ᠬᠢᠩᠭᠠᠨ ᠠᠢᠮᠠᠭ 《ᠭᠤᠷᠪᠠᠨ ᠰᠤᠳᠤᠯᠤᠨ ᠰᠤᠷᠤᠯᠴᠠᠯᠭ᠎ᠠ》 ᠪᠡᠷ ᠦᠵᠡᠯ ᠰᠠᠨᠠᠭ᠎ᠠ ᠤᠯᠤᠰ ᠲᠥᠷᠥ ᠶ᠋ᠢᠨ ᠬᠦᠮᠦᠵᠢᠯ ᠤ᠋ᠨ ᠱᠢᠨ᠎ᠡ ᠠᠬᠤᠢ ᠪᠠᠢᠳᠠᠯ ᠢ᠋ ᠴᠤᠭᠴᠠᠯᠠᠨ᠎ᠠ
2026-04-15 09:22:43
ᠵᠣᠬᠢᠶᠠᠭ᠍ᠴᠢ᠄
ᠭᠣᠣ ᠮᠢᠨ ᠨᠠ
ᠣᠩᠱᠢᠭ᠍ᠰᠠᠨ ᠣᠳᠠᠭ᠎ᠠ᠄
★★★☆☆

ᠨᠡᠬᠡᠬᠡᠭᠰᠡᠨ ᠬᠠᠩᠰᠢ ᠪᠤᠯᠵᠦ᠂ ᠬᠢᠩᠭᠠᠨ ᠨᠤᠲᠤᠭ ᠲᠦ᠍ ᠨᠤᠭᠤᠭ᠎ᠠ ᠨᠠᠬᠢᠶᠠᠯᠠᠨ ᠮᠤᠳᠤ ᠴᠢᠬᠢᠯᠡᠵᠦ᠂ ᠤᠯᠠᠭᠠᠨᠬᠣᠲᠠ ᠶ᠋ᠢᠨ ᠦᠷᠡᠭ᠌ᠳᠡᠭ᠌ᠰᠡᠨ ᠪᠠᠭᠠᠲᠤᠷᠴᠤᠳ ᠤ᠋ᠨ ᠪᠤᠩᠬᠤᠨ ᠤ᠋ ᠬᠦᠷᠢᠶᠡᠯᠡᠩ ᠳ᠋ᠦ ᠨᠠᠷᠠᠰᠤ ᠮᠠᠢᠯᠠᠰᠤ ᠬᠥᠬᠡᠷᠡᠨ ᠨᠣᠭᠣᠭᠠᠷᠠᠵᠤ᠂ ᠠᠭᠤᠷ ᠠᠮᠢᠰᠭᠤᠯ ᠲᠥᠪ ᠬᠢᠴᠢᠶᠡᠩᠭᠦᠢ᠃ ᠤᠯᠠᠭᠠᠨᠬᠣᠲᠠ ᠶ᠋ᠢᠨ ᠱᠧᠩᠯᠢ ᠨᠢᠭᠡᠳᠦᠭᠡᠷ ᠪᠠᠭ᠎ᠠ ᠰᠤᠷᠭᠠᠭᠤᠯᠢ ᠶ᠋ᠢᠨ ᠬᠤᠯᠪᠤᠭᠠᠳᠦ ᠰᠤᠷᠭᠠᠭᠤᠯᠢ ᠶ᠋ᠢᠨ ᠪᠠᠭ᠍ᠰᠢ ᠰᠤᠷᠤᠭ᠍ᠴᠢᠳ ᠵᠢᠭ᠌ᠳᠡ ᠮᠦᠷᠯᠡᠨ ᠦᠷᠡᠭ᠌ᠳᠡᠭ᠌ᠰᠡᠨ ᠪᠠᠭᠠᠲᠤᠷᠴᠤᠳ ᠤ᠋ᠨ ᠳᠤᠷᠠᠰᠭᠠᠯ ᠤ᠋ᠨ ᠬᠥᠱᠢᠶᠡᠨ ᠳ᠋ᠦ ᠴᠡᠴᠡᠭ᠌ᠲᠦ ᠰᠠᠭ᠍ᠰᠤ ᠡᠷᠬᠦᠵᠦ᠂ ᠲᠠᠭᠤᠨ ᠨᠢᠭᠡᠲᠡᠢ ᠪᠡᠷ ᠬᠤᠪᠢᠰᠭᠠᠯ ᠤ᠋ᠨ ᠰᠣᠩᠭᠣᠳᠠᠭ ᠵᠣᠬᠢᠶᠠᠯ ᠢ᠋ ᠤᠩᠱᠢᠪᠠ᠃

《ᠦᠷᠡᠭ᠌ᠳᠡᠭ᠌ᠰᠡᠨ ᠪᠠᠭᠠᠲᠤᠷᠴᠤᠳ ᠬᠠᠯᠠᠭᠤᠨ ᠠᠮᠢ ᠪᠠᠷ ᠢ᠋ᠶ᠋ᠠᠨ ᠥᠨᠥᠳᠦᠷ ᠤ᠋ᠨ ᠠᠮᠤᠷ ᠵᠢᠷᠭᠠᠯ ᠳᠠᠢ ᠠᠮᠢᠳᠤᠷᠠᠯ ᠢ᠋ ᠰᠣᠯᠢᠵᠤ ᠠᠪᠴᠢᠷᠠᠪᠠ᠃ ᠪᠢᠳᠡ ᠦᠷᠡᠭ᠌ᠳᠡᠭ᠌ᠰᠡᠨ ᠪᠠᠭᠠᠲᠤᠷᠴᠤᠳ ᠤ᠋ᠨ ᠵᠣᠷᠢᠭ ᠰᠠᠨᠠᠭ᠎ᠠ ᠵᠢ ᠤᠯᠠᠮᠵᠢᠯᠠᠨ᠂ ᠴᠢᠷᠮᠠᠢᠨ ᠰᠤᠷᠤᠯᠴᠠᠵᠤ ᠂ ᠬᠤᠪᠢᠰᠭᠠᠯ ᠤ᠋ᠨ ᠤᠳᠤᠮᠱᠢᠯ ᠢ᠋ ᠦᠶ᠎ᠡ ᠶ᠋ᠢᠨ ᠦᠶ᠎ᠡ ᠳ᠋ᠦ ᠤᠯᠠᠮᠵᠢᠯᠠᠨ᠎ᠠ》 ᠭᠡᠵᠦ᠍ ᠤᠯᠠᠭᠠᠨᠬᠣᠲᠠ ᠶ᠋ᠢᠨ ᠾᠧ ᠫᠢᠩ ᠭᠤᠷᠪᠠᠳᠤᠭᠠᠷ ᠪᠠᠭ᠎ᠠ ᠰᠤᠷᠭᠠᠭᠤᠯᠢ ᠶ᠋ᠢᠨ ᠰᠤᠷᠤᠭ᠍ᠴᠢ ᠸᠠᠩ ᠢ ᠹᠸᠢ ᠡᠷᠡᠰ ᠪᠠᠲᠤ ᠬᠡᠯᠡᠨ᠎ᠡ᠃

ᠬᠡᠥᠬᠡᠳ ᠪᠠᠭᠠᠴᠤᠳ ᠤ᠋ᠨ ᠡᠨᠡ ᠬᠦ᠌ ᠡᠬᠡ ᠣᠷᠣᠨᠴᠢ ᠴᠢᠩ ᠦᠨᠡᠨᠴᠢ ᠬᠠᠢᠷ᠎ᠠ ᠰᠡᠳᠭᠢᠯᠭᠡ ᠪᠤᠯᠤᠨ ᠡᠷᠡᠰ ᠪᠠᠲᠤ ᠬᠦᠰᠡᠯᠡᠩ ᠢᠲᠡᠭᠡᠯ ᠪᠢᠱᠢᠷᠡᠯ ᠨᠢ ᠬᠢᠩᠭᠠᠨ ᠠᠢᠮᠠᠭ ᠤ᠋ᠨ ᠨᠠᠰᠤᠨ ᠳ᠋ᠦ ᠥᠯᠥ᠍ ᠬᠦᠷᠦᠭ᠌ᠰᠡᠳ ᠤ᠋ᠨ ᠦᠵᠡᠯ ᠰᠠᠨᠠᠭ᠎ᠠ ᠤᠯᠤᠰ ᠲᠥᠷᠥ ᠶ᠋ᠢᠨ ᠬᠥᠮᠦᠵᠢᠯ ᠢ᠋ ᠦᠷᠭᠦᠯᠵᠢᠯᠡᠨ ᠭᠦᠨᠵᠡᠭᠡᠶ ᠥᠷᠨᠢᠭᠦᠯᠦᠭᠰᠡᠨ ᠪᠠ ᠬᠠᠢᠨ ᠰᠦᠪᠡᠭ᠌ᠴᠢᠯᠡᠬᠰᠡᠨ ᠡᠴᠡ ᠰᠠᠯᠵᠤ ᠴᠢᠳᠠᠬᠤ ᠥᠬᠡᠶ ᠶᠤᠮ᠃ ᠡᠨᠡ ᠵᠢᠯ ᠡᠴᠡ ᠨᠠᠭᠠᠰᠢ᠂ ᠬᠢᠩᠭᠠᠨ ᠠᠢᠮᠠᠭ 《ᠦᠵᠡᠯ ᠰᠠᠨᠠᠭ᠎ᠠ ᠤᠯᠤᠰ ᠲᠥᠷᠥ ᠶ᠋ᠢᠨ ᠰᠦᠭ ᠰᠦᠨᠡᠰᠦ ᠵᠢ ᠴᠤᠭᠴᠠᠯᠠᠶ᠎ᠠ·ᠭᠤᠷᠪᠠᠨ ᠰᠤᠳᠤᠯᠤᠨ ᠰᠤᠷᠤᠯᠴᠠᠯᠭ᠎ᠠ》 ᠦᠶ᠋ᠯᠡᠳᠦᠯᠭᠡ ᠬᠥᠮᠦᠵᠢᠯ ᠤ᠋ᠨ ᠠᠵᠢᠯᠯᠠᠭ᠎ᠠ ᠥᠷᠨᠢᠭᠦᠯᠵᠦ᠂ ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ᠋ ᠪᠠᠲᠤ ᠴᠣᠭ᠍ᠴᠠᠯᠠᠬᠤ ᠪᠠᠷ ᠭᠤᠤᠯ ᠱᠢᠵᠢᠮ ᠪᠣᠯᠭᠠᠨ᠂ ᠲᠣᠰ ᠭᠠᠵᠠᠷ ᠤ᠋ᠨ ᠵᠢᠡᠨ ᠭᠦᠨ ᠵᠤᠵᠠᠭᠠᠨ ᠬᠤᠪᠢᠰᠬᠠᠯ ᠤ᠋ᠨ ᠰᠠᠭᠤᠷᠢ᠂ ᠳᠠᠪᠠᠭᠤᠯᠢᠭᠳᠤ ᠠᠮᠢ ᠠᠬᠤᠶ ᠶ᠋ᠢᠨ ᠡᠬᠢ ᠪᠠᠶᠠᠯᠢᠭ᠂ ᠢᠯᠡ ᠲᠣᠳᠣ ᠮᠠᠯ ᠠᠵᠤ ᠠᠬᠤᠶ ᠲᠠᠷᠢᠶᠠᠯᠠᠩ ᠤ᠋ᠨ ᠣᠨᠴᠠᠯᠢᠭ ᠲᠦ᠍ ᠰᠠᠭᠤᠷᠢᠯᠠᠵᠦ᠂ ᠬᠤᠪᠢᠰᠭᠠᠯ ᠤ᠋ᠨ ᠰᠤᠳᠤᠯᠤᠨ ᠰᠤᠷᠤᠯᠴᠠᠯᠭ᠎ᠠ ᠪᠡᠷ ᠦᠵᠡᠯ ᠰᠠᠨᠠᠭ᠎ᠠ ᠵᠢ ᠪᠤᠢᠵᠢᠭᠤᠯᠤᠨ᠂ ᠠᠮᠢ ᠠᠬᠤᠢ ᠵᠢᠨ ᠰᠤᠳᠤᠯᠤᠨ ᠰᠤᠷᠤᠯᠴᠠᠯᠭ᠎ᠠ ᠪᠡᠷ ᠤᠢ ᠪᠢᠯᠢᠭ ᠢ᠋ ᠨᠡᠭᠡᠭᠡᠵᠦ᠂ ᠮᠠᠯ ᠠᠵᠤ ᠠᠬᠤᠢ ᠲᠠᠷᠢᠶᠠᠯᠠᠩ ᠤ᠋ᠨ ᠰᠤᠳᠤᠯᠤᠨ ᠰᠤᠷᠤᠯᠴᠠᠯᠭ᠎ᠠ ᠪᠡᠷ ᠬᠦᠮᠦᠨ ᠬᠥᠮᠦᠵᠢᠭᠦᠯᠬᠦ᠌ 《ᠭᠤᠷᠪᠠᠨ ᠰᠤᠳᠤᠯᠤᠨ ᠰᠤᠷᠤᠯᠴᠠᠯᠭ᠎ᠠ》 ᠶ᠋ᠢᠨ ᠪᠦᠬᠦ᠌ ᠬᠡᠯᠬᠢᠶᠡᠨ ᠤ᠋ ᠱᠢᠰᠲ᠋ᠧᠮ᠂ ᠦᠵᠡᠯ ᠰᠠᠨᠠᠭ᠎ᠠ ᠤᠯᠤᠰ ᠲᠥᠷᠥ ᠶ᠋ᠢᠨ ᠪᠠᠭ᠎ᠠ ᠬᠢᠴᠢᠶᠡᠯ ᠤ᠋ᠨ ᠲᠠᠩᠬᠢᠮ ᠬᠢᠭᠡᠳ ᠨᠡᠢᠭᠡᠮ ᠤ᠋ᠨ ᠶᠡᠬᠡ ᠬᠢᠴᠢᠶᠡᠯ ᠤ᠋ᠨ ᠲᠠᠩᠬᠢᠮ ᠤ᠋ᠨ ᠭᠦᠨᠵᠡᠭᠡᠶ ᠠᠭᠤᠰᠤᠯᠴᠠᠯ ᠢ᠋ ᠠᠬᠢᠭᠤᠯᠵᠤ ᠪᠠᠢᠨ᠎ᠠ᠃ ᠡᠬᠦᠨ ᠤ᠋ ᠤᠯᠠᠮ ᠵᠢᠡᠷ ᠬᠢᠩᠭᠠᠨ ᠤ᠋ ᠣᠨᠴᠠᠯᠢᠭ ᠪᠠ ᠴᠠᠭ ᠦᠶ᠎ᠡ ᠶ᠋ᠢᠨ ᠣᠨᠴᠠᠯᠢᠭ ᠪᠦᠬᠦᠢ ᠨᠠᠰᠤᠨ ᠳ᠋ᠦ ᠦᠯᠦ᠍ ᠬᠦᠷᠦᠭ᠌ᠰᠡᠳ ᠤ᠋ᠨ ᠦᠵᠡᠯ ᠰᠠᠨᠠᠭ᠎ᠠ ᠤᠯᠤᠰ ᠲᠥᠷᠥ ᠶ᠋ᠢᠨ ᠦᠶ᠋ᠯᠡᠳᠦᠯᠭᠡ ᠬᠥᠮᠦᠵᠢᠯ ᠤ᠋ᠨ ᠱᠢᠨ᠎ᠡ ᠪᠠᠢᠷᠢᠱᠢᠯ ᠢ᠋ ᠪᠠᠢᠭᠤᠯᠵᠦ᠂ ᠵᠠᠯᠠᠭᠤᠴᠤᠳ ᠪᠠᠭᠠᠴᠤᠳ ᠦᠶ᠋ᠯᠡᠳᠦᠯᠭᠡ ᠪᠤᠯᠪᠠᠰᠤᠷᠠᠯ ᠤ᠋ᠨ ᠲᠤᠮᠳᠠ ᠬᠦᠰᠡᠯᠡᠩ ᠢᠲᠡᠭᠡᠯ ᠪᠢᠱᠢᠷᠡᠯ ᠢ᠋ᠶ᠋ᠡᠨ ᠪᠠᠲᠤᠳᠭᠠᠨ᠂ ᠡᠬᠡ ᠣᠷᠣᠨᠴᠢ ᠬᠠᠢᠷ᠎ᠠ ᠰᠡᠳᠭᠢᠯᠭᠡ ᠪᠠᠨ ᠵᠤᠵᠠᠭᠠᠳᠭᠠᠵᠤ᠂ ᠡᠷᠳᠡᠮ ᠴᠢᠳᠠᠪᠤᠷᠢ᠎ᠪᠠᠨ ᠨᠡᠮᠡᠭ᠌ᠳᠡᠭᠦᠯᠬᠦ ᠵᠢ ᠬᠥᠲᠥᠯᠥᠨ ᠵᠢᠯᠣᠭᠣᠳᠴᠦ ᠪᠠᠢᠨ᠎ᠠ᠃

ᠬᠤᠪᠢᠰᠭᠠᠯ ᠤ᠋ᠨ ᠤᠳᠬ᠎ᠠ ᠠᠭᠤᠯᠤᠭ᠍ᠳᠠᠬᠤᠨ ᠪᠣᠯ ᠬᠢᠩᠭᠠᠨ ᠠᠢᠮᠠᠭ ᠤ᠋ᠨ ᠢᠯᠡ ᠲᠣᠳᠣ ᠵᠣᠷᠢᠭ ᠰᠠᠨᠠᠭᠠᠨ ᠤ᠋ ᠪᠡᠯᠭᠡ ᠲᠡᠮᠳᠡᠭ ᠮᠥᠨ᠂ ᠪᠠᠰᠠ ᠴᠤ᠌ ᠦᠵᠡᠯ ᠰᠠᠨᠠᠭ᠎ᠠ ᠤᠯᠤᠰ ᠲᠥᠷᠥ ᠵᠢ  ᠠᠮᠢᠳᠤᠯᠢᠭ ᠵᠢᠭᠠᠬᠤ ᠮᠠᠲ᠋ᠧᠷᠢᠶᠠᠯ ᠪᠤᠯᠤᠨ᠎ᠠ᠃ ᠬᠢᠩᠭᠠᠨ ᠠᠢᠮᠠᠭ ᠪᠣᠯ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠤᠳᠤᠷᠢᠳᠤᠭ᠍ᠰᠠᠨ ᠠᠩᠬᠠᠳᠠᠭ᠍ᠴᠢ ᠮᠤᠵᠢ ᠶ᠋ᠢᠨ ᠱᠠᠲᠤᠨ ᠤ᠋ ᠦᠨᠳᠦᠰᠦᠲᠡᠨ ᠤ᠋ ᠥᠪᠡᠷᠲᠡᠭᠡᠨ ᠵᠠᠰᠠᠬᠤ ᠣᠷᠣᠨ ᠤ᠋ ᠮᠡᠨᠳᠦᠯᠡᠭ᠌ᠰᠡᠨ ᠭᠠᠵᠠᠷ᠂ ᠨᠠᠮ ᠤ᠋ᠨ ᠦᠨᠳᠦᠰᠦᠲᠡᠨ ᠤ᠋ ᠣᠷᠣᠨ ᠤ᠋ ᠥᠪᠡᠷᠲᠡᠭᠡᠨ ᠵᠠᠰᠠᠬᠤ ᠪᠠᠢᠭᠤᠯᠤᠯ ᠢ᠋ ᠬᠠᠮᠤᠭ ᠤ᠋ᠨ ᠡᠷᠲᠡ ᠦᠶ᠋ᠯᠡᠳᠦᠯᠭᠡᠵᠢᠭᠦᠯᠦᠭ᠌ᠰᠡᠨ ᠭᠠᠵᠠᠷ ᠪᠠᠢᠵᠦ᠂ ᠬᠢᠩᠭᠠᠨ ᠠᠢᠮᠠᠭ ᠤ᠋ᠨ ᠬᠡᠪᠴᠢᠶᠡᠨ ᠳᠣᠲᠣᠷ᠎ᠠ ᠨᠡᠢᠳᠡᠮ ᠲᠠᠷᠬᠠᠭ᠍ᠰᠠᠨ ᠬᠤᠪᠢᠰᠭᠠᠯ ᠤ᠋ᠨ ᠪᠡᠯᠭᠡ ᠲᠡᠮᠳᠡᠭ ᠨᠢ ᠠᠯᠢ ᠡᠷᠲᠡ ᠵᠠᠯᠠᠭᠤᠴᠤᠳ ᠪᠠᠭᠠᠴᠤᠳ ᠤ᠋ᠨ ᠬᠤᠪᠢᠰᠭᠠᠯ ᠤ᠋ᠨ ᠤᠳᠤᠮᠱᠢᠯ ᠢ᠋ ᠵᠠᠯᠭᠠᠮᠵᠢᠯᠠᠬᠤ᠂ ᠬᠤᠪᠢᠰᠭᠠᠯ ᠤ᠋ᠨ ᠰᠤᠳᠠᠰᠤ ᠵᠢ ᠦᠷᠭᠦᠯᠵᠢᠯᠡᠭᠦᠯᠬᠦ᠌ ᠴᠢᠬᠤᠯᠠ ᠰᠠᠭᠤᠷᠢᠨ ᠭᠠᠵᠠᠷ ᠪᠣᠯᠤᠭ᠍ᠰᠠᠨ ᠶᠤᠮ᠃

ᠲᠦᠴᠢᠦᠸᠠᠨ ᠱᠢᠶᠠᠨ ᠤ᠋ ᠬᠤᠪᠢᠰᠭᠠᠯ ᠤ᠋ᠨ ᠰᠣᠶᠣᠯ ᠤ᠋ᠨ ᠬᠥᠮᠦᠵᠢᠯ ᠤ᠋ᠨ ᠰᠠᠭᠤᠷᠢᠨ ᠳ᠋ᠦ᠂ ᠲᠠᠢ ᠫᠢᠩ ᠶᠡᠷᠦᠨᠬᠡᠢᠯᠡᠭᠰᠡᠨ ᠪᠠᠭ᠎ᠠ ᠰᠤᠷᠭᠠᠭᠤᠯᠢ ᠶ᠋ᠢᠨ ᠰᠤᠷᠤᠭ᠍ᠴᠢᠳ ᠲᠠᠭᠤ ᠭᠡᠷᠡᠯ ᠴᠠᠬᠢᠯᠭᠠᠨ ᠤ᠋ ᠣᠨᠴᠠ ᠦᠢᠯᠡᠳᠦᠯ᠂ VR ᠦᠢᠯᠡᠳᠦᠯᠴᠡᠯ ᠤ᠋ᠨ ᠪᠡᠶᠡᠴᠢ ᠣᠢᠯᠠᠭᠠᠯᠲᠠ ᠪᠠᠷ ᠠᠬᠠᠮᠠᠤᠨ ᠨᠢᠭᠡ ᠥᠶ᠎ᠠ ᠵᠢᠨ ᠬᠤᠪᠢᠰᠬᠠᠯᠴᠢᠤᠨ  ᠤ᠋ᠨ ᠦᠷᠡᠭ᠌ᠳᠡᠯ ᠰᠦᠢᠳᠦᠯ ᠡᠴᠡ ᠠᠶᠤᠬᠤ ᠦᠭᠡᠢ᠂ ᠡᠷᠡᠯᠬᠡᠭ᠌ᠯᠡᠨ ᠲᠡᠮᠡᠴᠡᠬᠦ᠌ ᠡᠷᠬᠢᠮ ᠳᠡᠭᠡᠳᠦ ᠵᠣᠷᠢᠭ ᠰᠠᠨᠠᠭ᠎ᠠ ᠵᠢ ᠪᠡᠶᠡᠴᠢᠯᠡᠨ ᠣᠢᠯᠠᠭᠠᠪᠠ᠃ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ ᠤ᠋ ᠮᠦᠽᠧᠶ ᠳ᠋ᠦ᠂ ᠪᠠᠶᠠᠨᠬᠤᠱᠢᠭᠤ ᠨᠢᠭᠡᠳᠦᠭᠡᠷ ᠪᠠᠭ᠎ᠠ ᠰᠤᠷᠭᠠᠭᠤᠯᠢ ᠶ᠋ᠢᠨ ᠰᠤᠷᠤᠭ᠍ᠴᠢᠳ ᠲᠡᠦᠬᠡ ᠶ᠋ᠢᠨ ᠳᠤᠷᠠᠰᠭᠠᠯᠲᠤ ᠵᠦᠶ᠋ᠯᠡᠰ ᠢ᠋ ᠲᠣᠭᠣᠷᠢᠨ ᠦᠵᠡᠭᠰᠡᠨ ᠤ᠋ ᠲᠠᠷᠠᠭ᠎ᠠ 《ᠳᠤᠮᠳᠠᠳᠤ ᠤᠯᠤᠰ ᠤ᠋ᠨ ᠡᠪ ᠬᠠᠮᠲᠤ ᠨᠠᠮ᠎ᠮᠡᠨᠳᠦᠯᠡᠭᠰᠡᠨ》 ᠭᠡᠬᠦ᠌ ᠭᠤᠤᠯ ᠰᠡᠳᠦᠪᠲᠦ ᠦᠵᠡᠯ ᠰᠠᠨᠠᠭ᠎ᠠ ᠤᠯᠤᠰ ᠲᠥᠷᠥ ᠶ᠋ᠢᠨ ᠬᠢᠴᠢᠶᠡᠯ ᠳ᠋ᠤ ᠤᠷᠤᠵᠤ᠂ ᠪᠠᠭ᠍ᠰᠢ ᠨᠠᠷ ᠲᠤᠬᠠᠶ ᠶ᠋ᠢᠨ ᠲᠠᠯᠠᠪᠤᠷ ᠲᠦ᠍ ᠦᠵᠡᠵᠦ᠍ ᠰᠣᠨᠣᠰᠤᠭ᠍ᠰᠠᠨ ᠵᠦᠶ᠋ᠯ ᠲᠡᠶ ᠪᠡᠨ ᠤᠶᠠᠯᠳᠤᠭᠤᠯᠤᠨ᠂ ᠠᠰᠠᠭᠤᠯᠲᠠ ᠳᠤᠷᠠᠳᠭᠤ ᠪᠠ ᠶᠠᠷᠢᠯᠴᠠᠬᠤ ᠵᠡᠷᠭᠡ ᠬᠡᠯᠪᠡᠷᠢ ᠪᠡᠷ ᠰᠤᠷᠤᠭ᠍ᠴᠢᠳ ᠢ᠋ ᠬᠥᠲᠥᠯᠥᠨ ᠵᠢᠯᠣᠭᠣᠳᠴᠤ᠌ ᠪᠠᠢᠭᠠᠳ ᠬᠤᠪᠢᠰᠭᠠᠯ ᠤ᠋ᠨ ᠳᠤᠷᠠᠰᠤᠮᠵᠢ ᠵᠢ ᠤᠯᠤᠰ ᠭᠡᠷ ᠎ᠤᠨ ᠲᠥᠯᠤᠭᠡ ᠵᠢᠳᠬᠦᠬᠦ᠌ ᠵᠣᠷᠢᠭ ᠰᠠᠨᠠᠭ᠎ᠠ ᠪᠣᠯᠭᠠᠨ ᠬᠤᠪᠢᠷᠠᠭᠤᠯᠪᠠ᠃

ᠬᠢᠩᠭᠠᠨ ᠠᠢᠮᠠᠭ ᠬᠤᠪᠢᠰᠭᠠᠯ ᠤ᠋ᠨ ᠰᠤᠳᠤᠯᠤᠨ ᠰᠤᠷᠤᠯᠴᠠᠬᠤ ᠭᠣᠣᠯ ᠰᠡᠳᠦᠪ ᠤ᠋ᠨ ᠲᠣᠭᠣᠷᠢᠨ ᠳ᠋ᠤ 《ᠨᠢᠭᠡ ᠣᠷᠳᠣᠨ ᠭᠤᠷᠪᠠᠨ ᠪᠠᠭᠤᠷᠢ》᠂ ᠷᠠᠱᠢᠶᠠᠨ ᠬᠢᠯᠢ ᠵᠢᠨ ᠪᠣᠭᠣᠮᠲᠠ ᠵᠡᠷᠭᠡ ᠬᠤᠪᠢᠰᠭᠠᠯ ᠤ᠋ᠨ ᠰᠠᠭᠤᠷᠢᠨ ᠭᠠᠵᠠᠷ ᠢ᠋ᠶ᠋ᠠᠷ ᠠᠴᠢᠶᠠᠯᠠᠪᠤᠷᠢ ᠪᠣᠯᠭᠠᠨ᠂ ᠵᠠᠯᠠᠭᠤᠴᠤᠳ ᠪᠠᠭᠠᠴᠤᠳ ᠢ᠋ ᠵᠣᠬᠢᠶᠠᠨ ᠪᠠᠢᠭᠤᠯᠵᠤ 《ᠪᠢᠴᠢᠬᠠᠨ ᠲᠠᠢᠯᠪᠤᠷᠢᠯᠠᠭ᠍ᠴᠢ》 ᠪᠣᠯᠭᠠᠵᠤ᠂ ᠬᠤᠪᠢᠰᠭᠠᠯ ᠤ᠋ᠨ ᠦᠵᠡᠭ᠌ᠳᠡᠯᠲᠦ ᠵᠦᠴᠦᠭᠡ ᠵᠢ ᠲᠣᠭ᠍ᠯᠠᠨ᠂ ᠬᠤᠪᠢᠰᠭᠠᠯᠴᠢᠳ ᠤ᠋ᠨ ᠭᠡᠷ ᠤ᠋ᠨ ᠴᠠᠳᠢᠭ ᠢ᠋ ᠤᠩᠱᠢᠵᠤ᠂ ᠭᠦᠨᠵᠡᠬᠡᠢ ᠪᠡᠶᠡᠴᠢ ᠣᠢᠯᠠᠭᠠᠯᠲᠠ ᠶ᠋ᠢᠨ ᠳᠤᠮᠳᠠ ᠠᠬᠠᠮᠠᠤᠨ ᠨᠢᠭᠡ ᠥᠶ᠎ᠠ ᠵᠢᠨ ᠬᠤᠪᠢᠰᠬᠠᠯᠴᠢᠤᠨ ᠤ᠋ᠨ ᠡᠬᠡ ᠣᠷᠣᠨᠴᠢ ᠬᠠᠢᠷ᠎ᠠ ᠰᠡᠳᠭᠢᠯᠭᠡ ᠵᠢ ᠣᠢᠯᠠᠭᠠᠨ᠂ ᠬᠤᠪᠢᠰᠭᠠᠯ ᠤ᠋ᠨ ᠭᠸᠨ ᠢ᠋ ᠵᠠᠯᠠᠭᠤᠴᠤᠳ ᠪᠠᠭᠠᠴᠤᠳ ᠤ᠋ᠨ ᠴᠢᠰᠤ ᠮᠢᠬᠠᠨ ᠳ᠋ᠦ ᠠᠭᠤᠰᠭᠠᠵᠤ᠂ ᠦᠶ᠎ᠡ ᠶ᠋ᠢᠨ ᠦᠶ᠎ᠡ ᠳ᠋ᠦ ᠤᠯᠠᠮᠵᠢᠯᠠᠨ᠎ᠠ᠃

ᠨᠣᠮᠢᠨ ᠤᠰᠤ ᠬᠦᠬᠡᠮᠳᠦᠭ ᠠᠭᠤᠯᠠ ᠪᠣᠯ ᠦᠵᠡᠯ ᠰᠠᠨᠠᠭ᠎ᠠ ᠤᠯᠤᠰ ᠲᠦᠷᠦ᠍ ᠶ᠋ᠢᠨ ᠬᠥᠮᠦᠵᠢᠯ ᠤ᠋ᠨ ᠪᠠᠢᠭᠠᠯᠢ ᠵᠢᠨ ᠬᠢᠴᠢᠶᠡᠯ ᠤ᠋ᠨ ᠲᠠᠩᠬᠢᠮ ᠮᠥᠨ᠃ ᠤᠯᠤᠰ ᠤ᠋ᠨ ᠠᠮᠢ ᠠᠬᠤᠶ ᠶ᠋ᠢᠨ ᠪᠣᠯᠪᠠᠰᠤᠨ ᠤ᠋ ᠪᠠᠢᠭᠤᠯᠤᠯᠲᠠ ᠶ᠋ᠢᠨ ᠵᠢᠱ᠌ᠢᠶ᠎ᠡ ᠦᠵᠡᠭᠦᠯᠬᠦ᠌ ᠠᠢᠮᠠᠭ ᠪᠣᠯᠤᠭ᠍ᠰᠠᠨ ᠤ᠋ ᠬᠤᠪᠢ ᠳ᠋ᠦ᠂ ᠬᠢᠩᠭᠠᠨ ᠠᠢᠮᠠᠭ ᠣᠯᠠᠨ ᠡᠴᠡ ᠬᠡᠲᠦᠢᠳᠦᠭ᠌ᠰᠡᠨ ᠠᠮᠢ ᠠᠬᠤᠶ ᠶ᠋ᠢᠨ ᠳᠠᠪᠠᠭᠤᠯᠢᠭ ᠲᠠᠭᠠᠨ ᠰᠠᠭᠤᠷᠢᠯᠠᠨ᠂ ᠷᠠᠱᠢᠶᠠᠨ ᠤ᠋ ᠤᠯᠤᠰ ᠤ᠋ᠨ ᠣᠶ ᠱᠢᠭᠤᠶ ᠶ᠋ᠢᠨ ᠴᠡᠴᠡᠷᠯᠢᠭ᠂ ᠲᠤᠭᠤᠷ ᠤ᠋ᠨ ᠭᠤᠤᠯ ᠤ᠋ᠨ ᠤᠯᠤᠰ ᠤ᠋ᠨ ᠨᠤᠭᠤ ᠭᠠᠵᠠᠷ ᠤ᠋ᠨ ᠴᠡᠴᠡᠷᠯᠢᠭ ᠵᠡᠷᠭᠡ ᠪᠡᠷ ᠠᠶᠠᠨᠳᠠᠭᠠᠨ ᠤ᠋ ᠰᠤᠳᠤᠯᠤᠨ ᠰᠤᠷᠤᠯᠴᠠᠬᠤ ᠰᠠᠭᠤᠷᠢᠨ ᠭᠠᠵᠠᠷ ᠪᠣᠯᠭᠠᠵᠤ᠂ ᠠᠮᠢ ᠠᠬᠤᠶ ᠶ᠋ᠢ ᠠᠵᠢᠭ᠍ᠯᠠᠬᠤ᠂ ᠣᠷᠴᠢᠨ ᠲᠣᠭᠣᠷᠢᠨ ᠢ᠋ ᠬᠠᠮᠠᠭᠠᠯᠠᠬᠤ᠂ ᠮᠣᠳᠣ ᠳᠠᠷᠢᠵᠤ ᠤᠢᠵᠢᠭᠤᠯᠬᠤ ᠵᠡᠷᠭᠡ ᠠᠵᠢᠯᠯᠠᠭ᠎ᠠ ᠵᠢ ᠵᠣᠬᠢᠶᠠᠨ ᠪᠠᠢᠭᠤᠯᠵᠤ ᠦᠷᠨᠢᠬᠦᠯᠦᠨ᠂ ᠵᠠᠯᠠᠭᠤᠴᠤᠳ ᠪᠠᠭᠠᠴᠤᠳ ᠢ᠋ ᠬᠥᠲᠥᠯᠥᠨ ᠵᠢᠯᠣᠭᠣᠳᠴᠤ᠌ ᠪᠠᠢᠭᠠᠳ ᠪᠠᠢᠭᠠᠯᠢ ᠵᠢ ᠳᠠᠨᠢᠵᠤ ᠮᠡᠳᠡᠷᠡᠬᠦ ᠲᠤᠮᠳᠠ 《ᠨᠣᠮᠢᠨ ᠤᠰᠤ ᠬᠦᠬᠡᠮᠳᠦᠭ ᠠᠭᠤᠯᠠ ᠪᠣᠯ ᠠᠯᠳᠠᠨ ᠠᠭᠤᠯᠠ ᠮᠦᠩᠭᠦᠨ ᠬᠠᠢᠷᠬᠠᠨ ᠮᠦᠨ》 ᠭᠡᠬᠦ᠌ ᠬᠥᠭ᠌ᠵᠢᠯᠲᠡ ᠶ᠋ᠢᠨ ᠣᠢᠯᠠᠭᠠᠭ᠍ᠳᠠᠬᠤᠨ ᠢ᠋ ᠭᠦᠨᠵᠡᠭᠡᠶ ᠣᠢᠯᠠᠭᠠᠭᠤᠯᠵᠤ᠂ ᠠᠮᠢ ᠠᠬᠤᠶ ᠶ᠋ᠢᠨ ᠪᠣᠯᠪᠠᠰᠤᠨ ᠤ᠋ ᠦᠷ᠎ᠡ ᠵᠢ ᠵᠠᠯᠠᠭᠤᠴᠤᠳ ᠪᠠᠭᠠᠴᠤᠳ ᠤ᠋ᠨ ᠰᠡᠳᠭᠢᠯ ᠳ᠋ᠦ ᠦᠨᠳᠦᠰᠦᠯᠡᠭᠦᠯᠦᠨ ᠰᠣᠶᠣᠭᠠᠯᠠᠭᠤᠯᠵᠤ᠂ ᠵᠠᠯᠠᠭᠤᠴᠤᠳ ᠪᠠᠭᠠᠴᠤᠳ ᠢ᠋ ᠦᠶ᠋ᠯᠡᠳᠦᠯᠭᠡ ᠶ᠋ᠢᠨ ᠳᠤᠮᠳᠠ ᠪᠠᠨ ᠮᠠᠨ ᠤ᠋ ᠤᠯᠤᠰ ᠤ᠋ᠨ ᠤᠮᠠᠷᠠᠲᠤ ᠶ᠋ᠢᠨ ᠴᠢᠬᠤᠯᠠ ᠠᠮᠢ ᠠᠬᠤᠶ ᠶ᠋ᠢᠨ ᠠᠮᠤᠷ ᠲᠦᠪᠱᠢᠨ ᠤ᠋ ᠬᠠᠯᠬᠠᠪᠴᠢ ᠵᠢ ᠪᠠᠲᠤ ᠴᠣᠭ᠍ᠴᠠᠯᠠᠬᠤ ᠵᠠᠯᠠᠭᠤ ᠨᠠᠰᠤᠨ ᠤ᠋ ᠬᠠᠷᠢᠭᠤᠴᠠᠯᠭ᠎ᠠ ᠵᠢ ᠤᠬᠠᠮᠰᠠᠷ ᠡᠴᠡ ᠪᠠᠨ ᠡᠭᠦᠷᠭᠡᠯᠡᠬᠦᠯᠵᠤ ᠪᠠᠢᠨ᠎ᠠ᠃

ᠬᠠᠩᠰᠢ ᠡᠴᠡ ᠡᠮᠦᠨᠡᠬᠡᠨ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ ᠤ᠋ ᠬᠣᠷᠴᠢᠨ ᠪᠠᠯᠭᠠᠰᠤ ᠵᠢᠨ ᠫᠢᠩ ᠠᠨ ᠲᠣᠰᠭᠣᠨ ᠤ᠋ ᠲᠥᠪᠡᠳ ᠬᠠᠰᠢ ᠨᠢᠭᠡᠳᠦᠯ ᠳ᠋ᠤ ᠬᠡᠦᠬᠡᠳ ᠤ᠋ᠳ ᠱᠢᠷᠡᠭᠡ ᠲᠣᠭᠣᠷᠢᠨ ᠰᠠᠭᠤᠯᠴᠠᠵᠤ᠂ ᠬᠠᠩᠰᠢ ᠶ᠋ᠢᠨ ᠤᠯᠠᠮᠵᠢᠯᠠᠯᠲᠤ ᠵᠠᠩ ᠦᠢᠯᠡ ᠶ᠋ᠢᠨ ᠥᠪᠡᠷᠮᠢᠴᠡ ᠷᠢᠳᠢ ᠱᠢᠳᠢ ᠵᠢ ᠮᠡᠳᠡᠷᠡᠨ᠂ ᠲᠠᠷᠢᠶᠠᠨ ᠭᠠᠵᠠᠷ ᠡᠴᠡ ᠥᠨᠳᠡᠭᠡ ᠲᠡᠭᠦᠵᠦ᠍᠂ ᠬᠥᠳᠡᠭᠡ ᠨᠤᠲᠤᠭ ᠤ᠋ᠨ ᠠᠮᠢᠳᠤᠷᠠᠯ ᠤ᠋ᠨ ᠡᠬᠡᠯ ᠪᠣᠷᠣᠭ᠍ᠵᠢᠭᠤᠨ ᠪᠠ ᠰᠠᠢ᠌ᠨ ᠰᠠᠢᠬᠠᠨ ᠢ᠋ ᠪᠡᠶᠡᠴᠢᠯᠡᠨ ᠣᠢᠯᠠᠭᠠᠵᠤ᠂ ᠦᠢᠯᠡᠳᠦᠯᠭᠡ ᠶ᠋ᠢᠨ ᠳᠤᠮᠳᠠ ᠪᠠᠢᠭᠠᠯᠢ ᠲᠠᠶ ᠣᠢᠷᠠᠳᠤᠨ ᠪᠠᠢᠭᠠᠯᠢ ᠵᠢ ᠲᠠᠨᠢᠵᠦ ᠪᠠᠶᠠᠷᠯᠠᠯᠳᠤᠨ ᠬᠦᠭᠡᠷᠦᠯᠳᠦᠨ᠎ᠠ᠃

ᠦᠩ ᠱᠢᠮᠡᠯᠢᠭ ᠨᠤᠲᠤᠭ ᠤᠰᠤ ᠪᠣᠯ ᠱᠢᠯᠭᠠᠷᠠᠭ᠍ᠰᠠᠨ ᠡᠷᠳᠡᠮ ᠴᠢᠳᠠᠪᠤᠷᠢ ᠵᠢ ᠳᠠᠪᠲᠠᠨ ᠪᠣᠯᠪᠠᠰᠤᠷᠠᠭᠤᠯᠬᠤ ᠦᠢᠯᠡᠳᠦᠯᠭᠡ ᠶ᠋ᠢᠨ ᠲᠠᠪᠴᠠᠩ ᠶᠤᠮᠰᠠᠨ᠃ 《ᠳᠤᠮᠳᠠᠳᠤ ᠤᠯᠤᠰ ᠤ᠋ᠨ ᠲᠠᠯ᠎ᠠ ᠨᠤᠲᠤᠭ ᠤ᠋ᠨ ᠠᠮᠢ ᠠᠬᠤᠶ ᠶ᠋ᠢᠨ ᠲᠤᠲᠤᠷᠭ᠎ᠠ ᠶ᠋ᠢᠨ ᠨᠤᠲᠤᠭ》 ᠪᠣᠯᠤᠨ ᠱᠢᠵᠢᠷ ᠠᠯᠲᠠᠨ ᠮᠠᠯ ᠠᠵᠤ ᠠᠬᠤᠶ ᠶ᠋ᠢᠨ ᠪᠦᠰᠡ ᠶ᠋ᠢᠨ ᠤᠨᠴᠠᠯᠢᠬ᠍ᠳᠤ ᠠᠵᠤ ᠦᠶ᠋ᠯᠡᠰ ᠤ᠋ᠨ ᠳᠠᠪᠠᠭᠤᠯᠢᠭ ᠲᠦ᠍ ᠲᠦᠱᠢᠭ᠌ᠯᠡᠨ᠂ ᠬᠢᠩᠭᠠᠨ ᠠᠢᠮᠠᠭ ᠤ᠋ᠨ ᠮᠠᠯ ᠠᠵᠤ ᠠᠬᠤᠢ ᠲᠠᠷᠢᠶᠠᠯᠠᠩ ᠤ᠋ᠨ ᠰᠤᠳᠤᠯᠤᠨ ᠰᠤᠷᠤᠯᠴᠠᠬᠤ ᠰᠤᠷᠭᠠᠭᠤᠯᠢ ᠨᠢ ᠬᠢᠴᠢᠶᠡᠯ ᠤ᠋ᠨ ᠲᠠᠩᠬᠢᠮ ᠢ᠋ᠶ᠋ᠠᠨ ᠲᠦᠬᠦᠭᠡᠷᠤᠮᠵᠢᠳᠤ ᠲᠠᠷᠢᠶᠠᠯᠠᠩ ᠤ᠋ᠨ ᠬᠦᠷᠢᠶᠡᠯᠡᠩ ᠲᠣᠭᠣᠷᠢᠭ᠂ ᠣᠳᠣᠬᠢᠴᠢᠯᠠᠭ᠍ᠰᠠᠨ ᠲᠡᠵᠢᠭᠡᠨ ᠦᠷᠡᠵᠢᠭᠦᠯᠬᠦ᠌ ᠰᠠᠭᠤᠷᠢᠨ᠂ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠵᠢᠱ᠌ᠢᠶ᠎ᠡ ᠦᠵᠡᠭᠦᠯᠬᠦ᠌ ᠴᠡᠭ ᠲᠦ᠍ ᠨᠡᠭᠦᠯᠭᠡᠵᠦ᠍᠂ ᠵᠠᠯᠠᠭᠤᠴᠤᠳ ᠪᠠᠭᠠᠴᠤᠳ ᠢ᠋ ᠬᠢᠴᠢᠶᠡᠯ ᠤ᠋ᠨ ᠬᠡᠷ ᠡᠴᠡ ᠭᠠᠷᠭᠠᠨ᠂ ᠲᠠᠷᠢᠶᠠᠨ ᠭᠠᠵᠠᠷ ᠲᠦ᠍ ᠣᠴᠢᠭᠤᠯᠵᠤ᠂ ᠲᠠᠷᠢᠶᠠᠯᠠᠩ ᠤ᠋ᠨ ᠮᠡᠷᠭᠡᠵᠢᠯ ᠢ᠋ ᠰᠤᠷᠤᠯᠴᠠᠭᠤᠯᠬᠤ᠂ ᠵᠢᠮᠢᠰ ᠨᠣᠭᠣᠭ᠎ᠠ ᠲᠡᠭᠦᠬᠦ᠌᠂ ᠲᠡᠵᠢᠭᠡᠨ ᠦᠷᠡᠵᠢᠭᠦᠯᠬᠦ᠌ ᠵᠢ ᠪᠡᠶᠡᠴᠢᠯᠡᠨ ᠣᠢᠯᠠᠭᠠᠬᠤ᠂ ᠦᠶ᠋ᠯᠡᠳᠪᠦᠷᠢᠯᠡᠯ ᠪᠣᠷᠣᠯᠠᠭᠤᠯᠭ᠎ᠠ ᠳ᠋ᠦ ᠣᠷᠣᠯᠴᠠᠬᠤ ᠵᠡᠷᠬᠡ ᠬᠥᠳᠡᠯᠮᠦᠷᠢ ᠶ᠋ᠢᠨ ᠦᠶ᠋ᠯᠡᠳᠦᠯᠭᠡ ᠳᠤᠮᠳᠠ ᠨᠤᠲᠤᠭ ᠤᠰᠤᠨ ᠤ᠋ ᠪᠠᠨ ᠬᠥᠭ᠌ᠵᠢᠯᠲᠡ ᠶ᠋ᠢᠨ ᠪᠠᠢᠳᠠᠯ ᠢ᠋ ᠮᠡᠳᠡᠷᠡᠭᠦᠯᠵᠦ᠍᠂ ᠬᠥᠳᠡᠯᠮᠦᠷᠢ ᠶ᠋ᠢᠨ ᠭᠤᠤ᠎ᠠ ᠰᠠᠢᠬᠠᠨ ᠪᠤᠯᠤᠨ ᠲᠡᠮᠡᠴᠡᠯ ᠵᠢᠳᠬᠦᠯ ᠤ᠋ᠨ ᠪᠠᠶᠠᠷ ᠵᠢᠷᠭᠠᠯ ᠢ᠋ ᠮᠡᠳᠡᠷᠡᠭᠦᠯᠦᠨ᠎ᠡ᠃

ᠣᠳᠣᠬᠠᠨ ᠪᠣᠯᠲᠠᠯ᠎ᠠ ᠬᠢᠩᠭᠠᠨ ᠠᠢᠮᠠᠭ ᠨᠢᠭᠡᠨᠲᠡ 74 ᠤᠨᠴᠠᠯᠢᠬ᠍ᠳᠤ ᠰᠤᠳᠤᠯᠤᠨ ᠰᠤᠷᠤᠯᠴᠠᠬᠤ ᠴᠡᠭ ᠢ᠋ ᠪᠦᠷᠢᠯᠳᠦᠬᠦᠯᠦᠨ᠂ ᠬᠤᠳᠠ ᠬᠥᠳᠡᠭᠡ ᠵᠢ ᠪᠦᠷᠬᠦᠭ᠌ᠰᠡᠨ᠂ ᠤᠯᠠᠨ ᠲᠠᠯ᠎ᠠ ᠪᠠᠷ ᠴᠡᠴᠡᠭ᠌ᠯᠡᠭ᠌ᠰᠡᠨ ᠦᠢᠯᠡᠳᠦᠯᠭᠡ ᠶ᠋ᠢᠨ ᠰᠤᠷᠭᠠᠨ ᠬᠥᠮᠦᠵᠢᠯ ᠤ᠋ᠨ ᠲᠣᠣᠷ ᠢ᠋ ᠰᠦᠯᠵᠢᠵᠤ᠂ 《ᠦᠵᠡᠯ ᠰᠠᠨᠠᠭ᠎ᠠ ᠤᠯᠤᠰ ᠲᠦᠷᠦ᠍ ᠶ᠋ᠢᠨ ᠰᠤᠳᠤᠯᠤᠨ ᠰᠤᠷᠤᠯᠴᠠᠯᠭ᠎ᠠ + ᠮᠠᠯ ᠠᠵᠤ ᠠᠬᠤᠢ ᠲᠠᠷᠢᠶᠠᠯᠠᠩ ᠰᠣᠶᠣᠯ ᠵᠢᠭᠤᠯᠴᠢᠯᠠᠯ》 ᠤ᠋ᠨ ᠬᠣᠣᠰ ᠴᠢᠭ᠌ᠯᠡᠯ ᠢ᠋ᠶ᠋ᠡᠷ ᠬᠦᠴᠦᠨ ᠨᠡᠮᠡᠭᠰᠡᠨ ᠱᠢᠨ᠎ᠡ ᠠᠷᠭ᠎ᠠ ᠵᠠᠮ ᠢ᠋ ᠬᠠᠢᠨ ᠰᠦᠪᠡᠭ᠌ᠴᠢᠯᠡᠵᠦ᠍᠂ ᠦᠵᠡᠯ ᠰᠠᠨᠠᠭ᠎ᠠ ᠤᠯᠤᠰ ᠲᠦᠷᠦ᠍ ᠶ᠋ᠢᠨ ᠬᠥᠮᠦᠨ ᠬᠥᠮᠦᠵᠢᠭᠦᠯᠬᠦ᠌ ᠤᠨᠴᠠᠯᠢᠬ᠍ᠳᠤ ᠲᠦᠷᠦᠯ ᠲᠡᠮᠳᠡᠭ ᠢ᠋ ᠬᠢᠯᠠᠯᠵᠠᠭᠤᠯᠤᠭᠰᠠᠨ ᠢ᠋ᠶ᠋ᠠᠷ ᠪᠠᠷᠠᠬᠤ ᠦᠭᠡᠢ ᠪᠠᠰᠠ ᠣᠷᠣᠨ ᠨᠤᠲᠤᠭ ᠤ᠋ᠨ ᠰᠣᠶᠣᠯ ᠵᠢᠭᠤᠯᠴᠢᠯᠠᠯ ᠤ᠋ᠨ ᠠᠵᠤ ᠦᠢᠯᠡᠰ ᠤ᠋ᠨ ᠴᠢᠨᠠᠷ ᠰᠠᠢᠲᠠᠢ ᠬᠥᠭ᠌ᠵᠢᠯᠲᠡ ᠳ᠋ᠦ ᠱᠢᠨ᠎ᠡ ᠠᠮᠢᠵᠢᠷᠠᠯ ᠤ᠋ᠨ ᠬᠦᠴᠦᠨ ᠨᠡᠮᠡᠷᠢᠯᠡᠪᠡ᠃ ᠬᠢᠩᠭᠠᠨ ᠠᠢᠮᠠᠭ 《ᠭᠤᠷᠪᠠᠨ ᠰᠤᠳᠤᠯᠤᠨ ᠰᠤᠷᠤᠯᠴᠠᠯᠭ᠎ᠠ》 ᠪᠡᠷ ᠭᠠᠷᠳᠠᠴᠠ ᠪᠣᠯᠭᠠᠨ ᠨᠠᠰᠤᠨ ᠳ᠋ᠦ ᠦᠯᠥ᠍ ᠬᠦᠷᠦᠭ᠌ᠰᠡᠳ ᠤ᠋ᠨ ᠦᠵᠡᠯ ᠰᠠᠨᠠᠭ᠎ᠠ ᠶᠣᠰᠣ ᠰᠤᠷᠲᠠᠬᠤᠨ ᠤ᠋ ᠪᠠᠢᠭᠤᠯᠤᠯᠲᠠ ᠵᠢ ᠦᠷᠭᠦᠯᠵᠢᠯᠡᠨ ᠭᠦᠨᠵᠡᠭᠡᠢᠷᠡᠭᠦᠯᠦᠭᠰᠡᠬᠡᠷ ᠁

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号