《ᠥᠪᠥᠷ ᠮᠣᠩᠭᠣᠯ᠎ᠤᠨ ᠵᠢᠷᠤᠭ ᠲᠦᠷᠰᠤᠳᠤ ᠤᠷᠤᠨ ᠨᠤᠳᠤᠭ᠎ᠤᠨ ᠣᠢᠯᠠᠯᠭ᠎ᠠ》 4 ᠰᠠᠷ᠎ᠠ᠎ᠶᠢᠨ 14᠎ᠦ ᠡᠳᠦᠷ ᠦᠵᠡᠭᠴᠢᠳ ᠳᠠᠢ ᠵᠤᠯᠭᠠᠨ᠎ᠠ
2026-04-14 10:49:05
ᠵᠣᠬᠢᠶᠠᠭ᠍ᠴᠢ᠄
ᠵᠠᠩ ᠺᠦᠢ
ᠣᠩᠱᠢᠭ᠍ᠰᠠᠨ ᠣᠳᠠᠭ᠎ᠠ᠄
★★★☆☆

ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠎ᠶᠢᠨ ᠨᠠᠮ᠎ᠤᠨ ᠲᠡᠦᠬᠡ ᠪᠠ ᠣᠷᠣᠨ ᠨᠤᠲᠤᠭ᠎ᠤᠨ ᠣᠢᠯᠠᠯᠭ᠎ᠠ ᠰᠤᠳᠤᠯᠬᠤ ᠲᠠᠰᠤᠭ᠎ᠤᠨ ᠤᠬᠠᠭᠠᠯᠠᠨ ᠦᠢᠯᠡᠳᠦᠭᠰᠡᠨ ᠰᠢᠷᠢᠰ ᠪᠢᠴᠢᠯ ᠸᠢᠳᠢᠤ᠋ — 《ᠥᠪᠥᠷ ᠮᠣᠩᠭᠣᠯ᠎ᠤᠨ ᠵᠢᠷᠤᠭ ᠲᠦᠷᠰᠤᠳᠤ ᠤᠷᠤᠨ ᠨᠤᠳᠤᠭ᠎ᠤᠨ ᠣᠢᠯᠠᠯᠭ᠎ᠠ》 ᠵᠢ 4 ᠰᠠᠷ᠎ᠠ᠎ᠶᠢᠨ 14᠎ᠦ ᠡᠳᠦᠷ᠎ᠥᠪᠥᠷ ᠮᠣᠩᠭᠣᠯ᠎ᠤᠨ ᠣᠷᠣᠨ ᠨᠤᠲᠤᠭ᠎ᠤᠨ ᠣᠢᠯᠠᠯᠭ᠎ᠠ᠎ᠶᠢᠨ ᠵᠢᠷᠬᠢᠶ᠎ᠡ ᠵᠢᠨ ᠨᠡᠶ᠋ᠢᠲᠡ᠎ᠶᠢᠨ ᠳ᠋ᠤᠭᠠᠷ᠂ ᠲᠠᠯ᠎ᠠ ᠨᠤᠲᠤᠭ᠎ᠤᠨ ᠡᠭᠦᠯᠨ ᠰᠢᠯᠵᠢᠶ᠎ᠡ ᠵᠡᠷᠭᠡ ᠰᠢᠨ᠎ᠡ ᠵᠠᠭᠤᠴᠢᠯᠠᠭᠤᠷ᠎ᠤᠨ ᠲᠠᠪᠴᠠᠩ᠎ᠳᠤ ᠵᠡᠷᠭᠡ᠎ᠪᠡᠷ ᠨᠡᠢᠳᠡᠯᠡᠵᠤ ᠦᠵᠡᠭᠴᠢᠳ ᠳᠠᠢ ᠵᠤᠯᠭᠠᠨ᠎ᠠ᠃

《ᠥᠪᠥᠷ ᠮᠣᠩᠭᠣᠯ᠎ᠤᠨ ᠵᠢᠷᠤᠭ ᠲᠦᠷᠰᠤᠳᠤ ᠤᠷᠤᠨ ᠨᠤᠳᠤᠭ᠎ᠤᠨ ᠣᠢᠯᠠᠯᠭ᠎ᠠ》 ᠨᠢ ᠣᠷᠣᠨ ᠨᠤᠲᠤᠭ᠎ᠤᠨ ᠣᠢᠯᠠᠯᠭ᠎ᠠ᠎ᠶᠢᠨ ᠰᠤᠳᠤᠷ ᠪᠢᠴᠢᠭ᠎ᠢ ᠰᠢᠭᠤᠳ ᠪᠥᠭᠡᠳ ᠠᠮᠢᠳᠤᠯᠢᠭ᠋ ᠵᠢᠷᠤᠭ ᠳᠦᠷᠰᠦ᠎ᠶᠢᠨ ᠬᠡᠯᠪᠡᠷᠢ ᠪᠡᠷ ᠢᠯᠡᠳᠬᠡᠵᠤ᠂ ᠪᠦᠬᠦ ᠣᠷᠣᠨ᠎ᠤ 103 ᠬᠣᠰᠢᠭᠤ ᠰᠢᠶᠠᠨ (ᠬᠣᠲᠠ᠂ ᠲᠣᠭᠣᠷᠢᠭ᠋)᠎ᠤ ᠲᠡᠦᠬᠡ᠎ᠶᠢᠨ ᠰᠤᠷᠪᠤᠯᠵᠢ ᠪᠢᠴᠢᠭ᠂ ᠠᠷᠠᠳ᠎ᠤᠨ ᠵᠠᠩ ᠦᠢᠯᠡ᠎ᠶᠢᠨ ᠰᠣᠶᠣᠯ᠂ ᠬᠤᠪᠢᠰᠬᠠᠯ᠎ᠤᠨ ᠳᠤᠷᠠᠳᠬᠠᠯ ᠵᠡᠷᠭᠡ᠎ᠶᠢ ᠰᠢᠰᠲᠧᠮ᠎ᠲᠠᠢ ᠡᠮᠬᠢᠳᠬᠡᠵᠦ᠂ ᠬᠥᠮᠥᠰ᠎ᠦᠨ ᠦᠢᠯᠡ ᠠᠵᠢᠯᠯᠠᠭ᠎ᠠ ᠪᠣᠯᠣᠨ ᠬᠥᠭᠵᠢᠯᠲᠡ᠎ᠶᠢᠨ ᠦᠢᠯᠡᠳᠦᠯᠭᠡ᠎ᠪᠡᠷ ᠳᠠᠮᠵᠢᠭᠤᠯᠤᠨ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠤᠨ ᠭᠦᠨ ᠭᠦᠨᠵᠡᠭᠡᠢ ᠠᠭᠤᠯᠤᠭᠳᠠᠬᠤᠨ᠎ᠢ ᠠᠮᠢᠳᠤᠯᠢᠭ᠋᠎ᠢᠶᠠᠷ ᠲᠠᠢᠯᠪᠤᠷᠢᠯᠠᠵᠤ᠂ ᠪᠦᠬᠦ ᠣᠷᠣᠨ᠎ᠤ ᠡᠯ᠎ᠡ ᠭᠠᠵᠠᠷ᠎ᠤᠨ ᠠᠮᠢ ᠠᠬᠤᠢ᠎ᠶᠢᠨ ᠬᠠᠮᠠᠭᠠᠯᠠᠯᠲᠠ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ᠎ᠢ ᠲᠡᠰ ᠳᠡᠪᠰᠢᠭᠦᠯᠬᠦ᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ ᠵᠡᠷᠭᠡ ᠬᠦᠷᠢᠶᠡᠨ᠎ᠳᠡᠬᠢ ᠰᠢᠪᠲᠤᠯᠤᠯᠲᠠ᠎ᠶᠢᠨ ᠴᠢᠨᠠᠷᠲᠠᠢ ᠠᠬᠢᠴᠠ᠎ᠶᠢ ᠢᠯᠡᠷᠡᠭᠦᠯᠵᠦ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠨᠠᠮ᠎ᠤᠨ ᠤᠳᠤᠷᠢᠳᠤᠯᠭ᠎ᠠ ᠳᠣᠣᠷ᠎ᠠ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠭᠰᠡᠨ ᠡᠯᠪᠡᠭ ᠪᠠᠶᠠᠯᠢᠭ᠋ ᠦᠷ᠎ᠡ ᠪᠦᠲᠦᠭᠡᠯ᠎ᠢ ᠢᠯᠡᠷᠡᠭᠦᠯᠪᠡ᠃ ᠦᠵᠡᠭᠴᠢᠳ ᠡᠳᠡᠭᠡᠷ ᠵᠢᠷᠤᠭ ᠲᠦᠷᠰᠤ ᠡᠴᠡ ᠥᠪᠥᠷ ᠮᠣᠩᠭᠣᠯ᠎ᠤᠨ ᠡᠯ᠎ᠡ ᠭᠠᠵᠠᠷ᠎ᠤᠨ ᠲᠡᠦᠬᠡ᠎ᠶᠢᠨ ᠬᠤᠪᠢᠷᠠᠯᠲᠠ᠎ᠶᠢ ᠣᠢᠯᠠᠭᠠᠵᠤ᠂ ᠰᠢᠨ᠎ᠡ ᠴᠠᠭ ᠦᠶ᠎ᠡ᠎ᠶᠢᠨ ᠬᠥᠭᠵᠢᠯᠲᠡ᠎ᠶᠢᠨ ᠠᠮᠵᠢᠯᠲᠠ᠎ᠶᠢ ᠣᠢᠯᠠᠭᠠᠵᠤ ᠪᠣᠯᠣᠨ᠎ᠠ᠃ ᠲᠣᠰ ᠰᠢᠷᠢᠰ ᠪᠢᠴᠢᠯ ᠸᠢᠳᠢᠤ᠋ ᠨᠢ ᠨᠡᠶ᠋ᠢᠲᠡ 103 ᠪᠦᠯᠦᠭ᠎ᠲᠠᠢ᠂ ᠪᠦᠯᠦᠭ ᠪᠦᠷᠢ ᠨᠢ 10 ᠮᠢᠨᠦ᠋ᠲ ᠪᠠᠢᠵᠤ᠂ ᠡᠳᠦᠷ ᠪᠦᠷᠢ 2 ᠪᠦᠯᠦᠭ ᠢ᠋ ᠰᠢᠨᠡᠳᠬᠡᠬᠦ᠎ᠪᠡᠷ ᠲᠥᠯᠥᠪᠯᠡᠵᠦ ᠪᠣᠶ᠃

《ᠥᠪᠥᠷ ᠮᠣᠩᠭᠣᠯ᠎ᠤᠨ ᠵᠢᠷᠤᠭ ᠲᠦᠷᠰᠤᠳᠤ ᠣᠷᠣᠨ ᠨᠤᠲᠤᠭ᠎ᠤᠨ ᠣᠢᠯᠠᠯᠭ᠎ᠠ》᠎ᠶᠢ ᠵᠣᠬᠢᠶᠠᠭᠰᠠᠨ ᠪᠠ ᠨᠡᠢᠲᠡᠯᠡᠭᠰᠡᠨ  ᠶᠠᠪᠤᠳᠠᠯ ᠨᠢ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠰᠣᠶᠣᠯ᠎ᠢᠶᠠᠷ ᠣᠷᠣᠨ᠎ᠢᠶᠠᠨ ᠬᠦᠴᠦᠷᠬᠡᠭᠵᠢᠭᠦᠯᠬᠦ ᠪᠦᠲᠦᠭᠡᠨ ᠪᠠᠢᠭᠤᠯᠤᠯᠲᠠ᠎ᠶᠢᠨ ᠡᠬᠢᠯᠡᠯᠲᠡ᠎ᠳᠦ ᠬᠦᠴᠦᠨ ᠨᠡᠮᠡᠷᠢᠯᠡᠬᠦ᠎ᠪᠡᠷ ᠪᠠᠷᠠᠬᠤ ᠦᠭᠡᠢ ᠪᠠᠰᠠ ᠥᠪᠡᠷᠲᠡᠭᠡᠨ ᠵᠠᠰᠠᠬᠤ ᠣᠷᠣᠨ ᠪᠠᠢᠭᠤᠯᠤᠭᠳᠠᠭᠰᠠᠨ ᠨᠠᠶᠠᠨ ᠵᠢᠯ᠎ᠦᠨ ᠤᠢ᠎ᠳᠤ ᠪᠡᠯᠡᠭ ᠪᠠᠷᠢᠵᠤ᠂ ᠢᠯᠡᠷᠡᠬᠦᠯᠦᠭᠰᠡᠨ ᠭᠠᠵᠠᠷ ᠣᠷᠣᠨ᠎ᠤ ᠰᠣᠶᠣᠯ᠎ᠤᠨ ᠡᠬᠢ ᠪᠠᠶᠠᠯᠢᠭ᠋ ᠪᠣᠯᠣᠨ ᠬᠥᠭᠵᠢᠯᠲᠡ᠎ᠶᠢᠨ ᠬᠢᠯᠠᠰ ᠴᠡᠭ ᠨᠢ ᠥᠪᠡᠷᠲᠡᠭᠡᠨ ᠵᠠᠰᠠᠬᠤ ᠣᠷᠣᠨ᠎ᠤ ᠰᠣᠶᠣᠯ ᠵᠢᠭᠤᠯᠴᠢᠯᠠᠯ᠎ᠢ ᠠᠭᠤᠰᠤᠯᠴᠠᠭᠤᠯᠬᠤ᠂ ᠠᠷᠠᠯᠵᠢᠶᠠᠴᠢᠨ ᠤᠷᠢᠵᠤ ᠪᠡᠯᠡ ᠮᠥᠩᠭᠥ ᠣᠷᠣᠭᠤᠯᠤᠨ ᠠᠪᠴᠢᠷᠠᠬᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠰᠢᠨ᠎ᠡ ᠰᠣᠶᠣᠯ᠎ᠤᠨ ᠬᠥᠳᠡᠯᠭᠡᠬᠦ ᠬᠦᠴᠦᠨ ᠨᠡᠮᠡᠷᠢᠯᠡᠵᠦ᠂ ᠪᠦᠬᠦ ᠣᠷᠣᠨ᠎ᠤ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠨᠠᠮ᠎ᠤᠨ ᠠᠴᠢ ᠳ᠋ᠤ ᠳᠠᠯᠠᠷᠬᠠᠬᠤ᠂ ᠨᠠᠮ᠎ᠤᠨ ᠦᠭᠡ᠎ᠶᠢ ᠰᠣᠨᠣᠰᠴᠤ᠂ ᠨᠠᠮ᠎ᠢᠶᠠᠨ ᠳᠠᠭᠠᠨ ᠤᠷᠤᠭᠰᠢᠯᠠᠬᠤ ᠦᠵᠡᠯ ᠰᠠᠨᠠᠭᠠᠨ᠎ᠤ ᠬᠠᠮᠳᠤ ᠵᠢᠨ ᠳᠠᠨᠢᠯᠳᠠ᠎ᠶᠢ ᠴᠢᠨᠠᠭᠰᠢᠳᠠ ᠨᠢᠭ᠍ᠲᠠᠷᠠᠭᠤᠯᠬᠤ ᠪᠣᠯᠣᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号