ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠤᠢᠷ᠎ᠠ ᠳ᠋ᠤ 《ᠬᠢᠨᠠᠯᠳᠠ ᠬᠠᠮᠢᠶᠠᠷᠤᠯᠳᠠ ᠶ᠋ᠢᠨ ᠰᠢᠨᠵᠢᠯᠡᠬᠦ ᠤᠬᠠᠭᠠᠨ ᠤ᠋ ᠰᠢᠨ᠎ᠠ ᠶ᠋ᠢ ᠡᠭᠦᠳᠬᠦ ᠰᠤᠳᠤᠯᠭᠠᠨ ᠤ᠋ ᠰᠠᠭᠤᠷᠢᠨ ᠤ᠋ ᠬᠠᠮᠢᠶᠠᠷᠤᠯᠳᠠ ᠶ᠋ᠢᠨ ᠠᠷᠭ᠎ᠠ》 (ᠳᠤᠷᠤᠭᠰᠢ 《ᠠᠷᠭ᠎ᠠ》 ᠭᠡᠵᠦ ᠲᠦᠬᠦᠮᠴᠢᠯᠡᠨ᠎ᠠ) ᠶ᠋ᠢ ᠳᠤᠭᠳᠠᠭᠠᠨ ᠬᠡᠷᠡᠭᠵᠢᠭᠦᠯᠵᠦ᠂ ᠮᠠᠨ ᠤ᠋ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠰᠢᠨᠵᠢᠯᠡᠬᠦ ᠤᠬᠠᠭᠠᠨ ᠤ᠋ ᠰᠢᠨ᠎ᠠ ᠶ᠋ᠢ ᠡᠭᠦᠳᠬᠦ ᠳᠠᠪᠴᠠᠩ ᠤ᠋ᠨ ᠳᠦᠷᠢᠮᠵᠢᠭᠰᠡᠨ ᠬᠠᠮᠢᠶᠠᠷᠤᠯᠳᠠ ᠶ᠋ᠢᠨ ᠬᠤᠭᠤᠰᠤᠨ ᠢ᠋ ᠨᠦᠬᠦᠪᠤᠷᠢᠯᠡᠪᠡ᠃
ᠲᠤᠰ 《ᠠᠷᠭ᠎ᠠ》 ᠳ᠋ᠤ᠂ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠰᠢᠨᠵᠢᠯᠡᠬᠦ ᠤᠬᠠᠭᠠᠨ ᠤ᠋ ᠰᠢᠨ᠎ᠠ ᠶ᠋ᠢ ᠡᠭᠦᠳᠬᠦ ᠰᠤᠳᠤᠯᠭᠠᠨ ᠤ᠋ ᠰᠠᠭᠤᠷᠢᠨ ᠤ᠋ ᠪᠦᠲᠦᠭᠡᠨ ᠪᠠᠢᠭᠤᠯᠤᠯᠳᠠ ᠨᠢ ᠳᠤᠮᠳᠠᠳᠤ ᠶ᠋ᠢᠨ ᠦᠨᠳᠦᠰᠦᠳᠡᠨ ᠤ᠋ ᠬᠠᠮᠳᠤ ᠶ᠋ᠢᠨ ᠴᠤᠭᠴᠠ ᠶ᠋ᠢᠨ ᠤᠬᠠᠮᠰᠠᠷ ᠢ᠋ ᠪᠠᠳᠤ ᠴᠤᠭᠴᠠᠯᠠᠬᠤ ᠪᠡᠷ ᠭᠤᠤᠯ ᠱᠤᠭᠤᠮ ᠪᠤᠯᠭᠠᠵᠤ᠂ 《 ᠡᠮ ᠤ᠋ᠨ ᠵᠦᠢᠯᠡᠰ᠂ ᠡᠮᠴᠢᠯᠡᠭᠡᠨ ᠤ᠋ ᠪᠠᠭᠠᠵᠢ ᠬᠡᠷᠡᠭᠰᠡᠯ ᠪᠠ ᠭᠤᠶᠤᠯᠠᠯ ᠤ᠋ᠨ ᠡᠳ᠋ 》 ᠤ᠋ᠨ ᠬᠢᠨᠠᠯᠳᠠ ᠬᠠᠮᠢᠶᠠᠷᠤᠯᠳᠠ ᠶ᠋ᠢᠨ ᠰᠢᠨᠵᠢᠯᠡᠬᠦ ᠤᠬᠠᠭᠠᠨ ᠤ᠋ ᠰᠤᠳᠤᠯᠭᠠᠨ ᠶ᠋ᠢᠡᠷ ᠭᠤᠤᠯ ᠪᠤᠯᠭᠠᠨ᠂ ᠦᠪᠦᠷ ᠮᠤᠩᠭᠤᠯ ᠤ᠋ᠨ ᠬᠢᠨᠠᠯᠳᠠ ᠬᠠᠮᠢᠶᠠᠷᠤᠯᠳᠠ ᠶ᠋ᠢᠨ ᠠᠵᠢᠯ ᠤ᠋ᠨ ᠪᠤᠳᠠᠳᠤ ᠪᠠᠢᠳᠠᠯ ᠬᠢᠭᠡᠳ ᠠᠵᠤ ᠦᠢᠯᠡᠰ ᠤ᠋ᠨ ᠤᠨᠴᠠᠯᠢᠭ ᠲᠤ᠌ ᠰᠠᠭᠤᠷᠢᠯᠠᠨ᠂ ᠤᠷᠤᠨ ᠨᠤᠳᠤᠭᠴᠢᠯᠠᠭᠰᠠᠨ ᠬᠢᠨᠠᠯᠳᠠ ᠬᠠᠮᠢᠶᠠᠷᠤᠯᠳᠠ ᠶ᠋ᠢᠨ ᠰᠢᠨ᠎ᠠ ᠪᠠᠭᠠᠵᠢ ᠬᠡᠷᠡᠭᠰᠡᠯ᠂ ᠰᠢᠨ᠎ᠠ ᠪᠠᠷᠢᠮᠵᠢᠶ᠎ᠠ᠂ ᠰᠢᠨ᠎ᠠ ᠠᠷᠭ᠎ᠠ ᠬᠡᠮᠵᠢᠶ᠎ᠠ ᠶ᠋ᠢ ᠭᠤᠤᠯᠳᠠᠯᠭ᠎ᠠ ᠲᠠᠢ ᠰᠤᠳᠤᠯᠤᠨ ᠨᠡᠭᠡᠭᠡᠵᠦ᠂ ᠰᠤᠳᠤᠯᠭᠠᠨ ᠤ᠋ ᠦᠷ᠎ᠠ ᠪᠦᠲᠦᠭᠡᠯ ᠢ᠋ ᠤᠨᠳᠤᠤᠰᠢᠭᠤᠯᠤᠨ ᠬᠡᠷᠡᠭᠯᠡᠭᠡᠨ ᠳ᠋ᠤ ᠤᠷᠤᠭᠤᠯᠬᠤ ᠶ᠋ᠢ ᠠᠬᠢᠭᠤᠯᠵᠤ᠂ ᠲᠤᠰᠬᠠᠢᠵᠢᠭᠰᠠᠨ ᠬᠢᠨᠠᠯᠳᠠ ᠬᠠᠮᠢᠶᠠᠷᠤᠯᠳᠠ ᠶ᠋ᠢᠨ ᠰᠢᠨᠵᠢᠯᠡᠬᠦ ᠤᠬᠠᠭᠠᠨ ᠮᠡᠷᠭᠡᠵᠢᠯ ᠤ᠋ᠨ ᠴᠢᠳᠠᠪᠤᠷᠢᠳᠠᠨ ᠢ᠋ ᠪᠤᠢᠵᠢᠭᠤᠯᠤᠨ᠂ ᠤᠷᠤᠨ ᠨᠤᠳᠤᠭ ᠤ᠋ᠨ ᠬᠢᠨᠠᠯᠳᠠ ᠬᠠᠮᠢᠶᠠᠷᠤᠯᠳᠠ ᠶ᠋ᠢᠨ ᠦᠢᠯᠡᠳᠦᠯᠭᠡ ᠬᠢᠭᠡᠳ ᠠᠵᠤ ᠦᠢᠯᠡᠰ ᠤ᠋ᠨ ᠬᠡᠷᠡᠭᠴᠡᠭᠡ ᠳ᠋ᠤ ᠳᠤᠬᠢᠷᠠᠭᠰᠠᠨ ᠰᠢᠨ᠎ᠠ ᠶ᠋ᠢ ᠡᠭᠦᠳᠬᠦ ᠳᠠᠪᠴᠠᠩ ᠢ᠋ ᠴᠤᠭᠴᠠᠯᠠᠨ᠎ᠠ;ᠦᠪᠦᠷ ᠮᠤᠩᠭᠤᠯ ᠤ᠋ᠨ 《ᠡᠮ ᠤ᠋ᠨ ᠵᠦᠢᠯᠡᠰ᠂ ᠡᠮᠴᠢᠯᠡᠭᠡᠨ ᠤ᠋ ᠪᠠᠭᠠᠵᠢ ᠬᠡᠷᠡᠭᠰᠡᠯ ᠪᠠ ᠭᠤᠶᠤᠯᠠᠯ ᠤ᠋ᠨ ᠡᠳ᠋ 》 ᠤ᠋ᠨ ᠠᠵᠤ ᠠᠬᠤᠢᠯᠠᠯ᠂ ᠰᠢᠯᠭᠠᠨ ᠪᠠᠢᠴᠠᠭᠠᠬᠤ ᠬᠢᠨᠠᠨ ᠬᠡᠮᠵᠢᠬᠦ ᠪᠠᠢᠭᠤᠯᠤᠮᠵᠢ᠂ ᠶᠡᠬᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ᠋ ᠰᠤᠳᠤᠯᠭᠠᠨ ᠤ᠋ ᠬᠦᠷᠢᠶᠡᠯᠡᠩ ᠭᠠᠵᠠᠷ᠂ ᠡᠮᠨᠡᠯᠭᠡ ᠶ᠋ᠢᠨ ᠬᠤᠷᠢᠶ᠎ᠠ ᠵᠡᠷᠭᠡ ᠰᠢᠯᠢᠳᠡᠭ ᠬᠠᠤᠯᠢ ᠶ᠋ᠢᠨ ᠡᠷᠬᠡᠳᠡᠨ ᠪᠦᠬᠦᠢ ᠨᠢᠭᠡᠴᠢ ᠳ᠋ᠤ ᠲᠦᠰᠢᠭᠯᠡᠨ ᠬᠢᠨᠠᠯᠳᠠ ᠬᠠᠮᠢᠶᠠᠷᠤᠯᠳᠠ ᠶ᠋ᠢᠨ ᠰᠢᠨᠵᠢᠯᠡᠬᠦ ᠤᠬᠠᠭᠠᠨ ᠤ᠋ ᠰᠢᠨ᠎ᠠ ᠶ᠋ᠢ ᠡᠭᠦᠳᠬᠦ ᠰᠤᠳᠤᠯᠭᠠᠨ ᠤ᠋ ᠰᠠᠭᠤᠷᠢᠨ ᠢ᠋ ᠪᠠᠢᠭᠤᠯᠵᠤ᠂ ᠠᠵᠤ ᠦᠢᠯᠡᠰ ᠵᠢᠭᠠᠨ ᠰᠤᠷᠭᠠᠯᠳᠠ ᠰᠤᠳᠤᠯᠭᠠᠨ ᠤ᠋ ᠨᠢᠭᠡᠴᠢ ᠡᠴᠡ ᠬᠠᠮᠳᠤᠷᠠᠨ ᠪᠦᠲᠦᠭᠡᠨ ᠪᠠᠢᠭᠤᠯᠬᠤ ᠶ᠋ᠢ ᠵᠤᠷᠢᠭᠵᠢᠭᠤᠯᠤᠨ᠂ ᠲᠦᠷᠦᠯ ᠬᠤᠪᠢᠶᠠᠨ ᠪᠠᠢᠷᠢᠰᠢᠭᠤᠯᠬᠤ᠂ ᠴᠢᠭᠯᠡᠭᠦᠯᠦᠯᠳᠤ ᠴᠢᠨᠠᠷᠳᠠᠢ ᠪᠡᠷ ᠪᠤᠭᠤᠮᠳᠠ ᠰᠢᠪᠳᠤᠯᠬᠤ ᠶ᠋ᠢ ᠬᠡᠷᠡᠭᠵᠢᠭᠦᠯᠦᠨ᠎ᠠ;ᠤᠯᠠᠨ ᠲᠠᠯ᠎ᠠ ᠶ᠋ᠢᠨ ᠬᠠᠮᠵᠢᠯᠴᠠᠨ ᠠᠵᠢᠯᠯᠠᠬᠤ ᠬᠠᠮᠢᠶᠠᠷᠤᠯᠳᠠ ᠶ᠋ᠢᠨ ᠰᠢᠰᠲ᠋ᠧᠮ ᠢ᠋ ᠬᠡᠷᠡᠭᠵᠢᠭᠦᠯᠵᠤ᠂ ᠬᠦᠲᠡᠯᠦᠩᠭᠦᠢ ᠪᠡᠷ ᠳᠤᠬᠢᠷᠠᠭᠤᠯᠤᠯᠳᠠ ᠬᠢᠬᠦ ᠠᠵᠢᠯᠯᠠᠭᠠᠨ ᠤ᠋ ᠳᠤᠭᠳᠠᠴᠠ ᠶ᠋ᠢ ᠪᠠᠢᠭᠤᠯᠤᠨ᠂ ᠰᠢᠯᠢᠳᠡᠭ ᠢ᠋ ᠨᠢ ᠱᠠᠩᠨᠠᠬᠤ᠂ ᠴᠡᠭᠴᠡᠯᠡᠨ ᠵᠠᠰᠠᠬᠤ᠂ ᠰᠢᠭᠰᠢᠭᠳᠡᠭᠦᠯᠬᠦ ᠬᠠᠮᠢᠶᠠᠷᠤᠯᠳᠠ ᠶ᠋ᠢ ᠬᠡᠷᠡᠭᠵᠢᠭᠦᠯᠦᠨ᠎ᠠ ᠭᠡᠵᠦ ᠲᠤᠳᠤᠷᠬᠠᠢᠯᠠᠪᠠ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号