ᠥᠪᠥᠷ ᠮᠣᠩᠭᠣᠯ ᠬᠠᠮᠳᠦ ᠪᠡᠷ ᠡᠳ᠋ᠯᠡᠭᠦ ᠴᠠᠬᠢᠯᠭᠠᠨ ᠭᠦᠳᠡᠯᠭᠡᠭᠦᠷᠳᠦ ᠳᠤᠭᠤᠶ ᠵᠢ ᠮᠣᠩᠭᠣᠯ ᠤᠯᠤᠰ᠎ᠲᠤ᠌ ᠭᠠᠷᠭᠠᠪᠠ
2026-04-14 10:14:59
ᠵᠣᠬᠢᠶᠠᠭ᠍ᠴᠢ᠄
ᠬᠤᠤ ᠪᠢᠶᠤᠤ
ᠣᠩᠱᠢᠭ᠍ᠰᠠᠨ ᠣᠳᠠᠭ᠎ᠠ᠄
★★★☆☆

4 ᠰᠠᠷ᠎ᠠ᠎ᠶᠢᠨ 10᠎ᠤ ᠡᠳᠦᠷ᠂ ᠦᠬᠠᠶ ᠬᠣᠲᠠ᠎ᠳᠤ ᠶᠠᠪᠤᠭᠳᠠᠭᠰᠠᠨ ᠥᠪᠥᠷ ᠮᠣᠩᠭᠣᠯ᠎ᠤᠨ 《ᠳᠤᠮᠳᠠᠳᠤ᠎ᠶᠢᠨ ᠬᠠᠷᠢᠶ᠎ᠠ ᠮᠢᠩᠭᠠᠨ ᠠᠵᠤ ᠠᠬᠤᠶ᠋ᠢᠯᠠᠯ ᠲᠦᠮᠡᠨ ᠦᠢᠯᠡᠳᠬᠦᠨ᠎ᠢ ᠭᠠᠳᠠᠭᠠᠳᠦ᠎ᠳᠦ ᠭᠠᠷᠭᠠᠬᠤ》 ᠪᠧᠶ ᠶᠤᠸᠠᠨ ᠬᠠᠮᠳᠦ ᠪᠡᠷ ᠡᠳ᠋ᠯᠡᠭᠦ ᠴᠠᠬᠢᠯᠭᠠᠨ ᠭᠦᠳᠡᠯᠭᠡᠭᠦᠷᠳᠦ ᠳᠤᠭᠤᠶ ᠲᠡᠷᠭᠡ᠎ᠶᠢᠨ ᠤᠯᠠᠭᠠᠨᠪᠠᠭᠠᠲᠤᠷ᠎ᠲᠠᠬᠢ ᠡᠵᠡᠩᠨᠡᠯᠲᠡ᠎ᠶᠢᠨ ᠡᠬᠢᠯᠡᠯᠲᠡ᠎ᠶᠢᠨ ᠶᠣᠰᠣᠯᠠᠯ ᠳᠡᠭᠡᠷ᠎ᠡ᠂ ᠦᠬᠠᠶ᠎ᠶᠢᠨ ᠲᠣᠰ ᠭᠠᠵᠠᠷ᠎ᠤᠨ ᠬᠠᠮᠲᠤ᠎ᠪᠠᠷ ᠡᠳ᠋ᠯᠡᠬᠦ᠌ ᠴᠠᠬᠢᠯᠭᠠᠨ ᠭᠦᠳᠡᠯᠭᠡᠭᠦᠷᠳᠦ ᠳᠤᠭᠤᠶ ᠲᠡᠷᠭᠡ᠎ᠶᠢᠨ ᠲᠦᠷᠦᠯ ᠲᠡᠮᠳᠡᠭ᠎ᠢ ᠮᠣᠩᠭᠣᠯ ᠤᠯᠤᠰ᠎ᠤᠨ ᠨᠡᠶ᠋ᠢᠰᠯᠡᠯ ᠤᠯᠠᠭᠠᠨᠪᠠᠭᠠᠲᠤᠷ ᠬᠣᠲᠠ᠎ᠳᠤ ᠤᠷᠤᠭᠤᠯᠬᠤ᠎ᠵᠢ ᠵᠢᠩᠬᠢᠨᠢ᠎ᠪᠡᠷ ᠵᠠᠷᠯᠠᠪᠠ᠃

ᠲᠠᠨᠢᠯᠴᠠᠭᠤᠯᠤᠭᠰᠠᠨ᠎ᠢᠶᠠᠷ᠂ ᠲᠣᠰ ᠤᠳᠠᠭᠠᠨ᠎ᠤ ᠠᠵᠢᠯᠯᠠᠭ᠎ᠠ ᠪᠣᠯ ᠳᠤᠮᠳᠠᠳᠤ ᠤᠯᠤᠰ᠎ᠤᠨ ᠬᠠᠷᠢᠶᠠᠲᠤ᠎ᠨᠠᠷ᠎ᠤᠨ ᠬᠣᠯᠪᠣᠭ᠎ᠠ᠎ᠶᠢᠨ 《ᠳᠤᠮᠳᠠᠳᠦ ᠵᠢᠨ ᠬᠠᠷᠢᠶ᠎ᠠ ᠮᠢᠩᠭᠠᠨ ᠠᠵᠤ ᠠᠬᠤᠶ᠋ᠢᠯᠠᠯ ᠲᠦᠮᠡᠨ ᠦᠢᠯᠡᠳᠭᠦᠨ᠎ᠢ ᠭᠠᠳᠠᠭᠠᠳᠦ᠎ᠳᠦ ᠭᠠᠷᠭᠠᠬᠤ》 ᠠᠵᠢᠯᠯᠠᠭ᠎ᠠ ᠪᠣᠯᠬᠤ ᠪᠥᠭᠡᠳ ᠪᠠᠰᠠ ᠴᠤ᠌ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ 《1571》 ᠠᠵᠢᠯ᠎ᠤᠨ ᠪᠠᠶ᠋ᠢᠷᠢᠯᠠᠭᠤᠯᠤᠯᠲᠠ ᠵᠢ ᠨᠠᠶ᠋ᠢᠳᠠᠪᠤᠷᠢᠵᠢᠭᠤᠯᠵᠤ᠂ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶᠢ ᠪᠥᠲᠥᠭᠡᠨ ᠪᠠᠶ᠋ᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠲᠤᠰ ᠤᠳᠠᠭ᠎ᠠ᠎ᠶᠢᠨ ᠪᠡᠯᠡ ᠣᠷᠣᠭᠤᠯᠤᠯᠲᠠ᠎ᠶ᠋ᠢ ᠬᠠᠷᠢᠭᠤᠴᠠᠵᠤ ᠪᠠᠶ᠋ᠢᠭ᠎ᠠ ᠠᠵᠤ ᠠᠬᠤᠶ᠋ᠢᠯᠠᠯ ᠪᠣᠯ ᠥᠪᠥᠷ ᠮᠣᠩᠭᠣᠯ᠎ᠤᠨ ᠪᠸᠢ ᠶᠤᠸᠠᠨ ᠠᠷᠠᠯᠵᠢᠶ᠎ᠠ ᠬᠤᠳᠠᠯᠳᠤᠭᠠᠨ᠎ᠤ ᠬᠢᠵᠠᠭᠠᠷᠲᠤ᠌ ᠺᠣᠮᠫᠠᠨᠢ ᠪᠣᠯᠤᠨ᠎ᠠ᠂ ᠲᠤᠰ ᠺᠣᠮᠫᠠᠨᠢ ᠣᠳᠣᠬᠠᠨ᠎ᠳᠤ ᠦᠬᠠᠢ᠂ ᠪᠠᠶᠠᠨᠨᠠᠭᠤᠷ᠂ ᠴᠧᠩᠳᠦ᠋ ᠵᠡᠷᠭᠡ ᠤᠯᠤᠰ᠎ᠤᠨ ᠳᠣᠲᠣᠭᠠᠳᠤ᠎ᠶᠢᠨ 9 ᠬᠤᠲᠠ᠎ᠳᠤ 19500 ᠴᠠᠭᠢᠯᠭᠠᠨ ᠭᠦᠳᠡᠯᠭᠡᠭᠦᠷᠳᠦ ᠳᠤᠭᠤᠢ ᠲᠡᠷᠭᠡ ᠪᠠᠢᠷᠢᠯᠠᠭᠤᠯᠵᠠᠢ᠃

ᠣᠶ᠋ᠢᠯᠠᠭᠠᠭᠰᠠᠨ᠎ᠢᠶᠠᠷ᠂ ᠲᠣᠰ ᠤᠳᠠᠭᠠᠨ᠎ᠤ ᠭᠠᠷᠭᠠᠬᠤ ᠬᠡᠪᠴᠢᠶ᠎ᠡ ᠨᠢ 10000 ᠴᠠᠭᠢᠯᠭᠠᠨ ᠭᠦᠳᠡᠯᠭᠡᠭᠦᠷᠳᠦ ᠳᠤᠭᠤᠢ ᠲᠡᠷᠭᠡ ᠪᠠᠶ᠋ᠢᠵᠤ᠂ ᠲᠦᠷᠦᠭᠦᠦ ᠪᠦᠯᠦᠭ᠎ᠦᠨ 4000 ᠴᠠᠭᠢᠯᠭᠠᠨ ᠭᠦᠳᠡᠯᠭᠡᠭᠦᠷᠳᠦ ᠳᠤᠭᠤᠢ ᠲᠡᠷᠭᠡ ᠨᠢᠭᠡᠨᠲᠡ ᠪᠡᠯᠡᠨ ᠪᠣᠯᠤᠭᠰᠠᠨ ᠪᠥᠭᠡᠳ ᠡᠵᠡᠩᠨᠡᠯᠲᠡ᠎ᠶᠢᠨ ᠪᠡᠯᠡᠳᠬᠡᠯ᠎ᠦᠨ ᠱᠠᠲᠤᠨ᠎ᠳᠤ ᠣᠷᠣᠪᠠ᠂ ᠡᠨᠡ ᠨᠢ ᠮᠥᠨ ᠴᠦ᠍ ᠥᠪᠥᠷ ᠮᠣᠩᠭᠣᠯ᠎ᠤᠨ ᠠᠩᠬᠠᠨ᠎ᠤ ᠭᠠᠳᠠᠭᠠᠳᠤ᠎ᠳᠤ ᠭᠠᠷᠤᠭᠰᠠᠨ ᠬᠠᠮᠲᠤ᠎ᠪᠠᠷ ᠡᠳ᠋ᠯᠡᠬᠦ᠌ ᠲᠦᠷᠦᠯ ᠲᠡᠮᠳᠡᠭ ᠪᠣᠯᠤᠨ᠎ᠠ᠃ ᠢᠷᠡᠭᠡᠳᠦᠢ᠎ᠳᠦ᠂ ᠳᠤᠰ ᠲᠦᠷᠦᠯ ᠳᠡᠮᠳᠡᠭ ᠨᠢ ᠪᠠᠰᠠ᠎ᠲᠠᠶ ᠤᠯᠤᠰ᠂ ᠸᠢᠶ᠍ᠸᠲ᠋ᠨᠠᠮ᠂ ᠮᠠᠯᠠᠢ᠌ᠰᠢᠶ᠎ᠠ ᠵᠡᠷᠭᠡ ᠵᠡᠭᠦᠨ ᠡᠮᠦᠨᠡᠲᠦ᠍ ᠠᠽᠢᠶ᠎ᠠ᠎ᠶᠢᠨ ᠵᠠᠬ᠎ᠠ ᠳᠡᠯᠭᠡᠭᠦᠷ᠎ᠢ ᠨᠡᠭᠡᠭᠡᠵᠦ᠂ ᠳᠤᠮᠳᠠᠳᠤ ᠤᠯᠤᠰ᠎ᠤᠨ ᠬᠠᠮᠲᠤ ᠪᠠᠷ ᠡᠳ᠋ᠯᠡᠬᠦ᠌ ᠶᠠᠪᠤᠵᠤ ᠰᠠᠭᠤᠬᠤ ᠵᠠᠭᠪᠤᠷ᠎ᠢ ᠳᠡᠯᠡᠬᠡᠢ ᠳ᠋ᠠᠬᠢᠨ᠎ᠳᠤ ᠭᠠᠷᠭᠠᠬᠤ ᠪᠣᠯᠤᠨ᠎ᠠ᠃

《ᠮᠣᠩᠭᠣᠯ ᠤᠯᠤᠰ᠎ᠤᠨ ᠤᠯᠠᠭᠠᠨᠪᠠᠭᠠᠲᠤᠷ᠎ᠲᠤ᠌ 150 ᠲᠦᠮᠡᠨ ᠳᠤᠭᠤᠢ ᠤᠨᠤᠬᠤ ᠨᠦᠭᠡᠴᠡ ᠬᠡᠷᠡᠭᠯᠡᠭᠴᠢ᠎ᠲᠡᠶ᠂ ᠤᠢ᠌ᠷ᠎ᠠ ᠵᠠᠮ᠎ᠤᠨ ᠠᠶᠠᠯᠠᠯ᠎ᠤᠨ ᠬᠡᠷᠡᠭᠴᠡᠭᠡ ᠶᠡᠬᠡ᠂ ᠵᠠᠬ᠎ᠠ ᠳᠡᠯᠭᠡᠭᠦᠷ᠎ᠦᠨ ᠨᠥᠭᠡᠴᠡ ᠬᠦᠴᠦᠨ ᠯᠤᠲᠤ᠌ ᠶᠡᠬᠡ᠂ ᠭᠠᠳᠠᠭᠠᠳᠤ᠎ᠶᠢᠨ ᠵᠠᠬ᠎ᠠ ᠳᠡᠯᠭᠡᠭᠦᠷ᠎ᠢ ᠨᠡᠭᠡᠭᠡᠭᠦ ᠲᠡᠷᠢᠭᠦᠨ ᠰᠣᠩᠭᠣᠯᠲᠠ ᠪᠣᠯᠤᠨ᠎ᠠ》᠃ ᠠᠵᠤ ᠠᠬᠤᠶ᠋ᠢᠯᠠᠯ᠎ᠤᠨ ᠬᠠᠷᠢᠭᠤᠴᠠᠯᠭᠠᠲᠠᠨ ᠴᠢ ᠹᠦ ᠯᠢ ᠢᠯᠡᠷᠬᠡᠶ᠋ᠢᠯᠡᠬᠦ᠌᠎ᠳᠡᠭᠡᠨ᠂ ᠲᠣᠰ ᠤᠳᠠᠭ᠎ᠠ ᠳᠤᠮᠳᠠᠳᠤ ᠤᠯᠤᠰ᠎ᠤᠨ ᠴᠠᠬᠢᠯᠭᠠᠨ ᠭᠦᠳᠡᠯᠭᠡᠭᠦᠷᠳᠦ ᠳᠤᠭᠤᠶ ᠲᠡᠷᠭᠡ᠎ᠶᠢ ᠬᠠᠮᠲᠤ᠎ᠪᠠᠷ ᠡᠳ᠋ᠯᠡᠬᠦ᠌ ᠪᠣᠯᠪᠠᠰᠤᠷᠠᠩᠭᠤᠶ ᠮᠡᠷᠭᠡᠵᠢᠯ᠂ ᠡᠵᠡᠩᠨᠡᠯᠲᠡ᠎ᠶᠢᠨ ᠲᠤᠷᠰᠢᠯᠭ᠎ᠠ᠎ᠶᠢ ᠮᠣᠩᠭᠣᠯ ᠤᠯᠤᠰ᠎ᠲᠤ᠌ ᠤᠷᠤᠭᠤᠯᠵᠤ᠂ ᠲᠤᠬᠠᠶ᠎ᠶᠢᠨ ᠭᠠᠵᠠᠷ᠎ᠤᠨ ᠠᠵᠢᠯ᠎ᠳᠤ ᠭᠠᠷᠬᠤ ᠬᠦᠴᠢᠷ ᠠᠰᠠᠭᠤᠳᠠᠯ᠎ᠢ ᠰᠢᠢᠳᠪᠦᠷᠢᠯᠡᠭᠰᠡᠨ ᠮᠥᠷᠲᠡᠭᠡᠨ ᠪᠠᠰᠠ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠎ᠶᠢ ᠠᠬᠢᠭᠤᠯᠤᠭᠰᠠᠨ ᠨᠢ ᠳᠤᠮᠳᠠᠳᠤ ᠮᠣᠩᠭᠣᠯ᠎ᠤᠨ ᠠᠷᠠᠳ᠎ᠤᠨ ᠠᠮᠢᠳᠤᠷᠠᠯ᠎ᠤᠨ ᠬᠠᠮᠲᠤᠷᠠᠯᠴᠠᠭᠠᠨ᠎ᠤ ᠪᠣᠳᠠᠲᠠᠶ᠎ᠶᠢ ᠡᠷᠬᠢᠮᠯᠡᠭᠰᠡᠨ ᠠᠷᠭ᠎ᠠ ᠬᠡᠮᠵᠢᠶ᠎ᠡ ᠮᠥᠨ ᠭᠡᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号