ + ᠬᠡᠷᠡᠭ᠎ᠦᠨ ᠵᠢᠱ᠌ᠢᠶ᠎ᠡ᠎ᠶ᠋ᠢᠨ ᠵᠠᠳᠠᠯᠤᠯᠲᠠ》 ᠵᠡᠷᠭᠡ ᠵᠠᠭ᠍ᠪᠤᠷ᠎ᠢᠶᠠᠷ ᠳᠠᠮᠵᠢᠨ᠂ ᠪᠦᠬᠦ᠌ ᠠᠢᠮᠠᠭ᠎ᠤᠨ ᠦᠨᠳᠦᠰᠦᠨ ᠱᠠᠲᠤᠨ᠎ᠤ ᠺᠠᠳ᠋ᠷ᠎ᠤᠨ ᠬᠠᠤᠯᠢ ᠶᠣᠰᠣᠭᠠᠷ ᠠᠵᠢᠯ ᠡᠷᠬᠢᠯᠡᠵᠦ᠍᠂ ᠵᠥᠷᠢᠴᠡᠯ ᠵᠠᠭᠤᠷᠠᠯᠳᠤᠭᠠᠨ᠎ᠢ ᠱᠢᠢᠳᠪᠦᠷᠢᠯᠡᠬᠦ᠌ ᠴᠢᠳᠠᠪᠤᠷᠢ ᠵᠢ ᠨᠢ ᠳᠡᠭᠡᠭ᠌ᠰᠢᠯᠡᠬᠦᠯᠪᠡ᠃

《ᠰᠤᠨᠤᠰᠬᠤ᠂ ᠵᠦᠪᠯᠡᠬᠦ᠂ ᠰᠢᠢᠳᠪᠦᠷᠢᠯᠡᠬᠦ》ᠪᠢᠳᠡᠭᠦᠤ ᠴᠠᠭᠠᠷᠢᠭ᠎ᠢ ᠴᠤᠬᠴᠠᠯᠠᠵᠦ  ᠠᠮᠤᠭᠤᠯᠠᠩᠳᠤ ᠪᠦᠳᠦᠭᠡᠨ ᠪᠠᠢᠭᠤᠯᠤᠯᠲᠠ ᠎ᠶ᠋ᠢᠨ ᠰᠠᠭᠤᠷᠢ ᠵᠢ ᠪᠡᠬᠢᠵᠢᠬᠦᠯᠦᠨ᠎ᠠ

ᠠᠯᠠᠱᠠ ᠠᠢᠮᠠᠭ ᠵᠠᠰᠠᠯᠲᠠ᠎ᠶ᠋ᠢᠨ ᠴᠢᠳᠠᠮᠵᠢ ᠪᠠᠨ ᠦᠨᠳᠦᠰᠦᠨ ᠱᠠᠳᠤᠨ ᠤ᠋ ᠡᠮᠦᠨ᠎ᠠ ᠹᠷᠤᠨᠲ ᠬᠦᠷᠲᠡᠯ᠎ᠡ ᠤᠷᠳᠤᠳᠬᠠᠵᠤ᠂ ᠲᠣᠣᠷᠵᠢᠯ᠎ᠤᠨ ᠬᠤᠪᠢᠶᠠᠷᠢᠯᠠᠯ᠎ᠢ ᠱᠢᠯᠢᠳᠡᠭ᠌ᠵᠢᠭᠦᠯᠵᠦ᠍᠂ ᠠᠮᠤᠭᠤᠯᠠᠩᠳᠤ ᠪᠦᠳᠦᠭᠡᠨ ᠪᠠᠢᠭᠤᠯᠤᠯᠲᠠ᠎ᠶ᠋ᠢᠨ《ᠬᠠᠮᠤᠭ᠎ᠤᠨ ᠪᠠᠭ᠎ᠠ ᠨᠢᠭᠡᠴᠢ 》 ᠵᠢ ᠦᠨᠡᠨ ᠬᠦ᠌ ᠪᠡᠬᠢᠵᠢᠭᠦᠯᠪᠡ᠃

ᠡᠵᠡᠨ᠎ᠡ ᠬᠣᠱᠢᠭᠤᠨ᠎ᠳᠤ᠂ ᠲᠤᠤᠷᠵᠢᠯ ᠤ᠋ᠨ ᠬᠠᠮᠢᠶᠠᠷᠤᠯᠲᠠ᠎ᠶ᠋ᠢᠨ ᠠᠵᠢᠯᠲᠠᠨ ᠡᠳᠦᠷ ᠲᠤᠲᠤᠮ᠎ᠤᠨ ᠲᠣᠭᠣᠷᠢᠨ ᠪᠠᠢᠴᠠᠭᠠᠯᠲᠠ ᠳᠤᠮᠳᠠ ᠵᠥᠷᠢᠴᠡᠯ ᠵᠠᠭᠤᠷᠠᠯᠳᠤᠭᠠᠨ ᠤ᠋ ᠬᠡᠮ ᠰᠤᠭᠤᠭ᠎ᠢ ᠴᠠᠭ ᠲᠤᠬᠠᠶ᠎ᠳᠤᠨᠢ ᠢᠯᠡᠷᠡᠭᠦᠯᠦᠨ᠎ᠠ; ᠠᠯᠠᠱᠠ ᠵᠡᠭᠦᠨ ᠬᠣᠱᠢᠭᠤᠨ᠎ᠳᠤ᠂ 2367 ᠪᠢᠴᠢᠯ ᠲᠣᠣᠷᠵᠢᠯ ᠤ᠋ᠨ ᠦᠢᠯᠡᠴᠢᠯᠡᠭᠡᠨ᠎ᠦ ᠰᠦᠯᠵᠢᠶ᠎ᠠ ᠵᠢ ᠨᠢᠬᠳᠠ ᠰᠦᠯᠵᠢᠵᠦ᠂ 《ᠲᠡᠰ ᠬᠤᠪᠢᠶᠠᠨ ᠡᠶᠡᠳᠡᠭᠦᠯᠬᠦ᠌ + ᠲᠤᠰᠭᠠᠢ ᠮᠡᠷᠭᠡᠵᠢᠯ᠎ᠦᠨ ᠬᠦᠴᠦᠨ ᠣᠷᠣᠯᠴᠠᠬᠤ》 ᠵᠠᠭ᠍ᠪᠤᠷ ᠨᠢ ᠪᠠᠭ᠎ᠠ ᠶᠠᠪᠤᠳᠠᠯ᠎ᠢ ᠲᠣᠣᠷᠵᠢᠯ᠎ᠠᠴᠠ ᠭᠠᠷᠭᠠᠬᠤ ᠦᠭᠡᠢ᠂ ᠶᠡᠬᠡ ᠶᠠᠪᠤᠳᠠᠯ᠎ᠢ ᠨᠡᠢᠭᠡᠮ ᠲᠣᠭᠣᠷᠢᠭ᠎ᠠᠴᠠ ᠭᠠᠷᠭᠠᠬᠤ ᠦᠭᠡᠢ ᠪᠤᠯᠵᠠᠢ᠃

 ᠣᠯᠠᠨ ᠲᠦᠮᠡᠨ᠎ᠦ ᠬᠡᠷᠡᠭ᠌ᠴᠡᠭᠡ ᠱᠠᠭᠠᠷᠳᠠᠯᠭ᠎ᠠ᠎ᠶ᠋ᠢ ᠣᠨᠣᠪᠴᠢᠲᠠᠶ ᠵᠣᠯᠭᠠᠭᠤᠯᠬᠤ᠎ᠶ᠋ᠢᠨ ᠲᠥᠯᠥᠭᠡ᠂ ᠠᠯᠠᠱᠠ ᠠᠢᠮᠠᠭ ᠪᠠᠰᠠ《ᠨᠡᠭᠦᠳᠡᠯ ᠬᠡᠷᠡᠭ ᠵᠥᠪᠯᠡᠬᠦ᠌ ᠲᠢᠩᠬᠢᠮ》᠂《ᠵᠢᠵᠢᠭ ᠰᠠᠨᠳᠠᠯᠢ᠎ᠶ᠋ᠢᠨ ᠬᠡᠷᠡᠭ ᠵᠥᠪᠯᠡᠬᠦ᠌ ᠬᠤᠷᠠᠯ》 ᠵᠡᠷᠭᠡ ᠵᠠᠭ᠍ᠪᠤᠷ᠎ᠢ ᠳᠡᠯᠭᠡᠷᠡᠭᠦᠯᠵᠦ᠍᠂ 《ᠬᠦᠰᠡᠯ ᠱᠠᠭᠠᠷᠳᠠᠯᠭ᠎ᠠ᠎ᠶ᠋ᠢ ᠰᠣᠨᠣᠰᠬᠤ — ᠬᠠᠮᠳᠤ ᠪᠡᠷ ᠬᠡᠷᠡᠭ ᠵᠥᠪᠯᠡᠬᠦ᠌ — ᠬᠦᠴᠢᠷ ᠠᠰᠠᠭᠤᠳᠠᠯ᠎ᠢ ᠱᠢᠶ᠋ᠳᠪᠦᠷᠢᠯᠡᠬᠦ᠌》 ᠪᠢᠲᠡᠭᠦᠦ ᠴᠠᠭᠠᠷᠢᠭ ᠤ᠋ᠨ ᠴᠤᠪᠤᠷᠠᠯ ᠵᠢᠡᠷ ᠳᠠᠮᠵᠢᠭᠤᠯᠤᠨ᠂ ᠬᠠᠯᠠᠮᠵᠢᠯᠠᠵᠤ ᠪᠠᠢᠭ᠎ᠠ ᠡᠲᠡᠭᠡᠳ᠎ᠢ ᠨᠡᠢᠲᠡ 2873 ᠬᠥᠮᠦᠨ ᠤᠳᠠᠭ᠎ᠠ ᠰᠤᠷᠪᠤᠯᠵᠢᠯᠠᠵᠤ᠂ ᠠᠷᠠᠳ᠎ᠲᠤ ᠲᠥᠬᠥᠮ ᠦᠵᠡᠭᠦᠯᠬᠦ᠌ ᠦᠶ᠋ᠯᠡᠴᠢᠯᠡᠭᠡ 1147 ᠬᠤᠪᠢ ᠬᠠᠩᠭᠠᠪᠠ᠃

ᠠᠯᠠᠱᠠ ᠠᠢᠮᠠᠭ ᠪᠠᠰᠠ ᠤᠷᠮᠠᠱᠢᠭᠤᠯᠬᠤ ᠲᠣᠭ᠍ᠲᠠᠴᠠ᠎ᠶ᠋ᠢ ᠪᠦᠷᠢᠨᠱᠢᠭᠦᠯᠵᠦ᠍᠂ ᠲᠤᠤᠷᠵᠢᠯ ᠤ᠋ᠨ ᠬᠠᠮᠢᠶᠠᠷᠤᠯᠲᠠ᠎ᠶ᠋ᠢᠨ ᠠᠵᠢᠯᠲᠠᠨ᠎ᠳᠤ ᠬᠤᠪᠢ ᠬᠤᠷᠠᠮᠳᠤᠭᠤᠯᠬᠤ ᠲᠦᠷᠢᠮ᠎ᠦᠨ ᠬᠠᠮᠢᠶᠠᠷᠤᠯᠲᠠ᠎ᠶ᠋ᠢ ᠬᠡᠷᠡᠭ᠌ᠵᠢᠭᠦᠯᠵᠦ᠍᠂ ᠤᠲᠠᠰᠤᠨ᠎ᠤ ᠰᠦᠶ᠋ᠳᠭᠡᠯ᠂ ᠵᠠᠮ ᠬᠠᠷᠢᠯᠴᠠᠭᠠᠨ᠎ᠤ ᠰᠦᠶ᠋ᠳᠭᠡᠯ᠎ᠦᠨ ᠨᠥᠬᠥᠪᠥᠷᠢ ᠥᠭ᠌ᠬᠦ ᠪᠠ ᠲᠤᠰᠭᠠᠶ ᠱᠠᠩᠨᠠᠯ᠎ᠤᠨ ᠰᠠᠭᠤᠷᠢ ᠮᠥᠩᠭᠥ᠌ ᠭᠠᠷᠭᠠᠬᠤ᠎ᠶ᠋ᠢ ᠰᠦᠪᠡᠭ᠌ᠴᠢᠯᠡᠵᠦ᠍᠂《ᠬᠠᠮᠤᠭ᠎ᠤᠨ ᠭᠣᠶᠣ ᠲᠤᠤᠷᠵᠢᠯ ᠤ᠋ᠨ ᠬᠠᠮᠢᠶᠠᠷᠤᠯᠲᠠ᠎ᠶ᠋ᠢᠨ ᠠᠵᠢᠯᠲᠠᠨ》 ᠢ᠋ ᠱᠢᠯᠭᠠᠷᠠᠭᠤᠯᠤᠨ ᠰᠣᠩᠭᠣᠵᠤ᠂ ᠦᠨᠳᠦᠰᠦᠨ ᠱᠠᠲᠤᠨ᠎ᠤ ᠡᠩᠨᠡᠭᠡᠨ᠎ᠦ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠢᠳᠡᠪᠬᠢᠵᠢᠯ᠎ᠢ ᠲᠠᠢᠴᠢᠯᠠᠪᠠ᠃

ᠠᠯᠠᠱᠠ ᠠᠢᠮᠠᠭ᠎ᠤᠨ ᠡᠯ᠎ᠡ ᠱᠠᠲᠤᠨ᠎ᠤ ᠶᠡᠷᠦᠩᠬᠡᠢᠯᠡᠨ ᠵᠠᠰᠠᠬᠤ ᠲᠥᠪ ᠣᠯᠠᠨ ᠲᠦᠮᠡᠨ᠎ᠦ ᠬᠡᠷᠡᠭ᠌ᠴᠡᠭᠡ ᠱᠠᠭᠠᠷᠳᠠᠯᠭ᠎ᠠ᠎ᠳᠤ ᠠᠡᠭᠬᠠᠷᠤᠯ ᠵᠢᠡᠨ ᠲᠦᠪᠯᠡᠷᠡᠬᠦᠯᠵᠦ᠂ ᠣᠯᠠᠨ ᠲᠦᠮᠡᠨ᠎ᠳᠦ ᠦᠶ᠋ᠯᠡᠴᠢᠯᠡᠬᠦ᠌ 《 ᠡᠴᠦᠰ᠎ᠦᠨ ᠨᠢᠭᠡ ᠺᠢᠯᠣᠮᠧᠲ᠋ᠷ》 ᠢ᠋ ᠦᠨᠡᠨ ᠬᠦ᠌ ᠨᠡᠪᠲᠡᠷᠡᠭᠦᠯᠵᠦ᠍᠂ ᠵᠥᠷᠢᠴᠡᠯ ᠵᠠᠭᠤᠷᠠᠯᠳᠤᠭᠠᠨ᠎ᠢ ᠦᠨᠳᠦᠰᠦᠨ ᠱᠠᠲᠤᠨ᠎ᠳᠤ ᠰᠢᠢᠳᠪᠤᠷᠢᠯᠡᠵᠦ᠂ ᠬᠡᠮ ᠰᠣᠭᠣᠭ᠎ᠢ ᠴᠤᠬᠤᠢᠯᠳᠠ ᠵᠢᠨ ᠬᠤᠭᠤᠴᠠᠭᠠᠨ ᠳ᠋ᠤ ᠨᠠᠮᠳᠠᠭᠤᠯᠵᠤ᠂ ᠦᠨᠡᠨ ᠪᠣᠳᠠᠲᠠᠶ ᠵᠠᠰᠠᠯᠲᠠ᠎ᠶ᠋ᠢᠨ ᠦᠷ᠎ᠡ ᠪᠦᠲᠦᠮᠵᠢ᠎ᠪᠡᠷ ᠠᠮᠤᠭᠤᠯᠠᠩᠳᠤ ᠠᠯᠠᠱᠠ᠎ᠶ᠋ᠢᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠵᠤ᠂ ᠬᠢᠯᠢ ᠬᠢᠵᠠᠭᠠᠷ ᠣᠷᠣᠨ᠎ᠤ ᠥᠨᠢ ᠤᠳᠠᠭᠠᠨ ᠠᠮᠤᠷ ᠲᠤᠬᠳᠠᠭᠤᠨ ᠪᠠ ᠴᠢᠨᠠᠷ ᠰᠠᠢᠲᠠᠶ ᠬᠥᠭ᠌ᠵᠢᠯᠲᠡ᠎ᠳᠦ ᠬᠥᠳᠡᠯᠭᠡᠬᠦ᠌ ᠬᠦᠴᠦᠨ ᠨᠡᠮᠡᠷᠢᠯᠡᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号