ᠤᠮᠠᠷᠠᠰᠢ ᠨᠡᠭᠡᠭᠡᠯᠲᠡ ᠬᠢᠬᠦ᠌ ᠭᠣᠣᠯᠯᠠᠬᠴᠢ ᠬᠥᠳᠡᠯᠭᠡᠭᠦᠷ
2026-04-15 09:45:46
ᠵᠣᠬᠢᠶᠠᠭ᠍ᠴᠢ᠄
ᠠᠨᠠᠷ
ᠣᠩᠱᠢᠭ᠍ᠰᠠᠨ ᠣᠳᠠᠭ᠎ᠠ᠄
★★★☆☆

 — ᠬᠥᠭ᠌ᠵᠢᠯᠲᠡ ᠢ᠋ᠢᠨ ᠪᠠᠢᠷᠢ ᠲᠣᠭ᠍ᠲᠠᠭᠠᠯᠲᠠ᠎ᠠᠴᠠ ᠥᠪᠥᠷ ᠮᠣᠩᠭᠣᠯ ᠤ᠋ᠨ ᠴᠢᠯᠥᠭᠡᠲᠦ ᠠᠷᠠᠯᠵᠢᠶᠠᠨ ᠤ᠋ ᠲᠤᠷᠱᠢᠯᠲᠠ ᠢ᠋ᠢᠨ ᠣᠷᠣᠨ  ᠢ᠋ ᠪᠠᠢᠭᠤᠯᠤᠭᠰᠠᠨ ᠪᠠᠢᠷᠢᠰᠢᠭᠤᠯᠤᠯᠳᠡ ᠢ᠋ᠢ ᠬᠠᠷᠠᠬᠤᠢ

                             

4 ᠰᠠᠷ᠎ᠠ ᠢ᠋ᠢᠨ 11 ᠤ᠋ ᠡᠳᠦᠷ ᠂ ᠳᠤᠮᠳᠠᠳᠤ ᠤᠯᠤᠰ (ᠥᠪᠥᠷ ᠮᠣᠩᠭᠣᠯ) ᠤ᠋ᠨ  ᠴᠢᠯᠥᠭᠡᠲᠦ ᠠᠷᠠᠯᠵᠢᠶᠠᠨ ᠤ᠋ ᠲᠤᠷᠱᠢᠯᠲᠠ ᠢ᠋ᠢᠨ ᠣᠷᠣᠨ ᠫᠠᠢᠰᠠ ᠰᠡᠬᠦᠨ ᠪᠠᠢᠭᠤᠯᠤᠭ᠍ᠳᠠᠵᠤ ᠂ ᠮᠠᠨ ᠤ᠋ ᠤᠯᠤᠰ ᠤ᠋ᠨ ᠤᠮᠠᠷᠠᠲᠤ ᠢ᠋ᠢᠨ ᠬᠢᠯᠢ ᠳᠠᠭᠠᠤ ᠣᠷᠣᠨ ᠤ᠋ ᠴᠢᠯᠥᠭᠡᠲᠦ ᠠᠷᠠᠯᠵᠢᠶᠠᠨ ᠤ᠋ ᠲᠤᠷᠱᠢᠯᠲᠠ ᠢ᠋ᠢᠨ ᠣᠷᠣᠨ ᠤ᠋ ᠪᠠᠢᠷᠢᠱᠢᠭᠤᠯᠤᠯᠲᠠ ᠢ᠋ᠢᠨ ᠵᠠᠩᠭᠢᠯᠠᠭ᠎ᠠ ᠢ᠋ᠢᠨ ᠭᠣᠭ᠍ᠴᠣᠭ᠎ᠠ ᠢ᠋ᠢ ᠨᠥᠬᠥᠪᠥᠷᠢᠯᠡᠭ᠌ᠰᠡᠨ ᠪᠥᠭᠡᠳ ᠲᠡᠷᠡ ᠨᠢ ᠬᠦᠨᠵᠡᠬᠡᠢ ᠰᠦᠪᠡᠭᠴᠢᠯᠡᠯᠳᠡ ᠢ᠋ᠢᠨ ᠳᠦᠷᠢᠮ ᠤ᠋ᠨ ᠬᠡᠯᠪᠡᠷᠢ ᠢ᠋ᠢᠨ ᠨᠡᠬᠡᠬᠡᠯᠳᠡᠳᠤ ᠭᠣᠣᠯ ᠲᠠᠪᠴᠠᠩ ᠪᠤᠯᠤᠭᠰᠠᠨ ᠢ᠋ ᠬᠠᠷᠠᠭᠤᠯᠵᠤ ᠪᠠᠢᠨ᠎ᠡ᠃

ᠥᠪᠥᠷ ᠮᠣᠩᠭᠣᠯ ᠤ᠋ᠨ ᠴᠢᠯᠥᠭᠡᠲᠦ ᠠᠷᠠᠯᠵᠢᠶᠠᠨ ᠤ᠋ ᠲᠤᠷᠱᠢᠯᠲᠠ ᠢ᠋ᠢᠨ ᠣᠷᠣᠨ ᠤ᠋ ᠪᠥᠲᠥᠭᠡᠨ ᠪᠠᠢᠭᠤᠯᠤᠯᠲᠠ ᠢ᠋ᠢᠨ ᠲᠣᠮᠣ ᠬᠥᠱᠢᠭᠡ ᠨᠢᠬᠡᠨᠳᠡ ᠢᠷᠠᠬᠳᠠᠯ᠎ᠠ ᠃ ᠴᠢᠯᠥᠭᠡᠲᠦ ᠠᠷᠠᠯᠵᠢᠶᠠᠨ ᠤ᠋ ᠣᠷᠣᠨ ᠢ᠋ ᠬᠡᠷᠬᠢᠨ ᠥᠨᠳᠥᠷ ᠪᠠᠷᠢᠮᠵᠢᠶ᠎ᠠ ᠪᠡᠷ ᠴᠢᠨᠠᠷ ᠰᠠᠢᠲᠠᠢ ᠪᠦᠳᠦᠬᠡᠨ ᠪᠠᠢᠭᠤᠯᠬᠤ ᠪᠤᠢ? 《ᠳᠣᠲᠣᠭᠠᠳᠤ᠎ᠳᠠᠭᠠᠨ ᠨᠠᠶ᠋ᠮᠠᠨ ᠮᠤᠵᠢ ᠤᠷᠤᠨ ᠲᠠᠢ ᠵᠠᠯᠭᠠᠯᠳᠤᠵᠤ᠂ ᠭᠠᠳᠠᠭᠠᠳᠤ᠎ᠳ᠋ᠠᠭᠠᠨ ᠣᠷᠣᠰ ᠮᠣᠩᠭᠣᠯ ᠲᠠᠢ ᠬᠦᠷᠰᠢᠯᠡᠵᠤ᠂ ᠧᠦ᠋ᠷᠣᠫᠠ ᠠᠽᠢᠶ᠎ᠠ ᠲᠠᠢ ᠨᠡᠪᠲᠡᠷᠡᠯᠴᠡᠭ᠌ᠰᠡᠨ 》 ᠥᠪᠡᠷᠮᠢᠴᠡ ᠣᠷᠣᠨ ᠪᠠᠢᠷᠢ ᠢ᠋ᠢᠨ ᠳᠠᠪᠠᠭᠤᠯᠢᠭ ᠲᠠᠢ᠂ ᠲᠦᠷᠢᠮ ᠤ᠋ᠨ ᠱᠢᠨ᠎ᠡ ᠢ᠋ᠢ ᠡᠭᠦᠳᠬᠦ᠌᠎ᠪᠡᠷ ᠭᠤᠤᠯ ᠪᠤᠯᠭᠠᠭᠰᠠᠨ ᠥᠪᠥᠷ ᠮᠣᠩᠭᠣᠯ ᠤ᠋ᠨ ᠴᠢᠯᠥᠭᠡᠲᠦ ᠠᠷᠠᠯᠵᠢᠶᠠᠨ ᠤ᠋ ᠲᠤᠷᠱᠢᠯᠲᠠ ᠢ᠋ᠢᠨ ᠣᠷᠣᠨ᠎ᠨᠢ 《 5 ᠲᠥᠪ᠂ 1 ᠪᠠᠢᠯᠳᠤᠬᠤ ᠪᠣᠳᠣᠯᠭ᠎ᠠ ᠢ᠋ᠢᠨ ᠥᠨᠳᠥᠷᠯᠢᠭ᠂ 1 ᠵᠢᠱ᠌ᠢᠶ᠎ᠡ ᠦᠵᠡᠭᠦᠯᠬᠦ᠌ ᠣᠷᠣᠨ ᠪᠦᠰᠡ᠂ 1 ᠪᠠᠢᠯᠳᠤᠬᠤ ᠪᠣᠳᠣᠯᠭ᠎ᠠ ᠢ᠋ᠢᠨ ᠲᠤᠯᠭᠠᠭᠤᠷᠢᠯᠠᠬᠤ ᠴᠡᠭ》  ᠤ᠋ᠨ 8 ᠶᠡᠬᠡ ᠬᠥᠭ᠌ᠵᠢᠯᠲᠡ ᠢ᠋ᠢᠨ ᠪᠠᠢᠷᠢ ᠲᠣᠭ᠍ᠲᠠᠭᠠᠯᠲᠠ ᠢ᠋ᠢ ᠲᠣᠳᠣᠷᠬᠠᠢᠯᠠᠪᠠ᠃

ᠲᠡᠬᠡᠪᠡᠯ ᠥᠭᠡᠷᠡᠴᠢᠯᠡᠯᠲᠡ ᠢ᠋ᠢᠨ ᠨᠠᠩ ᠶᠡᠬᠡ ᠡᠵᠡᠨ ᠮᠡᠳᠡᠬᠦ᠌ ᠡᠷᠬᠡ ᠢ᠋ᠢ ᠡᠵᠡᠮᠳᠡᠵᠤ ᠪᠠᠢᠭ᠎ᠠ ᠥᠪᠥᠷ ᠮᠣᠩᠭᠣᠯ ᠬᠡᠷᠬᠢᠨ ᠴᠢᠯᠥᠭᠡᠲᠦ ᠠᠷᠠᠯᠵᠢᠶᠠᠨ ᠤ᠋ ᠲᠤᠷᠱᠢᠯᠲᠠ ᠢ᠋ᠢᠨ ᠣᠷᠣᠨ ᠤ᠋ ᠡᠨᠡ ᠬᠦ᠌ 《 ᠲᠤᠷᠱᠢᠯᠲᠠ ᠢ᠋ᠢᠨ ᠲᠠᠷᠢᠶ᠎ᠠ 》 ᠳᠡᠭᠡᠷ᠎ᠡ ᠵᠣᠷᠢᠭ᠍ᠲᠠᠶ ᠪᠡᠷ ᠬᠠᠢᠨ ᠰᠦᠪᠡᠭ᠌ᠴᠢᠯᠡᠵᠦ᠍᠂ ᠤᠷᠢᠳ ᠢ᠋ᠢᠡᠷ ᠬᠡᠷᠡᠭᠵᠢᠬᠦᠯᠦᠨ ᠤᠷᠢᠳ ᠢ᠋ᠢᠡᠷ ᠲᠤᠷᠱᠢᠵᠤ ᠂ ᠨᠠᠩ ᠥᠷᠭᠡᠨ ᠠᠭᠤᠳᠠᠮ ᠬᠦᠷᠢᠶ᠎ᠡ ᠴᠠᠷᠠᠭ᠎ᠠ ᠂  ᠨᠠᠩ ᠭᠦᠨ ᠲᠠᠰ ᠳᠠᠪᠬᠤᠷᠭ᠎ᠠ ᠳ᠋ᠤ᠌ ᠰᠥᠪᠡᠭ᠌ᠴᠢᠯᠡᠯᠲᠡ ᠢ᠋ᠢᠨ ᠴᠢᠨᠠᠷᠲᠠᠶ ᠦᠶ᠋ᠯᠡᠳᠦᠯᠭᠡ ᠢ᠋ᠢ ᠥᠷᠨᠢᠭᠦᠯᠬᠦ᠌ ᠪᠣᠶ? ᠪᠠᠰᠠ 《 ᠬᠥᠭ᠌ᠵᠢᠯᠲᠡ ᠢ᠋ᠢᠨ ᠪᠠᠢᠷᠢ ᠲᠣᠭ᠍ᠲᠠᠭᠠᠯᠲᠠ 》 ᠭᠡᠬᠦ᠌ ᠡᠨᠡ ᠬᠦ᠌ 《ᠠᠯᠲᠠᠨ ᠲᠦᠯᠬᠢᠭᠦᠷ 》  ᠢ᠋ ᠬᠡᠷᠡᠭ᠌ᠯᠡᠵᠦ᠍ ᠬᠡᠷᠬᠢᠨ ᠬᠥᠭ᠌ᠵᠢᠯᠲᠡ ᠢ᠋ᠢᠨ ᠪᠡᠷᠬᠡ ᠰᠡᠳᠦᠪ ᠢ᠋ ᠰᠢᠢᠳᠪᠤᠷᠢᠯᠡᠬᠦ ᠪᠤᠶ?

ᠬᠢᠯᠢ ᠳᠠᠭᠠᠤ ᠣᠷᠣᠨ ᠤ᠋ ᠨᠡᠭᠡᠭᠡᠯᠲᠡ ᠬᠢᠬᠦ᠌ ᠲᠦᠷᠢᠮ ᠤ᠋ᠨ ᠱᠢᠨ᠎ᠡ ᠢ᠋ᠢ ᠡᠬᠦᠳᠬᠦ ᠢ᠋ᠢ ᠰᠦᠪᠡᠭ᠌ᠴᠢᠯᠡᠨ᠎ᠡ

ᠴᠢᠯᠥᠭᠡᠲᠦ ᠠᠷᠠᠯᠵᠢᠶᠠᠨ ᠤ᠋ ᠲᠤᠷᠱᠢᠯᠲᠠ ᠢ᠋ᠢᠨ ᠣᠷᠣᠨ ᠤ᠋ ᠭᠣᠣᠯ ᠡᠭᠦᠷᠭᠡ ᠪᠣᠯ ᠳᠦᠷᠢᠮ ᠤ᠋ᠨ ᠱᠢᠨ᠎ᠡ ᠢ᠋ᠢ ᠡᠬᠦᠳᠬᠦ ᠶᠠᠪᠤᠳᠠᠯ ᠪᠣᠯᠤᠨ᠎ᠠ᠃ ᠥᠪᠥᠷ ᠮᠣᠩᠭᠣᠯ ᠤ᠋ᠨ ᠴᠢᠯᠥᠭᠡᠲᠦ ᠠᠷᠠᠯᠵᠢᠶᠠᠨ ᠤ᠋ ᠲᠤᠷᠱᠢᠯᠲᠠ ᠢ᠋ᠢᠨ ᠣᠷᠣᠨ ᠨᠢ ᠭᠠᠵᠠᠷ ᠣᠷᠣᠨ ᠤ᠋ ᠪᠠᠢᠳᠠᠯ᠎ᠳᠠᠭᠠᠨ ᠲᠤᠬᠢᠷᠠᠭᠤᠯᠤᠨ ᠬᠢᠯᠢ ᠳᠠᠭᠠᠤ ᠣᠷᠣᠨ ᠤ᠋ ᠣᠨᠴᠠᠯᠢᠭ ᠲᠠᠢ ᠲᠦᠷᠢᠮ ᠤ᠋ᠨ ᠱᠢᠨ᠎ᠡ ᠢ᠋ᠢ ᠡᠬᠦᠳᠴᠤ᠂  ᠬᠦᠷᠰᠢ ᠵᠡᠷᠬᠡᠯᠡᠳᠡᠬᠡ ᠵᠢᠨ 《ᠨᠢᠭᠡ ᠪᠦᠰᠡ ᠨᠢᠭᠡ ᠵᠠᠮ 》 ᠢ᠋ ᠬᠠᠮᠲᠤ ᠪᠡᠷ ᠪᠦᠳᠦᠭᠡᠨ ᠪᠠᠢᠭᠤᠯᠬᠤ ᠤᠯᠤᠰ ᠤ᠋ᠳ ᠯᠤᠭ᠎ᠠ ᠰᠠᠭᠤᠷᠢ ᠲᠥᠬᠥᠭᠡᠷᠦᠮᠵᠢ ᠢ᠋ᠢ ᠬᠤᠯᠪᠤᠯᠳᠤᠭᠤᠯᠤᠨ ᠨᠡᠪᠳᠡᠷᠡᠯᠴᠡᠬᠦᠯᠬᠦ᠂ ᠲᠦᠷᠢᠮ ᠪᠠᠷᠢᠮᠵᠢᠶ᠎ᠠ ᠵᠢ ᠬᠠᠷᠢᠯᠴᠠᠨ ᠮᠡᠳᠡᠷᠡᠬᠦ᠂ ᠠᠷᠠᠳ᠎ᠤᠨ ᠬᠤᠭᠤᠷᠤᠨᠳᠤᠬᠢ ᠬᠠᠷᠢᠯᠴᠠᠨ ᠶᠠᠪᠤᠯᠴᠠᠵᠦ ᠬᠠᠷᠢᠯᠴᠠᠨ ᠠᠭᠤᠰᠤᠯᠴᠠᠬᠤ ᠵᠡᠷᠭᠡ ᠲᠠᠯ᠎ᠠ ᠪᠡᠷ ᠬᠢ ᠰᠣᠯᠢᠯᠴᠠᠭ᠎ᠠ ᠬᠠᠮᠲᠤᠷᠠᠯᠴᠠᠭ᠎ᠠ᠎ᠪᠠᠨ ᠴᠢᠩᠭᠠᠳᠭᠠᠵᠤ᠂  ᠬᠢᠯᠢ ᠳᠠᠭᠠᠤ ᠳᠣᠲᠣᠭᠠᠳᠤ ᠬᠠᠭᠤᠷᠠᠢ ᠢ᠋ᠢᠨ ᠣᠨᠴᠠᠯᠢᠭ ᠲᠠᠢ ᠤᠤᠭᠠᠯ ᠡᠭᠦᠳᠦᠯᠲᠡ ᠢ᠋ᠢᠨ ᠴᠢᠨᠠᠷᠲᠠᠢ᠂ ᠬᠤᠷᠠᠮᠠᠯ ᠮᠠᠶᠢᠭ ᠤ᠋ᠨ ᠲᠦᠷᠢᠮ ᠤ᠋ᠨ ᠰᠢᠨ᠎ᠡ ᠢ᠋ᠢ ᠡᠬᠦᠳᠬᠦ ᠢ᠋ᠢ ᠠᠬᠢᠭᠤᠯᠤᠨ᠎ᠠ ᠃

ᠥᠪᠥᠷ ᠮᠣᠩᠭᠣᠯ ᠳ᠋ᠤ᠌ 4200 ᠭᠠᠷᠤᠶ ᠺᠢᠯᠣᠮᠧᠲ᠋ᠷ ᠬᠢᠯᠢ ᠢ᠋ᠢᠨ ᠱᠤᠭᠤᠮ᠂  ᠭᠠᠳᠠᠭᠠᠳᠤ ᠨᠡᠭᠡᠭᠡᠯᠲᠡ ᠢ᠋ᠢᠨ 20 ᠬᠢᠯᠢ ᠢ᠋ᠢᠨ ᠪᠣᠭᠣᠮᠲᠠ ᠲᠠᠢ ᠶᠤᠮ᠃ ᠦᠪᠦᠷ ᠮᠤᠩᠭᠤᠯ ᠮᠠᠨ ᠤ᠋ ᠤᠯᠤᠰ ᠤ᠋ᠨ ᠳᠣᠲᠣᠭᠠᠳᠤ ᠬᠠᠭᠤᠷᠠᠶ ᠪᠣᠯᠤᠨ ᠤᠮᠠᠷᠠᠲᠤ ᠢ᠋ᠢᠨ ᠬᠥᠷᠰᠢ ᠵᠡᠷᠭᠡᠯᠡᠳᠡᠬᠡ ᠵᠢᠨ ᠤᠯᠤᠰ ᠤ᠋ᠳ ᠢ᠋ ᠨᠡᠪᠳᠡᠷᠡᠯᠴᠡᠬᠦᠯᠵᠦ᠂ ᠤᠯᠤᠰ ᠤ᠋ᠨ ᠳᠣᠲᠣᠭᠠᠳᠤ ᠭᠠᠳᠠᠭᠠᠳᠤ ᠢ᠋ᠢᠨ ᠬᠤᠤᠰ ᠣᠷᠴᠢᠯ ᠢ᠋ ᠬᠤᠯᠪᠤᠯᠳᠤᠭᠤᠯᠤᠨ ᠨᠡᠪᠳᠡᠷᠡᠯᠴᠡᠬᠦᠯᠬᠦ ᠳ᠋ᠤ᠌ ᠴᠢᠬᠤᠯᠠ ᠦᠢᠯᠡᠳᠦᠯ ᠪᠠᠳᠠᠷᠠᠭᠤᠯᠵᠤ ᠪᠠᠢᠳᠠᠭ ᠃

2025 ᠣᠨ ᠳ᠋ᠤ᠌᠂ ᠥᠪᠥᠷ ᠮᠣᠩᠭᠣᠯ ᠤ᠋ᠨ ᠬᠠᠭᠤᠷᠠᠶ ᠵᠠᠮ ᠤ᠋ᠨ ᠬᠢᠯᠢ ᠢ᠋ᠢᠨ ᠪᠣᠭᠣᠮᠲᠠ ᠢ᠋ᠢᠨ ᠡᠳ᠋ ᠪᠠᠷᠠᠭᠠᠨ ᠤ᠋ ᠲᠡᠭᠡᠭᠡᠪᠦᠷᠢ ᠢ᠋ᠢᠨ ᠬᠡᠮᠵᠢᠶ᠎ᠡ 1.32 ᠳ᠋ᠦᠩᠱᠢᠭᠤᠷ ᠲᠣᠨ ᠳ᠋ᠤ᠌ ᠬᠦᠷᠴᠦ᠍ ᠂ ᠨᠢᠳᠤᠨᠤᠨ ᠤ᠋ ᠠᠳᠠᠯᠢ ᠬᠤᠭᠤᠴᠠᠭᠠᠨ ᠤ᠋᠎ᠬᠢ᠎ᠡᠴᠡ 8.3%  ᠪᠡᠷ ᠨᠡᠮᠡᠭ᠌ᠳᠡᠵᠦ᠍᠂ 3 ᠵᠢᠯ ᠳᠠᠷᠠᠭᠠᠯᠠᠨ ᠳ᠋ᠦᠩᠱᠢᠭᠤᠷ ᠲᠣᠨ ᠤ᠋ ᠶᠡᠬᠡ ᠪᠣᠭᠣᠮᠲᠠ ᠢ᠋ᠢ ᠳᠠᠪᠠᠪᠠ ᠃ ᠬᠢᠯᠢ ᠢ᠋ᠢᠨ ᠪᠣᠭᠣᠮᠲᠠ ᠢ᠋ᠢᠨ ᠲᠡᠭᠡᠭᠡᠪᠦᠷᠢ ᠢ᠋ᠢᠨ ᠬᠡᠮᠵᠢᠶ᠎ᠡ ᠲᠠᠰᠤᠷᠠᠯᠲᠠ ᠥᠬᠡᠶ ᠨᠡᠮᠡᠭ᠌ᠳᠡᠬᠦ᠌ ᠢ᠋ᠢ ᠳᠠᠭᠠᠯᠳᠤᠨ᠂ ᠣᠲᠣ ᠢ᠋ᠢᠨ ᠪᠠᠢᠭ᠎ᠠ ᠰᠠᠭᠤᠷᠢ ᠲᠦᠬᠦᠬᠡᠷᠤᠮᠵᠢ᠂ ᠲᠤᠨᠤᠬᠯᠠᠯ᠎ᠤᠨ ᠴᠢᠳᠠᠮᠵᠢ ᠵᠡᠷᠭᠡ᠎ᠨᠢ ᠪᠠᠭ᠍ᠲᠠᠭᠠᠮᠵᠢ᠎ᠪᠡᠨ ᠥᠷᠭᠡᠳᠭᠡᠨ ᠲᠠᠰ ᠲᠡᠪᠰᠢᠬᠦ ᠢ᠋ᠢ ᠲᠤᠯᠭᠠᠮ᠎ᠱᠠᠭᠠᠷᠳᠠᠵᠤ᠂  ᠤᠶᠤᠨᠴᠢ ᠪᠡᠷ ᠪᠣᠭᠣᠮᠲᠠ ᠦᠨᠭᠬᠡᠷᠡᠬᠦ᠂  ᠪᠠᠢᠴᠠᠭᠠᠨ ᠱᠢᠯᠭᠠᠵᠤ ᠬᠡᠮᠵᠢᠬᠦ᠌ ᠵᠡᠷᠭᠡ ᠲᠠᠯ᠎ᠠ ᠪᠡᠷ ᠪᠠᠰᠠ ᠱᠢᠯᠢᠳᠡᠭ᠌ᠵᠢᠭᠦᠯᠬᠦ᠌ ᠴᠢᠬᠤᠯᠠᠲᠠᠶ ᠪᠠᠢᠨ᠎ᠠ᠃

ᠲᠡᠭᠡᠭᠡᠪᠦᠷᠢ ᠢ᠋ᠢᠨ ᠪᠠᠲᠤᠯᠠᠭ᠎ᠠ ᠢ᠋ᠢᠨ ᠴᠢᠳᠠᠪᠤᠷᠢ ᠢ᠋ᠢ ᠳᠡᠭᠡᠭ᠌ᠰᠢᠯᠡᠭᠦᠯᠵᠦ᠍᠂ ᠤᠯᠠᠨ ᠤᠯᠤᠰ ᠤ᠋ᠨ ᠡᠳ᠋ ᠪᠠᠷᠠᠭᠠᠨ ᠤ᠋ ᠬᠦᠢᠯᠬᠡᠬᠡ ᠢ᠋ᠢᠨ ᠶᠡᠬᠡ ᠨᠡᠪᠲᠡᠷᠡᠯ ᠵᠠᠮ ᠢ᠋ ᠲᠡᠭᠦᠯᠳᠡᠷᠵᠢᠭᠦᠯᠦᠨ᠎ᠡ᠃ 《ᠳᠤᠮᠳᠠᠳᠤ ᠤᠯᠤᠰ (ᠥᠪᠥᠷ ᠮᠣᠩᠭᠣᠯ )  ᠤ᠋ᠨ ᠴᠢᠯᠥᠭᠡᠲᠦ ᠠᠷᠠᠯᠵᠢᠶᠠᠨ ᠤ᠋ ᠲᠤᠷᠱᠢᠯᠲᠠ ᠢ᠋ᠢᠨ ᠣᠷᠣᠨ ᠤ᠋ ᠶᠡᠷᠦᠩᠬᠡᠶ ᠲᠥᠰᠦᠯ》 (ᠳᠣᠷᠣᠭ᠍ᠰᠢ 《ᠶᠡᠷᠦᠩᠬᠡᠶ ᠲᠥᠰᠦᠯ 》 ᠭᠡᠵᠦ᠍ ᠲᠣᠪᠴᠢᠯᠠᠨ᠎ᠠ) ᠤ᠋ᠨ ᠳᠡᠮᠵᠢᠯᠭᠡ ᠳᠤᠤᠷ᠎ᠠ᠂ ᠥᠪᠥᠷ ᠮᠣᠩᠭᠣᠯ ᠬᠢᠯᠢ ᠢ᠋ᠢᠨ ᠪᠣᠭᠣᠮᠲᠠ ᠢ᠋ᠢᠨ ᠰᠠᠭᠤᠷᠢ ᠲᠦᠬᠦᠬᠡᠷᠤᠮᠵᠢ ᠢ᠋ᠢ ᠤᠯᠠᠮ ᠨᠢᠭᠡ ᠠᠯᠬᠤᠮ ᠲᠠᠰ ᠳᠡᠪᠱᠢᠭᠦᠯᠦᠨ ᠥᠭᠡᠷᠡᠴᠢᠯᠡᠨ ᠰᠠᠢᠵᠢᠷᠠᠭᠤᠯᠵᠦ᠍᠂  ᠣᠶᠤᠨᠴᠢ ᠬᠢᠯᠢ ᠢ᠋ᠢᠨ ᠪᠣᠭᠣᠮᠲᠠ ᠪᠠ ᠣᠶᠤᠨᠴᠢ ᠪᠡᠷ  ᠪᠣᠭᠣᠮᠲᠠ ᠥᠩᠭᠡᠷᠡᠬᠦ᠌ ᠪᠥᠲᠥᠭᠡᠨ ᠪᠠᠢᠭᠤᠯᠤᠯᠲᠠ ᠢ᠋ᠢ ᠭᠦᠨᠵᠡᠭᠡᠢᠷᠡᠭᠦᠯᠦᠨ᠂ ᠵᠢᠯᠣᠭᠣᠴᠢ ᠬᠡᠷᠡᠭᠰᠡᠬᠦ ᠥᠬᠡᠶ  ᠵᠡᠷᠭᠡ ᠱᠢᠨ᠎ᠡ ᠬᠡᠯᠪᠡᠷᠢ ᠢ᠋ᠢᠨ ᠣᠶᠤᠨᠴᠢ ᠬᠢᠯᠢ ᠠᠯᠤᠰᠯᠠᠭ᠍ᠰᠠᠨ ᠲᠡᠭᠡᠭᠡᠪᠦᠷᠢ ᠢ᠋ᠢᠨ ᠨᠡᠪᠳᠡᠷᠡᠯ ᠵᠠᠮ ᠢ᠋ ᠰᠦᠪᠡᠭ᠌ᠴᠢᠯᠡᠨ ᠪᠠᠢᠭᠤᠯᠵᠤ᠂ ᠲᠦᠷᠢᠮ ᠤ᠋ᠨ ᠱᠢᠨ᠎ᠡ ᠢ᠋ᠢ ᠡᠭᠦᠳᠬᠦ᠌ ᠦᠶ᠋ᠯᠡᠳᠦᠯᠭᠡ᠎ᠪᠡᠷ ᠪᠥᠬᠥ᠌ ᠤᠯᠤᠰ ᠤ᠋ᠨ ᠬᠠᠭᠤᠷᠠᠶ ᠵᠠᠮ ᠤ᠋ᠨ ᠬᠢᠯᠢ ᠢ᠋ᠢᠨ ᠪᠣᠭᠣᠮᠲᠠ ᠢ᠋ᠢᠨ ᠣᠶᠤᠨᠴᠢᠯᠠᠭ᠍ᠰᠠᠨ᠂ ᠵᠢᠯᠤᠭᠤᠴᠢ ᠬᠡᠷᠡᠭᠰᠡᠬᠦ ᠦᠬᠡᠢ᠂ ᠮᠠᠱᠢᠨᠴᠢᠯᠠᠭ᠍ᠰᠠᠨ ᠱᠢᠨ᠎ᠡ ᠵᠠᠮ ᠢ᠋ ᠨᠡᠭᠡᠭᠡᠬᠦ᠌ ᠪᠣᠯᠤᠨ᠎ᠠ᠃

2025 ᠣᠨ ᠳ᠋ᠤ᠌᠂ ᠥᠪᠥᠷ ᠮᠣᠩᠭᠣᠯ ᠤ᠋ᠨ ᠭᠠᠳᠠᠭᠠᠳᠤ ᠠᠷᠠᠯᠵᠢᠶᠠᠨ ᠤ᠋ ᠣᠷᠣᠭᠤᠯᠤᠯᠲᠠ ᠭᠠᠷᠭᠠᠯᠲᠠ ᠢ᠋ᠢᠨ ᠶᠡᠷᠦᠩᠬᠡᠶ ᠥᠷᠲᠡᠭ ᠤ᠋ᠨ ᠨᠡᠮᠡᠭ᠌ᠳᠡᠯ ᠤ᠋ᠨ ᠬᠤᠷᠳᠤᠴᠠ 6.4% ᠎ᠳ᠋ᠤ ᠬᠥᠷᠪᠡ ;  ᠡᠨᠡ ᠵᠢᠯ ᠤ᠋ᠨ 1 — 2 ᠰᠠᠷ᠎ᠠ ᠳ᠋ᠤ᠌᠂ ᠭᠠᠳᠠᠭᠠᠳᠤ ᠠᠷᠠᠯᠵᠢᠶᠠᠨ ᠤ᠋ ᠣᠷᠣᠭᠤᠯᠤᠯᠲᠠ ᠭᠠᠷᠭᠠᠯᠲᠠ ᠢ᠋ᠢᠨ ᠨᠡᠮᠡᠭ᠌ᠳᠡᠯ ᠤ᠋ᠨ ᠬᠤᠷᠳᠤᠴᠠ ᠨᠢ ᠪᠥᠬᠥ᠌ ᠤᠯᠤᠰ ᠤ᠋ᠨ ᠡᠯ᠎ᠡ ᠮᠤᠵᠢ ᠣᠷᠣᠨ ᠬᠣᠲᠠ ᠢ᠋ᠢᠨ ᠭᠤᠷᠪᠠᠳᠤᠭᠠᠷ᠎ᠲᠤ ᠵᠢᠭᠰᠠᠪᠠ᠃ 2025 ᠣᠨ ᠳ᠋ᠤ᠌᠂ ᠥᠪᠥᠷ ᠮᠣᠩᠭᠣᠯ ᠤ᠋ᠨ ᠬᠢᠯᠢ ᠢ᠋ᠢᠨ ᠠᠷᠠᠳ ᠤ᠋ᠨ ᠬᠠᠷᠢᠯᠴᠠᠨ ᠠᠷᠠᠯᠵᠢᠶ᠎ᠡ ᠮᠠᠢᠮᠠᠢ ᠬᠢᠭᠰᠡᠨ ᠠᠷᠠᠯᠵᠢᠶᠠᠨ ᠤ᠋ ᠬᠡᠮᠵᠢᠶ᠎ᠡ ᠨᠢᠳᠤᠨᠤᠨ ᠤ᠋ ᠠᠳᠠᠯᠢ ᠬᠤᠭᠤᠴᠠᠭᠠᠨ ᠤ᠋᠎ᠬᠢ᠎ᠡᠴᠡ 65.4%  ᠪᠡᠷ ᠨᠡᠮᠡᠭ᠌ᠳᠡᠪᠡ᠃

 ᠥᠪᠡᠷᠲᠡᠭᠡᠨ ᠵᠠᠰᠠᠬᠤ ᠣᠷᠣᠨ ᠤ᠋ ᠥᠭᠦᠯᠡᠭ᠌ᠴᠢ 4 ᠰᠠᠷ᠎ᠠ ᠢ᠋ᠢᠨ 10 ᠤ᠋ ᠡᠳᠦᠷ ᠲᠥᠷᠥ ᠢ᠋ᠢᠨ ᠶᠠᠪᠤᠳᠠᠯ ᠤ᠋ᠨ ᠬᠤᠷᠢᠶ᠎ᠡ ᠢ᠋ᠢᠨ ᠰᠣᠨᠢᠨ ᠮᠡᠳᠡᠭᠡᠨ᠎ᠦ ᠠᠯᠪᠠᠨ ᠬᠡᠷ ᠡᠴᠡ ᠡᠷᠬᠢᠯᠡᠨ ᠬᠤᠷᠠᠯᠳᠤᠭᠤᠯᠤᠭᠰᠠᠨ ᠲᠥᠷᠥ ᠢ᠋ᠢᠨ ᠪᠣᠳᠣᠯᠭ᠎ᠠ ᠢ᠋ᠢᠨ ᠪᠠᠢᠳᠠᠯ ᠢ᠋ ᠮᠡᠳᠡᠭᠳᠡᠬᠦ ᠵᠤᠷᠱᠢᠯᠲᠤ ᠬᠤᠷᠠᠯ ᠳᠡᠭᠡᠷ᠎ᠡ᠂ 《ᠶᠡᠷᠦᠩᠬᠡᠶ ᠲᠥᠰᠦᠯ》 ᠎ᠳ᠋ᠤ ᠡᠳ᠋ ᠪᠠᠷᠠᠭᠠᠨ ᠤ᠋ ᠠᠷᠠᠯᠵᠢᠶᠠᠨ ᠤ᠋ ᠶᠠᠰᠤ ᠴᠢᠨᠠᠷ ᠢ᠋ ᠳᠡᠭᠡᠭ᠌ᠰᠢᠯᠡᠭᠦᠯᠦᠨ ᠲᠠᠰ ᠳᠡᠪᠱᠢᠭᠦᠯᠬᠦ᠌ ᠢ᠋ᠢ ᠠᠬᠢᠭᠤᠯᠬᠤ᠂ ᠦᠶ᠋ᠯᠡᠴᠢᠯᠡᠭᠡᠨ᠎ᠦ ᠠᠷᠠᠯᠵᠢᠶᠠᠨ ᠤ᠋ ᠬᠥᠭ᠌ᠵᠢᠯᠲᠡ ᠢ᠋ᠢᠨ ᠠᠮᠢᠵᠢᠷᠠᠯ ᠤ᠋ᠨ ᠬᠦᠴᠦᠨ ᠢ᠋ ᠨᠡᠮᠡᠭ᠌ᠳᠡᠭᠦᠯᠬᠦ᠌᠂  ᠬᠢᠯᠢ ᠢ᠋ᠢᠨ ᠠᠷᠠᠳ ᠤ᠋ᠨ ᠬᠠᠷᠢᠯᠴᠠᠨ ᠠᠷᠠᠯᠵᠢᠶ᠎ᠡ ᠮᠠᠢᠮᠠᠢ ᠬᠢᠬᠦ ᠠᠷᠠᠯᠵᠢᠶ᠎ᠠ ᠢ᠋ᠢ ᠱᠢᠨ᠎ᠡ ᠢ᠋ᠢ ᠡᠭᠦᠳᠦᠨ ᠬᠥᠭ᠌ᠵᠢᠭᠦᠯᠬᠦ᠌ ᠵᠡᠷᠭᠡ ᠲᠠᠯ᠎ᠠ ᠪᠡᠷ ᠥᠪᠥᠷ ᠮᠣᠩᠭᠣᠯ ᠳ᠋ᠤ᠌ ᠠᠯᠢ ᠣᠯᠠᠨ ᠦᠨ᠎ᠡ ᠴᠠᠨ᠎ᠠ᠎ᠲᠠᠢ ᠲᠦᠷᠢᠮ ᠤ᠋ᠨ ᠥᠭᠡᠷᠡᠴᠢᠯᠡᠯᠲᠡ ᠢ᠋ᠢᠨ ᠲᠤᠷᠱᠢᠯᠲᠠ ᠢ᠋ᠢᠨ ᠡᠭᠦᠷᠭᠡ ᠤᠯᠭᠤᠭᠰᠠᠨ ᠬᠡᠵᠤ ᠲᠠᠨᠢᠯᠴᠠᠭᠤᠯᠪᠠ ᠃

  ᠵᠢᠱ᠌ᠢᠶᠡᠯᠡᠪᠡᠯ ᠂ 《 ᠶᠡᠷᠦᠩᠬᠡᠶ ᠲᠥᠰᠦᠯ》 ᠎ᠳ᠋ᠤ ᠬᠦᠷᠰᠢ ᠵᠡᠷᠬᠡᠯᠡᠳᠡᠬᠡ ᠤᠯᠤᠰ ᠤ᠋ᠳ ᠤ᠋ᠨ ᠴᠢᠨᠠᠷ ᠰᠠᠢᠲᠠᠶ ᠲᠠᠷᠢᠶᠠᠯᠠᠩ ᠤ᠋ᠨ ᠪᠦᠲᠦᠭᠡᠭ᠌ᠳᠡᠬᠦᠨ ᠢ᠋ ᠳᠤᠮᠳᠠᠳᠤ ᠤᠯᠤᠰ᠎ᠲᠤ ᠣᠷᠣᠭᠤᠯᠬᠤ ᠪᠠ ᠬᠢᠵᠢᠭ ᠪᠠᠢᠴᠠᠭᠠᠬᠤ ᠵᠥᠪᠱᠢᠶᠡᠷᠡᠯ ᠢ᠋ ᠳᠡᠮᠵᠢᠵᠦ᠍᠂  ᠴᠢᠨᠠᠷ ᠰᠠᠢᠲᠠᠶ ᠲᠠᠷᠢᠶᠠᠯᠠᠩ ᠤ᠋ᠨ ᠪᠦᠲᠦᠭᠡᠭ᠌ᠳᠡᠬᠦᠨ ᠢ᠋ ᠭᠠᠳᠠᠭᠠᠳᠤ᠎ᠠᠴᠠ ᠣᠷᠣᠭᠤᠯᠬᠤ ᠢ᠋ᠢ ᠥᠷᠭᠡᠳᠭᠡᠨ᠎ᠡ ᠬᠡᠵᠤ ᠲᠤᠳᠤᠷᠬᠠᠢᠯᠠᠪᠠ᠃ ᠡᠬᠡ ᠤᠯᠤᠰ ᠤ᠋ᠨ ᠤᠮᠠᠷᠠᠰᠢ ᠨᠡᠭᠡᠭᠡᠯᠲᠡ ᠬᠢᠬᠦ᠌ ᠡᠮᠦᠨ᠎ᠡ ᠹᠷᠣᠨᠲ ᠤ᠋ᠨ ᠵᠢᠭ᠍ᠰᠠᠭᠠᠯ ᠤ᠋ᠨ ᠭᠠᠵᠠᠷ ᠪᠣᠯᠤᠭ᠍ᠰᠠᠨ ᠤ᠋ ᠬᠤᠪᠢ ᠳ᠋ᠤ᠌᠂ ᠥᠪᠥᠷ ᠮᠣᠩᠭᠣᠯ ᠤ᠋ᠨ ᠴᠢᠯᠥᠭᠡᠲᠦ ᠠᠷᠠᠯᠵᠢᠶᠠᠨ ᠤ᠋ ᠲᠤᠷᠱᠢᠯᠲᠠ ᠢ᠋ᠢᠨ ᠣᠷᠣᠨ᠎ᠨᠢ ᠣᠷᠣᠰ᠂ ᠮᠣᠩᠭᠣᠯ ᠤᠯᠤᠰ ᠵᠡᠷᠭᠡ ᠬᠦᠷᠰᠢ ᠵᠡᠷᠬᠡᠯᠡᠳᠡᠬᠡ ᠤᠯᠤᠰ᠎ᠯᠤᠭ᠎ᠠ ᠢ᠋ᠢᠨ ᠲᠠᠷᠢᠶᠠᠯᠠᠩ ᠤ᠋ᠨ ᠪᠦᠲᠦᠭᠡᠭ᠌ᠳᠡᠬᠦᠨ ᠢ᠋ ᠭᠠᠳᠠᠭᠠᠳᠤ᠎ᠠᠴᠠ ᠣᠷᠣᠭᠤᠯᠬᠤ ᠨᠡᠪᠲᠡᠷᠡᠯ ᠵᠠᠮ ᠢ᠋ ᠥᠷᠭᠡᠳᠭᠡᠵᠦ᠍᠂ ᠬᠢᠵᠢᠭ ᠪᠠᠢᠴᠠᠭᠠᠬᠤ ᠳ᠋ᠤ᠌ ᠵᠥᠪᠱᠢᠶᠡᠷᠡᠨ ᠣᠷᠣᠭᠤᠯᠬᠤ ᠲᠠᠷᠠᠭᠠᠯᠠᠯ᠎ᠢ ᠱᠢᠯᠢᠳᠡᠭ᠌ᠵᠢᠭᠦᠯᠬᠦ᠌᠂ ᠬᠢᠯᠢ ᠠᠯᠤᠰᠯᠠᠭ᠍ᠰᠠᠨ ᠡᠳ᠋ ᠪᠠᠷᠠᠭᠠᠨ ᠤ᠋ ᠬᠦᠢᠯᠬᠡᠬᠡ ᠢ᠋ᠢᠨ ᠵᠠᠭ᠍ᠪᠤᠷ᠎ᠤᠨ ᠱᠢᠨ᠎ᠡ ᠢ᠋ᠢ ᠡᠭᠦᠳᠬᠦ᠌᠂  ᠬᠠᠩᠭᠠᠯᠭ᠎ᠠ ᠬᠡᠷᠡᠭ᠌ᠴᠡᠭᠡ ᠢ᠋ᠢ ᠵᠣᠯᠭᠠᠭᠤᠯᠬᠤ ᠲᠠᠪᠴᠠᠩ ᠢ᠋ ᠪᠠᠢᠭᠤᠯᠬᠤ ᠵᠡᠷᠭᠡ ᠠᠷᠭ᠎ᠠ ᠬᠡᠮᠵᠢᠶ᠎ᠡ᠎ᠪᠡᠷ ᠳᠠᠮᠵᠢᠭᠤᠯᠤᠨ᠂ ᠮᠣᠩᠭᠣᠯ ᠤᠯᠤᠰ᠂ ᠣᠷᠣᠰ ᠤ᠋ᠨ ᠣᠨᠴᠠᠯᠢᠭ᠍ᠲᠤ ᠴᠢᠨᠠᠷ ᠰᠠᠢᠲᠠᠶ ᠲᠠᠷᠢᠶᠠᠯᠠᠩ ᠤ᠋ᠨ ᠪᠦᠲᠦᠭᠡᠭ᠌ᠳᠡᠬᠦᠨ ᠢ᠋ ᠤᠯᠤᠰ ᠤ᠋ᠨ ᠳᠣᠲᠣᠭᠠᠳᠤ ᠢ᠋ᠢᠨ ᠵᠠᠬ᠎ᠠ ᠳᠡᠯᠭᠡᠭᠦᠷ᠎ᠲᠦ ᠣᠷᠣᠭᠤᠯᠤᠨ᠎ᠠ᠃ ᠡᠨᠡ᠎ᠨᠢ ᠬᠦᠷᠰᠢ ᠵᠡᠷᠬᠡᠯᠡᠳᠡᠬᠡ ᠤᠯᠤᠰ ᠤ᠋ᠳ ᠤ᠋ᠨ ᠲᠠᠷᠢᠶᠠᠯᠠᠩ ᠤ᠋ᠨ ᠪᠦᠳᠦᠭᠡᠭᠳᠡᠬᠦᠨ ᠤ᠋ ᠠᠵᠤ ᠦᠶ᠋ᠯᠡᠰ᠎ᠲᠦ ᠨᠠᠩ ᠥᠷᠭᠡᠨ ᠳᠡᠯᠭᠡᠷ ᠪᠣᠷᠣᠯᠠᠭᠤᠯᠭ᠎ᠠ ᠢ᠋ᠢᠨ ᠵᠠᠮ ᠨᠡᠭᠡᠭᠡᠵᠦ᠍ ᠦᠭᠬᠦ ᠪᠡᠷ ᠪᠠᠷᠠᠬᠤ ᠥᠬᠡᠶ᠂ ᠤᠯᠤᠰ ᠤ᠋ᠨ ᠳᠣᠲᠣᠭᠠᠳᠤ ᠢ᠋ᠢᠨ ᠬᠡᠷᠡᠭ᠌ᠯᠡᠭ᠌ᠴᠢᠳ ᠢ᠋ ᠭᠠᠳᠠᠭᠠᠳᠤ ᠳ᠋ᠤ᠌ ᠭᠠᠷᠬᠤ ᠥᠬᠡᠶ᠎ᠪᠡᠷ ᠮᠣᠩᠭᠣᠯ ᠤᠯᠤᠰ᠂ ᠣᠷᠣᠰ ᠵᠡᠷᠭᠡ ᠤᠯᠤᠰ ᠤ᠋ᠨ ᠰᠢᠯᠢᠳᠡᠭ ᠪᠠᠷᠠᠭ᠎ᠠ ᠲᠠᠸᠠᠷ ᠢ᠋ ᠬᠤᠳᠠᠯᠳᠤᠨ ᠠᠪᠴᠤ ᠲᠡᠢᠯᠬᠦ ᠪᠤᠯᠭᠠᠨ᠎ᠡ᠃

ᠳᠦᠷᠢᠮ ᠤ᠋ᠨ ᠥᠭᠡᠷᠡᠴᠢᠯᠡᠯᠲᠡ ᠨᠢ ᠥᠪᠥᠷ ᠮᠣᠩᠭᠣᠯ ᠤ᠋ᠨ ᠬᠢᠯᠢ ᠢ᠋ᠢᠨ ᠪᠣᠭᠣᠮᠲᠠ ᠢ᠋ᠢᠨ ᠨᠡᠪᠲᠡᠷᠡᠯ ᠵᠠᠮ ᠢ᠋ ᠨᠡᠩ ᠰᠠᠭᠠᠳ ᠦᠭᠡᠢ ᠨᠡᠪᠲᠡᠷᠡᠭᠦᠯᠵᠦ᠍᠂ ᠳᠣᠲᠣᠭᠠᠳᠤ ᠭᠠᠳᠠᠭᠠᠳᠤ ᠠᠷᠠᠯᠵᠢᠶᠠᠨ ᠤ᠋ ᠬᠥᠭ᠌ᠵᠢᠯᠲᠡ ᠢ᠋ᠢ ᠨᠡᠩ ᠵᠣᠬᠢᠴᠠᠩᠭᠤᠢ ᠥᠨᠳᠥᠷ ᠪᠦᠲᠦᠮᠵᠢᠲᠡᠢ ᠪᠤᠯᠭᠠᠵᠡᠢ᠃

《ᠶᠡᠷᠦᠩᠬᠡᠶ ᠲᠥᠰᠦᠯ 》 ᠎ᠳ᠋ᠤ ᠪᠠᠰᠠ 《ᠳᠤᠮᠳᠠᠳᠤ ᠮᠣᠩᠭᠣᠯ ᠤ᠋ᠨ ᠬᠢᠯᠢ ᠠᠯᠤᠰᠯᠠᠭ᠍ᠰᠠᠨ ᠰᠢᠯᠵᠢᠬᠡ ᠲᠣᠭᠠᠴᠠᠭ᠎ᠠ ᠢ᠋ᠢᠨ ᠬᠣᠯᠪᠣᠯᠳᠤᠨ ᠨᠡᠪᠲᠡᠷᠡᠯᠴᠡᠬᠦ᠌ ᠢ᠋ᠢ ᠠᠬᠢᠭᠤᠯᠤᠨ᠎ᠠ》 ᠭᠡᠵᠦ᠍ ᠳᠤᠷᠠᠳᠪᠡ᠃ ᠥᠪᠥᠷ ᠮᠣᠩᠭᠣᠯ 《 ᠬᠢᠯᠢ ᠢ᠋ᠢᠨ ᠭᠠᠳᠠᠨᠠᠬᠢ ᠪᠠᠨᠭᠬᠢ ᠢ᠋ᠢᠨ ᠺᠠᠷᠲ ᠢ᠋ᠢᠡᠷ ᠬᠢᠯᠢ ᠢ᠋ᠢᠨ ᠲᠤᠳᠤᠷ᠎ᠡ ᠲᠤᠭᠠᠴᠠᠭ᠎ᠠ ᠬᠢᠬᠦ 》 ᠵᠡᠷᠭᠡ ᠵᠠᠭ᠍ᠪᠤᠷ ᠢ᠋ ᠳᠡᠯᠭᠡᠷᠡᠭᠦᠯᠵᠦ᠍᠂  ᠬᠢᠯᠢ ᠠᠯᠤᠰᠯᠠᠭ᠍ᠰᠠᠨ ᠱᠢᠯᠵᠢᠬᠡ ᠲᠣᠭᠠᠴᠠᠭ᠎ᠠ ᠬᠢᠬᠦ᠌ ᠨᠥᠬᠥᠷᠰᠡᠭ ᠬᠡᠮᠵᠢᠶ᠎ᠡ ᠪᠠ ᠲᠥᠬᠥᠮ ᠦᠵᠡᠭᠦᠯᠬᠦ᠌ ᠬᠡᠮᠵᠢᠶ᠎ᠠ ᠵᠢ ᠳᠡᠭᠡᠭ᠌ᠰᠢᠯᠡᠭᠦᠯᠦᠨ᠂ ᠭᠠᠳᠠᠭᠠᠳᠤ ᠵᠢᠨ ᠬᠡᠷᠡᠭ᠌ᠯᠡᠭ᠌ᠴᠢ ᠢ᠋ᠢᠨ ᠪᠠᠷᠢᠮᠵᠢᠶ᠎ᠠ ᠠᠰᠠᠯᠢ ᠦᠬᠡᠢ ᠵᠡᠷᠭᠡ ᠱᠢᠯᠲᠠᠭᠠᠨ᠎ᠠᠴᠠ ᠪᠣᠯᠵᠣ ᠲᠣᠭᠠᠴᠠᠭ᠎ᠠ ᠬᠢᠬᠦ ᠢ᠋ᠢ ᠨᠦᠯᠦᠬᠡᠯᠡᠬᠦ ᠬᠢᠯᠢ ᠠᠯᠤᠰᠯᠠᠭ᠍ᠰᠠᠨ ᠲᠤᠭᠠᠴᠠᠭ᠎ᠠ ᠬᠢᠬᠦ ᠬᠦᠴᠢᠷ ᠠᠰᠠᠭᠤᠳᠠᠯ ᠢ᠋ ᠱᠢᠶ᠋ᠳᠪᠦᠷᠢᠯᠡᠬᠦ ᠪᠤᠯᠤᠨ᠎ᠡ ᠃

 ᠲᠦᠷᠢᠮ ᠤ᠋ᠨ ᠥᠭᠡᠷᠡᠴᠢᠯᠡᠯᠲᠡ ᠨᠢ ᠥᠪᠥᠷ ᠮᠣᠩᠭᠣᠯ ᠪᠣᠯᠤᠨ ᠨᠦᠬᠦᠷᠰᠡᠭ ᠬᠥᠷᠰᠢ ᠤᠯᠤᠰ ᠤ᠋ᠳ ᠤ᠋ᠨ ᠬᠣᠭᠣᠷᠣᠨᠳᠣᠬᠢ ᠶᠠᠪᠤᠯᠴᠠᠭ᠎ᠠ ᠰᠣᠯᠢᠯᠴᠠᠭ᠎ᠠ ᠳ᠋ᠤ᠌ ᠬᠦᠴᠦᠨ ᠨᠡᠮᠡᠷᠢᠯᠡᠨ᠎ᠡ᠃ ᠥᠪᠥᠷ ᠮᠣᠩᠭᠣᠯ ᠪᠠᠰᠠ ᠬᠦᠷᠰᠢ ᠵᠡᠷᠬᠡᠯᠡᠳᠡᠬᠡ ᠤᠯᠤᠰ ᠤ᠋ᠳ᠎ᠲᠤ ᠬᠠᠨᠳᠤᠭᠤᠯᠤᠭ᠍ᠰᠠᠨ ᠬᠢᠯᠢ ᠠᠯᠤᠰᠯᠠᠭ᠍ᠰᠠᠨ ᠵᠢᠭᠤᠯᠴᠢᠯᠠᠯ ᠢ᠋ ᠰᠦᠪᠡᠭ᠌ᠴᠢᠯᠡᠨ ᠬᠥᠭ᠌ᠵᠢᠭᠦᠯᠵᠦ᠍᠂ ᠣᠯᠠᠨ ᠤᠯᠤᠰ ᠤ᠋ᠨ ᠪᠡᠶ᠎ᠡ ᠢ᠋ᠢᠨ ᠲᠠᠮᠢᠷ ᠤ᠋ᠨ ᠰᠤᠳᠤᠨ ᠤᠷᠤᠯᠳᠤᠭᠠᠨ ᠢ᠋ ᠣᠷᠣᠭᠤᠯᠤᠨ ᠠᠪᠴᠢᠷᠠᠵᠤ᠂ ᠥᠪᠡᠷᠮᠢᠴᠡ ᠣᠨᠴᠠᠯᠢᠭ ᠪᠥᠬᠥᠶ ᠪᠡᠶ᠎ᠡ ᠢ᠋ᠢᠨ ᠲᠠᠮᠢᠷ ᠤ᠋ᠨ ᠵᠢᠭᠤᠯᠴᠢᠯᠠᠯ ᠤ᠋ᠨ ᠦᠶ᠋ᠯᠡᠳᠬᠦᠨ ᠢ᠋ ᠨᠡᠭᠡᠭᠡᠨ ᠬᠥᠭ᠌ᠵᠢᠭᠦᠯᠵᠦ᠍᠂ ᠮᠣᠷᠢ ᠤᠷᠤᠯᠳᠤᠬᠤ᠂  ᠪᠥᠬᠡ ᠪᠠᠷᠢᠯᠳᠤᠬᠤ᠂ ᠰᠤᠷ ᠬᠠᠷᠪᠤᠬᠤ ᠵᠡᠷᠭᠡ ᠪᠡᠶ᠎ᠡ ᠢ᠋ᠢᠨ ᠲᠠᠮᠢᠷ ᠤ᠋ᠨ ᠲᠥᠷᠥᠯ ᠵᠦᠶ᠋ᠯ ᠢ᠋ ᠬᠢᠯᠢ ᠠᠯᠤᠰᠯᠠᠭ᠍ᠰᠠᠨ ᠵᠢᠭᠤᠯᠴᠢᠯᠠᠯ᠎ᠯᠤᠭ᠎ᠠ ᠭᠦᠨᠵᠡᠭᠡᠶ ᠠᠭᠤᠰᠤᠯᠴᠠᠭᠤᠯᠬᠤ ᠢ᠋ᠢ ᠠᠬᠢᠭᠤᠯᠵᠤ᠂ ᠮᠠᠯ ᠠᠵᠤ ᠠᠬᠤᠶ ᠲᠠᠷᠢᠶᠠᠯᠠᠨᠭ᠌ ᠰᠣᠶᠣᠯ ᠵᠢᠭᠤᠯᠴᠢᠯᠠᠯ ᠪᠡᠶ᠎ᠡ ᠢ᠋ᠢᠨ ᠲᠠᠮᠢᠷ ᠠᠷᠠᠯᠵᠢᠶ᠎ᠡ ᠬᠤᠳᠠᠯᠳᠤᠭ᠎ᠠ ᠢ᠋ᠢ ᠨᠢᠭᠡ ᠴᠣᠭ᠍ᠴᠠᠵᠢᠭᠤᠯᠤᠨ ᠬᠥᠭ᠌ᠵᠢᠭᠦᠯᠬᠦ᠌ ᠢ᠋ᠢ ᠠᠬᠢᠭᠤᠯᠵᠤ᠂ ᠠᠷᠠᠳ ᠤ᠋ᠨ ᠰᠡᠳᠭᠢᠯ ᠢ᠋ ᠨᠡᠪᠲᠡᠷᠡᠯᠴᠡᠭᠦᠯᠬᠦ ᠵᠢ ᠠᠬᠢᠭᠤᠯᠤᠨ᠎ᠠ᠃

    ᠣᠨᠴᠠᠯᠢᠭᠳᠤ ᠲᠠᠪᠠᠭᠤᠯᠢᠭ ᠠᠵᠤ ᠦᠢᠯᠡᠰ ᠤ᠋ᠨ ᠪᠦᠯᠦᠭᠵᠢᠯ ᠢ᠋ ᠪᠠᠢᠭᠤᠯᠤᠨ᠎ᠡ

 ᠥᠪᠥᠷ ᠮᠣᠩᠭᠣᠯ ᠤ᠋ᠨ ᠴᠢᠯᠥᠭᠡᠲᠦ ᠠᠷᠠᠯᠵᠢᠶᠠᠨ ᠤ᠋ ᠲᠤᠷᠱᠢᠯᠲᠠ ᠢ᠋ᠢᠨ ᠣᠷᠣᠨ ᠨᠢ ᠬᠥᠬᠡᠬᠣᠲᠠ᠂ ᠮᠠᠨᠵᠤᠤᠷ᠂ ᠡᠷᠢᠶᠡᠨ ᠭᠤᠷᠪᠠᠨ ᠬᠡᠰᠡᠭ ᠢ᠋ ᠬᠠᠮᠤᠷᠴᠤ᠌ ᠂ ᠥᠪᠥᠷ ᠮᠣᠩᠭᠣᠯ ᠤ᠋ᠨ ᠠᠳᠠᠯᠢ ᠪᠤᠰᠤ ᠣᠷᠣᠨ ᠪᠠᠢᠷᠢ ᠳ᠋ᠤ᠌ ᠱᠢᠭᠢᠳᠭᠡᠭ᠌ᠰᠡᠨ ᠭᠤᠷᠪᠠᠨ ᠬᠡᠷᠡᠯᠳᠤ ᠰᠤᠪᠤᠳ ᠬᠡᠮᠡᠷᠭᠡᠨ᠃ ᠡᠯ᠎ᠡ ᠬᠡᠰᠡᠭ ᠨᠢ ᠠᠳᠠᠯᠢ ᠪᠤᠰᠤ ᠢ᠋ᠢᠨ ᠠᠵᠤ ᠦᠢᠯᠡᠰ ᠤ᠋ᠨ ᠬᠥᠭ᠌ᠵᠢᠯᠲᠡ ᠢ᠋ᠢᠨ ᠴᠢᠭ᠌ᠯᠡᠯ ᠪᠠ ᠭᠣᠣᠯᠳᠠᠯᠭ᠎ᠠ ᠢ᠋ᠢ ᠲᠣᠳᠣᠷᠬᠠᠢᠯᠠᠵᠤ᠂ ᠳᠠᠪᠠᠭᠤᠯᠢᠭ ᠢ᠋ᠢᠡᠨ ᠪᠠᠳᠠᠷᠠᠭᠤᠯᠤᠨ ᠲᠤᠳᠠᠭᠤᠳᠡᠯ ᠢ᠋ᠢᠡᠨ ᠨᠥᠬᠥᠪᠥᠷᠢᠯᠡᠬᠦ᠌ ᠪᠠ ᠵᠦᠷᠢᠶᠡᠴᠢᠯᠡᠨ ᠬᠥᠭ᠌ᠵᠢᠬᠦ᠌ ᠢ᠋ᠢ ᠪᠡᠶᠡᠯᠡᠭᠦᠯᠬᠦ᠌᠎ᠪᠤᠯᠤᠨ᠎ᠠ᠃

 ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠲᠥᠪ ᠬᠥᠬᠡᠬᠣᠲᠠ ᠪᠣᠬᠢᠷᠲᠤᠯ ᠥᠬᠡᠶ ᠪᠤᠳᠤᠯᠳᠡ ᠢ᠋ᠢᠨ ᠴᠢᠳᠠᠪᠤᠷᠢ ᠂ ᠰᠦ ᠢ᠋ᠢᠨ ᠦᠶ᠋ᠯᠡᠰ᠂ ᠠᠮᠢᠳᠤ ᠪᠣᠳᠠᠰ ᠤ᠋ᠨ ᠡᠮ ᠡᠮᠨᠡᠯᠭᠡ ᠵᠡᠷᠭᠡ ᠠᠵᠤ ᠦᠶ᠋ᠯᠡᠰ ᠤ᠋ᠨ ᠪᠠᠲᠤ ᠪᠠᠬᠢ ᠰᠠᠭᠤᠷᠢ ᠲᠠᠢ᠃ ᠡᠭᠦᠨ᠎ᠳᠦ ᠪᠣᠬᠢᠷᠲᠤᠯ ᠥᠬᠡᠶ ᠪᠤᠳᠤᠯᠳᠡ ᠢ᠋ᠢᠨ ᠬᠦᠴᠦᠨ ᠤ᠋ ᠵᠢᠭᠠᠯᠳᠡ ᠲᠣᠭ᠎ᠠ ᠨᠢ ᠪᠥᠬᠥ᠌ ᠤᠯᠤᠰ ᠤ᠋ᠨ ᠡᠮᠦᠨ᠎ᠡ ᠡᠩᠨᠡᠭᠡᠨ᠎ᠳᠦ ᠵᠢᠭᠰᠠᠵᠤ᠂  ᠶᠡᠷᠦᠩᠬᠡᠶ ᠬᠡᠪᠴᠢᠶ᠎ᠡ ᠨᠢ 11 ᠲᠦᠮᠡᠨ P ᠵᠢ ᠳᠠᠪᠠᠪᠠ ; ᠡᠨᠳᠡ ᠪᠦᠬᠦ᠌ ᠤᠯᠤᠰ ᠤ᠋ᠨ 50%  ᠤ᠋ᠨ ᠰᠦ ᠢ᠋ᠢᠨ ᠦᠢᠯᠡᠰ ᠤ᠋ᠨ ᠦᠢᠯᠡᠳᠪᠦᠷᠢᠯᠡᠯ ᠤ᠋ᠨ ᠴᠢᠳᠠᠪᠤᠷᠢ ᠲᠥᠪᠯᠡᠷᠡᠵᠦ᠍ ᠂ ᠡᠳᠦᠷ ᠤ᠋ᠨ ᠰᠦ ᠪᠤᠯᠪᠠᠰᠤᠷᠠᠭᠤᠯᠬᠤ ᠴᠢᠳᠠᠪᠤᠷᠢ ᠨᠢ ᠪᠦᠬᠦ᠌ ᠤᠯᠤᠰ᠎ᠲᠤ ᠲᠦᠷᠦᠬᠦᠯᠡᠵᠦ ᠪᠠᠢᠨ᠎ᠠ; ᠬᠦᠬᠡᠬᠤᠳᠠ《 ᠳᠤᠮᠳᠠᠳᠤ ᠤᠯᠤᠰ ᠤ᠋ᠨ ᠡᠭᠦᠯᠡᠨ ᠬᠥᠨᠳᠡᠢ 》᠂ 《ᠳᠡᠯᠡᠬᠡᠢ ᠢ᠋ᠢᠨ ᠰᠦ ᠢ᠋ᠢᠨ ᠦᠢᠯᠡᠰ ᠤ᠋ᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠲᠥᠪ》  ᠭᠡᠬᠦ᠌ ᠰᠠᠢᠬᠠᠨ ᠠᠯᠳᠠᠷ ᠲᠠᠢ; ᠪᠠᠰᠠ ᠴᠦ᠍ ᠶᠡᠷᠦᠩᠬᠡᠢᠯᠡᠭ᠌ᠰᠡᠨ ᠭᠠᠢᠯᠢ ᠪᠠᠲᠤᠯᠠᠬᠤ ᠣᠷᠣᠨ᠂ ᠠᠵᠤ ᠠᠬᠤᠶ ᠢ᠋ᠢᠨ ᠨᠡᠭᠡᠭᠡᠯᠲᠡ ᠢ᠋ᠢᠨ ᠲᠤᠭᠤᠷᠢᠬ᠂ ᠳᠡᠭᠡᠳᠦ ᠱᠢᠨ᠎ᠡ ᠮᠡᠷᠭᠡᠵᠢᠯ ᠤ᠋ᠨ ᠲᠤᠭᠤᠷᠢᠬ ᠵᠡᠷᠭᠡ ᠤᠯᠤᠰ ᠤ᠋ᠨ ᠲᠠᠰ ᠤ᠋ᠨ ᠲᠠᠪᠴᠠᠩ ᠪᠣᠶ᠃

 ᠴᠢᠯᠥᠭᠡᠲᠦ ᠠᠷᠠᠯᠵᠢᠶᠠᠨ ᠤ᠋ ᠲᠤᠷᠱᠢᠯᠲᠠ ᠢ᠋ᠢᠨ ᠣᠷᠣᠨ ᠡᠨᠡ ᠬᠡᠰᠡᠭ ᠬᠥᠷᠥᠰᠥᠨ᠎ᠳᠦ ᠬᠡᠷᠬᠢᠨ ᠦᠨᠳᠦᠰᠦ ᠬᠠᠳᠭᠤᠨ ᠰᠣᠶᠣᠭᠠᠯᠠᠬᠤ ᠪᠤᠢ? ᠬᠥᠬᠡᠬᠣᠲᠠ ᠢ᠋ᠢᠨ ᠬᠡᠰᠡᠭ ᠨᠢ ᠠᠵᠤ ᠦᠶ᠋ᠯᠡᠰ ᠤ᠋ᠨ ᠱᠢᠨ᠎ᠡ ᠢ᠋ᠢ ᠡᠭᠦᠳᠬᠦ᠌ ᠪᠠ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨ᠎ᠡ ᠢ᠋ᠢ ᠡᠭᠦᠳᠬᠦ᠌᠎ᠪᠡᠷ ᠬᠤᠤᠰ ᠬᠥᠳᠡᠯᠭᠡᠭᠦᠷ ᠪᠣᠯᠭᠠᠵᠤ᠂ ᠰᠦ ᠢ᠋ᠢᠨ ᠦᠶ᠋ᠯᠡᠰ ᠤ᠋ᠨ ᠣᠶᠤᠨᠴᠢ ᠦᠶ᠋ᠯᠡᠳᠭᠡᠯ ᠤ᠋ᠨ ᠲᠣᠨᠣᠭ ᠲᠥᠬᠥᠭᠡᠷᠦᠮᠵᠢ ᠢ᠋ᠢ ᠰᠤᠳᠤᠯᠤᠨ ᠨᠡᠭᠡᠭᠡᠬᠦ᠌ ᠪᠠ ᠭᠤᠤᠯᠳᠠᠯᠭ᠎ᠠ ᠲᠠᠢ ᠮᠡᠷᠭᠡᠵᠢᠯ ᠤ᠋ᠨ ᠪᠣᠭᠣᠮᠲᠠ ᠱᠢᠪᠲᠤᠯᠬᠤ ᠠᠵᠢᠯ ᠢ᠋ ᠥᠷᠨᠢᠭᠦᠯᠵᠦ᠍᠂ ᠥᠪᠥᠷ ᠮᠣᠩᠭᠣᠯ ᠤ᠋ᠨ ᠳ᠋ᠠᠢᠲ᠋ᠠ ᠢ᠋ᠢᠨ ᠠᠷᠠᠯᠵᠢᠶᠠᠨ ᠤ᠋ ᠲᠥᠪ ᠪᠣᠯᠤᠨ 《 ᠪᠥᠬᠥ᠌ ᠤᠯᠤᠰ ᠤ᠋ᠨ ᠨᠢᠭᠡ ᠴᠤᠭᠴᠠᠵᠢᠭᠤᠯᠤᠭᠰᠠᠨ ᠪᠤᠳᠤᠯᠳᠡ ᠢ᠋ᠢᠨ ᠬᠦᠴᠦᠨ᠎ᠦ ᠲᠤᠤᠷ》  ᠤ᠋ᠨ ᠥᠪᠥᠷ ᠮᠣᠩᠭᠣᠯ ᠤ᠋ᠨ ᠬᠣᠷᠢᠨᠭᠡᠷ ᠤ᠋ᠨ ᠳ᠋ᠠᠢᠲ᠋ᠠ ᠢ᠋ᠢᠨ ᠲᠥᠪ ᠤ᠋ᠨ ᠪᠦᠯᠦᠭᠵᠢᠯ ᠢ᠋ ᠲᠦᠷᠭᠡᠳᠭᠡᠨ ᠪᠠᠢᠭᠤᠯᠵᠤ᠂ ᠠᠮᠢᠲᠠᠨ ᠤ᠋ ᠸᠠᠺᠼᠢᠨ ᠢ᠋ ᠤᠯᠤᠰ ᠤ᠋ᠨ ᠳᠣᠲᠣᠭᠠᠳᠤ ᠳ᠋ᠤ᠌ ᠳᠡᠯᠭᠡᠷᠡᠭᠦᠯᠬᠦ᠌ ᠪᠠ 《 ᠭᠠᠷᠴᠤ ᠶᠠᠪᠤᠬᠤ》  ᠢ᠋ᠢ ᠲᠦᠷᠬᠡᠳᠬᠡᠬᠦ ᠪᠤᠯᠤᠨ᠎ᠡ᠃

ᠮᠠᠨᠵᠤᠤᠷ ᠪᠣᠯ ᠮᠠᠨ ᠤ᠋ ᠤᠯᠤᠰ ᠤ᠋ᠨ ᠲᠦᠷᠦᠬᠦᠦ ᠪᠦᠯᠦᠭ ᠬᠢᠯᠢ ᠳᠠᠭᠠᠤ ᠨᠡᠬᠡᠬᠡᠯᠳᠡ ᠬᠢᠭᠰᠡᠨ ᠬᠤᠳᠠ ᠪᠣᠯᠬᠤ ᠪᠥᠭᠡᠳ 《 ᠨᠢᠭᠡ ᠪᠦᠰᠡ ᠨᠢᠭᠡ ᠵᠠᠮ》 ᠢ᠋ ᠬᠠᠮᠲᠤ ᠪᠡᠷ ᠪᠦᠳᠦᠬᠡᠨ ᠪᠠᠢᠭᠤᠯᠬᠤ ᠰᠠᠨᠠᠭᠠᠴᠢᠯᠠᠭ᠎ᠠ ᠪᠣᠯᠤᠨ ᠳᠤᠮᠳᠠᠳᠤ ᠮᠣᠩᠭᠣᠯ ᠤᠷᠤᠰ ᠤ᠋ᠨ ᠠᠵᠤ ᠠᠬᠤᠢ ᠢ᠋ᠢᠨ ᠬᠤᠩᠬᠢᠯ ᠤ᠋ᠨ ᠵᠠᠩᠭᠢᠯᠠᠭ᠎ᠠ ᠢ᠋ᠢᠨ ᠴᠡᠭ ᠪᠣᠯᠤᠨ᠎ᠠ᠃ ᠡᠨᠳᠡ ᠵᠠᠭᠤᠨ ᠵᠢᠯ ᠤ᠋ᠨ ᠬᠢᠯᠢ ᠢ᠋ᠢᠨ ᠪᠤᠭᠤᠮᠳᠡ ᠪᠤᠯᠬᠤ ᠮᠠᠨᠵᠤᠤᠷ ᠬᠢᠯᠢ ᠢ᠋ᠢᠨ ᠪᠣᠭᠣᠮᠲᠠ ᠪᠠᠢᠵᠤ᠂  ᠳᠤᠮᠳᠠᠳᠤ ᠤᠷᠤᠰ ᠤ᠋ᠨ ᠠᠷᠠᠯᠵᠢᠶᠠᠨ ᠤ᠋ 60% ᠡᠴᠡ ᠳᠡᠭᠡᠭ᠌ᠰᠢᠬᠢ ᠡᠳ᠋ ᠪᠠᠷᠠᠭ᠎ᠠ ᠲᠠᠮᠵᠢᠭᠤᠯᠬᠤ ᠡᠭᠦᠷᠭᠡ ᠢ᠋ᠢ ᠡᠭᠦᠷᠭᠡᠯᠡᠵᠦ᠍ ᠪᠠᠢᠳᠠᠭ᠃ ᠡᠨᠳᠡ ᠶᠡᠷᠦᠩᠬᠡᠢᠯᠡᠭ᠌ᠰᠡᠨ ᠭᠠᠢᠯᠢ ᠪᠠᠲᠤᠯᠠᠬᠤ ᠣᠷᠣᠨ᠂ ᠲᠡᠮᠦᠷ ᠵᠠᠮ ᠤ᠋ᠨ ᠬᠢᠯᠢ ᠢ᠋ᠢᠨ ᠪᠣᠭᠣᠮᠲᠠ ᠢ᠋ᠢᠨ ᠬᠢᠯᠢ ᠢ᠋ᠢᠨ ᠠᠷᠠᠳ ᠤ᠋ᠨ ᠬᠠᠷᠢᠯᠴᠠᠨ ᠠᠷᠠᠯᠵᠢᠶ᠎ᠡ ᠮᠠᠢᠮᠠᠢ ᠬᠢᠬᠦ ᠠᠷᠠᠯᠵᠢᠶᠠᠨ ᠤ᠋ ᠲᠤᠭᠤᠷᠢᠭ᠂  ᠭᠠᠷ ᠳᠠᠮᠵᠢᠭ᠍ᠰᠠᠨ ᠮᠠᠱᠢᠨ ᠲᠡᠷᠭᠡᠨ᠎ᠦ ᠭᠠᠳᠠᠭᠠᠳᠤ ᠭᠠᠷᠭᠠᠯᠲᠠ ᠢ᠋ᠢᠨ ᠰᠠᠭᠤᠷᠢᠨ ᠵᠡᠷᠭᠡ ᠨᠡᠭᠡᠭᠡᠯᠲᠡ ᠢ᠋ᠢᠨ ᠲᠠᠪᠴᠠᠩ ᠪᠣᠶ᠃ ᠡᠨᠳᠡᠬᠢ ᠵᠠᠰᠠᠮᠠᠯ ᠵᠠᠮ ᠤ᠋ᠨ ᠬᠢᠯᠢ ᠢ᠋ᠢᠨ ᠪᠣᠭᠣᠮᠲᠠ ᠪᠡᠷ 《ᠭᠤᠷᠪᠠᠨ ᠰᠢᠨ᠎ᠡ ᠵᠦᠶ᠋ᠯ》  ᠤ᠋ᠨ ᠦᠶ᠋ᠯᠡᠳᠬᠦᠨ᠂ ᠵᠢᠮᠢᠰ ᠢᠳᠡᠱᠢᠨ ᠨᠣᠭᠣᠭ᠎ᠠ᠂ ᠮᠣᠳᠣᠨ ᠮᠠᠲ᠋ᠧᠷᠢᠶᠠᠯ ᠵᠡᠷᠭᠡ ᠪᠠᠷᠠᠭ᠎ᠠ ᠢ᠋ᠢ ᠳᠦᠭᠦᠷᠲᠡᠯ᠎ᠡ ᠠᠴᠢᠭᠰᠠᠨ ᠲᠡᠭᠡᠭᠡᠪᠦᠷᠢ ᠢ᠋ᠢᠨ ᠮᠠᠰᠢᠨ ᠲᠡᠷᠬᠡ 24 ᠴᠠᠭ ᠢ᠋ᠢᠡᠷ ᠪᠣᠭᠣᠮᠲᠠ ᠥᠩᠭᠡᠷᠡᠵᠦ ᠪᠠᠢᠨ᠎ᠠ᠃

 ᠮᠠᠨᠵᠤᠤᠷ ᠬᠣᠲᠠ ᠢ᠋ᠢᠨ ᠳᠠᠷᠤᠭ᠎ᠠ ᠶᠤᠸᠠᠢ ᠭᠦᠸᠧ ᠳ᠋ᠦᠩ᠂ ᠮᠠᠨᠵᠤᠤᠷ ᠤ᠋ᠨ ᠬᠡᠰᠡᠭ ᠨᠢ ᠣᠶᠤᠨᠴᠢ ᠪᠡᠷ ᠴᠢᠳᠠᠪᠤᠷᠢ ᠣᠯᠭᠣᠬᠤ᠂ ᠠᠷᠠᠯᠵᠢᠶ᠎ᠠ ᠢ᠋ᠢ ᠲᠠᠰ ᠳᠡᠪᠱᠢᠭᠦᠯᠬᠦ᠌᠂ ᠲᠠᠪᠴᠠᠩ ᠢ᠋ ᠬᠣᠯᠪᠣᠯᠳᠤᠭᠤᠯᠬᠤ᠂ ᠲᠤᠭᠠᠴᠢᠯᠠᠯᠳᠡ ᠢ᠋ᠢ ᠵᠣᠯᠭᠠᠭᠤᠯᠬᠤ ᠵᠡᠷᠭᠡ ᠳᠥᠷᠪᠡᠨ ᠲᠠᠯ᠎ᠠ ᠪᠡᠷ ᠱᠢᠨ᠎ᠡ ᠢ᠋ᠢ ᠡᠭᠦᠳᠬᠦ᠌ ᠰᠥᠪᠡᠭ᠌ᠴᠢᠯᠡᠯᠲᠡ ᠬᠢᠵᠦ᠍᠂ ᠵᠠᠭᠤᠨ ᠵᠢᠯ ᠤ᠋ᠨ ᠬᠢᠯᠢ ᠵᠢᠨ ᠪᠣᠭᠣᠮᠲᠠ ᠢ᠋ᠢᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠬᠦ᠌᠎ᠳᠦ ᠬᠦᠴᠦᠲᠡᠶ ᠬᠥᠳᠡᠯᠭᠡᠬᠦ᠌ ᠬᠦᠴᠦᠨ ᠨᠡᠮᠡᠷᠢᠯᠡᠨ᠎ᠡ ᠬᠡᠵᠤ ᠲᠠᠨᠢᠯᠴᠠᠭᠤᠯᠤᠯ᠎ᠠ᠃

  ᠲᠣᠰ ᠬᠡᠰᠡᠭ ᠨᠢ ᠳᠤᠮᠳᠠᠳᠤ ᠧᠦ᠋ᠷᠣᠫᠠ ᠢ᠋ᠢᠨ ᠵᠢᠱᠢᠶᠠᠨ ᠤ᠋ ᠭᠠᠯᠲᠤ ᠲᠡᠷᠭᠡ ᠢ᠋ᠢᠨ ᠮᠠᠨᠵᠤᠤᠷ ᠤ᠋ᠨ ᠰᠠᠭᠤᠷᠢᠨ ᠤ᠋ ᠪᠥᠲᠥᠭᠡᠨ ᠪᠠᠢᠭᠤᠯᠤᠯᠲᠠ ᠳ᠋ᠤ᠌ ᠠᠩᠬᠠᠷᠤᠯ ᠢ᠋ᠢᠡᠨ ᠲᠥᠪᠯᠡᠷᠡᠭᠦᠯᠵᠦ᠍᠂ ᠡᠳ᠋ ᠪᠠᠷᠠᠭᠠᠨ ᠤ᠋ ᠭᠦᠶ᠋ᠯᠭᠡᠭᠡ ᠢ᠋ᠢ ᠲᠥᠪᠯᠡᠷᠡᠭᠦᠯᠵᠦ᠍ ᠲᠠᠷᠬᠠᠭᠠᠬᠤ᠂ ᠡᠳ᠋ ᠪᠠᠷᠠᠭ᠎ᠠ ᠢ᠋ᠢ ᠳᠠᠮᠵᠢᠭᠤᠯᠬᠤ᠂ ᠠᠷᠠᠯᠵᠢᠶ᠎ᠠ ᠬᠤᠳᠠᠯᠳᠤᠭᠠᠨ ᠤ᠋ ᠦᠶ᠋ᠯᠡᠴᠢᠯᠡᠭᠡ ᠢ᠋ᠢ ᠨᠢᠭᠡ ᠴᠣᠭ᠍ᠴᠠᠵᠢᠭᠤᠯᠤᠭ᠍ᠰᠠᠨ ᠭᠠᠳᠠᠭ᠍ᠰᠢ ᠨᠡᠪᠲᠡᠷᠡᠬᠦ᠌ ᠬᠦᠶ᠋ᠰᠦ ᠢ᠋ᠢ ᠪᠠᠢᠭᠤᠯᠤᠨ᠎ᠡ ; 《 5 G + ᠡᠳ᠋ ᠪᠠᠷᠠᠭᠠᠨ ᠤ᠋ ᠰᠦᠯᠵᠢᠶ᠎ᠡ 》  ᠢ᠋ᠢᠨ ᠮᠡᠷᠭᠡᠵᠢᠯ ᠢ᠋ ᠠᠭᠤᠰᠤᠯᠴᠠᠭᠤᠯᠤᠨ᠂ ᠪᠥᠬᠥ᠌ ᠤᠯᠤᠰ ᠤ᠋ᠨ ᠬᠢᠯᠢ ᠢ᠋ᠢᠨ ᠪᠣᠭᠣᠮᠲᠠ ᠢ᠋ᠢᠨ ᠣᠶᠤᠨᠴᠢᠯᠠᠭ᠍ᠰᠠᠨ ᠬᠥᠭ᠌ᠵᠢᠯᠲᠡ ᠢ᠋ᠢᠨ ᠳᠠᠭᠤᠷᠢᠶᠠᠯ ᠢ᠋ ᠪᠥᠬᠥ᠌ ᠬᠦᠴᠦᠨ ᠢ᠋ᠢᠡᠷ ᠢ᠋ᠢᠡᠨ ᠪᠣᠶ ᠪᠣᠯᠭᠠᠨ᠎ᠠ; ᠡᠨᠧᠷᠭᠢ᠂ ᠲᠠᠷᠢᠶᠠᠯᠠᠩ ᠤ᠋ᠨ ᠪᠦᠲᠦᠭᠡᠭ᠌ᠳᠡᠬᠦᠨ᠂  ᠺᠠᠯᠢᠳᠤ ᠪᠣᠷᠳᠣᠭᠤᠷ ᠵᠡᠷᠭᠡ ᠭᠠᠳᠠᠭᠠᠳᠤ᠎ᠠᠴᠠ ᠣᠷᠣᠭᠤᠯᠬᠤ ᠡᠬᠢ ᠪᠠᠶᠠᠯᠢᠭ ᠤ᠋ᠨ ᠲᠣᠭᠣᠷᠢᠨ ᠳ᠋ᠤ᠌ ᠮᠢᠩᠭᠠᠨ ᠲᠦᠮᠡᠨ ᠲᠣᠨ ᠤ᠋ ᠲᠠᠰ ᠤ᠋ᠨ ᠬᠢᠯᠢ ᠢ᠋ᠢᠨ ᠭᠠᠳᠠᠨᠠᠬᠢ ᠡᠬᠢ ᠪᠠᠶᠠᠯᠢᠭ ᠢ᠋ ᠭᠠᠳᠠᠭᠠᠳᠤ᠎ᠠᠴᠠ ᠣᠷᠣᠭᠤᠯᠬᠤ ᠨᠡᠪᠲᠡᠷᠡᠯ ᠵᠠᠮ ᠪᠠ ᠲᠣᠮᠣ ᠬᠡᠯᠪᠡᠷᠢ ᠢ᠋ᠢᠨ ᠬᠥᠮᠥᠷᠭᠡᠯᠡᠨ ᠬᠠᠳᠠᠭᠠᠯᠠᠵᠤ ᠱᠢᠯᠵᠢᠭᠦᠯᠦᠨ ᠲᠡᠭᠡᠭᠡᠪᠦᠷᠢᠯᠡᠬᠦ᠌ ᠰᠠᠭᠤᠷᠢᠨ ᠢ᠋ ᠪᠥᠲᠥᠭᠡᠨ ᠪᠠᠢᠭᠤᠯᠤᠨ᠎ᠡ᠃

ᠡᠷᠢᠶᠡᠨ ᠬᠣᠲᠠ ᠪᠣᠯ ᠥᠩᠭᠡᠷᠡᠭ᠌ᠰᠡᠨ᠎ᠳᠦ 《ᠲᠦᠮᠡᠨ ᠭᠠᠵᠠᠷ ᠤ᠋ᠨ ᠴᠠᠶ ᠢ᠋ᠢᠨ ᠵᠠᠮ》 ᠳᠡᠭᠡᠷᠡᠬᠢ ᠴᠢᠬᠤᠯᠠ ᠥᠷᠲᠡᠭᠡ ᠪᠠᠢᠵᠤ᠂ ᠣᠲᠣ ᠨᠢᠭᠡᠨᠲᠡ ᠬᠥᠭ᠌ᠵᠢᠭᠡᠳ ᠠᠭᠠᠷ ᠤ᠋ᠨ ᠠᠶᠠᠯᠠᠯ᠂ ᠲᠡᠮᠦᠷ ᠵᠠᠮ᠂ ᠵᠠᠰᠠᠮᠠᠯ ᠵᠠᠮ ᠤ᠋ᠨ ᠪᠣᠰᠣᠭ᠎ᠠ ᠴᠣᠭ᠍ᠴᠠᠲᠤ ᠬᠥᠭ᠌ᠵᠢᠯᠲᠡ ᠢ᠋ᠢᠨ ᠪᠥᠬᠥ᠌ ᠡᠯᠧᠮᠧᠨ᠋ᠲ ᠤ᠋ᠨ ᠤᠶᠤᠨᠴᠢ ᠬᠢᠯᠢ ᠢ᠋ᠢᠨ ᠪᠣᠭᠣᠮᠲᠠ ᠪᠣᠯᠵᠣ᠂ ᠮᠠᠨ ᠤ᠋ ᠤᠯᠤᠰ ᠤ᠋ᠨ ᠮᠣᠩᠭᠣᠯ ᠤᠯᠤᠰ᠎ᠲᠤ ᠨᠡᠭᠡᠭᠡᠯᠲᠡ ᠬᠢᠬᠦ᠌ ᠴᠢᠬᠤᠯᠠ ᠴᠣᠩᠬᠣᠪᠴᠢ ᠪᠤᠯᠪᠠ᠃

ᠡᠷᠢᠶᠡᠨ ᠬᠣᠲᠠ ᠢ᠋ᠢᠨ ᠳᠠᠷᠤᠭ᠎ᠠ ᠮᠠ ᠬᠠᠶ ᠲᠤᠤ᠂ ᠡᠷᠢᠶᠡᠨ ᠬᠣᠲᠠ ᠢ᠋ᠢᠨ ᠬᠡᠰᠡᠭ ᠨᠢ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ᠋ ᠭᠦᠶ᠋ᠯᠭᠡᠭᠡ᠎ᠪᠡᠷ ᠰᠠᠭᠤᠷᠢ ᠪᠣᠯᠭᠠᠵᠤ᠂ ᠭᠠᠳᠠᠭᠠᠳᠤ᠎ᠠᠴᠠ ᠤᠷᠤᠭᠤᠯᠤᠭᠰᠠᠨ ᠡᠬᠢ ᠪᠠᠶᠠᠯᠢᠭ ᠢ᠋ ᠨᠤᠳᠤᠭᠰᠢᠭᠤᠯᠤᠨ ᠡᠳ᠋ᠰᠢᠬᠦᠯᠬᠦ ᠂ ᠭᠠᠳᠠᠭᠠᠳᠤ ᠳ᠋ᠤ᠌ ᠭᠠᠷᠭᠠᠬᠤ ᠦᠶ᠋ᠯᠡᠳᠬᠦᠨ ᠢ᠋ ᠦᠶ᠋ᠯᠡᠳᠪᠦᠷᠢᠯᠡᠵᠦ᠍ ᠤᠭ᠍ᠰᠠᠷᠠᠬᠤ ᠵᠡᠷᠭᠡ ᠢ᠋ᠢᠨ ᠲᠤᠭᠤᠷᠢᠨ ᠳ᠋ᠤ᠌ ᠨᠡᠪᠳᠡᠷᠡᠯ ᠵᠠᠮ ᠤ᠋ᠨ ᠪᠦᠰᠡ ᠢ᠋ᠢᠨ ᠡᠳ᠋ ᠪᠠᠷᠠᠭᠠᠨ ᠤ᠋ ᠭᠦᠶ᠋ᠯᠭᠡᠭᠡ᠂ ᠡᠳ᠋ ᠪᠠᠷᠠᠭᠠᠨ ᠤ᠋ ᠭᠦᠶ᠋ᠯᠭᠡᠭᠡ ᠢ᠋ᠢᠨ ᠪᠦᠰᠡ ᠢ᠋ᠢᠨ ᠠᠵᠤ ᠠᠬᠤᠶ ᠠᠷᠠᠯᠵᠢᠶ᠎ᠠ᠂ ᠠᠵᠤ ᠠᠬᠤᠶ ᠠᠷᠠᠯᠵᠢᠶᠠᠨ ᠤ᠋ ᠪᠦᠰᠡ ᠢ᠋ᠢᠨ ᠠᠵᠤ ᠦᠶ᠋ᠯᠡᠰ ᠤ᠋ᠨ ᠬᠥᠭ᠌ᠵᠢᠯᠲᠡ ᠢ᠋ᠢᠨ ᠪᠠᠢᠷᠢᠱᠢᠯ ᠢ᠋ ᠪᠣᠶ ᠪᠣᠯᠭᠠᠨ᠎ᠠ ᠭᠡᠯ᠎ᠠ᠃

 ᠥᠪᠥᠷ ᠮᠣᠩᠭᠣᠯ ᠤᠨᠴᠠᠯᠢᠭᠳᠤ ᠲᠠᠪᠠᠭᠤᠯᠢᠭ ᠠᠵᠤ ᠦᠶ᠋ᠯᠡᠰ ᠤ᠋ᠨ ᠪᠦᠯᠦᠭ᠌ᠵᠢᠯ ᠢ᠋ᠢᠡᠷ ᠭᠤᠤᠯ ᠲᠤᠯᠭᠠᠭᠤᠷᠢᠯᠠᠯ ᠪᠣᠯᠭᠠᠵᠤ᠂ ᠤᠯᠠᠮᠵᠢᠯᠠᠯᠲᠤ ᠠᠵᠤ ᠦᠶ᠋ᠯᠡᠰ ᠤ᠋ᠨ ᠲᠠᠰ ᠳᠡᠪᠱᠢᠬᠦ᠌᠂ ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ ᠤ᠋ᠨ ᠱᠢᠨ᠎ᠡ ᠢ᠋ᠢ ᠡᠭᠦᠳᠬᠦ᠌ ᠢ᠋ᠢ ᠰᠢᠪᠳᠤᠯᠬᠤ᠂ ᠢᠷᠡᠭᠡᠳᠦᠶ ᠢ᠋ᠢᠨ ᠠᠵᠤ ᠦᠶ᠋ᠯᠡᠰ ᠤ᠋ᠨ ᠰᠠᠭᠤᠷᠢ ᠢ᠋ᠢ ᠪᠡᠬᠢᠵᠢᠭᠦᠯᠦᠨ ᠲᠠᠪᠴᠠᠩ ᠢ᠋ ᠴᠣᠭ᠍ᠴᠠᠯᠠᠬᠤ ᠢ᠋ᠢ ᠠᠬᠢᠭᠤᠯᠵᠤ᠂ ᠣᠷᠣᠨ ᠪᠦᠰᠡ ᠢ᠋ᠢᠨ ᠠᠵᠤ ᠠᠬᠤᠶ ᠢ᠋ᠢᠨ ᠴᠢᠨᠠᠷ ᠰᠠᠢᠲᠠᠶ ᠬᠥᠭ᠌ᠵᠢᠯᠲᠡ ᠢ᠋ᠢ ᠳᠠᠢᠴᠢᠯᠠᠬᠤ ᠢ᠋ᠢᠨ ᠤᠯᠠᠮ ᠢ᠋ᠢᠡᠷ ᠴᠢᠨᠠᠷ ᠰᠠᠢᠲᠠᠶ ᠬᠥᠭ᠌ᠵᠢᠯᠲᠡ᠎ᠪᠡᠷ ᠰᠠᠭᠤᠷᠢ ᠪᠣᠯᠭᠠᠨ ᠥᠨᠳᠥᠷ ᠲᠦᠪᠱᠢᠨ ᠪᠥᠬᠥᠶ ᠭᠠᠳᠠᠭᠠᠳᠤ ᠨᠡᠭᠡᠭᠡᠯᠲᠡ ᠢ᠋ᠢ ᠠᠬᠢᠭᠤᠯᠵᠤ᠂ ᠤᠯᠤᠰ ᠤ᠋ᠨ ᠬᠥᠭ᠌ᠵᠢᠯᠲᠡ ᠢ᠋ᠢᠨ ᠶᠡᠬᠡ ᠲᠠᠯ᠎ᠠ ᠪᠤᠯᠤᠨ ᠥᠭᠡᠷᠡᠴᠢᠯᠡᠯᠲᠡ ᠨᠡᠭᠡᠭᠡᠯᠲᠡ ᠢ᠋ᠢᠨ ᠪᠥᠬᠥ᠌ ᠲᠠᠯ᠎ᠠ ᠳ᠋ᠤ᠌ ᠭᠦᠨᠵᠡᠭᠡᠶ ᠠᠭᠤᠰᠤᠯᠴᠠᠨ᠎ᠠ᠃

 ᠰᠢᠨ᠎ᠠ ᠬᠤᠪᠢᠷᠠᠯᠳᠡ ᠰᠠᠷᠠᠭᠤᠯ ᠢᠷᠡᠭᠡᠳᠦᠶ ᠢᠷᠡᠵᠦ ᠪᠠᠢᠨ᠎ᠠ᠃ 《0 ᠡᠴᠡ 1 ᠬᠦᠷᠳᠡᠯᠡᠬᠢ》 ᠲᠦᠷᠢᠮ ᠤ᠋ᠨ ᠱᠢᠪᠲᠤᠯᠤᠯᠲᠠ ᠢ᠋ᠢ ᠲᠦᠷᠬᠡᠳᠬᠡᠵᠤ᠂ ᠤᠯᠠᠮᠵᠢᠯᠠᠯᠲᠤ ᠨᠡᠭᠡᠭᠡᠯᠲᠡ ᠬᠢᠬᠦ ᠨᠡᠪᠲᠡᠷᠡᠯ ᠵᠠᠮ᠎ᠠᠴᠠ ᠳᠣᠲᠣᠭᠠᠳᠤ ᠭᠠᠳᠠᠭᠠᠳᠤ ᠢ᠋ᠢ  ᠨᠡᠪᠲᠡᠷᠡᠯᠴᠡᠬᠦᠯᠦᠭᠰᠡᠨ ᠠᠵᠤ ᠠᠬᠤᠢ ᠢ᠋ᠢᠨ ᠬᠦᠢᠰᠦ ᠲᠡᠢᠰᠢ ᠲᠦᠷᠭᠡᠨ ᠬᠤᠪᠢᠷᠠᠵᠤ᠂ 《5 ᠲᠥᠪ᠂ 1 ᠪᠠᠢᠯᠳᠤᠬᠤ ᠪᠤᠳᠤᠯᠭ᠎ᠠ ᠢ᠋ᠢᠨ ᠥᠨᠳᠥᠷᠯᠢᠭ᠂ 1 ᠵᠢᠱ᠌ᠢᠢ᠎ᠡ ᠦᠵᠡᠭᠦᠯᠬᠦ᠌ ᠣᠷᠣᠨ ᠪᠦᠰᠡ᠂ 1 ᠪᠠᠢᠯᠳᠤᠬᠤ ᠪᠤᠳᠤᠯᠭ᠎ᠠ ᠢ᠋ᠢᠨ ᠲᠤᠯᠭᠠᠭᠤᠷᠢᠯᠠᠬᠤ ᠴᠡᠭ 》 ᠢ᠋ ᠬᠦᠴᠦᠯᠡᠨ ᠪᠠᠢᠭᠤᠯᠪᠠᠯ᠂ ᠥᠪᠥᠷ ᠮᠣᠩᠭᠣᠯ ᠤ᠋ᠨ ᠴᠢᠯᠥᠭᠡᠲᠦ ᠠᠷᠠᠯᠵᠢᠶᠠᠨ ᠤ᠋ ᠲᠤᠷᠱᠢᠯᠲᠠ ᠢ᠋ᠢᠨ ᠣᠷᠣᠨ ᠨᠢ ᠮᠠᠨ ᠤ᠋ ᠤᠯᠤᠰ ᠤ᠋ᠨ ᠤᠮᠠᠷᠠᠰᠢ ᠨᠡᠭᠡᠭᠡᠯᠳᠠ ᠬᠢᠬᠦ᠌ ᠭᠣᠣᠯ ᠬᠥᠳᠡᠯᠭᠡᠭᠦᠷ ᠪᠣᠯᠬᠤ ᠨᠢ ᠯᠠᠪᠳᠡᠢ ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号