ᠮᠠᠨᠵᠤᠤᠷ ᠬᠤᠳᠠ ᠵᠡᠭᠦᠨ ᠬᠣᠢᠲᠤ ᠠᠽᠢᠶ᠎ᠠ ᠪᠣᠯᠤᠨ ᠧᠦ᠋ᠷᠣᠫᠠ ᠲᠢᠪ ᠢ᠋ ᠨᠦᠯᠦᠬᠡᠯᠡᠭᠰᠡᠨ ᠨᠡᠬᠡᠬᠡᠯᠳᠡ ᠬᠢᠵᠤ ᠬᠠᠮᠳᠤᠷᠠᠯᠴᠠᠬᠤ ᠰᠢᠨ᠎ᠡ ᠦᠨᠳᠦᠷᠯᠢᠭ ᠢ᠋ ᠪᠦᠲᠦᠬᠡᠨ ᠪᠠᠢᠭᠤᠯᠤᠨ᠎ᠡ
2026-04-15 10:14:48
ᠵᠣᠬᠢᠶᠠᠭ᠍ᠴᠢ᠄
ᠰᠠᠷᠭᠠᠢ
ᠣᠩᠱᠢᠭ᠍ᠰᠠᠨ ᠣᠳᠠᠭ᠎ᠠ᠄
★★★☆☆

ᠦᠪᠤᠷ ᠮᠤᠨᠭᠭᠤᠯ ᠤ᠋ᠨ ᠦᠪᠡᠷᠳᠡᠬᠡᠨ ᠵᠠᠰᠠᠬᠤ ᠤᠷᠤᠨ ᠤ᠋ ᠠᠷᠠᠳ ᠤ᠋ᠨ ᠵᠠᠰᠠᠭ ᠤ᠋ᠨ ᠤᠷᠳᠤᠨ ᠤ᠋ ᠰᠤᠨᠢᠨ ᠮᠡᠳᠡᠬᠡᠨ ᠤ᠋ ᠠᠯᠪᠠᠨ ᠬᠡᠷ ᠤ᠋ᠨ 4 ᠰᠠᠷ᠎ᠡ ᠢ᠋ᠢᠨ 11 ᠤ᠋ ᠡᠳᠤᠷ ᠬᠤᠷᠠᠯᠳᠤᠭᠤᠯᠤᠭᠰᠡᠨ ᠲᠤᠮᠳᠠᠳᠤ ᠤᠯᠤᠰ(ᠦᠪᠤᠷ ᠮᠤᠨᠭᠭᠤᠯ) ᠤ᠋ᠨ ᠴᠢᠯᠦᠬᠡᠳᠤ ᠠᠷᠡᠯᠵᠢᠶᠡᠨ ᠤ᠋ ᠲᠤᠷᠰᠢᠯᠳᠡ ᠢ᠋ᠢᠨ ᠤᠷᠤᠨ ᠤ᠋ ᠲᠤᠬᠠᠢ ᠰᠤᠨᠢᠨ ᠮᠡᠳᠡᠬᠡ ᠨᠡᠢᠳᠡᠯᠡᠬᠦ ᠬᠤᠷᠡᠯ ᠡᠴᠡ ᠤᠢᠯᠠᠭᠠᠭᠰᠠᠨ ᠢ᠋ᠢᠡᠷ᠂ ᠮᠠᠨᠵᠤᠤᠷ ᠬᠤᠳᠠ ᠵᠡᠭᠦᠨ ᠬᠣᠢᠲᠤ ᠠᠽᠢᠶ᠎ᠠ ᠪᠣᠯᠤᠨ ᠧᠦ᠋ᠷᠣᠫᠠ ᠲᠢᠪ ᠢ᠋ ᠨᠦᠯᠦᠬᠡᠯᠡᠭᠰᠡᠨ ᠴᠢᠬᠤᠯᠠ ᠴᠤᠨᠭᠬᠤᠪᠴᠢ ᠪᠤᠯᠤᠨ ᠲᠤᠮᠳᠠᠳᠤ ᠮᠤᠨᠭᠭᠤᠯ ᠤᠷᠤᠰ ᠤ᠋ᠨ ᠨᠡᠬᠡᠬᠡᠯᠳᠡ ᠬᠢᠵᠤ ᠬᠠᠮᠳᠤᠷᠠᠯᠴᠠᠬᠤ ᠴᠢᠬᠤᠯᠠ ᠲᠠᠪᠴᠠᠨᠭ᠌ ᠢ᠋ ᠪᠦᠲᠦᠬᠡᠨ ᠪᠠᠢᠭᠤᠯᠬᠤ ᠪᠡᠷ ᠲᠦᠯᠦᠪᠯᠡᠵᠤ ᠪᠤᠢ ᠃

《ᠮᠠᠨᠵᠤᠤᠷ ᠪᠣᠯ ᠮᠠᠨ ᠤ᠋ ᠤᠯᠤᠰ ᠤ᠋ᠨ ᠲᠦᠷᠦᠬᠦᠦ ᠪᠦᠯᠦᠭ ᠬᠢᠯᠢ ᠳᠠᠭᠠᠤ ᠨᠡᠬᠡᠬᠡᠯᠳᠡ ᠬᠢᠭᠰᠡᠨ ᠬᠤᠳᠠ ᠪᠣᠯᠬᠤ ᠪᠥᠭᠡᠳ 〈 ᠨᠢᠭᠡ ᠪᠦᠰᠡ ᠨᠢᠭᠡ ᠵᠠᠮ〉 ᠪᠣᠯᠤᠨ ᠳᠤᠮᠳᠠᠳᠤ ᠮᠣᠩᠭᠣᠯ ᠤᠷᠤᠰ ᠤ᠋ᠨ ᠠᠵᠤ ᠠᠬᠤᠢ ᠢ᠋ᠢᠨ ᠬᠤᠩᠬᠢᠯ ᠤ᠋ᠨ ᠵᠠᠩᠭᠢᠯᠠᠭ᠎ᠠ ᠢ᠋ᠢᠨ ᠴᠡᠭ ᠪᠠᠢᠵᠤ ᠂ ᠭᠤᠤᠯᠳᠠᠭᠤ ᠲᠤᠤᠷᠠᠬᠢ 4 ᠲᠠᠯ᠎ᠠ᠎ᠪᠠᠷ ᠱᠢᠨ᠎ᠡ ᠢ᠋ᠢ ᠡᠬᠦᠳᠦᠨ ᠰᠢᠪᠳᠤᠯᠤᠯᠳᠡ ᠭᠠᠷᠭᠠᠨ᠎ᠡ》ᠬᠡᠵᠤ ᠮᠠᠨᠵᠤᠤᠷ ᠬᠤᠳᠠ ᠢ᠋ᠢᠨ ᠨᠠᠮ ᠤ᠋ᠨ ᠬᠤᠷᠢᠶ᠎ᠡ ᠢ᠋ᠢᠨ ᠲᠡᠳ᠋ ᠱᠦᠵᠢ᠂ ᠬᠤᠳᠡ ᠢ᠋ᠢᠨ ᠲᠠᠷᠤᠭ᠎ᠠ ᠶᠤᠸᠠᠢ ᠬᠦᠸᠸ ᠳ᠋ᠦᠨᠭ ᠰᠤᠷᠪᠤᠯᠵᠢᠯᠠᠭᠴᠢᠳ ᠲᠦ᠍ ᠲᠠᠨᠢᠯᠴᠠᠭᠤᠯᠤᠯ᠎ᠡ᠃

ᠨᠢᠭᠡ᠎ᠳᠦ ᠤᠶᠤᠨᠴᠢ ᠪᠡᠷ ᠬᠦᠴᠦᠨ ᠣᠯᠭᠣᠵᠤ ᠬᠢᠯᠢ ᠢ᠋ᠢᠨ ᠪᠣᠭᠣᠮᠲᠠ ᠢ᠋ᠢᠨ ᠳᠠᠯᠳᠠ ᠴᠢᠳᠠᠪᠤᠷᠢ ᠢ᠋ᠢ ᠬᠥᠭ᠌ᠵᠢᠭᠡᠵᠦ᠍᠂ ᠬᠢᠯᠢ ᠠᠯᠤᠰᠯᠠᠭ᠍ᠰᠠᠨ ᠬᠦᠢᠰᠦ ᠢ᠋ᠢᠨ ᠲᠤᠯᠭᠠᠭᠤᠷᠢᠯᠠᠯ ᠢ᠋ ᠪᠠᠲᠤ ᠴᠣᠭ᠍ᠴᠠᠯᠠᠨ᠎ᠠ ᠃ ᠳᠤᠮᠳᠠᠳᠤ ᠧᠦ᠋ᠷᠣᠫᠠ ᠢ᠋ᠢᠨ ᠵᠢᠰᠢᠶᠡᠨ ᠤ᠋ ᠭᠠᠯᠲᠤ ᠲᠡᠷᠭᠡ ᠢ᠋ᠢᠨ ᠮᠠᠨᠵᠤᠤᠷ ᠤ᠋ᠨ ᠰᠠᠭᠤᠷᠢᠨ ᠤ᠋ ᠪᠦᠲᠦᠭᠡᠨ ᠪᠠᠢᠭᠤᠯᠤᠯᠲᠠ᠎ᠳᠤ ᠠᠩᠬᠠᠷᠤᠯ ᠢ᠋ᠢᠡᠨ ᠲᠥᠪᠯᠡᠷᠡᠭᠦᠯᠵᠦ᠍᠂ ᠣᠯᠠᠨ ᠬᠡᠯᠪᠡᠷᠢ ᠢ᠋ᠢᠨ ᠬᠠᠮᠳᠤᠷᠠᠭᠰᠠᠨ ᠲᠡᠭᠡᠭᠡᠪᠤᠷᠢ ᠢ᠋ᠢᠨ《 ᠨᠢᠭᠡ ᠬᠠᠭᠤᠳᠠᠰᠤ ᠢ᠋ᠢᠨ ᠳᠦᠷᠢᠮ 》 ᠂ 《 ᠨᠢᠭᠡ ᠴᠢᠨᠭᠬᠡᠯᠢᠭ ᠤ᠋ᠨ ᠳᠦᠷᠢᠮ 》  ᠤ᠋ᠨ ᠥᠭᠡᠷᠡᠴᠢᠯᠡᠯᠲᠡ ᠢ᠋ᠢ ᠱᠢᠨ᠎ᠡ ᠢ᠋ᠢ ᠡᠭᠦᠳᠦᠨ ᠳᠡᠯᠭᠡᠷᠡᠭᠦᠯᠵᠦ᠍᠂ ᠡᠳ᠋ ᠪᠠᠷᠠᠭᠠᠨ ᠤ᠋ ᠬᠦᠢᠯᠬᠡᠬᠡ ᠢ᠋ᠢ ᠲᠥᠪᠯᠡᠷᠡᠭᠦᠯᠵᠦ᠍ ᠲᠠᠷᠬᠠᠭᠠᠬᠤ ᠂ ᠪᠠᠷᠠᠭ᠎ᠠ ᠢ᠋ᠢ ᠳᠠᠮᠵᠢᠭᠤᠯᠬᠤ᠂  ᠠᠷᠠᠯᠵᠢᠶ᠎ᠠ ᠬᠤᠳᠠᠯᠳᠤᠭᠠᠨ ᠤ᠋ ᠦᠢᠯᠡᠴᠢᠯᠡᠭᠡ ᠢ᠋ᠢ ᠨᠢᠭᠡ ᠴᠣᠭ᠍ᠴᠠᠵᠢᠭᠤᠯᠤᠭ᠍ᠰᠠᠨ ᠭᠠᠳᠠᠭ᠍ᠰᠢ ᠨᠡᠪᠲᠡᠷᠡᠬᠦ᠌ ᠬᠦᠢᠰᠦ ᠢ᠋ᠢ ᠪᠠᠢᠭᠤᠯᠤᠨ᠎ᠠ᠃ 《 5 G +  ᠡᠳ᠋ ᠪᠠᠷᠠᠭᠠᠨ ᠤ᠋  ᠰᠦᠯᠵᠢᠶ᠎ᠡ 》  ᠢ᠋ᠢᠨ ᠮᠡᠷᠭᠡᠵᠢᠯ ᠢ᠋ ᠠᠭᠤᠰᠤᠯᠴᠠᠭᠤᠯᠤᠨ᠂ ᠡᠳ᠋ ᠪᠠᠷᠠᠭ᠎ᠠ ᠢ᠋ᠢ ᠬᠢᠨᠠᠨ ᠬᠡᠮᠵᠢᠬᠦ᠌᠂ ᠣᠶᠤᠨᠴᠢ᠎ᠪᠠᠷ ᠲᠣᠬᠢᠷᠠᠭᠤᠯᠬᠤ᠂ ᠲᠦᠭ᠌ᠰᠢᠭᠦᠷᠢ ᠢ᠋ᠢ ᠤᠷᠢᠳᠴᠢᠯᠠᠨ ᠰᠡᠷᠡᠮᠵᠢᠯᠡᠭᠦᠯᠬᠦ᠌ ᠲᠣᠭᠠᠴᠢᠯᠠᠭ᠍ᠰᠠᠨ ᠪᠣᠭᠣᠮᠲᠠ᠎ᠪᠠᠷ ᠥᠩᠭᠡᠷᠡᠬᠦ᠌ ᠱᠢᠰᠲ᠋ᠧᠮ ᠢ᠋ ᠪᠠᠢᠭᠤᠯᠵᠤ᠂ 《 ᠮᠡᠷᠭᠡᠵᠢᠯ ᠢ᠋ᠢᠡᠷ ᠴᠢᠳᠠᠮᠵᠢ ᠣᠯᠭᠣᠬᠤ + ᠲᠦᠷᠢᠮ᠎ᠦᠨ ᠱᠢᠨ᠎ᠡ ᠡᠭᠦᠳᠦᠯᠲᠡ 》 ᠎ᠪᠠᠷ ᠤᠯᠠᠮᠵᠢᠯᠠᠯᠲᠤ ᠬᠢᠨᠠᠯᠲᠠ ᠬᠠᠮᠢᠶᠠᠷᠤᠯᠲᠠ ᠢ᠋ᠢᠨ ᠵᠠᠭ᠍ᠪᠤᠷ ᠢ᠋ ᠱᠢᠪᠲᠤᠯᠵᠤ᠂ ᠬᠢᠯᠢ ᠠᠯᠤᠰᠯᠠᠭ᠍ᠰᠠᠨ ᠬᠢᠨᠠᠯᠲᠠ ᠬᠠᠮᠢᠶᠠᠷᠤᠯᠲᠠ ᠵᠢ  ᠨᠠᠷᠢᠯᠢᠭ ᠣᠨᠣᠪᠴᠢᠲᠠᠶ ᠬᠠᠮᠵᠢᠯᠴᠠᠭᠤᠯᠬᠤ᠂ ᠪᠣᠭᠣᠮᠲᠠ᠎ᠪᠠᠷ ᠥᠩᠭᠡᠷᠡᠬᠦ᠌ ᠦᠷ᠎ᠡ ᠪᠦᠲᠦᠮᠵᠢ ᠢ᠋ᠢ ᠶᠡᠬᠡ᠎ᠪᠡᠷ ᠳᠡᠭᠡᠭ᠌ᠰᠢᠯᠡᠭᠦᠯᠬᠦ᠌᠂ ᠠᠷᠠᠯᠵᠢᠶᠠᠨ ᠤ᠋ ᠶᠡᠷᠦᠩᠬᠡᠢᠯᠡᠭ᠌ᠰᠡᠨ ᠥᠪᠡᠷ᠎ᠦᠨ ᠥᠷᠲᠡᠭ ᠢ᠋ ᠦᠷᠭᠦᠯᠵᠢᠯᠡᠨ ᠪᠠᠭᠤᠷᠠᠭᠤᠯᠬᠤ ᠢ᠋ᠢ ᠪᠡᠶᠡᠯᠡᠭᠦᠯᠵᠦ᠍᠂ ᠪᠥᠬᠥ᠌ ᠤᠯᠤᠰ ᠤ᠋ᠨ ᠬᠢᠯᠢ ᠢ᠋ᠢᠨ ᠪᠣᠭᠣᠮᠲᠠ ᠢ᠋ᠢᠨ ᠣᠶᠤᠨᠴᠢᠯᠠᠭ᠍ᠰᠠᠨ ᠬᠥᠭ᠌ᠵᠢᠯᠲᠡ ᠢ᠋ᠢᠨ ᠥᠯᠢᠭᠡᠷ ᠳᠠᠭᠤᠷᠢᠶᠠᠯ ᠢ᠋ ᠪᠥᠬᠥ᠌ ᠬᠦᠴᠦᠨ ᠢ᠋ᠢᠡᠷ ᠢ᠋ᠢᠡᠨ ᠪᠣᠶ ᠪᠣᠯᠭᠠᠨ᠎ᠠ᠃

ᠬᠣᠶᠠᠷ᠎ᠲᠤ ᠠᠷᠠᠯᠵᠢᠶ᠎ᠠ᠎ᠪᠠᠷ ᠴᠢᠨᠠᠷ ᠰᠠᠢᠲᠠᠶ ᠡᠬᠢ ᠪᠠᠶᠠᠯᠢᠭ ᠢ᠋ ᠲᠠᠰ ᠳᠡᠪᠱᠢᠭᠦᠯᠦᠨ ᠲᠥᠪᠯᠡᠷᠡᠭᠦᠯᠵᠦ᠍᠂ ᠵᠠᠬ᠎ᠠ ᠳᠡᠯᠭᠡᠭᠦᠷ ᠎ᠦᠨ ᠲᠣᠬᠢᠷᠠᠭᠤᠯᠤᠯᠲᠠ ᠢ᠋ᠢᠨ ᠦᠢᠯᠡᠳᠦᠯ ᠴᠢᠳᠠᠮᠵᠢ  ᠢ᠋ᠢ ᠪᠠᠳᠠᠷᠠᠭᠤᠯᠤᠨ᠎ᠠ᠃ ᠡᠨᠧᠷᠭᠢ᠂ ᠲᠠᠷᠢᠶᠠᠯᠠᠩ ᠤ᠋ᠨ ᠪᠦᠲᠦᠭᠡᠭ᠌ᠳᠡᠬᠦᠨ᠂  ᠺᠠᠯᠢᠳᠤ ᠪᠣᠷᠳᠣᠭᠤᠷ ᠵᠡᠷᠭᠡ ᠭᠠᠳᠠᠭᠠᠳᠤ᠎ᠠᠴᠠ ᠣᠷᠣᠭᠤᠯᠬᠤ ᠡᠬᠢ ᠪᠠᠶᠠᠯᠢᠭ ᠤ᠋ᠨ ᠲᠣᠭᠣᠷᠢᠨ᠎ᠳᠤ ᠮᠢᠩᠭᠠᠨ ᠲᠦᠮᠡᠨ ᠲᠣᠨ ᠤ᠋ ᠲᠠᠰ ᠤ᠋ᠨ ᠬᠢᠯᠢ ᠢ᠋ᠢᠨ ᠭᠠᠳᠠᠨᠠᠬᠢ ᠡᠬᠢ ᠪᠠᠶᠠᠯᠢᠭ ᠢ᠋ ᠭᠠᠳᠠᠭᠠᠳᠤ᠎ᠠᠴᠠ ᠣᠷᠣᠭᠤᠯᠬᠤ ᠨᠡᠪᠲᠡᠷᠡᠯ ᠵᠠᠮ ᠪᠠ ᠲᠣᠮᠣ ᠬᠡᠯᠪᠡᠷᠢ ᠢ᠋ᠢᠨ ᠬᠥᠮᠥᠷᠭᠡᠯᠡᠨ ᠬᠠᠳᠠᠭᠠᠯᠠᠵᠤ ᠱᠢᠯᠵᠢᠭᠦᠯᠦᠨ ᠲᠡᠭᠡᠭᠡᠪᠦᠷᠢᠯᠡᠬᠦ᠌ ᠰᠠᠭᠤᠷᠢᠨ ᠢ᠋ ᠪᠦᠲᠦᠭᠡᠨ ᠪᠠᠢᠭᠤᠯᠵᠤ᠂ ᠤᠯᠤᠰ ᠤ᠋ᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ ᠢ᠋ᠢᠨ ᠡᠬᠢ ᠪᠠᠶᠠᠯᠢᠭ ᠤ᠋ᠨ ᠰᠠᠭᠤᠷᠢᠨ ᠤ᠋ ᠬᠢᠯᠢ ᠳᠠᠭᠠᠤ ᠬᠦᠢᠰᠦ ᠴᠡᠭ ᠢ᠋ ᠪᠤᠶ ᠪᠣᠯᠭᠠᠨ᠎ᠠ᠃ ᠮᠥᠩᠭᠥᠨ ᠭᠦᠢᠯᠭᠡᠭᠡᠨ᠎ᠦ ᠨᠡᠭᠡᠭᠡᠯᠲᠡ ᠬᠢᠵᠦ᠍ ᠱᠢᠨ᠎ᠡ ᠢ᠋ᠢ ᠡᠭᠦᠳᠬᠦ᠌ ᠢ᠋ᠢ ᠭᠦᠨᠵᠡᠭᠡᠢᠷᠡᠭᠦᠯᠦᠨ᠂ ᠬᠢᠯᠢ ᠠᠯᠤᠰᠯᠠᠨ ᠳ᠋ᠦᠨᠭᠨᠠᠨ ᠪᠤᠳᠤᠬᠤ ᠢ᠋ᠢ ᠳᠥᠭᠥᠮᠴᠢᠯᠡᠬᠦ᠌ ᠲᠦᠪᠱᠢᠨ ᠢ᠋ ᠳᠡᠭᠡᠭ᠌ᠰᠢᠯᠡᠭᠦᠯᠵᠦ᠍᠂ ᠮᠥᠩᠭᠥᠨ ᠭᠦᠢᠯᠭᠡᠭᠡᠨ᠎ᠦ ᠪᠣᠳᠠᠲᠤ ᠴᠣᠭ᠍ᠴᠠ ᠢ᠋ᠢᠨ ᠠᠵᠤ ᠠᠬᠤᠢ᠎ᠳᠤ ᠦᠢᠯᠡᠴᠢᠯᠡᠬᠦ᠌ ᠴᠢᠳᠠᠪᠤᠷᠢ ᠢ᠋ᠢ ᠨᠡᠮᠡᠭ᠌ᠳᠡᠭᠦᠯᠦᠨ᠎ᠡ᠃ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠬᠤ ᠪᠦᠬᠡᠮ ᠲᠠᠸᠠᠷ ᠤ᠋ᠨ ᠠᠷᠠᠯᠵᠢᠶᠠᠨ ᠤ᠋ ᠲᠠᠪᠴᠠᠩ ᠢ᠋ ᠰᠦᠪᠡᠭ᠌ᠴᠢᠯᠡᠨ ᠪᠠᠢᠭᠤᠯᠵᠤ᠂ ᠱᠢᠨ᠎ᠡ ᠬᠡᠯᠪᠡᠷᠢ ᠢ᠋ᠢᠨ ᠪᠠᠷᠠᠭ᠎ᠠ ᠰᠣᠯᠢᠯᠴᠠᠬᠤ ᠠᠷᠠᠯᠵᠢᠶ᠎ᠠ ᠢ᠋ᠢ ᠪᠣᠢᠵᠢᠭᠤᠯᠤᠨ᠂ ᠡᠳ᠋ ᠪᠠᠷᠠᠭᠠᠨ ᠤ᠋ ᠠᠷᠠᠯᠵᠢᠶ᠎ᠠ ᠢ᠋ᠢᠨ ᠶᠠᠰᠤ ᠴᠢᠨᠠᠷ ᠢ᠋ ᠳᠡᠭᠡᠭ᠌ᠰᠢᠯᠡᠭᠦᠯᠬᠦ᠌᠂ ᠦᠶ᠋ᠯᠡᠴᠢᠯᠡᠭᠡᠨ᠎ᠦ ᠠᠷᠠᠯᠵᠢᠶ᠎ᠠ ᠢ᠋ᠢ ᠱᠢᠯᠢᠳᠡᠭ᠌ᠵᠢᠭᠦᠯᠬᠦ᠌ ᠢ᠋ᠢ ᠠᠬᠢᠭᠤᠯᠵᠤ᠂ ᠬᠢᠯᠢ ᠢ᠋ᠢᠨ ᠪᠣᠭᠣᠮᠲᠠ ᠢ᠋ᠢᠨ ᠡᠬᠢ ᠪᠠᠶᠠᠯᠢᠭ ᠢ᠋ ᠲᠥᠪᠯᠡᠷᠡᠭᠦᠯᠬᠦ᠌ ᠴᠢᠳᠠᠪᠤᠷᠢ ᠪᠠ ᠶᠡᠷᠦᠩᠬᠡᠢᠯᠡᠭ᠌ᠰᠡᠨ ᠦᠶ᠋ᠯᠡᠴᠢᠯᠡᠭᠡᠨ᠎ᠦ ᠴᠢᠳᠠᠪᠤᠷᠢ ᠢ᠋ᠢ ᠪᠥᠬᠥ᠌ ᠲᠠᠯ᠎ᠠ᠎ᠪᠠᠷ ᠲᠡᠬᠡᠭᠰᠢᠯᠡᠬᠦᠯᠦᠨ᠎ᠠ ᠃

ᠭᠤᠷᠪᠠ᠎ᠳᠤ ᠨᠡᠬᠡᠬᠡᠯᠳᠡᠳᠤ ᠲᠠᠪᠴᠠᠩ ᠢ᠋ᠢᠡᠷ ᠠᠵᠤ ᠦᠶ᠋ᠯᠡᠰ᠎ᠦᠨ ᠬᠠᠷᠢᠯᠴᠠᠨ ᠨᠡᠪᠳᠡᠷᠡᠯᠴᠡᠬᠦ ᠢ᠋ᠢ ᠠᠬᠢᠭᠤᠯᠵᠤ᠂ ᠬᠢᠯᠢ ᠳᠠᠭᠠᠤ ᠢ᠋ᠢᠨ ᠠᠵᠤ ᠠᠬᠤᠶ ᠢ᠋ᠢᠨ ᠱᠢᠨ᠎ᠡ ᠬᠥᠳᠡᠯᠭᠡᠬᠦ᠌ ᠬᠦᠴᠦᠨ  ᠢ᠋ ᠬᠥᠭ᠌ᠵᠢᠭᠡᠨ᠎ᠡ ᠃ ᠴᠢᠯᠥᠭᠡᠲᠦ ᠠᠷᠠᠯᠵᠢᠶᠠᠨ ᠤ᠋ ᠲᠤᠷᠱᠢᠯᠲᠠ ᠢ᠋ᠢᠨ ᠣᠷᠣᠨ ᠤ᠋ ᠪᠦᠲᠦᠭᠡᠨ ᠪᠠᠢᠭᠤᠯᠤᠯᠲᠠ᠎ᠪᠠᠷ ᠬᠥᠲᠥᠯᠦᠮᠵᠢ ᠪᠣᠯᠭᠠᠵᠤ᠂ ᠥᠨᠳᠥᠷ ᠲᠦᠪᠱᠢᠨ ᠪᠦᠬᠦᠢ ᠭᠠᠳᠠᠭᠠᠳᠤ ᠨᠡᠭᠡᠭᠡᠯᠲᠡ ᠯᠦᠭᠡ ᠬᠠᠷᠢᠯᠴᠠᠨ ᠵᠣᠬᠢᠴᠠᠭ᠍ᠰᠠᠨ ᠲᠥᠷᠥ ᠢ᠋ᠢᠨ ᠪᠣᠳᠣᠯᠭ᠎ᠠ ᠳᠦᠷᠢᠮ ᠤ᠋ᠨ ᠱᠢᠰᠲ᠋ᠧᠮ ᠢ᠋ ᠪᠠᠢᠭᠤᠯᠵᠤ᠂  ᠪᠡᠭᠡᠵᠢᠩ ᠥᠪᠥᠷ ᠮᠣᠩᠭᠣᠯ ᠤ᠋ᠨ ᠬᠠᠮᠲᠤᠷᠡᠨ ᠪᠠᠢᠭᠤᠯᠤᠭ᠍ᠰᠠᠨ ᠠᠵᠤ ᠦᠢᠯᠡᠰ᠎ᠦᠨ ᠬᠠᠮᠵᠢᠯᠴᠠᠭᠠᠨ ᠤ᠋ ᠬᠦᠷᠢᠶᠡᠯᠡᠩ ᠲᠣᠭᠣᠷᠢᠭ᠂  ᠶᠡᠷᠦᠩᠬᠡᠢᠯᠡᠭ᠌ᠰᠡᠨ ᠭᠠᠢᠯᠢ ᠪᠠᠲᠤᠯᠠᠬᠤ ᠲᠣᠭᠣᠷᠢᠭ᠂  ᠬᠠᠷᠢᠯᠴᠠᠨ ᠠᠷᠠᠯᠵᠢᠶ᠎ᠡ ᠮᠠᠢᠮᠠᠢ ᠬᠢᠬᠦ ᠵᠠᠬ᠎ᠠ ᠳᠡᠯᠭᠡᠭᠦᠷ᠎ᠦᠨ ᠠᠷᠠᠯᠵᠢᠶᠠᠨ ᠤ᠋ ᠲᠣᠭᠣᠷᠢᠭ᠂  ᠬᠢᠯᠢ ᠢ᠋ᠢᠨ ᠠᠵᠤ ᠠᠬᠤᠢ ᠢ᠋ᠢᠨ ᠬᠠᠮᠲᠤᠷᠠᠯᠴᠠᠭᠠᠨ ᠤ᠋ ᠲᠣᠭᠣᠷᠢᠭ ᠵᠡᠷᠭᠡ ᠲᠠᠪᠴᠠᠩ ᠤ᠋ᠨ ᠬᠠᠮᠵᠢᠯᠴᠠᠨ ᠬᠥᠭ᠌ᠵᠢᠬᠦ᠌ ᠢ᠋ᠢ ᠨᠢᠭᠡᠳᠦᠯᠲᠡᠢ᠎ᠲᠦᠯᠦᠪᠵᠢᠬᠦᠯᠵᠤ᠂  ᠭᠠᠳᠠᠭᠠᠳᠤ ᠨᠡᠭᠡᠭᠡᠯᠲᠡ ᠢ᠋ᠢ ᠥᠷᠭᠡᠳᠭᠡᠨ ᠳᠡᠰ ᠳᠡᠪᠱᠢᠭᠦᠯᠬᠦ᠌ ᠢ᠋ᠢ ᠠᠬᠢᠭᠤᠯᠤᠨ᠎ᠠ ᠃ ᠣᠷᠣᠰ ᠮᠣᠩᠭᠣᠯ᠎ᠯᠤᠭ᠎ᠠ ᠢ᠋ᠢᠨ ᠪᠣᠳᠠᠲᠠᠶ ᠢ᠋ᠢ ᠡᠷᠬᠢᠮᠯᠡᠬᠦ᠌ ᠬᠠᠮᠲᠤᠷᠠᠯᠴᠠᠭ᠎ᠠ ᠢ᠋ᠢ ᠭᠦᠨᠵᠡᠭᠡᠢᠷᠡᠭᠦᠯᠵᠦ᠍᠂  ᠬᠢᠯᠢ ᠠᠯᠤᠰᠯᠠᠭ᠍ᠰᠠᠨ ᠰᠠᠭᠤᠷᠢ ᠲᠦᠬᠦᠬᠡᠷᠤᠮᠵᠢ ᠢ᠋ᠢᠨ ᠬᠠᠷᠢᠯᠴᠠᠨ ᠬᠣᠯᠪᠣᠭᠠᠯᠠᠵᠤ ᠬᠠᠷᠢᠯᠴᠠᠨ ᠨᠡᠪᠲᠡᠷᠡᠯᠴᠡᠬᠦ᠌ ᠢ᠋ᠢ ᠲᠦᠷᠭᠡᠳᠭᠡᠨ᠂  ᠪᠠᠯᠠ ᠣᠷᠣᠭᠤᠯᠤᠯᠲᠠ ᠠᠷᠠᠯᠵᠢᠶ᠎ᠠ᠂  ᠮᠥᠩᠭᠥᠨ ᠭᠦᠶ᠋ᠯᠭᠡᠭᠡᠨ ᠵᠡᠷᠭᠡ ᠬᠦᠷᠢᠶ᠎ᠡ ᠴᠠᠷᠠᠭ᠎ᠠ ᠢ᠋ᠢᠨ ᠴᠢᠬᠤᠯᠠ ᠶᠡᠬᠡ ᠲᠥᠷᠥᠯ ᠵᠦᠶ᠋ᠯ ᠢ᠋ ᠪᠣᠳᠠᠲᠠᠢᠵᠢᠭᠤᠯᠬᠤ ᠢ᠋ᠢ ᠠᠬᠢᠭᠤᠯᠤᠨ᠎ᠠ᠃ ᠣᠷᠣᠰ ᠤ᠋ᠨ ᠲᠠᠪᠠᠯᠳᠠᠳᠤ ᠮᠠᠶᠢᠭ ᠤ᠋ᠨ ᠬᠥᠭ᠌ᠵᠢᠯᠲᠡ ᠢ᠋ᠢᠨ ᠣᠷᠣᠨ᠂ ᠮᠣᠩᠭᠣᠯ ᠤᠯᠤᠰ᠎ᠯᠤᠭ᠎ᠠ ᠢ᠋ᠢᠨ ᠡᠯ᠎ᠡ ᠲᠥᠷᠥᠯ᠎ᠦᠨ ᠠᠵᠤ ᠠᠬᠤᠶ ᠢ᠋ᠢᠨ ᠬᠦᠷᠢᠶᠡᠯᠡᠩ ᠲᠣᠭᠣᠷᠢᠭ ᠤ᠋ᠨ ᠬᠠᠮᠵᠢᠯᠴᠠᠭ᠎ᠠ ᠢ᠋ᠢ ᠴᠢᠩᠭᠠᠳᠭᠠᠵᠤ᠂ ᠲᠡᠯᠡᠬᠡᠢ ᠢ᠋ᠢᠨ ᠥᠷᠢᠰᠦᠯᠳᠦᠬᠦ᠌ ᠬᠦᠴᠦᠨ᠎ᠪᠦᠬᠦᠢ  ᠬᠢᠯᠢ ᠳᠠᠭᠠᠤ ᠢ᠋ᠢᠨ ᠣᠨᠴᠠᠯᠢᠭ᠍ᠲᠤ ᠠᠵᠤ ᠦᠶ᠋ᠯᠡᠰ᠎ᠦᠨ ᠪᠦᠯᠦᠭᠵᠢᠯ ᠢ᠋ ᠪᠠᠢᠭᠤᠯᠤᠨ᠎ᠠ᠃

  ᠳᠥᠷᠪᠡ᠎ᠳᠦ ᠲᠣᠭᠠᠴᠢᠯᠠᠭ᠍ᠰᠠᠨ ᠲᠠᠪᠴᠠᠩ ᠢ᠋ᠢᠡᠷ ᠬᠣᠯᠪᠣᠭᠠᠯᠠᠨ ᠬᠥᠳᠡᠯᠦᠯᠴᠡᠬᠦ᠌ ᠲᠦᠷᠢᠮ ᠢ᠋ ᠵᠣᠯᠭᠠᠭᠤᠯᠵᠤ᠂ ᠬᠢᠯᠢ ᠠᠯᠤᠰᠯᠠᠭ᠍ᠰᠠᠨ ᠰᠤᠯᠢᠯᠴᠠᠭ᠎ᠠ ᠢ᠋ᠢ ᠰᠠᠭᠠᠳ ᠦᠬᠡᠢ ᠨᠡᠪᠳᠡᠷᠡᠬᠦᠯᠦᠨ᠎ᠡ ᠃ ᠬᠢᠯᠢ ᠠᠯᠤᠰᠯᠠᠭ᠍ᠰᠠᠨ ᠢᠨᠲ᠋ᠧᠷ ᠰᠦᠯᠵᠢᠶᠡᠨ᠎ᠦ ᠠᠵᠤ ᠠᠬᠤᠶ ᠠᠷᠠᠯᠵᠢᠶᠠᠨ ᠤ᠋ ᠲᠤᠰᠭᠠᠶ ᠨᠡᠪᠲᠡᠷᠡᠯ ᠵᠠᠮ ᠢ᠋ ᠰᠦᠪᠡᠭ᠌ᠴᠢᠯᠡᠨ ᠪᠠᠢᠭᠤᠯᠵᠤ᠂  ᠳᠤᠮᠳᠠᠳᠤ ᠣᠷᠣᠰ ᠮᠣᠩᠭᠣᠯ ᠤ᠋ᠨ ᠠᠵᠤ ᠠᠬᠤᠶ ᠠᠷᠠᠯᠵᠢᠶᠠᠨ ᠤ᠋ ᠮᠡᠳᠡᠭᠡ ᠵᠠᠩᠭᠢ ᠰᠣᠯᠢᠯᠴᠠᠬᠤ ᠠᠷᠭ᠎ᠠ ᠵᠠᠮ ᠢ᠋ ᠰᠠᠭᠠᠳ ᠥᠬᠡᠶ ᠨᠡᠪᠲᠡᠷᠡᠭᠦᠯᠦᠨ᠂  ᠮᠡᠳᠡᠭᠡ ᠵᠠᠩᠭᠢ ᠢ᠋ᠢ ᠱᠢᠯᠵᠢᠭᠦᠯᠬᠦ᠌᠎ᠳᠦ 《ᠬᠣᠢᠱᠢᠯᠠᠭᠤᠯᠬᠤ ᠥᠬᠡᠶ 》 ᠂《 ᠬᠠᠷᠰᠢ ᠰᠠᠭᠠᠳ ᠥᠬᠡᠶ 》 ᠪᠠᠢᠬᠤ ᠢ᠋ᠢ ᠪᠡᠶᠡᠯᠡᠭᠦᠯᠦᠨ᠎ᠡ᠃ ᠤᠯᠠᠨ ᠤᠯᠤᠰ ᠤ᠋ᠨ ᠠᠷᠠᠯᠵᠢᠶᠠᠨ ᠤ᠋ 《 ᠨᠢᠭᠡ ᠯᠡ ᠴᠣᠩᠬᠣᠪᠴᠢ 》 ᠢ᠋ᠢᠨ ᠴᠢᠳᠠᠮᠵᠢ ᠢ᠋ᠢ ᠲᠡᠭᠦᠯᠳᠡᠷᠵᠢᠭᠦᠯᠵᠦ᠍᠂  3 ᠤᠯᠤᠰ ᠤ᠋ᠨ ᠠᠵᠤ ᠠᠬᠤᠢᠯᠠᠯ ᠤ᠋ᠨ ᠪᠦᠬᠦ᠌ ᠲᠠᠯ᠎ᠠ ᠢ᠋ᠢᠨ᠂ ᠤᠯᠠᠨ ᠬᠦᠷᠢᠶᠡᠨ ᠳ᠋ᠡᠬᠢ ᠮᠡᠳᠡᠭᠡ ᠵᠠᠩᠭᠢ ᠢ᠋ᠢᠨ ᠬᠠᠮᠲᠤᠷᠠᠯᠴᠠᠭ᠎ᠠ ᠢ᠋ᠢ ᠠᠬᠢᠭᠤᠯᠤᠨ᠎ᠠ᠃ ᠳᠤᠮᠳᠠᠳᠤ ᠣᠷᠣᠰ ᠮᠣᠩᠭᠣᠯ ᠤ᠋ᠨ ᠬᠢᠯᠢ ᠢ᠋ᠢᠨ ᠪᠣᠭᠣᠮᠲᠠ ᠢ᠋ᠢᠨ ᠵᠥᠪᠳᠡᠯᠴᠡᠬᠦ᠌ ᠲᠣᠭ᠍ᠲᠠᠴᠠ ᠢ᠋ᠢ ᠰᠠᠢᠲᠤᠷ ᠬᠡᠷᠡᠭ᠌ᠯᠡᠵᠦ᠍᠂  ᠪᠣᠭᠣᠮᠲᠠ ᠪᠡᠷ ᠥᠩᠭᠡᠷᠡᠬᠦ᠌᠂  ᠪᠠᠷᠢᠮᠵᠢᠶ᠎ᠠ ᠢ᠋ᠢ ᠬᠠᠷᠢᠯᠴᠠᠨ ᠮᠡᠳᠡᠷᠡᠬᠦ᠌ ᠵᠡᠷᠭᠡ ᠲᠥᠷᠥ ᠢ᠋ᠢᠨ ᠪᠣᠳᠣᠯᠭ᠎ᠠ ᠢ᠋ᠢᠨ ᠵᠣᠯᠭᠠᠯᠴᠠᠭ᠎ᠠ ᠢ᠋ᠢ ᠠᠬᠢᠭᠤᠯᠵᠤ᠂  ᠬᠢᠯᠢ ᠠᠯᠤᠰᠯᠠᠭ᠍ᠰᠠᠨ ᠮᠡᠳᠡᠭᠡ ᠵᠠᠩᠭᠢ ᠢ᠋ᠢ ᠱᠢᠯᠵᠢᠭᠦᠯᠬᠦ᠌ ᠦᠷ᠎ᠡ ᠪᠦᠲᠦᠮᠵᠢ ᠢ᠋ᠢ ᠳᠡᠭᠡᠭ᠌ᠰᠢᠯᠡᠭᠦᠯᠵᠦ᠍᠂  ᠳᠤᠮᠳᠠᠳᠤ ᠣᠷᠣᠰ ᠮᠣᠩᠭᠣᠯ ᠤ᠋ᠨ ᠠᠵᠤ ᠠᠬᠤᠶ ᠠᠷᠠᠯᠵᠢᠶᠠᠨ ᠤ᠋ ᠬᠠᠮᠲᠤᠷᠠᠯᠴᠠᠭ᠎ᠠ᠎ᠳᠤ ᠥᠨᠳᠥᠷ ᠪᠦᠲᠦᠮᠵᠢᠲᠡᠶ ᠳᠥᠭᠥᠮ ᠳᠥᠲᠡ ᠲᠣᠭᠠᠴᠢᠯᠠᠭ᠍ᠰᠠᠨ ᠬᠥᠭᠥᠷᠭᠡ ᠢ᠋ᠢ ᠪᠠᠢᠭᠤᠯᠬᠤ ᠪᠤᠯᠤᠨ᠎ᠡ ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号