ᠥᠪᠥᠷ ᠮᠣᠩᠭᠣᠯ᠎ᠤᠨ 150 ᠪᠠᠭ᠎ᠠ ᠰᠤᠷᠭᠠᠭᠤᠯᠢ᠎ᠶᠢᠨ ᠤᠷᠠᠯᠢᠭ᠋᠎ᠤᠨ ᠭᠣᠣᠯᠯᠠᠭ᠍ᠴᠢ ᠪᠠᠭ᠍ᠰᠢ ᠲᠤᠰᠬᠠᠢ ᠮᠡᠷᠭᠡᠵᠢᠯ᠎ᠦᠨ ᠤᠷ᠎ᠠ ᠴᠢᠳᠠᠪᠤᠷᠢ᠎ᠪᠠᠨ ᠳᠡᠭᠡᠭᠰᠢᠯᠡᠭᠦᠯᠪᠡ
2026-04-14 10:34:18
ᠵᠣᠬᠢᠶᠠᠭ᠍ᠴᠢ᠄
​ ᠨᠠᠪᠴᠢ
ᠣᠩᠱᠢᠭ᠍ᠰᠠᠨ ᠣᠳᠠᠭ᠎ᠠ᠄
★★★☆☆

4 ᠰᠠᠷ᠎ᠠ᠎ᠶᠢᠨ 8᠎ᠤ᠋ ᠎ᠡᠳᠦᠷ᠂ ᠤᠯᠤᠰ᠎ᠤᠨ ᠪᠣᠯᠪᠠᠰᠤᠷᠠᠯ᠎ᠤᠨ ᠲᠥᠯᠥᠪᠯᠡᠭᠡ (2025) ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠰᠢᠭᠤ   ᠰᠢᠶᠠᠨ ᠎ᠤ ᠱᠠᠳᠤᠨ ᠤ᠋ ᠪᠠᠭ᠎ᠠ ᠰᠤᠷᠭᠠᠭᠤᠯᠢ᠎ᠶᠢᠨ ᠪᠠᠴᠢᠮ ᠳᠤᠲᠠᠭᠳᠠᠵᠤ ᠪᠠᠢᠭ᠎ᠠ ᠬᠢᠴᠢᠶᠡᠯ ᠲᠥᠷᠥᠯ ᠪᠤᠯᠬᠤ ᠲᠠᠭᠤᠤ ᠬᠥᠭᠵᠢᠮ᠂ ᠤᠷᠠᠨ ᠵᠢᠷᠤᠭ᠎ᠤᠨ ᠭᠣᠣᠯᠯᠠᠭ᠍ᠴᠢ ᠪᠠᠭ᠍ᠰᠢ᠎ᠶᠢᠨ ᠴᠢᠳᠠᠪᠤᠷᠢ᠎ᠶᠢ  ᠳᠡᠭᠡᠭᠰᠢᠯᠡᠭᠦᠯᠬᠦ  ᠪᠣᠯᠪᠠᠰᠤᠷᠠᠯ᠎ᠤᠨ ᠠᠩᠭᠢ  ᠬᠥᠬᠡᠬᠣᠲᠠ᠎ᠳᠤ  ᠰᠤᠷᠤᠯᠭ᠎ᠠ ᠡᠬᠢᠯᠡᠪᠡ᠃

ᠪᠣᠯᠪᠠᠰᠤᠷᠠᠯ᠎ᠢ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠭᠣᠣᠯᠯᠠᠨ ᠡᠷᠭᠢᠯᠡᠵᠦ᠂ ᠥᠪᠥᠷ ᠮᠣᠩᠭᠣᠯ᠎ᠤᠨ ᠤᠷᠠᠯᠢᠭ᠋᠎ᠤᠨ ᠳᠡᠭᠡᠳᠦ ᠰᠤᠷᠭᠠᠭᠤᠯᠢ ᠳᠠᠭᠠᠭᠠᠴᠢᠯᠠᠨ ᠡᠷᠭᠢᠯᠡᠵᠦ᠂ ᠪᠥᠬᠥ ᠣᠷᠣᠨ᠎ᠤ 12 ᠠᠢᠮᠠᠭ ᠬᠣᠲᠠ᠎ᠶᠢᠨ 150 ᠬᠣᠰᠢᠭᠤ  ᠰᠢᠶᠠᠨ᠎ᠤ  ᠲᠠᠰ᠎ᠤᠨ ᠪᠠᠭ᠎ᠠ ᠰᠤᠷᠭᠠᠭᠤᠯᠢ᠎ᠶᠢᠨ ᠲᠠᠭᠤᠤ ᠬᠥᠭᠵᠢᠮ᠂ ᠤᠷᠠᠨ ᠵᠢᠷᠤᠭ᠎ᠤᠨ ᠭᠣᠣᠯᠯᠠᠭ᠍ᠴᠢ ᠪᠠᠭ᠍ᠰᠢ ᠪᠣᠯᠪᠠᠰᠤᠷᠠᠯ᠎ᠳᠤ ᠣᠷᠣᠯᠴᠠᠵᠠᠢ᠃ ᠪᠣᠯᠪᠠᠰᠤᠷᠠᠯ ᠨᠢ ᠲᠥᠪᠯᠡᠷᠡᠭᠦᠯᠦᠨ ᠰᠤᠳᠤᠯᠤᠨ ᠰᠤᠷᠤᠯᠴᠠᠬᠤ 7 ᠡᠳᠦᠷ + ᠠᠵᠢᠯ᠎ᠤᠨ ᠪᠠᠢᠷᠢ᠎ᠶᠢ ᠳᠠᠭᠠᠵᠤ ᠦᠢᠯᠡᠳᠦᠯᠭᠡᠵᠢᠭᠦᠯᠬᠦ 10 ᠡᠳᠦᠷ + ᠠᠵᠢᠯ᠎ᠤᠨ ᠪᠠᠢᠷᠢ᠎ᠳᠠᠭᠠᠨ ᠪᠤᠴᠠᠵᠤ ᠦᠢᠯᠡᠳᠦᠯᠭᠡᠵᠢᠭᠦᠯᠬᠦ 50 ᠡᠳᠦᠷ ᠵᠢᠡᠷ ᠶᠠᠪᠤᠭᠳᠠᠨ᠎ᠠ᠃ ᠡᠭᠦᠨ᠎ᠳᠦ᠂ ᠲᠥᠪᠯᠡᠷᠡᠭᠦᠯᠦᠨ ᠰᠤᠳᠤᠯᠤᠨ ᠰᠤᠷᠤᠯᠴᠠᠬᠤ᠎ᠶᠢ ᠲᠤᠰᠬᠠᠢ ᠰᠡᠳᠦᠪᠲᠦ ᠲᠠᠢᠯᠤᠮᠵᠢ᠂ ᠵᠢᠱ᠌ᠢᠶ᠎ᠡ᠎ᠶᠢ ᠵᠠᠳᠠᠯᠬᠤ᠂ ᠠᠷᠭ᠎ᠠ᠎ᠪᠠᠷ ᠵᠢᠯᠤᠭᠣᠳᠬᠤ᠂ ᠳᠤᠭᠤᠢᠯᠠᠩ᠎ᠢᠶᠠᠷ ᠰᠤᠳᠤᠯᠤᠨ ᠶᠠᠷᠢᠯᠴᠠᠬᠤ᠂ ᠦᠷ᠎ᠡ ᠪᠦᠲᠦᠭᠡᠯ᠎ᠢ ᠠᠩᠬ᠎ᠠ ᠠᠯᠬᠤᠮ ᠳᠡᠯᠭᠡᠨ ᠦᠵᠡᠭᠦᠯᠬᠦ ᠵᠡᠷᠭᠡ ᠬᠡᠯᠪᠡᠷᠢ᠎ᠪᠡᠷ ᠥᠷᠨᠢᠭᠦᠯᠵᠦ᠂ 23 ᠲᠤᠰᠬᠠᠢ ᠮᠡᠷᠭᠡᠵᠢᠯᠲᠡᠨ᠎ᠢ ᠤᠷᠢᠵᠤ ᠲᠤᠰᠬᠠᠢ ᠰᠡᠳᠦᠪᠲᠦ ᠲᠠᠢᠯᠤᠮᠵᠢ ᠬᠢᠯᠭᠡᠪᠡ᠃ ᠠᠵᠢᠯ᠎ᠤᠨ ᠪᠠᠢᠷᠢ᠎ᠶᠢ ᠳᠠᠭᠠᠵᠤ ᠦᠢᠯᠡᠳᠦᠯᠭᠡᠵᠢᠭᠦᠯᠬᠦ᠎ᠳᠦ ᠪᠡᠶᠡᠴᠢᠯᠡᠨ ᠤᠢᠯᠠᠭᠠᠬᠤ ᠮᠠᠶᠢᠭ᠋᠎ᠤᠨ ᠠᠵᠢᠭ᠍ᠯᠠᠯᠲᠠ᠂ ᠵᠢᠱ᠌ᠢᠶ᠎ᠡ᠎ᠦᠵᠡᠬᠦᠯᠬᠦ ᠬᠢᠴᠢᠶᠡᠯ᠎ᠡᠴᠡ ᠰᠤᠷᠤᠯᠴᠠᠬᠤ᠂ ᠵᠢᠭᠠᠬᠤ ᠵᠢ ᠰᠤᠳᠤᠯᠬᠤ ᠠᠵᠢᠯ᠎ᠳᠤ ᠣᠷᠣᠯᠴᠠᠬᠤ᠂ ᠬᠠᠷᠢᠯᠴᠠᠨ ᠦᠢᠯᠡᠳᠦᠯᠴᠡᠵᠦ ᠮᠠᠳᠠᠭ᠎ᠲᠠᠢ ᠠᠰᠠᠭᠤᠳᠠᠯ᠎ᠢ ᠰᠤᠯᠢᠯᠴᠠᠬᠤ ᠵᠡᠷᠭᠡ ᠭᠣᠭᠴᠣᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠦᠨ ᠠᠬᠢᠭᠤᠯᠵᠤ᠂ ᠪᠣᠯᠪᠠᠰᠤᠷᠠᠯ᠎ᠳᠤ ᠣᠷᠣᠯᠴᠠᠭᠰᠠᠨ ᠪᠠᠭ᠍ᠰᠢ ᠨᠠᠷ ᠬᠥᠬᠡᠬᠣᠲᠠ᠎ᠶᠢᠨ ᠲᠦᠷᠪᠡᠨ ᠲᠣᠭᠣᠷᠢᠭ᠋᠎ᠤᠨ ᠰᠢᠯᠢᠳᠡᠭ ᠪᠠᠭ᠎ᠠ ᠰᠤᠷᠭᠠᠭᠤᠯᠢ ᠵᠢᠴᠢ ᠮᠦᠽᠧᠢ᠎ᠳᠦ ᠭᠦᠨᠵᠡᠭᠡᠢᠷᠡᠨ ᠲᠣᠭᠣᠷᠢᠨ ᠦᠵᠡᠪᠡ;ᠠᠵᠢᠯ᠎ᠤᠨ ᠪᠠᠢᠷᠢ᠎ᠳᠠᠭᠠᠨ ᠪᠤᠴᠠᠵᠤ ᠦᠢᠯᠡᠳᠦᠯᠭᠡᠵᠢᠬᠦᠯᠬᠦ᠎ᠶᠢ ᠰᠦᠯᠵᠢᠶᠡᠨ ᠳᠡᠭᠡᠷ᠎ᠡ ᠵᠢᠯᠤᠭᠣᠳᠬᠤ᠂ ᠦᠷ᠎ᠡ ᠪᠦᠲᠦᠭᠡᠯ᠎ᠢᠶᠡᠨ ᠰᠣᠯᠢᠯᠴᠠᠬᠤ ᠵᠡᠷᠭᠡ ᠠᠷᠭ᠎ᠠ ᠬᠡᠯᠪᠡᠷᠢ᠎ᠪᠡᠷ ᠶᠠᠪᠤᠭᠳᠠᠭᠤᠯᠤᠨ᠎ᠠ᠃ ᠪᠤᠯᠪᠠᠰᠤᠷᠠᠯ ᠨᠢ ᠥᠪᠥᠷ ᠮᠣᠩᠭᠣᠯ᠎ᠤᠨ ᠬᠣᠰᠢᠭᠤ ᠰᠢᠶᠠᠨ᠎ᠤ ᠱᠠᠲᠤᠨ᠎ᠤ ᠪᠠᠭ᠎ᠠ ᠰᠤᠷᠭᠠᠭᠤᠯᠢ᠎ᠶᠢᠨ ᠲᠠᠭᠤᠤ ᠬᠥᠭᠵᠢᠮ᠂ ᠤᠷᠠᠨ ᠵᠢᠷᠤᠭ ᠵᠡᠷᠭᠡ ᠪᠠᠬᠰᠢ ᠬᠦᠷᠦᠯᠴᠡᠬᠦ ᠦᠭᠡᠢ ᠪᠠᠢᠭ᠎ᠠ ᠰᠢᠨᠵᠢᠯᠡᠭᠡᠨ᠎ᠦ ᠰᠠᠯᠠᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠦᠨᠳᠦᠰᠦᠨ ᠱᠠᠲᠤᠨ᠎ᠤ ᠭᠤᠸ᠎ᠠ ᠰᠠᠢᠬᠠᠨ᠎ᠤ ᠬᠥᠮᠦᠵᠢᠯ᠎ᠦᠨ ᠪᠠᠭ᠍ᠰᠢ᠎ᠶᠢᠨ ᠲᠤᠰᠬᠠᠢ ᠮᠡᠷᠭᠡᠵᠢᠯ᠎ᠦᠨ ᠬᠥᠭᠵᠢᠯᠲᠡ᠎ᠶᠢᠨ ᠬᠦᠰᠡᠯ ᠱᠠᠭᠠᠷᠳᠠᠯᠭ᠎ᠠ᠎ᠶᠢ ᠨᠠᠷᠢᠯᠢᠭ᠋ ᠣᠨᠣᠴᠠᠲᠠᠢ᠎ᠪᠠᠷ ᠵᠣᠯᠭᠠᠭᠤᠯᠵᠤ᠂ ᠰᠢᠰᠲᠧᠮᠵᠢᠭᠦᠯᠦᠭᠰᠡᠨ᠂ ᠲᠤᠰᠬᠠᠢᠵᠢᠭ᠍ᠰᠠᠨ ᠪᠣᠯᠪᠠᠰᠤᠷᠠᠯ᠎ᠢᠶᠠᠷ ᠲᠠᠮᠵᠢᠭᠤᠯᠤᠨ᠂ ᠵᠢᠭᠠᠨ ᠰᠤᠷᠭᠠᠯᠲᠠ᠎ᠶᠢᠨ ᠳᠤᠲᠠᠭᠤᠳᠠᠯ᠎ᠢ ᠨᠥᠬᠥᠪᠦᠷᠢᠯᠡᠵᠦ᠂ ᠬᠥᠳᠡᠭᠡ ᠲᠣᠰᠬᠣᠨ᠎ᠳᠤ ᠨᠢᠭᠡ ᠪᠦᠯᠦᠭ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠳᠠᠭᠠᠭᠤᠯᠤᠭ᠍ᠴᠢ᠎ᠶᠢ ᠬᠥᠮᠥᠵᠢᠭᠦᠯᠬᠦ᠎ᠪᠡᠷ ᠵᠣᠷᠢᠯᠭ᠎ᠠ᠎ᠪᠠᠨ ᠪᠣᠯᠭᠠᠵᠠᠢ᠃

《ᠬᠣᠰᠢᠭᠤ ᠰᠢᠶᠠᠨ᠎ᠤ ᠱᠠᠲᠤᠨ᠎ᠤ ᠪᠠᠭ᠎ᠠ ᠰᠤᠷᠭᠠᠭᠤᠯᠢ᠎ᠶᠢᠨ ᠤᠷᠠᠯᠢᠭ᠋᠎ᠤᠨ ᠰᠢᠨᠵᠢᠯᠡᠭᠡᠨ᠎ᠦ ᠰᠠᠯᠠᠭᠠᠨ᠎ᠤ ᠪᠠᠭ᠍ᠰᠢ ᠪᠣᠯᠤᠭᠰᠠᠨ᠎ᠤ ᠬᠤᠪᠢ᠎ᠳᠤ ᠪᠢᠳᠡ ᠡᠳᠦᠷ ᠲᠤᠲᠤᠮ᠎ᠤᠨ ᠵᠢᠭᠠᠨ ᠰᠤᠷᠭᠠᠯᠲᠠ᠎ᠶᠢᠨ ᠳᠤᠮᠳᠠ ᠦᠷᠭᠦᠯᠵᠢ ᠲᠤᠰᠬᠠᠢ ᠮᠡᠷᠭᠡᠵᠢᠯ᠎ᠦᠨ ᠤᠷ᠎ᠠ ᠴᠢᠳᠠᠪᠤᠷᠢ᠎ᠪᠠᠨ ᠲᠡᠭᠡᠭᠰᠢᠯᠡᠬᠦᠯᠬᠦ ᠬᠦᠴᠢᠷᠳᠡᠯ᠎ᠳᠤ ᠲᠤᠯᠭᠠᠷᠠᠵᠤ᠂ ᠪᠠᠰᠠ ᠵᠢᠭᠠᠨ ᠰᠤᠷᠭᠠᠯᠲᠠ᠎ᠶᠢᠨ ᠠᠷᠭ᠎ᠠ᠎ᠶᠢᠨ ᠰᠢᠨ᠎ᠡ᠎ᠶᠢ ᠡᠭᠦᠳᠬᠦ᠎ᠶᠢᠨ ᠲᠥᠭᠡᠷᠢᠭᠳᠡᠯ᠎ᠳᠦ ᠲᠤᠯᠭᠠᠷᠠᠳᠠᠭ᠂ ᠬᠣᠪᠣᠷ ᠨᠠᠨᠳᠢᠨ 〈ᠤᠯᠤᠰ᠎ᠤᠨ ᠪᠣᠯᠪᠠᠰᠤᠷᠠᠯ᠎ᠤᠨ ᠲᠥᠯᠥᠪᠯᠡᠭᠡ〉ᠵᠢᠨ ᠲᠣᠬᠢᠶᠠᠯ᠎ᠢᠶᠠᠷ ᠳᠡᠮᠵᠢᠨ ᠪᠢ ᠳᠤᠲᠠᠭᠤᠳᠠᠯ᠎ᠢᠶᠠᠨ ᠴᠢᠷᠮᠠᠢᠨ ᠨᠥᠬᠥᠪᠦᠷᠢᠯᠡᠵᠦ᠂ ᠴᠢᠳᠠᠪᠤᠷᠢ᠎ᠪᠠᠨ ᠳᠡᠭᠡᠭᠰᠢᠯᠡᠭᠦᠯᠦᠨ᠎ᠡ》 ᠬᠡᠵᠦ ᠰᠢᠯᠢᠩᠬᠣᠲᠠ᠎ᠶᠢᠨ ᠲᠠᠪᠤᠳᠤᠭᠠᠷ ᠪᠠᠭ᠎ᠠ ᠰᠤᠷᠭᠠᠭᠤᠯᠢ᠎ᠶᠢᠨ ᠲᠠᠭᠤᠤ ᠬᠥᠭᠵᠢᠮ᠎ᠦᠨ ᠪᠠᠭ᠍ᠰᠢ ᠶᠤᠸᠠᠨ ᠵᠢᠩ ᠬᠡᠯᠡᠪᠡ᠃ 《ᠪᠣᠯᠪᠠᠰᠤᠷᠠᠯ ᠲᠡᠭᠦᠰᠦᠭᠰᠡᠨ᠎ᠦ ᠳᠠᠷᠠᠭ᠎ᠠ᠂ ᠪᠢ ᠰᠣᠷᠣᠭᠰᠠᠨ ᠰᠢᠨ᠎ᠡ ᠣᠢᠯᠠᠭᠠᠭᠳᠠᠬᠤᠨ᠂ ᠰᠢᠨ᠎ᠡ ᠠᠷᠭ᠎ᠠ᠂ ᠰᠢᠨ᠎ᠡ ᠤᠷ᠎ᠠ ᠮᠡᠷᠭᠡᠵᠢᠯ᠎ᠢᠶᠡᠨ ᠬᠢᠴᠢᠶᠡᠯ᠎ᠦᠨ ᠲᠠᠩᠬᠢᠮ᠎ᠳᠤ ᠠᠪᠠᠴᠢᠵᠤ᠂ ᠵᠢᠭᠠᠨ ᠰᠤᠷᠭᠠᠯᠲᠠ᠎ᠶᠢᠨ ᠳᠤᠮᠳᠠ ᠵᠣᠷᠢᠭ᠍ᠲᠠᠢ᠎ᠪᠠᠷ ᠦᠢᠯᠡᠳᠦᠯᠭᠡᠵᠢᠭᠦᠯᠵᠦ᠂ ᠲᠠᠰᠤᠷᠠᠯᠲᠠ ᠦᠭᠡᠢ ᠬᠠᠢᠨ ᠰᠦᠪᠡᠭᠴᠢᠯᠡᠵᠦ᠂ ᠬᠢᠴᠢᠶᠡᠯ᠎ᠦᠨ ᠲᠠᠩᠬᠢᠮ᠎ᠢ ᠨᠠᠩ ᠠᠮᠢᠳᠤᠯᠢᠭ᠋ ᠰᠠᠢᠬᠠᠨ ᠪᠣᠯᠭᠠᠵᠤ᠂ ᠬᠣᠰᠢᠭᠤ ᠰᠢᠶᠠᠨ᠎ᠤ ᠬᠡᠦᠬᠡᠳ᠎ᠦᠳ᠎ᠲᠦ ᠨᠠᠩ ᠰᠢᠯᠢᠳᠡᠭ ᠤᠷᠠᠯᠢᠭ᠋᠎ᠤᠨ ᠰᠤᠷᠭᠠᠨ ᠬᠥᠮᠦᠵᠢᠯ ᠬᠦᠷᠲᠡᠭᠡᠨ᠎ᠡ》 ᠭᠡᠵᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号