ᠤᠯᠤᠰ᠎ᠤᠨ ᠵᠢᠭᠠᠬᠤ ᠮᠠᠲ᠋ᠧᠷᠢᠶᠠᠯ᠎ᠤᠨ ᠵᠥᠪᠯᠡᠯ᠎ᠦᠨ ᠠᠯᠪᠠᠨ ᠭᠡᠷ ᠪᠣᠯᠤᠨ ᠲᠥᠪ᠎ᠦᠨ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠨ ᠵᠣᠬᠢᠶᠠᠨ ᠪᠠᠢᠭᠤᠯᠵᠤ ᠨᠠᠢᠷᠠᠭᠤᠯᠤᠨ ᠪᠢᠴᠢᠭ᠌ᠰᠡᠨ 《ᠳᠤᠮᠳᠠᠳᠤ ᠪᠠᠭ᠎ᠠ ᠰᠤᠷᠭᠠᠭᠤᠯᠢ᠎ᠶ᠋ᠢᠨ ᠰᠤᠷᠤᠭ᠍ᠴᠢᠳ᠎ᠤᠨ ᠤᠯᠤᠰ᠎ᠤᠨ ᠠᠮᠤᠷ ᠲᠦᠪᠱᠢᠨ᠎ᠦ ᠬᠥᠮᠦᠵᠢᠯ᠎ᠦᠨ ᠤᠩᠱᠢᠬᠤ ᠪᠢᠴᠢᠭ》 ᠢ᠋ ᠲᠦᠷᠦᠭᠦᠬᠡᠨ ᠠᠷᠠᠳ᠎ᠤᠨ ᠬᠡᠪᠯᠡᠯ᠎ᠦᠨ ᠬᠣᠷᠢᠶ᠎ᠠ ᠪᠣᠯᠤᠨ ᠠᠷᠠᠳ᠎ᠤᠨ ᠰᠤᠷᠭᠠᠨ ᠬᠥᠮᠦᠵᠢᠯ᠎ᠦᠨ ᠬᠡᠪᠯᠡᠯ᠎ᠦᠨ ᠬᠣᠷᠢᠶ᠎ᠠ ᠡᠴᠡ ᠬᠠᠮᠲᠤᠷᠠᠨ ᠬᠡᠪᠯᠡᠭᠦᠯᠦᠨ ᠲᠠᠷᠬᠠᠭᠠᠪᠠ᠃
《ᠳᠤᠮᠳᠠᠳᠤ ᠪᠠᠭ᠎ᠠ ᠰᠤᠷᠭᠠᠭᠤᠯᠢ᠎ᠶ᠋ᠢᠨ ᠰᠤᠷᠤᠭ᠍ᠴᠢᠳ᠎ᠤᠨ ᠤᠯᠤᠰ᠎ᠤᠨ ᠠᠮᠤᠷ ᠲᠦᠪᠱᠢᠨ᠎ᠦ ᠬᠥᠮᠦᠵᠢᠯ᠎ᠦᠨ ᠤᠩᠱᠢᠬᠤ ᠪᠢᠴᠢᠭ》 ᠨᠢ ᠨᠡᠢ᠌ᠳᠡ 4 ᠳᠡᠪᠲᠡᠷ ᠪᠠᠢᠵᠤ᠂ ᠪᠠᠭ᠎ᠠ ᠰᠤᠷᠭᠠᠭᠤᠯᠢ᠎ᠶ᠋ᠢᠨ ᠳᠡᠭᠡᠳᠦ ᠲᠤᠤᠷᠠᠳᠤ ᠳᠡᠪᠲᠡᠷ᠂ ᠠᠩᠬ᠎ᠠ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠨᠢᠭᠡ ᠳᠡᠪᠲᠡᠷ᠂ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠨᠢᠭᠡ ᠳᠡᠪᠲᠡᠷ ᠭᠡᠵᠦ᠍ ᠬᠤᠪᠢᠶᠠᠨ᠂ ᠪᠣᠳᠠᠲᠠᠢ ᠡᠴᠡ ᠬᠡᠢᠰᠪᠦᠷᠢ᠂ ᠰᠡᠷᠡᠯ᠎ᠦᠨ ᠣᠢᠯᠠᠭᠠᠯᠲᠠ ᠡᠴᠡ ᠤᠶᠤᠨ᠎ᠤ ᠲᠠᠨᠢᠯᠲᠠ᠎ᠳᠤ ᠬᠦᠷᠬᠦ᠌ ᠰᠡᠳᠭᠢᠮᠵᠢ ᠪᠡᠷ ᠠᠳᠠᠯᠢ ᠪᠤᠰᠤ ᠳᠡᠪᠲᠡᠷ᠎ᠦᠨ ᠠᠭᠤᠯᠭ᠎ᠠ᠎ᠶ᠋ᠢ ᠨᠠᠢᠷᠠᠭᠤᠯᠤᠨ ᠵᠢᠭ᠍ᠰᠠᠭᠠᠵᠠᠢ᠃
ᠡᠭᠦᠨ᠎ᠳᠦ᠂ ᠪᠠᠭ᠎ᠠ ᠰᠤᠷᠭᠠᠭᠤᠯᠢ᠎ᠶ᠋ᠢᠨ ᠳᠡᠭᠡᠳᠦ ᠳᠡᠪᠲᠡᠷ᠎ᠦᠨ ᠤᠩᠱᠢᠬᠤ ᠪᠢᠴᠢᠭ᠎ᠲᠦ ᠭᠣᠣᠯᠳᠠᠭᠤ ᠤᠯᠤᠰ᠎ᠤᠨ ᠠᠮᠤᠷ ᠲᠦᠪᠱᠢᠨ᠎ᠦ ᠦᠨᠳᠦᠰᠦᠨ ᠶᠡᠷᠦ᠍᠎ᠶ᠋ᠢᠨ ᠮᠡᠳᠡᠯᠭᠡ᠂ ᠪᠠᠭ᠎ᠠ ᠰᠤᠷᠭᠠᠭᠤᠯᠢ᠎ᠶ᠋ᠢᠨ ᠳᠣᠣᠷᠠᠳᠤ ᠳᠡᠪᠲᠡᠷ᠎ᠦᠨ ᠤᠩᠱᠢᠬᠤ ᠪᠢᠴᠢᠭ ᠲᠤ᠌ ᠤᠯᠤᠰ᠎ᠤᠨ ᠠᠮᠤᠷ ᠲᠦᠪᠱᠢᠨ᠎ᠲᠡᠶ ᠬᠣᠯᠪᠣᠭ᠍ᠳᠠᠬᠤ ᠬᠡᠷᠡᠭ᠎ᠦᠨ ᠵᠢᠱ᠌ᠢᠶ᠎ᠡ᠎ᠵᠢ ᠲᠠᠨᠢᠯᠴᠠᠭᠤᠯᠪᠠ᠃ ᠠᠩᠬ᠎ᠠ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠤᠩᠱᠢᠬᠤ ᠪᠢᠴᠢᠭ᠎ᠨᠢ ᠬᠡᠷᠡᠭ᠎ᠦᠨ ᠵᠢᠱ᠌ᠢᠶ᠎ᠡ ᠣᠷᠣᠭᠤᠯᠬᠤ ᠪᠠ ᠮᠡᠳᠡᠯᠭᠡ ᠶᠠᠷᠢᠬᠤ ᠠᠷᠭ᠎ᠠ᠎ᠪᠡᠷ ᠳᠠᠮᠵᠢᠨ᠂ ᠰᠤᠷᠤᠭ᠍ᠴᠢᠳ᠎ᠢ ᠬᠥᠲᠥᠯᠦᠨ ᠵᠢᠯᠣᠭᠣᠳᠴᠤ᠌ ᠤᠯᠤᠰ᠎ᠤᠨ ᠶᠡᠷᠦᠩᠬᠡᠶ ᠠᠮᠤᠷ ᠲᠦᠪᠱᠢᠨ᠎ᠦ ᠦᠵᠡᠯᠲᠡ᠎ᠶ᠋ᠢ ᠤᠯᠠᠮ ᠨᠢᠭᠡ ᠠᠯᠬᠤᠮ ᠣᠢᠯᠠᠭᠠᠭᠤᠯᠵᠤ᠂ ᠡᠯ᠎ᠡ ᠬᠦᠷᠢᠶ᠎ᠡ ᠴᠠᠷᠠᠭ᠎ᠠ᠎ᠶ᠋ᠢᠨ ᠠᠮᠤᠷ ᠲᠦᠪᠱᠢᠨ᠎ᠦ ᠦᠨᠳᠦᠰᠦᠨ ᠲᠠᠨᠢᠯᠲᠠ᠎ᠶ᠋ᠢ ᠪᠣᠶ ᠪᠣᠯᠭᠠᠨ᠎ᠠ᠃ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠤᠩᠱᠢᠬᠤ ᠪᠢᠴᠢᠭ 《ᠠᠷᠪᠠ᠎ᠶ᠋ᠢ ᠪᠠᠷᠢᠮᠲᠠᠯᠠᠬᠤ》 ᠶ᠋ᠢᠨ ᠲᠣᠭᠣᠷᠢᠨ᠎ᠳᠤ ᠶᠠᠪᠤᠭ᠍ᠳᠠᠵᠤ᠂ ᠰᠤᠷᠤᠭ᠍ᠴᠢᠳ᠎ᠢ ᠬᠥᠲᠥᠯᠥᠨ ᠵᠢᠯᠣᠭᠣᠳᠴᠤ᠌ ᠤᠯᠤᠰ᠎ᠤᠨ ᠠᠮᠤᠷ ᠲᠦᠪᠱᠢᠨ ᠨᠢ ᠤᠯᠤᠰ᠎ᠤᠨ ᠬᠥᠭ᠌ᠵᠢᠯᠲᠡ᠎ᠳᠦ ᠦᠵᠡᠭᠦᠯᠬᠦ᠌ ᠴᠢᠬᠤᠯᠠ ᠦᠶ᠋ᠯᠡᠳᠦᠯ᠎ᠢ ᠲᠠᠨᠢᠭᠤᠯᠵᠤ᠂ ᠤᠯᠤᠰ᠎ᠤᠨ ᠠᠮᠤᠷ ᠲᠦᠪᠱᠢᠨ᠎ᠢ ᠬᠠᠮᠠᠭᠠᠯᠠᠬᠤ ᠢᠲᠡᠭᠡᠯ ᠵᠣᠷᠢᠭ᠎ᠢ᠎ᠨᠢ ᠪᠠᠲᠤᠳᠭᠠᠨ᠎ᠠ᠃
ᠣᠢᠯᠠᠭᠠᠭ᠍ᠰᠠᠨ᠎ᠢᠶᠠᠷ᠂ 《ᠳᠤᠮᠳᠠᠳᠤ ᠪᠠᠭ᠎ᠠ ᠰᠤᠷᠭᠠᠭᠤᠯᠢ᠎ᠶ᠋ᠢᠨ ᠰᠤᠷᠤᠭ᠍ᠴᠢᠳ᠎ᠤᠨ ᠤᠯᠤᠰ᠎ᠤᠨ ᠠᠮᠤᠷ ᠲᠦᠪᠱᠢᠨ᠎ᠦ ᠬᠥᠮᠦᠵᠢᠯ᠎ᠦᠨ ᠤᠩᠱᠢᠬᠤ ᠪᠢᠴᠢᠭ》 ᠪᠣᠯ ᠪᠥᠬᠥ᠌ ᠤᠯᠤᠰ᠎ᠤᠨ ᠳᠤᠮᠳᠠᠳᠤ ᠪᠠᠭ᠎ᠠ ᠰᠤᠷᠭᠠᠭᠤᠯᠢ ᠪᠠ ᠳᠤᠮᠳᠠ ᠵᠡᠷᠭᠡ᠎ᠶ᠋ᠢᠨ ᠠᠵᠢᠯ ᠮᠡᠷᠭᠡᠵᠢᠯ᠎ᠦᠨ ᠰᠤᠷᠭᠠᠭᠤᠯᠢ᠎ᠶ᠋ᠢᠨ ᠤᠯᠤᠰ᠎ᠤᠨ ᠠᠮᠤᠷ ᠲᠦᠪᠱᠢᠨ᠎ᠦ ᠬᠥᠮᠦᠵᠢᠯ᠎ᠢ ᠥᠷᠨᠢᠭᠦᠯᠬᠦ᠌᠂ ᠤᠯᠤᠰ᠎ᠤᠨ ᠶᠡᠷᠦᠩᠬᠡᠢ ᠠᠮᠤᠷ ᠲᠦᠪᠱᠢᠨ᠎ᠦ ᠦᠵᠡᠯᠲᠡ᠎ᠶ᠋ᠢ ᠱᠢᠰᠲ᠋ᠧᠮ᠎ᠲᠡᠶ ᠰᠤᠷᠤᠯᠴᠠᠬᠤ ᠡᠷᠬᠡ ᠰᠦᠷᠲᠦ ᠬᠡᠷᠡᠭ᠌ᠯᠡᠬᠦ᠌ ᠨᠣᠮ ᠮᠥᠨ᠂ ᠲᠡᠷᠡ ᠨᠢ ᠨᠢᠭᠡᠨᠲᠡ ᠬᠡᠪᠯᠡᠭ᠌ᠳᠡᠭ᠌ᠰᠡᠨ 《ᠶᠡᠬᠡ ᠰᠤᠷᠭᠠᠭᠤᠯᠢ ᠵᠢᠨ ᠤᠶᠤᠲᠠᠳ᠎ᠤᠨ ᠤᠯᠤᠰ᠎ᠤᠨ ᠠᠮᠤᠷ ᠲᠦᠪᠱᠢᠨ᠎ᠦ ᠬᠥᠮᠦᠵᠢᠯ᠎ᠦᠨ ᠤᠩᠱᠢᠬᠤ ᠪᠢᠴᠢᠭ》 ᠲᠠᠢ ᠬᠠᠮᠲᠤ᠎ᠪᠠᠷ ᠪᠠᠭ᠎ᠠ ᠰᠤᠷᠭᠠᠭᠤᠯᠢ᠂ ᠠᠩᠬ᠎ᠠ ᠵᠡᠷᠭᠡ᠎ᠶ᠋ᠢᠨ ᠳᠤᠮᠳᠠᠳᠤ ᠰᠤᠷᠭᠠᠭᠤᠯᠢ᠂ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ ᠡᠴᠡ ᠶᠡᠬᠡ ᠰᠤᠷᠭᠠᠭᠤᠯᠢ ᠬᠦᠷᠬᠦ ᠪᠥᠬᠥ᠌ ᠰᠤᠷᠤᠯᠭ᠎ᠠ᠎ᠶ᠋ᠢᠨ ᠱᠠᠳᠤ ᠬᠦᠷᠲᠡᠯ᠎ᠡ ᠪᠦᠲᠦᠮᠵᠢᠲᠡᠶ ᠨᠡᠪᠲᠡᠷᠡᠬᠦ᠌᠎ᠶ᠋ᠢ ᠪᠡᠶᠡᠯᠡᠭᠦᠯᠵᠦ᠍᠂ ᠤᠯᠤᠰ᠎ᠤᠨ ᠠᠮᠤᠷ ᠲᠦᠪᠱᠢᠨ᠎ᠦ ᠰᠤᠷᠭᠠᠨ ᠬᠥᠮᠦᠵᠢᠯ᠎ᠦᠨ ᠨᠢᠭᠡ ᠴᠣᠭ᠍ᠴᠠᠵᠢᠭᠤᠯᠬᠤ ᠪᠠᠢᠭᠤᠯᠤᠯᠲᠠ᠎ᠶ᠋ᠢ ᠠᠬᠢᠭᠤᠯᠬᠤ᠎ᠳᠤ ᠪᠠᠲᠤ ᠪᠠᠬᠢ ᠲᠤᠯᠭᠠᠭᠤᠷᠢᠯᠠᠯ ᠬᠠᠩᠭᠠᠪᠠ᠃
(ᠱᠢᠨᠬᠤᠸᠠ ᠬᠣᠷᠢᠶ᠎ᠠ ᠵᠢᠨ ᠪᠡᠭᠡᠵᠢᠩ᠎ᠦᠨ 4 ᠰᠠᠷ᠎ᠠ᠎ᠶ᠋ᠢᠨ 14 ᠤ᠋ ᠴᠠᠬᠢᠯᠭᠠᠨ ᠮᠡᠳᠡᠭᠡ)