ᠲᠥᠪ᠎ᠦᠨ ᠢᠨᠲ᠋ᠧᠷ ᠰᠦᠯᠵᠢᠶᠡᠨ᠎ᠦ ᠠᠮᠤᠷ ᠲᠦᠪᠰᠢᠨ ᠪᠠ ᠮᠡᠳᠡᠭᠡ ᠵᠠᠩᠭᠢᠵᠢᠯᠳᠠ ᠵᠢᠨ ᠬᠤᠷᠢᠶ᠎ᠠ ᠵᠢᠨ ᠠᠯᠪᠠᠨ ᠬᠡᠷ ᠰᠦᠯᠵᠢᠶᠡᠨ᠎ᠦ ᠱᠢᠭᠤᠳ ᠨᠡᠪᠲᠡᠷᠡᠭᠦᠯᠭᠡ ᠳ᠋ᠡᠬᠢ ᠪᠡᠯᠡᠭ ᠱᠠᠩᠨᠠᠬᠤ ᠵᠢ ᠵᠢᠷᠤᠮᠵᠢᠭᠤᠯᠤᠨ ᠬᠠᠮᠢᠶᠠᠷᠬᠤ᠎ᠶ᠋ᠢ ᠴᠢᠩᠭᠠᠳᠭᠠᠪᠠ
2026-04-15 09:47:19
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ 13 ᠤ᠋ ᠡᠳᠦᠷ ᠣᠢᠯᠠᠭᠠᠭ᠍ᠰᠠᠨ᠎ᠢᠶᠠᠷ᠂ ᠲᠥᠪ᠎ᠦᠨ ᠢᠨᠲ᠋ᠧᠷ ᠰᠦᠯᠵᠢᠶᠡᠨ᠎ᠦ ᠠᠮᠤᠷ ᠲᠦᠪᠰᠢᠨ ᠪᠠ ᠮᠡᠳᠡᠭᠡ ᠵᠠᠩᠭᠢᠵᠢᠯᠳᠠ ᠵᠢᠨ ᠬᠤᠷᠢᠶ᠎ᠠ ᠵᠢᠨ ᠠᠯᠪᠠᠨ ᠬᠡᠷ᠎ᠦᠨ ᠨᠠᠷᠢᠨ ᠪᠢᠴᠢᠭ᠎ᠦᠨ ᠲᠣᠪᠴᠢᠶ᠎ᠠ ᠣᠢᠷ᠎ᠠ᠎ᠳᠤ 《ᠰᠦᠯᠵᠢᠶᠡᠨ᠎ᠦ ᠱᠢᠭᠤᠳ ᠨᠡᠪᠲᠡᠷᠡᠭᠦᠯᠭᠡ ᠳ᠋ᠡᠬᠢ ᠪᠡᠯᠡᠩ ᠱᠠᠩᠨᠠᠬᠤ ᠵᠢ ᠵᠢᠷᠤᠮᠵᠢᠭᠤᠯᠤᠨ ᠬᠠᠮᠢᠶᠠᠷᠬᠤ᠎ᠶ᠋ᠢ ᠴᠢᠩᠭᠠᠳᠭᠠᠬᠤ ᠲᠤᠬᠠᠶ ᠮᠡᠳᠡᠭ᠌ᠳᠡᠯ》 ᠢ᠋ ᠨᠡᠢᠲᠡᠯᠡᠵᠦ᠍᠂ ᠰᠦᠯᠵᠢᠶᠡᠨ᠎ᠦ ᠲᠠᠪᠴᠠᠩ᠎ᠤᠨ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠬᠤ ᠲᠠᠯ᠎ᠠ ᠡᠴᠡ ᠪᠣᠳᠣᠯᠬᠢᠯᠠᠨ᠂ ᠱᠢᠭᠤᠳ ᠨᠡᠪᠲᠡᠷᠡᠭᠦᠯᠭᠡ ᠳ᠋ᠡᠬᠢ ᠪᠡᠯᠡᠭ ᠱᠠᠩᠨᠠᠬᠤ ᠲᠦᠷᠢᠮ᠎ᠢ ᠲᠣᠭ᠍ᠲᠠᠭᠠᠬᠤ᠂ ᠴᠢᠳᠠᠮᠵᠢ᠎ᠶ᠋ᠢ ᠲᠣᠬᠢᠷᠠᠭᠤᠯᠬᠤ᠂ ᠡᠷᠬᠡ᠎ᠮᠡᠳᠡᠯ᠎ᠤᠨ ᠬᠡᠪᠴᠢᠶ᠎ᠡ᠎ᠵᠢ ᠵᠦᠪᠰᠢᠶᠡᠷᠡᠬᠦ᠂ ᠲᠠᠩᠰᠠᠨ ᠨᠣᠮᠧᠷ᠎ᠢ ᠬᠠᠮᠢᠶᠠᠷᠬᠤ᠂ ᠢᠯᠡᠴᠢᠯᠡᠨ ᠮᠡᠳᠡᠭᠦᠯᠦᠯᠲᠡ᠎ᠶ᠋ᠢ ᠭᠥᠯᠢᠶᠡᠨ ᠠᠪᠴᠤ᠌ ᠱᠢᠶ᠋ᠳᠪᠦᠷᠢᠯᠡᠬᠦ᠌ ᠵᠡᠷᠭᠡ ᠲᠠᠯ᠎ᠠ᠎ᠪᠠᠷ ᠲᠣᠳᠣᠷᠬᠠᠶ ᠲᠣᠭ᠍ᠲᠠᠭᠠᠯ ᠲᠤᠬᠳᠠᠭᠠᠪᠠ᠃ ᠮᠡᠳᠡᠭ᠌ᠳᠡᠯ᠎ᠳᠦ᠂ ᠰᠦᠯᠵᠢᠶᠡᠨ᠎ᠦ ᠲᠠᠪᠴᠠᠩ ᠨᠢ ᠪᠦᠬᠦᠯᠢ ᠨᠠᠢ᠍ᠮᠠᠨ ᠨᠠᠰᠤ ᠬᠦᠷᠦᠭᠡᠳᠦᠢ ᠨᠠᠰᠤᠨ᠎ᠳᠤ ᠥᠯᠥ᠍ ᠬᠦᠷᠦᠭ᠌ᠰᠡᠳ᠎ᠲᠦ ᠪᠡᠯᠡᠩ ᠱᠠᠩᠨᠠᠬᠤ ᠦᠢᠯᠡᠴᠢᠯᠡᠭᠡ ᠬᠠᠩᠭᠠᠵᠤ ᠪᠣᠯᠬᠤ ᠦᠭᠡᠶ ᠭᠡᠵᠤ ᠳᠤᠳᠤᠷᠬᠠᠢᠯᠠᠵᠠᠢ᠃

ᠪᠡᠯᠡᠭ ᠱᠠᠩᠨᠠᠬᠤ ᠪᠣᠯ ᠰᠦᠯᠵᠢᠶᠡᠨ᠎ᠦ ᠱᠢᠭᠤᠳ ᠨᠡᠪᠲᠡᠷᠡᠭᠦᠯᠭᠡ᠎ᠶ᠋ᠢᠨ ᠠᠱᠢᠭ ᠤᠯᠬᠤ ᠭᠤᠤᠯ ᠠᠷᠭ᠎ᠠ ᠬᠡᠯᠪᠡᠷᠢ᠎ᠶ᠋ᠢᠨ ᠨᠢᠭᠡ ᠪᠤᠯᠤᠨ᠎ᠠ᠃ ᠲᠥᠪ᠎ᠦᠨ ᠢᠨᠲ᠋ᠧᠷ ᠰᠦᠯᠵᠢᠶᠡᠨ᠎ᠦ ᠠᠮᠤᠷ ᠲᠦᠪᠰᠢᠨ ᠪᠠ ᠮᠡᠳᠡᠭᠡ ᠵᠠᠩᠭᠢᠵᠢᠯᠳᠠ ᠵᠢᠨ ᠬᠤᠷᠢᠶ᠎ᠠ ᠵᠢᠨ ᠠᠯᠪᠠᠨ ᠬᠡᠷ ᠤ᠋ᠨ ᠰᠦᠯᠵᠢᠶᠡᠨ᠎ᠦ ᠶᠡᠷᠦᠩᠬᠡᠢᠯᠡᠭᠰᠡᠨ ᠵᠠᠰᠠᠯᠳᠠ ᠵᠢᠨ ᠲᠣᠪᠴᠢᠶ᠎ᠠ᠎ᠶ᠋ᠢᠨ ᠬᠣᠯᠪᠣᠭ᠍ᠳᠠᠯ ᠪᠥᠬᠥᠶ ᠬᠠᠷᠢᠭᠤᠴᠠᠯᠭᠠᠲᠠᠨ᠂ ᠣᠢᠷ᠎ᠠ᠎ᠶ᠋ᠢᠨ ᠵᠢᠯ ᠳ᠋ᠤ᠂ ᠰᠦᠯᠵᠢᠶᠡᠨ᠎ᠦ ᠱᠢᠭᠤᠳ ᠨᠡᠪᠲᠡᠷᠡᠭᠦᠯᠭᠡ᠎ᠶ᠋ᠢᠨ ᠠᠵᠢᠯ ᠲᠥᠷᠥᠯ᠎ᠦᠨ ᠬᠥᠭ᠌ᠵᠢᠯᠲᠡ᠎ᠶ᠋ᠢ ᠳᠠᠭᠠᠯᠳᠤᠨ᠂ ᠵᠠᠷᠢᠮ ᠱᠢᠭᠤᠳ ᠨᠡᠪᠲᠡᠷᠡᠭᠦᠯᠭᠡ᠎ᠶ᠋ᠢᠨ ᠲᠠᠩᠰᠠᠨ ᠨᠣᠮᠧᠷ᠎ᠦᠨ ᠡᠵᠡᠩᠨᠡᠯᠲᠡ᠎ᠶ᠋ᠢᠨ ᠭᠤᠤᠯ ᠴᠣᠭ᠍ᠴᠠ ᠨᠢ ᠪᠣᠯᠬᠢ ᠪᠦᠳᠦᠭᠦᠯᠢᠭ ᠲᠤ᠌ 《ᠬᠠᠪᠢᠳᠠᠭᠰᠠᠨ》 ᠪᠦᠲᠦᠭᠡᠯ ᠨᠡᠢᠳᠡᠯᠡᠬᠦ᠂ ᠪᠡᠶ᠎ᠠ ᠵᠢᠨ ᠭᠠᠷᠤᠯ ᠵᠢᠡᠨ ᠬᠤᠳᠠᠯ ᠬᠠᠭᠤᠷᠮᠠᠭ ᠵᠢᠡᠷ ᠲᠤᠭᠳᠠᠭᠠᠬᠤ ᠵᠡᠷᠭᠡ ᠠᠷᠭ᠎ᠠ ᠮᠠᠶᠢᠭ᠎ᠢᠶᠠᠷ ᠳᠠᠮᠵᠢᠨ ᠪᠡᠯᠡᠩ ᠦᠭᠬᠦ ᠵᠢ ᠦᠳᠦᠭᠡᠬᠦ ᠴᠢᠨᠠᠭ᠍ᠰᠢᠯᠠᠪᠠᠯ ᠬᠠᠭᠤᠷᠤᠨ ᠮᠡᠬᠡᠯᠡᠵᠦ᠍ ᠠᠪᠬᠤ ᠵᠡᠷᠭᠡ ᠠᠰᠠᠭᠤᠳᠠᠯ ᠲᠣᠪᠣᠢᠮ᠎ᠠ ᠣᠷᠣᠱᠢᠵᠤ ᠪᠠᠢᠨ᠎ᠠ᠃ ᠡᠭᠦᠨ᠎ᠦ ᠬᠠᠮᠲᠤ᠂ ᠬᠡᠰᠡᠭ ᠲᠠᠪᠴᠠᠩ᠎ᠤᠨ ᠪᠡᠯᠡᠭ ᠱᠠᠩᠨᠠᠬᠤ ᠴᠢᠳᠠᠮᠵᠢ ᠪᠠ ᠶᠠᠪᠤᠬᠳᠠᠭᠤᠯᠬᠤ ᠳᠦᠷᠢᠮ ᠲᠤᠭᠳᠠᠭᠠᠯ ᠤ᠋ᠨ ᠲᠣᠬᠢᠷᠠᠭᠤᠯᠤᠯᠲᠠ ᠨᠢ ᠵᠢᠷᠤᠮᠵᠢᠯ ᠥᠬᠡᠶ᠂ ᠬᠠᠮᠢᠶᠠᠷᠤᠯᠲᠠ᠎ᠶ᠋ᠢᠨ ᠪᠠᠷᠢᠮᠵᠢᠶ᠎ᠠ ᠨᠢ ᠠᠳᠠᠯᠢ ᠥᠬᠡᠶ ᠪᠠᠢᠵᠤ᠂ ᠪᠡᠯᠡᠭ ᠱᠠᠩᠨᠠᠬᠤ ᠠᠵᠢᠯᠯᠠᠭ᠎ᠠ ᠵᠢᠨ ᠡᠮᠬᠢ ᠲᠢᠭᠯᠢᠮ ᠥᠬᠡᠶ ᠪᠠᠢᠳᠠᠯ᠎ᠢ ᠪᠦᠲᠦᠮᠵᠢᠲᠡᠶ ᠬᠣᠷᠢᠭ᠍ᠯᠠᠬᠤ᠎ᠳᠤ ᠪᠡᠷᠬᠡ ᠪᠠᠢᠨ᠎ᠠ᠃ ᠡᠢᠮᠦ᠍᠎ᠡᠴᠡ᠂ ᠴᠠᠭ ᠲᠤᠬᠠᠶ᠎ᠳᠤᠨᠢ ᠬᠠᠮᠢᠶᠠᠷᠤᠯᠲᠠ᠎ᠶ᠋ᠢᠨ ᠲᠥᠷᠥ᠎ᠶ᠋ᠢᠨ ᠪᠣᠳᠣᠯᠭ᠎ᠠ ᠲᠣᠭ᠍ᠲᠠᠭᠠᠵᠤ᠂ ᠱᠢᠭᠤᠳ ᠨᠡᠪᠲᠡᠷᠡᠭᠦᠯᠭᠡ ᠵᠢᠨ ᠪᠡᠯᠡᠭ ᠱᠠᠩᠨᠠᠬᠤ ᠶᠠᠪᠤᠳᠠᠯ᠎ᠢ ᠱᠢᠰᠲ᠋ᠧᠮ᠎ᠲᠡᠶ ᠵᠢᠷᠤᠮᠵᠢᠭᠤᠯᠤᠨ᠂ ᠬᠢᠨᠠᠯᠲᠠ ᠲᠠᠯᠪᠢᠵᠤ ᠬᠠᠮᠢᠶᠠᠷᠬᠤ ᠱᠠᠭᠠᠷᠳᠠᠯᠭ᠎ᠠ᠎ᠶ᠋ᠢ ᠲᠣᠳᠣᠷᠬᠠᠢᠯᠠᠵᠤ᠂ ᠪᠠᠷᠢᠮᠵᠢᠶ᠎ᠠ ᠬᠡᠮᠵᠢᠭᠦᠷ᠎ᠢ ᠨᠢᠭᠡᠳᠭᠡᠨ᠂ ᠠᠵᠢᠯ ᠲᠥᠷᠥᠯ᠎ᠦᠨ ᠡᠷᠡᠭᠦᠯ᠎ᠢᠶᠡᠷ ᠬᠥᠭ᠌ᠵᠢᠬᠦ᠌᠎ᠶ᠋ᠢ ᠠᠬᠢᠭᠤᠯᠬᠤ ᠴᠢᠬᠤᠯᠠᠲᠠᠶ ᠪᠠᠢᠨ᠎ᠠ ᠭᠡᠵᠤ ᠢᠯᠡᠳᠭᠡᠵᠠᠢ᠃

ᠮᠡᠳᠡᠭ᠌ᠳᠡᠯ᠎ᠦᠨ ᠭᠤᠤᠯ ᠠᠭᠤᠯᠭ᠎ᠠ᠎ᠳᠤ᠄ ᠪᠡᠯᠡᠭ ᠱᠠᠩᠨᠠᠬᠤ ᠲᠦᠷᠢᠮ᠎ᠢ ᠲᠣᠳᠣᠷᠬᠠᠢᠯᠠᠬᠤ᠂ ᠪᠡᠯᠡᠭ ᠠᠱᠢᠭ ᠤᠯᠬᠤ ᠡᠷᠬᠡ ᠮᠡᠳᠡᠯ᠎ᠤᠨ ᠬᠡᠪᠴᠢᠶ᠎ᠠ᠎ᠵᠢ ᠵᠢᠷᠤᠮᠵᠢᠭᠤᠯᠬᠤ᠂ ᠪᠡᠯᠡᠭ ᠤ᠋ᠨ ᠶᠡᠬᠡ ᠪᠠᠭ᠎ᠠ ᠵᠢ ᠬᠢᠵᠠᠭᠠᠷᠯᠠᠬᠤ ᠴᠢᠳᠠᠮᠵᠢ ᠬᠠᠩᠭᠠᠬᠤ᠂ ᠪᠡᠯᠡᠭ ᠱᠠᠩᠨᠠᠬᠤ ᠳ᠋ᠤ ᠰᠠᠨᠠᠭᠤᠯᠬᠤ ᠴᠢᠳᠠᠮᠵᠢ ᠬᠠᠩᠭᠠᠬᠤ᠂ ᠪᠡᠯᠡᠭ ᠤ᠋ᠨ ᠦᠨ᠎ᠠ ᠬᠠᠩᠰᠢ ᠵᠢᠨ ᠵᠢᠭ᠍ᠰᠠᠭᠠᠯᠲᠠ᠎ᠶ᠋ᠢ ᠵᠢᠷᠤᠮᠵᠢᠭᠤᠯᠬᠤ᠂ ᠪᠡᠯᠡᠩ ᠱᠠᠩᠨᠠᠬᠤ ᠬᠠᠷᠢᠯᠴᠠᠨ ᠬᠦᠳᠡᠯᠦᠯᠴᠡᠬᠡ ᠵᠢ ᠵᠢᠷᠤᠮᠵᠢᠭᠤᠯᠬᠤ᠂ ᠨᠠᠰᠤᠨ᠎ᠳᠤ ᠥᠯᠥ᠍ ᠭᠦᠷᠦᠭ᠌ᠰᠡᠳ᠎ᠢ ᠬᠠᠮᠠᠭᠠᠯᠠᠬᠤ ᠲᠣᠭ᠍ᠲᠠᠴᠠ᠎ᠶ᠋ᠢ ᠲᠡᠭᠦᠯᠳᠡᠷᠵᠢᠭᠦᠯᠬᠦ᠌᠂ ᠪᠡᠯᠡᠭ ᠠᠱᠢᠭ ᠤᠯᠬᠤ ᠦᠶ᠋ᠯᠡ ᠠᠵᠢᠯᠯᠠᠭ᠎ᠠ᠎ᠶ᠋ᠢᠨ ᠨᠠᠵᠠᠭᠠᠶ ᠲᠠᠯ᠎ᠠ᠎ᠶ᠋ᠢᠨ ᠨᠠᠷᠢᠨ ᠳᠠᠩᠰᠠ᠎ᠶ᠋ᠢ ᠪᠠᠢᠭᠤᠯᠬᠤ᠂ ᠬᠡᠪ᠎ᠦᠨ ᠪᠤᠰᠤ ᠪᠡᠷ ᠪᠡᠯᠡᠭ ᠱᠠᠩᠨᠠᠭᠰᠠᠨ ᠢ᠋ ᠢᠯᠭᠠᠨ ᠲᠠᠨᠢᠵᠤ ᠱᠢᠶ᠋ᠳᠪᠦᠷᠢᠯᠡᠬᠦ᠌᠎ᠶ᠋ᠢ ᠴᠢᠩᠭᠠᠳᠭᠠᠬᠤ᠂ ᠵᠠᠭᠠᠯᠳᠤᠬᠤ ᠢᠯᠡᠴᠢᠯᠡᠨ ᠮᠡᠳᠡᠭᠦᠯᠬᠦ᠌᠎ᠶ᠋ᠢ ᠭᠥᠯᠢᠶᠡᠨ ᠠᠪᠴᠤ᠌ ᠱᠢᠶ᠋ᠳᠪᠦᠷᠢᠯᠡᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠬᠦ᠌᠂ ᠱᠢᠶ᠋ᠳᠪᠦᠷᠢᠯᠡᠬᠦ᠌ ᠪᠠ ᠢᠯᠡᠴᠢᠯᠡᠬᠦ᠌ ᠡᠷᠴᠢᠮ᠎ᠢ ᠴᠢᠩᠭᠠᠷᠠᠭᠤᠯᠬᠤ ᠵᠡᠷᠭᠡ ᠪᠠᠭ᠍ᠲᠠᠨ᠎ᠠ᠃

ᠡᠭᠦᠨ᠎ᠳᠦ᠂ ᠨᠠᠰᠤᠨ᠎ᠳᠤ ᠥᠯᠥ᠍ ᠭᠦᠷᠦᠭ᠌ᠰᠡᠳ᠎ᠢ ᠬᠠᠮᠠᠭᠠᠯᠠᠬᠤ ᠲᠣᠭ᠍ᠲᠠᠴᠠ᠎ᠶ᠋ᠢ ᠲᠡᠭᠦᠯᠳᠡᠷᠵᠢᠭᠦᠯᠬᠦ᠌ ᠲᠠᠯ᠎ᠠ᠎ᠪᠠᠷ᠂ ᠮᠡᠳᠡᠭᠳᠡᠯ ᠳ᠋ᠤ ᠰᠦᠯᠵᠢᠶᠡᠨ ᠤ᠋ ᠲᠠᠪᠴᠠᠩ᠎ᠤᠨ ᠠᠳᠠᠯᠢ ᠪᠤᠰᠤ ᠨᠠᠰᠤᠨ᠎ᠤ ᠨᠠᠰᠤᠨ᠎ᠳᠤ ᠥᠯᠥ᠍ ᠭᠦᠷᠦᠭ᠌ᠰᠡᠳ᠎ᠲᠦ ᠪᠡᠯᠡᠭ ᠱᠠᠩᠨᠠᠬᠤ ᠦᠶ᠋ᠯᠡᠴᠢᠯᠡᠭᠡ ᠬᠠᠩᠭᠠᠬᠤ ᠲᠤᠬᠠᠶ ᠲᠥᠷᠥᠯ ᠬᠤᠪᠢᠶᠠᠬᠤ ᠲᠣᠭ᠍ᠲᠠᠭᠠᠯ ᠎ᠢ ᠨᠡᠢᠳᠡᠯᠡᠪᠡ᠃ ᠡᠭᠦᠨ᠎ᠦ ᠵᠡᠷᠭᠡ ᠪᠡᠷ᠂ ᠨᠠᠰᠤᠨ᠎ᠳᠤ ᠥᠯᠥ᠍ ᠬᠦᠷᠦᠭ᠌ᠰᠡᠳ ᠨᠢ ᠨᠠᠰᠤᠨ᠎ᠳᠤ ᠬᠦᠷᠦᠭ᠌ᠰᠡᠳ᠎ᠦᠨ ᠳᠠᠩᠰᠠᠨ ᠨᠣᠮᠧᠷ᠎ᠢᠶᠡᠷ ᠪᠡᠯᠡᠩ ᠱᠠᠩᠨᠠᠭᠰᠠᠨ ᠰᠡᠵᠢᠭ᠌ᠯᠡᠯᠲᠡᠶ ᠪᠠᠢᠬᠤ᠎ᠶ᠋ᠢ ᠢᠯᠡᠷᠡᠬᠦᠯᠪᠡᠯ᠂ ᠴᠢᠬᠤᠯᠠ ᠪᠦᠬᠦᠢ ᠬᠢᠨᠠᠨ ᠪᠠᠢᠴᠠᠭᠠᠯᠳᠠ ᠬᠢᠵᠤ᠂ ᠦᠨᠡᠬᠡᠷ ᠨᠠᠰᠤᠨ᠎ᠳᠤ ᠥᠯᠥ᠍ ᠬᠦᠷᠦᠭ᠌ᠰᠡᠳ ᠪᠡᠯᠡᠭ ᠱᠠᠩᠨᠠᠭ᠍ᠰᠠᠨ ᠪᠠᠢᠪᠠᠯ᠂ ᠲᠡᠷᠡ ᠳᠠᠷᠤᠶ᠎ᠳᠤᠨᠢ ᠱᠢᠶ᠋ᠳᠪᠦᠷᠢᠯᠡᠬᠦ᠌ ᠠᠷᠭ᠎ᠠ ᠬᠡᠮᠵᠢᠶ᠎ᠡ ᠠᠪᠬᠤ ᠬᠡᠷᠡᠭ᠌ᠲᠡᠶ ᠭᠡᠵᠤ ᠵᠢᠭᠠᠵᠤ ᠭᠠᠷᠭᠠᠵᠠᠢ᠃

(ᠱᠢᠨᠬᠤᠸᠠ ᠬᠤᠷᠢᠶ᠎ᠠ ᠵᠢᠨ ᠪᠡᠭᠡᠵᠢᠩ᠎ᠦᠨ 4 ᠰᠠᠷ᠎ᠠ᠎ᠶ᠋ᠢᠨ 13 ᠤ᠋ ᠴᠠᠬᠢᠯᠭᠠᠨ ᠮᠡᠳᠡᠭᠡ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号