3 ᠰᠠᠷ᠎ᠠ ᠵᠢᠨ ᠰᠡᠭᠦᠯᠴᠢ ᠪᠤᠯᠳᠠᠯ᠎ᠠ ᠬᠦᠭᠡᠬᠤᠳᠠ ᠡᠮᠴᠢ ᠰᠤᠪᠢᠯᠠᠭᠴᠢ ᠵᠢᠨ ᠠᠵᠢᠯ ᠡᠷᠬᠢᠯᠡᠬᠦ ᠳᠠᠩᠰᠠᠯᠠᠭᠤᠯᠤᠯᠳᠠ ᠵᠢᠨ ᠳᠤᠬᠠᠢᠯᠠᠭᠰᠠᠨ ᠠᠵᠢᠯ ᠢ᠋ 5000 ᠭᠠᠷᠤᠢ ᠬᠤᠪᠢ ᠬᠦᠢᠴᠡᠳᠭᠡᠭᠰᠡᠨ ᠪᠠᠢᠨ᠎ᠠ᠃ ᠤᠢᠯᠠᠭᠠᠭᠰᠠᠨ ᠵᠢᠡᠷ᠂ 2025 ᠤᠨ ᠤ᠋ 6 ᠰᠠᠷ᠎ᠠ ᠳ᠋ᠤ ᠪᠦᠬᠦ ᠤᠷᠤᠨ ᠳ᠋ᠤ ᠬᠦᠬᠡᠬᠤᠳᠠ ᠬᠠᠮᠤᠭ ᠤ᠋ᠨ ᠲᠦᠷᠦᠭᠦᠨ ᠳ᠋ᠤ ᠡᠮᠴᠢ ᠰᠤᠪᠢᠯᠠᠭᠴᠢ ᠵᠢᠨ ᠡᠯᠧᠺᠲᠷᠤᠨ ᠳᠠᠩᠰᠠᠯᠠᠭᠤᠯᠤᠯᠳᠠ ᠵᠢᠨ ᠮᠡᠳᠡᠭᠡ ᠵᠠᠩᠬᠢ ᠵᠢᠨ ᠰᠢᠰᠲᠧᠮ ᠢ᠋ ᠳᠤᠷᠰᠢᠨ ᠬᠡᠷᠡᠭᠵᠢᠭᠦᠯᠵᠤ᠂ ᠡᠨᠡ ᠨᠢ ᠬᠢᠨᠠᠨ ᠵᠥᠪᠰᠢᠶᠡᠷᠡᠬᠦ ᠴᠠᠭ ᠤ᠋ᠨ ᠬᠢᠵᠠᠭᠠᠷ ᠢ᠋ ᠬᠠᠤᠯᠢ ᠪᠠᠷ ᠲᠣᠭᠲᠠᠭᠠᠭᠰᠠᠨ 20 ᠠᠵᠢᠯᠯᠠᠬᠤ ᠡᠳᠦᠷ ᠡᠴᠡ ᠪᠠᠭᠠᠰᠬᠠᠵᠤ᠂ ᠤᠳᠤ ᠪᠤᠯᠬᠤ ᠳ᠋ᠤ 0.5 ᠠᠵᠢᠯᠯᠠᠬᠤ ᠡᠳᠦᠷ ᠪᠣᠯᠭᠠᠨ ᠪᠠᠭᠠᠰᠬᠠᠭᠰᠠᠨ ᠪᠠᠢᠨ᠎ᠠ᠃
ᠬᠥᠬᠡᠬᠣᠲᠠ 《ᠨᠢᠭᠤᠷᠳᠠᠨ ᠠᠭᠤᠯᠵᠠᠬᠤ ᠦᠭᠡᠢ ᠪᠡᠷ ᠬᠢᠨᠠᠨ ᠵᠥᠪᠰᠢᠶᠡᠷᠡᠬᠦ》 ᠦᠢᠯᠡᠴᠢᠯᠡᠭᠡᠨ ᠤ᠋ ᠵᠠᠭᠪᠤᠷᠢ ᠡᠬᠦᠳᠴᠤ᠂ ᠪᠦᠬᠦ ᠣᠷᠣᠨ ᠳ᠋ᠤ᠌ ᠡᠮᠴᠢ ᠰᠤᠪᠢᠯᠠᠭᠴᠢ ᠵᠢᠨ ᠠᠵᠢᠯ ᠡᠷᠬᠢᠯᠡᠬᠦ ᠳᠠᠩᠰᠠᠯᠠᠭᠤᠯᠤᠯᠳᠠ ᠵᠢ ᠬᠢᠨᠠᠨ ᠵᠥᠪᠰᠢᠶᠡᠷᠡᠬᠦᠯᠬᠦ ᠳ᠋ᠤ ᠨᠠᠭᠠᠰᠢ ᠴᠠᠭᠠᠰᠢ ᠬᠦᠶᠦᠭᠦ ᠬᠡᠷᠡᠭ ᠦᠭᠡᠢ ᠪᠤᠯᠭᠠᠭᠰᠠᠨ ᠪᠠ ᠳᠠᠩᠰᠠ ᠡᠪᠬᠡᠮᠡᠯ ᠢ᠋ ᠪᠦᠷᠢᠮᠦᠰᠦᠨ ᠡᠯᠧᠺᠲ᠋ᠷᠣᠨᠴᠢᠯᠠᠬᠤ ᠵᠢ ᠡᠩ ᠲᠡᠷᠢᠭᠦᠨ ᠳ᠋ᠦ᠍ ᠪᠡᠶᠡᠯᠡᠭᠦᠯᠵᠦ᠂ ᠡᠮ ᠡᠮᠨᠡᠯᠭᠡ ᠵᠢᠨ ᠪᠠᠢᠭᠤᠯᠤᠮᠵᠢ ᠪᠣᠯᠤᠨ ᠡᠮᠴᠢ ᠰᠤᠪᠢᠯᠠᠭᠴᠢ ᠵᠢᠨ ᠠᠵᠢᠯ ᠡᠷᠬᠢᠯᠡᠬᠦ ᠳ᠋ᠤ ᠲᠦᠭᠦᠮ ᠬᠠᠩᠭᠠᠭᠰᠠᠨ ᠮᠦᠷᠳᠡᠭᠡᠨ ᠬᠦᠷᠲᠡᠮᠵᠢ ᠵᠢᠨ ᠲᠦᠷᠦᠭᠳᠡᠯ ᠢ᠋ ᠶᠡᠬᠡ ᠪᠡᠷ ᠳᠡᠭᠡᠭᠰᠢᠯᠡᠭᠦᠯᠵᠡᠢ᠃ ᠲᠤᠰ ᠤᠳᠠᠭ᠎ᠠ ᠵᠢᠨ ᠥᠭᠡᠷᠡᠴᠢᠯᠡᠯᠲᠡ ᠳ᠋ᠦ᠍ ᠭᠤᠶᠤᠴᠢᠯᠠᠨ ᠮᠡᠳᠡᠭᠦᠯᠬᠦ᠂ ᠬᠦᠯᠢᠶᠡᠨ ᠠᠪᠴᠤ ᠰᠢᠢᠳᠪᠦᠷᠢᠯᠡᠬᠦ᠂ ᠬᠢᠨᠠᠨ ᠬᠠᠷᠭᠤᠭᠤᠯᠬᠤ᠂ ᠬᠢᠨᠠᠨ ᠵᠥᠪᠰᠢᠶᠡᠷᠡᠬᠦ᠂ ᠳᠠᠩᠰᠠᠯᠠᠭᠤᠯᠬᠤ ᠵᠡᠷᠭᠡ ᠠᠵᠢᠯ ᠤ᠋ᠨ ᠶᠠᠪᠤᠴᠠ ᠵᠢ ᠰᠢᠯᠢᠳᠡᠭᠵᠢᠭᠦᠯᠵᠤ᠂ ᠭᠤᠶᠤᠴᠢᠯᠠᠭᠴᠢ ᠵᠥᠪᠬᠡᠨ ᠰᠦᠯᠵᠢᠶᠡᠨ ᠳᠡᠭᠡᠷ᠎ᠡ ᠮᠠᠲ᠋ᠧᠷᠢᠶᠠᠯ ᠵᠢᠠᠨ ᠲᠤᠰᠢᠶᠠᠪᠠᠯ ᠪᠦᠬᠦ ᠶᠠᠪᠤᠴᠠ ᠵᠢ ᠭᠦᠢᠴᠡᠳᠬᠡᠵᠦ ᠪᠤᠯᠬᠤ ᠪᠤᠯᠭᠠᠪᠠ᠃ ᠡᠭᠦᠨ ᠤ᠋ ᠬᠠᠮᠲᠤ᠂ ᠪᠣᠢ ᠪᠦᠬᠦᠢ ᠬᠢᠨᠠᠨ ᠵᠥᠪᠰᠢᠶᠡᠷᠡᠭᠰᠡᠨ ᠮᠠᠲ᠋ᠧᠷᠢᠶᠠᠯ ᠵᠢᠴᠢ ᠰᠢᠢᠳᠪᠦᠷᠢᠯᠡᠭᠰᠡᠨ ᠦᠷ᠎ᠡ ᠳ᠋ᠦᠩ ᠤ᠋ᠨ ᠡᠯᠧᠺᠲ᠋ᠷᠣᠨ ᠳᠠᠩᠰᠠ ᠡᠪᠬᠡᠮᠡᠯ ᠢ᠋ ᠠᠶᠠᠨᠳᠠᠭᠠᠨ ᠪᠣᠢ ᠪᠣᠯᠭᠠᠵᠤ᠂ ᠳᠠᠩᠰᠠᠯᠠᠭᠤᠯᠤᠭᠰᠠᠨ ᠪᠠ ᠪᠠᠢᠴᠠᠭᠠᠨ ᠯᠠᠪᠯᠠᠬᠤ ᠵᠢ ᠴᠠᠭ ᠲᠤᠬᠠᠢ ᠳ᠋ᠤᠨᠢ ᠰᠦᠯᠵᠢᠶᠡᠨ ᠳᠡᠭᠡᠷ᠎ᠡ ᠬᠦᠢᠴᠡᠳᠭᠡᠵᠤ ᠳᠡᠢᠯᠬᠦ ᠪᠤᠯᠭᠠᠪᠠ᠃ ᠡᠨᠡ ᠨᠢ ᠴᠠᠭᠠᠰᠤᠨ ᠳᠠᠩᠰᠠ ᠡᠪᠬᠡᠮᠡᠯ ᠤ᠋ᠨ ᠬᠠᠳᠠᠭᠠᠯᠠᠯᠲᠠ ᠵᠢᠨ ᠣᠷᠣᠨ ᠵᠠᠢ ᠵᠢᠨ ᠡᠵᠡᠯᠡᠬᠦ ᠬᠡᠮᠵᠢᠶ᠎ᠡ ᠶᠡᠬᠡ᠂ ᠡᠷᠢᠨ ᠠᠪᠬᠤ ᠦᠷ᠎ᠡ ᠪᠦᠲᠦᠮᠵᠢ ᠳᠣᠣᠷ᠎ᠠ ᠪᠠᠢᠭᠰᠠᠨ ᠠᠰᠠᠭᠤᠳᠠᠯ ᠢ᠋ ᠰᠢᠢᠳᠪᠦᠷᠢᠯᠡᠭᠰᠡᠨ ᠮᠥᠷᠲᠡᠭᠡᠨ ᠪᠠᠰᠠ ᠬᠤᠢᠰᠢᠳᠠ ᠵᠢᠨ ᠲᠤᠬᠠᠢᠯᠠᠭᠰᠠᠨ ᠠᠵᠢᠯ ᠪᠠ ᠮᠡᠳᠡᠭᠡ ᠵᠠᠩᠭᠢ ᠵᠢ ᠬᠢᠨᠠᠨ ᠰᠢᠯᠭᠠᠬᠤ ᠳ᠋ᠤ᠌ ᠣᠨᠣᠴᠠᠲᠠᠢ ᠲᠣᠭ᠎ᠠ ᠪᠠᠷᠢᠮᠲᠠ ᠵᠢᠨ ᠲᠤᠯᠭᠠᠭᠤᠷᠢᠯᠠᠯ ᠬᠠᠩᠭᠠᠬᠤ ᠪᠤᠯᠪᠠ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号