ᠥᠪᠡᠷᠮᠢᠴᠡ ᠣᠨᠴᠠᠯᠢᠭ᠋᠎ᠲᠠᠢ 《ᠤᠷᠢᠵᠤ ᠡᠯᠰᠡᠬᠦ ᠴᠤᠬᠯᠠᠭᠠᠨ》
2026-04-14 11:26:55
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

3 ᠰᠠᠷ᠎ᠠ᠎ᠶᠢᠨ 28᠎ᠤ᠋ ᠦᠳᠡ᠎ᠶᠢᠨ ᠬᠣᠢᠨ᠎ᠠ᠂ 2026 ᠣᠨ᠎ᠤ ᠬᠥᠬᠡᠬᠣᠲᠠ᠎ᠶᠢᠨ ᠵᠢᠱ᠌ᠢᠶ᠎ᠡ ᠦᠵᠡᠭᠦᠯᠬᠦ ᠴᠢᠨᠠᠷᠲᠠᠢ ᠠᠮᠢᠳᠤᠷᠠᠯ᠎ᠤᠨ ᠰᠤᠷᠭᠠᠨ ᠬᠥᠮᠦᠵᠢᠯ᠎ᠦᠨ ᠭᠣᠣᠯ ᠰᠡᠳᠦᠪᠲᠦ ᠠᠵᠢᠯᠯᠠᠭ᠎ᠠ ︱ ᠰᠤᠷᠭᠠᠭᠤᠯᠢ᠎ᠶᠢᠨ ᠬᠦᠷᠢᠶᠡᠨ᠎ᠦ ᠳᠠᠭᠤᠷᠢᠶᠠᠮᠠᠯ ᠤᠷᠢᠵᠤ ᠡᠯᠰᠡᠬᠦ ᠴᠤᠭᠯᠠᠭᠠᠨ ᠬᠥᠬᠡᠬᠣᠲᠠ᠎ᠶᠢᠨ ᠠᠷᠪᠠᠨ ᠳᠥᠷᠪᠡᠳᠦᠭᠡᠷ ᠳᠤᠮᠳᠠᠳᠤ ᠰᠤᠷᠭᠠᠭᠤᠯᠢ᠎ᠳᠤ ᠶᠠᠪᠤᠭᠳᠠᠪᠠ᠃ ᠲᠤᠰ ᠠᠵᠢᠯᠯᠠᠭ᠎ᠠ᠎ᠳᠤ ᠥᠨᠳᠥᠷ ᠳᠤᠮᠳᠠᠳᠤ᠎ᠶᠢᠨ ᠨᠢᠭᠡᠳᠦᠭᠡᠷ ᠣᠨ᠎ᠤ 800 ᠭᠠᠷᠤᠢ ᠰᠣᠷᠣᠭ᠍ᠴᠢ ᠤᠷᠤᠯᠴᠠᠵᠦ᠂ ᠡᠮ ᠡᠮᠨᠡᠯᠭᠡ᠂ ᠦᠢᠯᠡᠳᠬᠦ ᠦᠢᠯᠡᠰ᠂ ᠤᠷᠠᠯᠢᠬ᠂ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠂ ᠨᠡᠢᠭᠡᠮ᠎ᠤᠨ ᠦᠢᠯᠡᠴᠢᠯᠡᠭᠡ ᠵᠢᠴᠢ ᠬᠤᠳᠠᠯᠳᠤᠭ᠎ᠠ ᠮᠥᠩᠭᠥᠨ ᠭᠦᠢᠯᠭᠡᠭᠡ ᠵᠡᠷᠭᠡ ᠵᠢᠷᠭᠤᠭᠠᠨ ᠶᠡᠬᠡ ᠬᠦᠷᠢᠶᠡᠨ᠎ᠳᠡᠬᠢ 83《ᠨᠢᠭᠡᠴᠢ》ᠡᠴᠡ193《ᠠᠵᠢᠯ᠎ᠤᠨ ᠪᠠᠢᠷᠢ》 ᠬᠠᠩᠭᠠᠵᠦ᠂ 《ᠨᠢᠭᠤᠷᠲᠠᠨ ᠰᠢᠯᠭᠠᠭ᠍ᠴᠢ》 ᠢ᠋ᠢᠨ ᠲᠤᠰᠢᠶᠠᠯ᠎ᠢ ᠬᠡᠷ᠎ᠤᠨ ᠠᠬᠠᠮᠠᠳ ᠨᠠᠷ ᠡᠴᠡ ᠡᠭᠦᠷᠭᠡᠯᠡᠭᠰᠡᠨ ᠪᠠᠢᠯ᠎ᠠ᠃


QQ20260413-191247.png


ᠲᠣᠰ ᠤᠳᠠᠭᠠᠨ᠎ᠤ ᠳᠠᠭᠤᠷᠢᠶᠠᠮᠠᠯ ᠤᠷᠢᠵᠤ ᠡᠯᠰᠡᠬᠦ ᠴᠤᠭᠯᠠᠭᠠᠨ ᠨᠢ ᠦᠨᠡᠨ ᠪᠣᠳᠠᠲᠠᠢ ᠠᠵᠢᠯ ᠡᠷᠢᠬᠦ ᠠᠬᠤᠢ ᠪᠠᠢᠳᠠᠯ ᠢ᠋ ᠳᠡᠭᠡᠳᠦ ᠬᠡᠮᠵᠢᠶ᠎ᠡ᠎ᠪᠡᠷ ᠰᠡᠷᠭᠦᠭᠡᠵᠡᠢ᠃ ᠳᠠᠭᠤᠷᠢᠶᠠᠮᠠᠯ ᠤᠷᠢᠵᠤ ᠡᠯᠰᠡᠬᠦ ᠲᠣᠭᠣᠷᠢᠭ᠋᠎ᠲᠤ᠂ ᠰᠤᠷᠤᠭ᠍ᠴᠢᠳ《ᠨᠢᠭᠤᠷᠲᠠᠨ ᠰᠢᠯᠭᠠᠭ᠍ᠴᠢ》ᠲᠠᠢ ᠨᠢᠭᠤᠷᠲᠠᠨ ᠶᠠᠷᠢᠯᠴᠠᠵᠤ᠂ ᠥᠪᠡᠷ᠎ᠦᠨ ᠪᠡᠶ᠎ᠡ᠎ᠪᠡᠨ ᠲᠠᠨᠢᠯᠴᠠᠭᠤᠯᠬᠤ ᠠ᠋ᠴᠠ ᠠᠪᠤᠭᠠᠳ ᠲᠤᠰᠬᠠᠢ ᠮᠡᠷᠭᠡᠵᠢᠯ᠎ᠦᠨ ᠠᠰᠠᠭᠤᠯᠲᠠ ᠵᠢ ᠬᠠᠷᠢᠭᠤᠯᠬᠤ ᠬᠦᠷᠲᠡᠯ᠎ᠡ᠂ ᠲᠣᠪᠴᠢ ᠨᠠᠮᠲᠠᠷ᠎ᠢᠶᠠᠨ ᠬᠦᠷᠭᠡᠬᠦ᠂ ᠲᠤᠬᠠᠢ᠎ᠶᠢᠨ ᠲᠠᠯᠠᠪᠤᠷ᠎ᠲᠤ ᠨᠢᠭᠤᠷᠲᠠᠨ ᠰᠢᠯᠭᠠᠬᠤ ᠵᠡᠷᠭᠡ ᠭᠣᠭᠴᠣᠭ᠎ᠠ᠎ᠶᠢ ᠪᠦᠷᠢᠨ ᠭᠦᠢᠴᠡᠳ ᠣᠢᠯᠠᠭᠠᠵᠤ᠂ ᠢᠷᠡᠭᠡᠲᠦᠢ ᠢ᠋ᠢᠨ ᠠᠵᠢᠯ ᠡᠷᠢᠬᠦ ᠵᠠᠮ᠎ᠳᠠᠭᠠᠨ ᠡᠷᠬᠢᠮ ᠨᠠᠨᠳᠢᠨ ᠲᠤᠷᠰᠢᠯᠭ᠎ᠠ ᠬᠤᠷᠠᠮᠳᠤᠭᠤᠯᠵᠠᠢ᠃

ᠠᠵᠢᠯᠯᠠᠭ᠎ᠠ᠎ᠶᠢᠨ ᠲᠤᠬᠠᠢ᠎ᠶᠢᠨ ᠲᠠᠯᠠᠪᠤᠷ᠎ᠲᠤ ᠪᠠᠰᠠ ᠠᠮᠢᠳᠤᠷᠠᠯ᠎ᠤᠨ ᠲᠤᠬᠠᠢ ᠠᠰᠠᠭᠤᠨ ᠯᠠᠪᠯᠠᠬᠤ ᠲᠣᠭᠣᠷᠢᠭ᠋ ᠪᠠ ᠥᠪᠡᠷ᠎ᠢ᠎ᠪᠡᠨ ᠬᠠᠢᠨ ᠰᠦᠪᠡᠭᠴᠢᠯᠡᠬᠦ ᠲᠣᠭᠣᠷᠢᠭ᠋ ᠲᠤᠬᠢᠷᠠᠭᠤᠯᠵᠦ᠂ ᠰᠤᠷᠤᠭ᠍ᠴᠢᠳ᠎ᠲᠤ ᠨᠢᠭᠡ ᠥᠷᠲᠡᠭᠡᠴᠢᠯᠡᠭᠰᠡᠨ ᠮᠠᠶᠢᠭ᠋᠎ᠤᠨ ᠪᠡᠶᠡᠴᠢᠯᠠᠨ ᠤᠢᠯᠠᠭᠠᠬᠤ ᠦᠢᠯᠡᠴᠢᠯᠡᠭᠡ ᠬᠠᠩᠭᠠᠪᠠ᠃ ᠠᠮᠢᠳᠤᠷᠠᠯ᠎ᠤᠨ ᠲᠤᠬᠠᠢ ᠠᠰᠠᠭᠤᠨ ᠯᠠᠪᠯᠠᠬᠤ ᠲᠣᠭᠣᠷᠢᠭ᠋᠎ᠲᠤ᠂ ᠲᠤᠰᠬᠠᠢ ᠮᠡᠷᠭᠡᠵᠢᠯ᠎ᠦᠨ ᠪᠠᠭ᠍ᠰᠢ ᠡᠴᠡ ᠲᠤᠬᠠᠢ᠎ᠶᠢᠨ ᠲᠠᠯᠠᠪᠤᠷ᠎ᠲᠤ ᠨᠢᠭᠤᠷᠲᠠᠨ ᠰᠢᠯᠭᠠᠬᠤ ᠤᠷ᠎ᠠ ᠮᠡᠷᠭᠡᠵᠢᠯ᠎ᠢ ᠨᠠᠷᠢᠨ ᠨᠢᠬᠲᠠ ᠵᠢᠯᠤᠭᠣᠳᠴᠤ᠂ ᠶᠡᠬᠡ ᠲᠡᠭᠡᠲᠦ ᠰᠤᠷᠭᠠᠭᠤᠯᠢ᠎ᠶᠢᠨ ᠲᠤᠰᠬᠠᠢ ᠮᠡᠷᠭᠡᠵᠢᠯ᠎ᠤᠨ ᠲᠤᠬᠠᠢ ᠲᠠᠢᠯᠤᠮᠵᠢ ᠬᠢᠵᠦ᠂ ᠰᠤᠷᠭᠠᠭᠤᠯᠢ ᠳᠡᠪᠰᠢᠬᠤ ᠠᠷᠭ᠎ᠠ ᠵᠠᠮ᠎ᠢ ᠵᠠᠳᠠᠯᠤᠨ ᠦᠭᠴᠦ᠂ ᠰᠤᠷᠤᠭ᠍ᠴᠢᠳ᠎ᠢ ᠬᠠᠪᠰᠤᠷᠤᠨ ᠢᠷᠡᠭᠡᠳᠦᠢ᠎ᠶᠢᠨ ᠴᠢᠭᠯᠡᠯ᠎ᠢ ᠨᠢ ᠲᠣᠳᠣᠷᠬᠠᠢ ᠪᠣᠯᠭᠠᠪᠠ; ᠥᠪᠡᠷ ᠢ᠋ ᠪᠠᠨ ᠬᠠᠢᠨ ᠰᠦᠪᠡᠭᠴᠢᠯᠡᠬᠦ ᠲᠣᠭᠣᠷᠢᠭ᠋᠎ᠲᠤ᠂ ᠰᠡᠳᠬᠢᠴᠡ᠎ᠶᠢᠨ ᠲᠤᠰᠬᠠᠢ ᠮᠡᠷᠭᠡᠵᠢᠯᠲᠡᠨ᠎ᠡᠴᠡ ᠰᠤᠷᠤᠭ᠍ᠴᠢᠳ᠎ᠢ ᠬᠥᠲᠥᠯᠥᠨ ᠵᠢᠯᠤᠭᠣᠳᠴᠤ ᠵᠠᠩ ᠠᠭᠠᠰᠢ ᠪᠠ ᠠᠵᠢᠯ ᠮᠡᠷᠭᠡᠵᠢᠯ᠎ᠦᠨ ᠬᠠᠨᠳᠤᠰᠢ᠎ᠶᠢ ᠭᠦᠨᠵᠡᠭᠡᠢ ᠣᠢᠯᠠᠭᠠᠭᠤᠯᠵᠠᠢ᠃ ᠨᠢᠭᠤᠷᠲᠠᠨ ᠰᠢᠯᠭᠠᠯᠲᠠ᠎ᠪᠠᠨ ᠳᠠᠭᠤᠰᠬᠠᠭᠰᠠᠨ᠎ᠤ ᠳᠠᠷᠠᠭ᠎ᠠ ᠰᠠᠨᠠᠭᠠᠴᠢᠯᠠᠭ᠎ᠠ ᠠ᠋ᠴᠠ᠎ᠪᠠᠨ ᠠᠰᠠᠭᠤᠨ ᠯᠠᠪᠯᠠᠬᠤ ᠲᠣᠭᠣᠷᠢᠭ᠋᠎ᠲᠤ ᠬᠦᠷᠴᠦ ᠴᠢᠨᠠᠬᠰᠢᠲᠠ ᠠᠰᠠᠭᠤᠨ ᠯᠠᠪᠯᠠᠵᠦ ᠵᠢᠯᠤᠭᠤᠳᠤᠯᠭ᠎ᠠ ᠬᠢᠯᠭᠡᠭᠰᠡᠨ ᠰᠤᠷᠤᠬᠴᠢ ᠴᠸ᠋ ᠴᠦᠬᠡᠨ ᠪᠤᠰᠤ ᠪᠠᠢᠪᠠ᠃

ᠠᠮᠢᠳᠤᠷᠠᠯ᠎ᠤᠨ ᠰᠤᠷᠭᠠᠨ ᠬᠥᠮᠦᠵᠢᠯ᠎ᠦᠨ ᠬᠢᠴᠢᠶᠡᠯ᠎ᠦᠨ ᠦᠢᠯᠡᠳᠦᠯᠭᠡ᠎ᠶᠢᠨ ᠦᠷᠭᠦᠯᠵᠢᠯᠡᠯ ᠪᠣᠯᠤᠭᠰᠠᠨ ᠲᠣᠰ ᠤᠳᠠᠭᠠᠨ᠎ᠤ ᠠᠵᠢᠯᠯᠠᠭ᠎ᠠ ᠢ᠋ᠢᠨ ᠡᠮᠦᠨ᠎ᠡ ᠬᠤᠭᠤᠴᠠᠭᠠᠨ᠎ᠳᠤ ᠨᠢᠭᠡᠨᠲᠡ ᠬᠢᠴᠢᠶᠡᠯ᠎ᠤᠨ ᠲᠠᠩᠬᠢᠮ ᠢ᠋ᠢᠡᠷ ᠲᠠᠮᠵᠢᠨ ᠰᠤᠷᠤᠭ᠍ᠴᠢᠳ ᠲᠸ᠋ ᠠᠵᠢᠯ᠎ᠤᠨ ᠪᠠᠢᠷᠢ ᠰᠣᠩᠭᠣᠬᠤ ᠪᠠ ᠲᠣᠪᠴᠢ ᠨᠠᠮᠲᠠᠷ ᠪᠢᠴᠢᠬᠦ᠎ᠲᠤᠬᠠᠢ ᠵᠢᠭᠠᠨ ᠵᠢᠯᠤᠭᠣᠳᠴᠤ᠂ ᠰᠤᠷᠤᠭ᠍ᠴᠢᠳ᠎ᠤᠨ《ᠰᠤᠷᠤᠯᠴᠠᠭ᠍ᠴᠢ》 ᠠ᠋ᠴᠠ 《ᠬᠠᠢᠨ ᠰᠦᠪᠡᠭᠴᠢᠯᠡᠭᠴᠢ》 ᠪᠣᠯᠬᠤ᠎ᠳᠤᠨᠢ ᠬᠦᠴᠦᠨ ᠤᠯᠭᠤᠪᠠ᠃ ᠲᠣᠰ ᠤᠳᠠᠭᠠᠨ᠎ᠤ ᠰᠤᠷᠭᠠᠭᠤᠯᠢ᠎ᠶᠢᠨ ᠬᠦᠷᠢᠶᠡᠨ᠎ᠦ ᠳᠠᠭᠤᠷᠢᠶᠠᠮᠠᠯ ᠤᠷᠢᠵᠤ ᠡᠯᠰᠡᠬᠦ ᠴᠤᠭᠯᠠᠭᠠᠨ ᠨᠢ ᠤᠯᠠᠮᠵᠢᠯᠠᠯᠲᠤ ᠠᠵᠢᠯ ᠮᠡᠷᠭᠡᠵᠢᠯ᠎ᠦᠨ ᠲᠠᠨᠢᠨ ᠮᠡᠳᠡᠬᠦᠢ᠎ᠶᠢᠨ ᠬᠥᠮᠦᠵᠢᠯ᠎ᠦᠨ ᠲᠠᠩ ᠭᠠᠭᠴᠠ ᠤᠳᠤᠷᠢᠳᠤᠮᠵᠢ᠎ᠶᠢ ᠰᠢᠪᠲᠤᠯᠵᠤ᠂ ᠰᠣᠷᠣᠭ᠍ᠴᠢᠳ᠎ᠤᠨ ᠪᠦᠬᠦᠯᠢ ᠴᠣᠭᠴᠠ᠎ᠶᠢᠨ ᠦᠰᠦᠨ ᠪᠣᠶ᠋ᠢᠵᠢᠯᠲᠠ ᠡᠴᠡ ᠪᠣᠳᠣᠯᠬᠢᠯᠠᠨ᠂ ᠢᠷᠡᠭᠡᠳᠦᠢ᠎ᠳᠦ ᠬᠠᠨᠳᠤᠭᠤᠯᠤᠭᠰᠠᠨ ᠠᠮᠢᠳᠤᠷᠠᠯ᠎ᠤᠨ ᠬᠠᠢᠨ ᠰᠦᠪᠡᠭᠴᠢᠯᠡᠬᠦ ᠲᠠᠪᠴᠠᠩ᠎ᠢ ᠪᠠᠢᠭᠤᠯᠵᠤ᠂ ᠠᠵᠢᠯ ᠮᠡᠷᠭᠡᠵᠢᠯ᠎ᠦᠨ ᠲᠠᠨᠢᠨ ᠮᠡᠳᠡᠬᠦᠢ᠎ᠶᠢ ᠥᠷᠭᠡᠳᠬᠡᠭᠰᠡᠨ᠎ᠢᠶᠡᠷ ᠪᠠᠷᠠᠬᠤ ᠦᠭᠡᠢ ᠪᠠᠰᠠ ᠲᠥᠯᠦᠪᠵᠢᠭᠦᠯᠭᠡ᠎ᠶᠢᠨ ᠤᠬᠠᠮᠰᠠᠷ᠎ᠢ ᠨᠢ ᠴᠢᠩᠭᠠᠷᠠᠭᠤᠯᠤᠬᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号