ᠸᠠᠩ ᠣᠪᠣᠭᠲᠤ ᠬᠣᠶᠠᠷ ᠬᠦᠷᠳᠦᠲᠦ ᠮᠣᠲ᠋ᠣᠷ ᠲᠡᠷᠭᠡ ᠵᠢᠯᠤᠭᠣᠳᠴᠤ᠂ ᠵᠡᠭᠦᠨ ᠮᠥᠷ ᠵᠦᠭ ᠡᠷᠭᠢᠵᠦ ᠪᠠᠢᠭᠰᠠᠨ ᠬᠥ ᠣᠪᠣᠭᠲᠤ ᠶᠢᠨ ᠵᠢᠵᠢᠭ ᠠᠶᠠᠨᠴᠢᠨ ᠤ ᠮᠠᠰᠢᠨ ᠲᠠᠢ ᠮᠥᠷᠭᠥᠯᠳᠦᠵᠦ ᠵᠠᠮ ᠬᠠᠷᠢᠯᠴᠠᠭᠠᠨ ᠤ ᠡᠨᠳᠡᠯ ᠭᠠᠷᠪᠠ᠃ ᠰᠢᠯᠭᠠᠨ ᠪᠠᠢᠴᠠᠭᠠᠯᠲᠠᠪᠠᠷ ᠳᠠᠮᠵᠢᠭᠠᠳ᠂ ᠸᠠᠩ ᠣᠪᠣᠭᠲᠤ ᠶᠢᠨ ᠴᠢᠰᠤᠨᠳᠠᠬᠢ ᠰᠫᠢᠷᠲ ᠤᠨ ᠠᠭᠤᠯᠤᠭᠳᠠᠴᠠ ᠨᠢ 92.28 mg/100ml ᠪᠠᠢᠵᠤ᠂ ᠦᠨᠡᠮᠯᠡᠯ ᠦᠭᠡᠢ ᠠᠶᠤᠯᠲᠠᠢ ᠪᠠᠷ ᠲᠡᠷᠭᠡ ᠵᠢᠯᠣᠭᠣᠳᠤᠬᠰᠠᠨ ᠪᠠᠢᠵᠠᠢ᠃
ᠳᠣᠲᠣᠭᠠᠳᠤ ᠶᠢ ᠬᠠᠮᠠᠭᠠᠯᠠᠬᠤ ᠪᠠᠢᠭᠤᠯᠭ᠎ᠠ ᠠᠶᠤᠯ ᠲᠠᠢᠪᠠᠷ ᠲᠡᠷᠭᠡ ᠵᠢᠯᠣᠭᠣᠳᠤᠭᠰᠠᠨ ᠶᠠᠯ᠎ᠠ ᠪᠠᠷ ᠲᠤᠰ ᠬᠡᠷᠡᠭ ᠢ ᠪᠠᠢᠴᠠᠭᠠᠬᠤ ᠪᠠᠢᠭᠤᠯᠭᠠᠳᠦ ᠰᠢᠯᠵᠢᠭᠦᠯᠦᠨ ᠬᠦᠷᠭᠡᠵᠦ᠂ ᠡᠷᠡᠭᠦᠦ ᠶᠢᠨ ᠬᠡᠷᠡᠭ ᠤᠨ ᠪᠠᠢᠴᠠᠭᠠᠬᠤ ᠰᠠᠯᠠᠭ᠎ᠠ ᠮᠥᠴᠢᠷ ᠬᠢᠨᠠᠨ ᠪᠠᠢᠴᠠᠭᠠᠭᠠᠳ ᠸᠠᠩ ᠣᠪᠣᠭᠲᠤ ᠳᠤ ᠬᠠᠤᠯᠢ ᠶᠣᠰᠣᠭᠠᠷ ᠥᠯᠥ ᠵᠠᠭᠠᠯᠳᠤᠬᠤ ᠲᠣᠭᠲᠠᠭᠠᠯ ᠭᠠᠷᠭᠠᠵᠤ᠂ ᠵᠠᠰᠠᠭ ᠵᠠᠬᠢᠷᠭᠠᠨᠤ ᠪᠠᠢᠴᠠᠭᠠᠬᠤ ᠰᠠᠯᠠᠭ᠎ᠠ ᠮᠥᠴᠢᠷ ᠬᠢᠨᠠᠨ ᠪᠠᠢᠴᠠᠭᠠᠭᠠᠳ ᠸᠠᠩ ᠣᠪᠣᠭᠲᠤ ᠶᠢ《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ》 ᠵᠢᠨ ᠬᠠᠮᠢᠶ᠎ᠠ ᠪᠦᠬᠦᠢ ᠲᠣᠭᠲᠠᠭᠠᠯ ᠢ ᠵᠥᠷᠢᠴᠡᠭᠰᠡᠨ ᠭᠡᠵᠦ ᠦᠵᠡᠭᠡᠳ᠂ ᠳᠣᠲᠣᠭᠠᠳᠤ ᠶᠢ ᠬᠠᠮᠠᠭᠠᠯᠠᠬᠤ ᠪᠠᠢᠭᠤᠯᠭ᠎ᠠ ᠶᠢᠨ ᠵᠠᠮ ᠬᠠᠷᠢᠯᠴᠠᠭᠠᠨᠦ ᠴᠠᠭᠳᠠᠭᠠᠨ ᠤ ᠰᠠᠯᠠᠭ᠎ᠠ ᠮᠥᠴᠢᠷᠲᠦ ᠪᠠᠢᠴᠠᠭᠠᠬᠤ ᠰᠠᠨᠠᠯ ᠤᠨ ᠪᠢᠴᠢᠭ ᠬᠦᠷᠭᠡᠪᠡ᠃ ᠵᠠᠮ ᠬᠠᠷᠢᠯᠴᠠᠭᠠᠨᠤ ᠴᠠᠭᠳᠠᠭᠠᠨᠤ ᠰᠠᠯᠠᠭ᠎ᠠ ᠮᠥᠴᠢᠷ ᠸᠠᠩ ᠣᠪᠣᠭᠲᠤ ᠳᠦ 2000 ᠲᠥᠭᠥᠷᠢᠭ ᠢᠶᠠᠷ ᠲᠣᠷᠭᠠᠬᠤ ᠵᠠᠰᠠᠭ ᠵᠠᠬᠢᠷᠭᠠᠨᠤ ᠰᠢᠢᠳᠬᠡᠯ ᠥᠭᠪᠡ᠃
ᠸᠠᠩ ᠣᠪᠣᠭᠲᠤ ᠵᠠᠮ ᠬᠠᠷᠢᠯᠴᠠᠭᠠᠨᠤ ᠡᠨᠳᠡᠯ ᠭᠠᠷᠭᠠᠭᠰᠠᠨ ᠪᠤᠯᠪᠠᠴᠤ ᠦᠢᠯᠡ ᠠᠵᠢᠯᠯᠠᠭ᠎ᠠ ᠨᠢ ᠬᠥᠩᠭᠡᠪᠲᠦᠷ᠂ ᠨᠡᠢᠭᠡᠮᠤᠨ ᠠᠶᠤᠯᠲᠤ ᠴᠢᠨᠠᠷ ᠢᠶᠠᠷ ᠪᠠᠭ᠎ᠠ ᠮᠥᠷᠲᠡᠭᠡᠨ ᠰᠠᠢᠨ ᠳᠤᠷ᠎ᠠ ᠠᠴᠠᠪᠠᠨ ᠶᠠᠯ᠎ᠠ ᠪᠠᠨ ᠮᠡᠳᠡᠷᠡᠵᠦ ᠰᠢᠢᠳᠬᠡᠯ ᠬᠦᠯᠢᠶᠡᠭᠡᠳ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠭᠳᠡᠭᠰᠡᠨ ᠦᠭᠡᠢ᠂ ᠭᠡᠪᠡᠴᠤ ᠲᠡᠭᠦᠨ ᠤ᠋ ᠦᠢᠯᠡ ᠠᠵᠢᠯᠯᠠᠭ᠎ᠠ ᠨᠢ ᠬᠠᠤᠯᠢ ᠡᠴᠡ ᠵᠥᠷᠢᠴᠡᠭᠰᠡᠨ ᠪᠣᠯᠬᠣᠷ ᠵᠠᠰᠠᠭ ᠵᠠᠬᠢᠷᠭᠠᠨ ᠤ ᠬᠠᠷᠢᠭᠤᠴᠠᠯᠭ᠎ᠠ ᠡᠭᠦᠷᠭᠡᠯᠡᠬᠦ ᠪᠤᠯᠤᠨ᠎ᠠ᠃
ᠬᠠᠤᠯᠢ ᠴᠠᠭᠠᠵᠠᠶᠢᠨ ᠰᠠᠨᠠᠭᠤᠯᠤᠮᠵᠢ᠄
ᠤᠢ᠍ᠢᠷᠠᠶ᠋ᠢᠨ ᠵᠢᠯᠳ᠋ᠤ᠂ ᠡᠷᠡᠭᠦᠦ᠍ᠶ᠋ᠢᠨ ᠬᠡᠷᠡᠭᠦᠨ ᠬᠠᠤᠯᠢ ᠴᠠᠭᠠᠵᠨ ᠲᠦᠷᠦ᠍ᠶ᠋ᠢᠨ ᠪᠤᠳᠤᠯᠭᠠᠳᠤ ᠲᠤᠬᠢᠷᠠᠭᠤᠯᠤᠯᠳᠠ ᠬᠢᠬᠦ᠌ᠶ᠋ᠢ ᠲᠠᠭᠠᠯᠳᠤᠨ᠂ ᠪᠠᠢᠴᠠᠭᠠᠬᠤ ᠪᠠᠢᠭᠤᠯᠭᠠᠶ᠋ᠢᠨ ᠦᠯᠦ᠍ ᠵᠠᠭᠠᠯᠳᠤᠬᠤ ᠬᠡᠷᠡᠭᠦᠨ ᠲᠣᠭ᠎ᠠ ᠨᠡᠯᠢᠶᠡᠳ ᠨᠡᠮᠡᠭᠳᠡᠵᠡᠢ᠃ ᠲᠥᠬᠥᠮᠢᠶᠠᠷ ᠬᠡᠯᠡᠪᠡᠯ᠂ ᠡᠷᠡᠭᠦᠦ ᠶᠢᠨ ᠬᠡᠷᠡᠭᠤᠨ ᠦᠯᠦ ᠵᠠᠭᠠᠯᠳᠤᠬᠤ ᠪᠣᠯ ᠬᠡᠷᠡᠭ ᠨᠢ ᠡᠷᠡᠭᠦᠦᠶᠢᠨ ᠬᠡᠷᠡᠭᠤᠨ ᠵᠠᠭᠠᠯᠳᠤᠬᠤ ᠨᠥᠬᠥᠴᠡᠯᠳᠦ ᠨᠡᠢᠴᠡᠬᠦ ᠦᠭᠡᠢ ᠪᠤᠶᠤ ᠦᠢᠯᠡ ᠠᠵᠢᠯᠯᠠᠭ᠎ᠠ ᠨᠢ ᠬᠥᠩᠭᠡᠪᠲᠦᠷ ᠤᠴᠢᠷᠠᠴᠠ ᠡᠷᠡᠭᠦᠦ ᠵᠢᠨ ᠰᠢᠢᠳᠬᠡᠯᠢᠶᠠᠷ ᠰᠢᠢᠳᠬᠡᠬᠦ ᠴᠢᠬᠤᠯᠠ ᠦᠭᠡᠢ᠂ ᠭᠡᠪᠡᠴᠦ ᠦᠢᠯᠡ ᠠᠵᠢᠯᠯᠠᠭ᠎ᠠ ᠨᠢ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠬᠠᠤᠯᠢ ᠲᠣᠭᠲᠠᠭᠠᠯ ᠢ ᠵᠥᠷᠢᠴᠡᠭᠰᠡᠨ ᠪᠠᠢᠪᠠᠯ ᠮᠥᠨ ᠬᠦ᠌ ᠬᠠᠷᠠᠭᠠᠯᠵᠠᠭᠰᠠᠨ ᠵᠠᠰᠠᠭ ᠵᠠᠬᠢᠷᠭᠠᠨ ᠤ ᠬᠠᠷᠢᠭᠤᠴᠠᠯᠭ᠎ᠠ ᠡᠭᠦᠷᠭᠡᠯᠡᠨ᠎ᠡ᠃