ᠰᠢ᠎ᠶᠢᠨ ᠫᠢᠩ ᠠᠷᠠᠪ᠎ᠤᠨ ᠬᠣᠯᠪᠣᠭᠠᠲᠤ ᠠᠬᠠᠮᠠᠳᠲᠤ ᠤᠯᠤᠰ᠎ᠤᠨ ᠠᠪᠦ᠋ ᠽᠠᠪᠢ ᠵᠢᠨ ᠸᠠᠩ᠎ᠤᠨ ᠵᠠᠯᠭᠠᠮᠵᠢᠯᠠᠭ᠍ᠴᠢ ᠬᠠᠯᠢᠳ᠋ᠸ ᠲᠠᠢ ᠠᠭᠤᠯᠵᠠᠪᠠ
2026-04-15 09:18:42
ᠵᠣᠬᠢᠶᠠᠭ᠍ᠴᠢ᠄
ᠸᠸᠨ ᠰᠢᠨ
ᠣᠩᠱᠢᠭ᠍ᠰᠠᠨ ᠣᠳᠠᠭ᠎ᠠ᠄
★★★☆☆

4 ᠰᠠᠷ᠎ᠠ᠎ᠶᠢᠨ 14 ᠎ᠤ᠋ ᠦᠳᠡ᠎ᠶᠢᠨ ᠡᠮᠦᠨ᠎ᠡ᠂ ᠤᠯᠤᠰ᠎ᠤᠨ ᠲᠡᠷᠢᠭᠦᠯᠡᠭᠴᠢ ᠰᠢ᠎ᠶᠢᠨ ᠫᠢᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ᠎ᠲᠤ ᠠᠢᠯᠴᠢᠯᠠᠯᠳᠠ ᠬᠢᠬᠦ᠎ᠪᠠᠷ ᠢᠷᠡᠭᠰᠡᠨ ᠠᠷᠠᠪ᠎ᠤᠨ ᠬᠣᠯᠪᠣᠭᠠᠲᠤ ᠠᠬᠠᠮᠠᠳᠲᠤ ᠤᠯᠤᠰ᠎ᠤᠨ ᠠᠪᠦ᠋ ᠽᠠᠪᠢ ᠵᠢᠨ ᠸᠠᠩ᠎ᠤᠨ ᠵᠠᠯᠭᠠᠮᠵᠢᠯᠠᠭ᠍ᠴᠢ ᠬᠠᠯᠢᠳ᠋ᠸ ᠲᠠᠢ ᠠᠭᠤᠯᠵᠠᠪᠠ᠃

ᠰᠢ᠎ᠶᠢᠨ ᠫᠢᠩ᠂ ᠠᠷᠠᠪ᠎ᠤᠨ ᠬᠣᠯᠪᠣᠭᠠᠲᠤ ᠠᠬᠠᠮᠠᠳᠲᠤ ᠤᠯᠤᠰ ᠪᠣᠯ ᠳᠤᠮᠳᠠᠳᠤ ᠤᠯᠤᠰ᠎ᠤᠨ ᠪᠦᠬᠦ ᠲᠠᠯ᠎ᠠ᠎ᠶᠢᠨ ᠪᠠᠢᠯᠳᠤᠬᠤ ᠪᠣᠳᠣᠯᠭ᠎ᠠ᠎ᠶᠢᠨ ᠬᠠᠨᠢᠲᠠᠨ ᠮᠥᠨ᠂ ᠳᠤᠮᠳᠠᠳᠤ᠎ᠶᠢᠨ ᠲᠠᠯ᠎ᠠ᠎ᠶᠢᠨ ᠬᠢᠨ ᠠᠷᠠᠪ᠎ᠤᠨ ᠬᠣᠯᠪᠣᠭᠠᠲᠤ ᠠᠬᠠᠮᠠᠳᠲᠤ ᠤᠯᠤᠰ ᠯᠤᠭ᠎ᠠ᠎ᠶᠢᠨ ᠬᠠᠷᠢᠯᠴᠠᠭ᠎ᠠ᠎ᠪᠠᠨ ᠬᠥᠭᠵᠢᠭᠦᠯᠬᠦ᠎ᠶᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠭᠰᠠᠭᠠᠷ ᠢᠷᠡᠪᠡ᠃ ᠬᠣᠶᠠᠷ ᠲᠠᠯ᠎ᠠ᠎ᠶᠢᠨ ᠬᠠᠮᠲᠤ᠎ᠶᠢᠨ ᠴᠢᠷᠮᠠᠢᠯᠭ᠎ᠠ᠎ᠪᠠᠷ᠂ ᠳᠤᠮᠳᠠᠳᠤ ᠤᠯᠤᠰ ᠠᠷᠠᠪ᠎ᠤᠨ ᠬᠣᠯᠪᠣᠭᠠᠲᠤ ᠠᠬᠠᠮᠠᠳᠲᠤ ᠤᠯᠤᠰ᠎ᠤᠨ ᠬᠠᠷᠢᠯᠴᠠᠭ᠎ᠠ ᠡᠷᠡᠭᠦᠯ ᠲᠣᠭᠲᠠᠭᠤᠨ ᠎ᠢᠶᠠᠷ ᠬᠥᠭᠵᠢᠵᠦ᠂ ᠤᠯᠤᠰ ᠲᠦᠷᠦ᠎ᠶᠢᠨ ᠢᠲᠡᠭᠡᠯᠴᠡᠭᠡ ᠲᠠᠰᠤᠷᠠᠯᠲᠠ ᠦᠭᠡᠢ ᠭᠦᠨᠵᠡᠭᠡᠢᠷᠡᠵᠦ᠂ ᠪᠣᠳᠠᠲᠠᠢ ᠎ᠶᠢ ᠡᠷᠬᠢᠮᠯᠡᠭᠰᠡᠨ ᠬᠠᠮᠲᠤᠷᠠᠯᠴᠠᠭ᠎ᠠ ᠲᠣᠭᠲᠠᠭᠤᠨ ᠠᠬᠢᠵᠤ᠂ ᠰᠣᠶᠣᠯ ᠢᠷᠭᠡᠨᠰᠢᠯ᠎ᠦᠨ ᠰᠣᠯᠢᠯᠴᠠᠭ᠎ᠠ ᠡᠯᠪᠡᠭ ᠪᠠᠶᠠᠯᠢᠭ᠋ ᠪᠣᠯᠪᠠ᠃ ᠳᠤᠮᠳᠠᠳᠤ ᠤᠯᠤᠰ ᠪᠤᠯᠤᠨ ᠠᠷᠠᠪ᠎ᠤᠨ ᠬᠣᠯᠪᠣᠭᠠᠲᠤ ᠠᠬᠠᠮᠠᠳᠲᠤ ᠤᠯᠤᠰ᠎ᠤᠨ ᠬᠠᠷᠢᠯᠴᠠᠭ᠎ᠠ᠎ᠶᠢ ᠪᠡᠬᠢᠵᠢᠭᠦᠯᠦᠨ ᠳᠡᠭᠡᠭᠰᠢᠯᠡᠭᠦᠯᠬᠦ ᠪᠣᠯ ᠬᠣᠶᠠᠷ ᠲᠠᠯ᠎ᠠ᠎ᠶᠢᠨ ᠡᠷᠡᠰ ᠪᠠᠲᠤ ᠬᠠᠮᠲᠤ ᠎ᠶᠢᠨ ᠲᠠᠨᠢᠯᠲᠠ ᠪᠠᠢᠵᠤ᠂ ᠬᠣᠶᠠᠷ ᠤᠯᠤᠰ᠎ᠤᠨ ᠠᠷᠠᠳ ᠲᠦᠮᠡᠨ᠎ᠦ ᠬᠦᠰᠡᠯ ᠡᠷᠡᠮᠡᠯᠵᠡᠯ᠎ᠲᠠᠢ ᠨᠡᠢᠴᠡᠨ᠎ᠡ᠃ ᠳᠤᠮᠳᠠᠳᠤ᠎ᠶᠢᠨ ᠲᠠᠯ᠎ᠠ ᠳᠤᠷᠠᠲᠠᠶ᠎ᠠ ᠠᠷᠠᠪ᠎ᠤᠨ ᠬᠣᠯᠪᠣᠭᠠᠲᠤ ᠠᠬᠠᠮᠠᠳᠲᠤ ᠤᠯᠤᠰ᠎ᠤᠨ ᠲᠠᠯ᠎ᠠ᠎ᠲᠠᠢ ᠭᠠᠷ ᠬᠣᠯᠪᠣᠨ ᠤᠷᠤᠭᠰᠢᠯᠠᠵᠤ᠂ ᠨᠡᠩ ᠪᠠᠲᠤ ᠪᠡᠬᠢ᠂ ᠠᠮᠢᠵᠢᠷᠠᠯ᠎ᠤᠨ ᠬᠦᠴᠦᠨ᠎ᠢᠶᠡᠷ ᠪᠢᠯᠬᠠᠮ᠎ᠠ ᠳᠤᠮᠳᠠᠳᠤ ᠤᠯᠤᠰ ᠠᠷᠠᠪ᠎ᠤᠨ ᠬᠣᠯᠪᠣᠭᠠᠲᠤ ᠠᠬᠠᠮᠠᠳᠲᠤ ᠤᠯᠤᠰ ᠎ᠤᠨ ᠪᠦᠬᠦ ᠲᠠᠯ᠎ᠠ᠎ᠶᠢᠨ ᠪᠠᠢᠯᠳᠤᠬᠤ ᠪᠣᠳᠣᠯᠭ᠎ᠠ᠎ᠶᠢᠨ ᠬᠠᠨᠢᠲᠠᠨ᠎ᠤ ᠬᠠᠷᠢᠯᠴᠠᠭ᠎ᠠ᠎ᠶᠢ ᠪᠠᠢᠭᠤᠯᠤᠨ᠎ᠠ᠃ ᠬᠣᠶᠠᠷ ᠲᠠᠯ᠎ᠠ᠎ᠪᠠᠷ᠎ᠢᠶᠠᠨ ᠲᠤᠰ ᠲᠤᠰ ᠎ᠤᠨ᠎ᠢᠶᠠᠨ ᠭᠣᠣᠯᠯᠠᠭ᠍ᠴᠢ ᠠᠰᠢᠭ᠋ ᠲᠤᠰᠠ ᠪᠣᠯᠣᠨ ᠠᠩᠬᠠᠷᠴᠤ ᠪᠠᠢᠭ᠎ᠠ ᠴᠢᠬᠤᠯᠠ ᠶᠡᠬᠡ ᠠᠰᠠᠭᠤᠳᠠᠯ᠎ᠤᠨ ᠲᠠᠯ᠎ᠠ᠎ᠪᠠᠷ ᠦᠷᠭᠦᠯᠵᠢᠯᠡᠨ ᠬᠠᠷᠢᠯᠴᠠᠨ ᠳᠡᠮᠵᠢᠵᠦ᠂ ᠳᠡᠭᠡᠳᠦ ᠳᠠᠪᠬᠤᠷᠭ᠎ᠠ᠎ᠶᠢᠨ ᠶᠠᠪᠤᠯᠴᠠᠭ᠎ᠠ᠎ᠪᠠᠨ ᠪᠠᠲᠤᠯᠠᠵᠤ᠂ ᠪᠠᠢᠯᠳᠤᠬᠤ ᠪᠣᠳᠣᠯᠭ᠎ᠠ᠎ᠶᠢᠨ ᠢᠲᠡᠭᠡᠯᠴᠡᠭᠡ ᠎ᠪᠡᠨ ᠪᠠᠲᠤᠳᠬᠠᠶ᠎ᠠ᠃ ᠬᠥᠭᠵᠢᠯᠲᠡ᠎ᠶᠢᠨ ᠪᠠᠢᠯᠳᠤᠬᠤ ᠪᠣᠳᠣᠯᠭ᠎ᠠ᠎ᠶᠢᠨ ᠵᠣᠯᠭᠠᠯᠴᠠᠭ᠎ᠠ ᠎ᠶᠢ ᠴᠢᠩᠭᠠᠳᠬᠠᠵᠤ᠂ ᠡᠨᠧᠷᠭᠢ᠂ ᠪᠡᠯᠡ ᠣᠷᠣᠭᠤᠯᠤᠯᠲᠠ᠂ ᠠᠷᠠᠯᠵᠢᠶ᠎ᠠ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠵᠡᠷᠭᠡ ᠬᠦᠷᠢᠶᠡᠨ᠎ᠳᠡᠬᠢ ᠲᠠᠯᠳᠠ ᠬᠦᠴᠦᠨ᠎ᠢ ᠭᠦᠨᠵᠡᠭᠡᠢ ᠠᠭᠤᠳᠠᠯᠵᠤ᠂ ᠬᠠᠷᠢᠯᠴᠠᠨ ᠠᠰᠢᠭ᠍ᠲᠠᠢ ᠬᠠᠮᠲᠤᠷᠠᠯᠴᠠᠭ᠎ᠠ᠎ᠶᠢ ᠭᠦᠨᠵᠡᠭᠡᠢᠷᠡᠭᠦᠯᠦᠶ᠎ᠡ᠃ ᠰᠤᠷᠭᠠᠨ ᠬᠥᠮᠦᠵᠢᠯ᠂ ᠠᠷᠠᠳ᠎ᠤᠨ ᠠᠭᠠᠷ᠎ᠤᠨ ᠠᠶᠠᠯᠠᠯ᠂ ᠵᠢᠭᠤᠯᠴᠢᠯᠠᠯ ᠵᠡᠷᠭᠡ᠎ᠶᠢᠨ ᠬᠠᠮᠲᠤᠷᠠᠯᠴᠠᠭ᠎ᠠ᠎ᠶᠢ ᠨᠡᠩ ᠶᠡᠬᠡ ᠠᠬᠢᠴᠠ᠎ᠲᠠᠢ ᠪᠣᠯᠭᠠᠬᠤ᠎ᠶᠢ ᠠᠬᠢᠭᠤᠯᠵᠤ᠂  ᠰᠣᠶᠣᠯ ᠢᠷᠭᠡᠨᠰᠢᠯ ᠎ᠤᠨ ᠰᠣᠯᠢᠯᠴᠠᠭ᠎ᠠ᠎ᠶᠢ ᠨᠢᠭ᠍ᠲᠠᠷᠠᠭᠤᠯᠵᠤ᠂ ᠠᠷᠠᠳ᠎ᠤᠨ ᠰᠠᠨᠠᠭᠠᠨ᠎ᠤ ᠰᠠᠭᠤᠷᠢ᠎ᠶᠢ ᠪᠡᠬᠢᠵᠢᠭᠦᠯᠦᠶ᠎ᠡ᠃ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠂ ᠠᠯᠳᠠᠨ ᠲᠣᠭᠣᠰᠬ᠎ᠠ ᠤᠯᠤᠰ ᠵᠡᠷᠭᠡ ᠤᠯᠠᠨ ᠲᠠᠯᠠᠲᠦ ᠲᠠᠪᠴᠠᠩ᠎ᠳᠡᠬᠢ ᠵᠣᠬᠢᠴᠠᠭᠤᠯᠭ᠎ᠠ ᠬᠠᠮᠲᠤᠷᠠᠯᠴᠠᠭ᠎ᠠ᠎ᠪᠠᠨ ᠴᠢᠩᠭᠠᠳᠬᠠᠵᠤ᠂ ᠳᠤᠮᠳᠠᠳᠤ ᠤᠯᠤᠰ ᠠᠷᠠᠪ᠎ᠤᠨ ᠬᠣᠯᠪᠣᠭᠠᠲᠤ ᠠᠬᠠᠮᠠᠳᠲᠤ ᠤᠯᠤᠰ᠎ᠤᠨ ᠬᠠᠷᠢᠯᠴᠠᠭ᠎ᠠ᠎ᠶᠢᠨ ᠲᠣᠭᠲᠠᠭᠤᠨ ᠴᠢᠨᠠᠷ᠎ᠢᠶᠠᠷ ᠳᠡᠯᠡᠬᠡᠢ᠎ᠶᠢᠨ ᠪᠠ ᠭᠠᠵᠠᠷ ᠣᠷᠣᠨ᠎ᠤ ᠪᠠᠢᠳᠠᠯ᠎ᠤᠨ ᠲᠣᠭᠲᠠᠭᠠᠯᠳᠤ ᠪᠤᠰᠤ ᠴᠢᠨᠠᠷ᠎ᠢ ᠠᠷᠭᠠᠴᠡᠭᠠᠵᠤ᠂ ᠬᠥᠮᠥᠨ ᠲᠥᠷᠥᠯᠬᠢᠲᠡᠨ ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ᠎ᠶᠢ ᠬᠠᠮᠲᠤ ᠪᠠᠷ ᠠᠬᠢᠭᠤᠯᠤᠶ᠎ᠡ ᠭᠡᠵᠤ ᠵᠢᠭᠠᠵᠤ ᠭᠠᠷᠭᠠᠪᠠ᠃

 ᠬᠣᠶᠠᠷ ᠲᠠᠯ᠎ᠠ᠎ᠪᠠᠷ᠎ᠢᠶᠠᠨ ᠣᠳᠣᠬᠠᠨ᠎ᠤ ᠳᠤᠮᠳᠠᠳᠤ ᠳᠣᠷᠣᠨᠠᠲᠤ ᠪᠣᠯᠣᠨ ᠲᠠᠯᠠᠢ᠎ᠶᠢᠨ ᠪᠤᠯᠤᠩ᠎ᠤᠨ ᠣᠷᠣᠨ᠎ᠤ ᠪᠠᠢᠳᠠᠯ᠎ᠤᠨ ᠲᠣᠭᠣᠷᠢᠨ᠎ᠳᠤ ᠰᠠᠨᠠᠯ ᠵᠢᠡᠨ ᠰᠤᠯᠢᠯᠴᠠᠪᠠ᠃ ᠰᠢ᠎ᠶᠢᠨ ᠫᠢᠩ ᠳᠤᠮᠳᠠᠳᠤ᠎ᠶᠢᠨ ᠲᠠᠯ᠎ᠠ᠎ᠶᠢᠨ ᠢᠳᠬᠠᠨ ᠡᠶᠡᠳᠡᠭᠦᠯᠵᠦ ᠬᠡᠯᠡᠯᠴᠡᠭᠡ ᠬᠢᠬᠦ᠎ᠶᠢ ᠠᠬᠢᠭᠤᠯᠬᠤ ᠵᠠᠷᠴᠢᠮᠲᠤ ᠵᠣᠭᠰᠣᠯᠲᠠ᠎ᠶᠢ ᠴᠢᠬᠤᠯᠠᠴᠢᠯᠠᠵᠤ᠂ ᠡᠭᠦᠨ᠎ᠦ ᠲᠥᠯᠥᠭᠡ ᠪᠦᠲᠦᠭᠡᠯᠴᠢ ᠴᠢᠨᠠᠷᠲᠠᠢ ᠦᠢᠯᠡᠳᠦᠯ᠎ᠢᠶᠡᠨ ᠦᠷᠭᠦᠯᠵᠢᠯᠡᠨ ᠪᠠᠳᠠᠷᠠᠭᠤᠯᠬᠤ᠎ᠶᠢ ᠲᠠᠪᠳᠠᠨ ᠲᠣᠳᠣᠷᠬᠠᠢᠯᠠᠪᠠ᠃

ᠰᠢ᠎ᠶᠢᠨ ᠫᠢᠩ ᠳᠤᠮᠳᠠᠳᠤ ᠳᠣᠷᠣᠨᠠᠲᠤ᠎ᠶᠢᠨ ᠡᠩᠬᠡ ᠲᠠᠢᠪᠤᠩ ᠲᠣᠭᠲᠠᠭᠤᠨ ᠪᠠᠢᠳᠠᠯ ᠎ᠢ ᠬᠠᠮᠠᠭᠠᠯᠠᠨ ᠠᠬᠢᠭᠤᠯᠬᠤ ᠲᠤᠬᠠᠢ 4 ᠲᠠᠯ᠎ᠠ᠎ᠶᠢᠨ ᠵᠣᠷᠢᠯᠲᠠ ᠵᠢ ᠳᠤᠷᠠᠳᠪᠠ᠄ ᠨᠢᠭᠡ᠎ᠳᠦ ᠨᠠᠢᠷᠠᠮᠳᠠᠯ᠎ᠢᠶᠠᠷ ᠵᠡᠷᠭᠡᠴᠡᠨ ᠣᠷᠣᠰᠢᠬᠤ ᠵᠠᠷᠴᠢᠮ᠎ᠢ ᠪᠠᠷᠢᠮᠲᠠᠯᠠᠶ᠎ᠠ᠃ ᠳᠤᠮᠳᠠᠳᠤ ᠳᠣᠷᠣᠨᠠᠲᠤ᠎ᠶᠢᠨ ᠲᠠᠯᠠᠢ᠎ᠶᠢᠨ ᠪᠤᠯᠤᠩ᠎ᠤᠨ ᠤᠯᠤᠰ᠎ᠤᠳ ᠪᠣᠯ ᠬᠠᠷᠢᠯᠴᠠᠨ ᠲᠦᠰᠢᠭᠯᠡᠯᠴᠡᠭᠰᠡᠨ᠂ ᠰᠠᠯᠵᠤ ᠪᠤᠯᠤᠰᠢ ᠦᠭᠡᠢ ᠬᠥᠷᠰᠢ ᠰᠠᠭᠠᠬᠠᠯᠳᠠ ᠶᠤᠮ᠃ ᠳᠤᠮᠳᠠᠳᠤ ᠳᠣᠷᠣᠨᠠᠲᠤ᠎ᠶᠢᠨ ᠲᠠᠯᠠᠢ᠎ᠶᠢᠨ ᠪᠤᠯᠤᠩ᠎ᠤᠨ ᠤᠯᠤᠰ᠎ᠤᠳ ᠎ᠤᠨ ᠬᠠᠷᠢᠴᠠᠭ᠎ᠠ ᠎ᠪᠠᠨ ᠰᠠᠢᠵᠢᠷᠠᠭᠤᠯᠬᠤ ᠎ᠶᠢ ᠲᠡᠮᠵᠢᠵᠤ᠂ ᠬᠠᠮᠲᠤ᠎ᠶᠢᠨ᠂ ᠶᠡᠷᠦᠩᠬᠡᠢᠯᠡᠭᠰᠡᠨ᠂ ᠬᠠᠮᠲᠤᠷᠠᠯᠴᠠᠭᠰᠠᠨ᠂ ᠦᠷᠭᠦᠯᠵᠢᠯᠡᠬᠦ ᠳᠤᠮᠳᠠᠳᠤ ᠳᠣᠷᠣᠨᠠᠲᠤ ᠪᠣᠯᠣᠨ ᠲᠠᠯᠠᠢ᠎ᠶᠢᠨ ᠪᠤᠯᠤᠩ᠎ᠤᠨ ᠣᠷᠣᠨ᠎ᠤ ᠠᠮᠤᠷ ᠲᠦᠪᠰᠢᠨ᠎ᠦ ᠪᠦᠲᠦᠴᠡ᠎ᠶᠢ ᠪᠠᠶ᠋ᠢᠭᠤᠯᠬᠤ᠎ᠶᠢ ᠠᠬᠢᠭᠤᠯᠵᠤ᠂ ᠨᠠᠢᠷᠠᠮᠳᠠᠯ᠎ᠢᠶᠠᠷ ᠵᠡᠷᠭᠡᠴᠡᠨ ᠣᠷᠣᠰᠢᠬᠤ ᠰᠠᠭᠤᠷᠢ᠎ᠶᠢ ᠪᠠᠲᠤ ᠴᠣᠭᠴᠠᠯᠠᠶ᠎ᠠ᠃ ᠬᠣᠶᠠᠷ᠎ᠲᠤ ᠤᠯᠤᠰ᠎ᠤᠨ ᠡᠷᠬᠡ ᠮᠡᠳᠡᠯ᠎ᠦᠨ ᠵᠠᠷᠴᠢᠮ᠎ᠢ ᠪᠠᠷᠢᠮᠲᠠᠯᠠᠶ᠎ᠠ᠃ ᠡᠷᠬᠡ ᠮᠡᠳᠡᠯ ᠪᠣᠯ ᠡᠯ᠎ᠡ ᠤᠯᠤᠰ ᠢᠯᠠᠩᠭᠤᠶ᠎ᠠ ᠥᠷᠭᠡᠨ ᠤᠯᠠᠨ ᠬᠥᠭᠵᠢᠵᠦ ᠪᠠᠢᠭ᠎ᠠ ᠤᠯᠤᠰ᠎ᠤᠳ᠎ᠤᠨ ᠣᠷᠣᠰᠢᠨ ᠲᠣᠭᠲᠠᠨᠢᠬᠤ᠎ᠶᠢᠨ ᠲᠦᠰᠢᠭ ᠲᠤᠯᠭᠠᠭᠤᠷᠢ ᠪᠠᠢᠵᠤ᠂ ᠬᠠᠯᠳᠠᠵᠤ ᠪᠣᠯᠣᠰᠢ ᠦᠭᠡᠢ ᠶᠤᠮ᠃ ᠳᠤᠮᠳᠠᠳᠤ ᠳᠣᠷᠣᠨᠠᠲᠤ᠎ᠶᠢᠨ ᠲᠠᠯᠠᠢ᠎ᠶᠢᠨ ᠪᠤᠯᠤᠩ᠎ᠤᠨ ᠤᠯᠤᠰ᠎ᠤᠳ᠎ᠤᠨ ᠡᠷᠬᠡ ᠮᠡᠳᠡᠯ᠂ ᠠᠮᠤᠷ ᠲᠦᠪᠰᠢᠨ ᠪᠠ ᠨᠤᠲᠤᠭ ᠳᠡᠪᠢᠰᠬᠡᠷ᠎ᠦᠨ ᠪᠦᠷᠢᠨ ᠪᠦᠲᠦᠨ ᠪᠠᠢᠬᠤ᠎ᠶᠢ ᠦᠨᠡᠨ ᠬᠦ᠌ ᠬᠦᠨᠳᠦᠳᠬᠡᠪᠡᠯ ᠵᠤᠬᠢᠨ᠎ᠠ᠂ ᠡᠯ᠎ᠡ ᠤᠯᠤᠰ᠎ᠤᠨ ᠬᠦᠮᠦᠰ᠂ ᠲᠥᠬᠦᠭᠡᠷᠦᠮᠵᠢ᠂ ᠪᠠᠢᠭᠤᠯᠤᠮᠵᠢ᠎ᠶᠢᠨ ᠠᠮᠤᠷ ᠲᠦᠪᠰᠢᠨ᠎ᠢ ᠦᠨᠡᠨ ᠬᠦ᠌ ᠬᠠᠮᠠᠭᠠᠯᠠᠪᠠᠯ ᠵᠤᠬᠢᠨ᠎ᠠ᠃ ᠭᠤᠷᠪᠠ᠎ᠳᠤ ᠤᠯᠠᠨ ᠤᠯᠤᠰ᠎ᠤᠨ ᠬᠠᠤᠯᠢ᠎ᠪᠠᠷ ᠵᠠᠰᠠᠬᠤ ᠵᠠᠷᠴᠢᠮ᠎ᠢ ᠪᠠᠷᠢᠮᠲᠠᠯᠠᠶ᠎ᠠ᠃ ᠤᠯᠠᠨ ᠤᠯᠤᠰ᠎ᠤᠨ ᠬᠠᠤᠯᠢ ᠪᠡᠷ ᠵᠠᠰᠠᠬᠤ ᠡᠷᠬᠡ ᠰᠦᠷ᠎ᠢ ᠬᠠᠮᠠᠭᠠᠯᠠᠵᠤ᠂ 《ᠨᠡᠢᠴᠡᠪᠡᠯ ᠬᠡᠷᠡᠭᠯᠡᠵᠦ᠂ ᠨᠡᠢᠴᠡᠬᠦ ᠦᠭᠡᠢ ᠪᠣᠯ ᠲᠠᠶᠠᠭᠳᠠᠵᠤ》 ᠪᠣᠯᠬᠤ ᠦᠭᠡᠢ᠂ ᠳᠡᠯᠡᠬᠡᠢ ᠳ᠋ᠠᠬᠢᠨ᠎ᠢ ᠬᠦᠴᠦᠷᠬᠡᠭ ᠨᠢ ᠦᠯᠡᠳᠡᠵᠦ ᠪᠠᠭᠤᠷᠠᠢ ᠨᠢ ᠲᠠᠶᠠᠬᠳᠠᠬᠳᠠᠬᠤ ᠵᠢᠮ᠎ᠡ ᠬᠠᠤᠯᠢ᠎ᠳᠤ ᠪᠤᠴᠠᠭᠠᠨ ᠣᠷᠣᠭᠤᠯᠵᠤ ᠪᠣᠯᠬᠤ ᠦᠭᠡᠢ᠃ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠪᠠᠷ ᠭᠣᠣᠯ ᠪᠣᠯᠭᠠᠭᠰᠠᠨ ᠤᠯᠠᠨ ᠤᠯᠤᠰ᠎ᠤᠨ ᠰᠢᠰᠲᠧᠮ᠂ ᠤᠯᠠᠨ ᠤᠯᠤᠰ᠎ᠤᠨ ᠬᠠᠤᠯᠢ᠎ᠪᠠᠷ ᠰᠠᠭᠤᠷᠢ ᠪᠣᠯᠭᠠᠭᠰᠠᠨ ᠤᠯᠠᠨ ᠤᠯᠤᠰ᠎ᠤᠨ ᠡᠮᠬᠢ ᠵᠢᠷᠤᠮ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠦᠨᠳᠦᠰᠦᠨ ᠳᠦᠷᠢᠮ᠎ᠦᠨ ᠵᠣᠷᠢᠯᠲᠠ ᠪᠠ ᠵᠠᠷᠴᠢᠮ᠎ᠢᠶᠠᠷ ᠰᠠᠭᠤᠷᠢ ᠪᠣᠯᠭᠠᠭᠰᠠᠨ ᠤᠯᠠᠨ ᠤᠯᠤᠰ ᠎ᠤᠨ ᠬᠠᠷᠢᠯᠴᠠᠭᠠᠨ᠎ᠤ ᠦᠨᠳᠦᠰᠦᠨ ᠪᠠᠷᠢᠮᠵᠢᠶ᠎ᠠ᠎ᠶᠢ ᠡᠷᠡᠰ ᠬᠠᠮᠠᠭᠠᠯᠠᠬᠤ ᠬᠡᠷᠡᠭᠲᠡᠢ᠃ ᠳᠥᠷᠪᠡ᠎ᠳᠦ ᠨᠢᠭᠡᠳᠦᠯᠲᠡᠢ ᠲᠥᠯᠥᠪᠵᠢᠭᠦᠯᠦᠨ ᠬᠥᠭᠵᠢᠭᠦᠯᠬᠦ ᠪᠠ ᠠᠮᠤᠷ ᠲᠦᠪᠰᠢᠨ᠎ᠢ ᠪᠠᠲᠤᠯᠠᠬᠤ᠎ᠶᠢ ᠪᠠᠷᠢᠮᠲᠠᠯᠠᠶ᠎ᠡ᠃ ᠠᠮᠤᠷ ᠲᠦᠪᠰᠢᠨ ᠪᠣᠯ ᠬᠥᠭᠵᠢᠯᠲᠡ᠎ᠶᠢᠨ ᠤᠷᠢᠲᠠᠯ ᠮᠥᠨ᠂ ᠬᠥᠭᠵᠢᠯᠲᠡ ᠪᠣᠯ ᠠᠮᠤᠷ ᠲᠦᠪᠰᠢᠨ᠎ᠦ ᠪᠠᠲᠤᠯᠠᠭ᠎ᠠ ᠮᠥᠨ᠃ ᠡᠯ᠎ᠡ ᠲᠠᠯ᠎ᠠ᠎ᠶᠢᠨ ᠬᠢᠨ ᠴᠥᠮ ᠳᠤᠮᠳᠠᠳᠤ ᠳᠣᠷᠣᠨᠠᠲᠤ᠎ᠶᠢᠨ ᠲᠠᠯᠠᠢ᠎ᠶᠢᠨ ᠪᠤᠯᠤᠩ᠎ᠤᠨ ᠤᠯᠤᠰ᠎ᠤᠳ᠎ᠤᠨ ᠬᠥᠭᠵᠢᠯᠲᠡ᠎ᠳᠦ ᠰᠠᠢᠨ ᠰᠠᠢᠬᠠᠨ ᠣᠷᠴᠢᠨ ᠨᠥᠬᠥᠴᠡᠯ᠎ᠢ ᠪᠤᠢ ᠪᠣᠯᠭᠠᠵᠤ᠂ ᠢᠳᠡᠪᠬᠢ ᠬᠦᠴᠦᠨ ᠨᠡᠮᠡᠷᠢᠯᠡᠪᠡᠯ ᠵᠣᠬᠢᠨ᠎ᠠ᠃ ᠳᠤᠮᠳᠠᠳᠤ ᠵᠢᠨ ᠲᠠᠯ᠎ᠠ ᠳᠤᠷᠠᠲᠠᠶ᠎ᠠ ᠳᠤᠮᠳᠠᠳᠤ ᠳᠣᠷᠣᠨᠠᠲᠤ᠎ᠶᠢᠨ ᠲᠠᠯᠠᠢ᠎ᠶᠢᠨ ᠪᠤᠯᠤᠩ᠎ᠤᠨ ᠤᠯᠤᠰ᠎ᠤᠳ᠎ᠲᠠᠢ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠠᠵᠠ ᠲᠣᠬᠢᠶᠠᠯ᠎ᠢ ᠬᠠᠮᠲᠤ ᠪᠠᠷ ᠡᠳ᠋ᠯᠡᠵᠦ᠂ ᠭᠠᠵᠠᠷ ᠣᠷᠣᠨ ᠎ᠤ ᠬᠥᠭᠵᠢᠯᠲᠡ ᠪᠣᠯᠣᠨ ᠠᠮᠤᠷ ᠲᠦᠪᠰᠢᠨ᠎ᠦ ᠬᠥᠷᠥᠰᠥ ᠰᠢᠷᠣᠢ᠎ᠶᠢ ᠭᠦᠨ ᠬᠠᠭᠠᠯᠪᠤᠷᠢᠯᠠᠨ᠎ᠠ᠃

 ᠬᠠᠯᠢᠳ᠋ᠸ᠂ ᠠᠷᠠᠪ᠎ᠤᠨ ᠬᠣᠯᠪᠣᠭᠠᠲᠤ ᠠᠬᠠᠮᠠᠳᠲᠤ ᠤᠯᠤᠰ ᠳᠤᠮᠳᠠᠳᠤ ᠤᠯᠤᠰ᠎ᠤᠨ ᠬᠠᠷᠢᠯᠴᠠᠭ᠎ᠠ ᠥᠨᠢ ᠤᠳᠠᠭᠠᠨ ᠲᠡᠦᠬᠡ᠎ᠲᠠᠢ᠂ ᠭᠦᠨ ᠵᠤᠵᠠᠭᠠᠨ ᠦᠨᠳᠦᠰᠦ ᠰᠠᠭᠤᠷᠢ᠎ᠲᠠᠢ ᠶᠤᠮ᠂ ᠬᠣᠶᠠᠷ ᠤᠯᠤᠰ ᠢᠮᠠᠭᠲᠠ ᠬᠠᠷᠢᠯᠴᠠᠨ ᠬᠦᠨᠳᠦᠳᠬᠡᠵᠦ᠂ ᠬᠠᠷᠢᠯᠴᠠᠨ ᠢᠲᠡᠭᠡᠯᠴᠡᠵᠦ᠂ ᠥᠷᠭᠡᠨ ᠳᠡᠯᠭᠡᠷ ᠬᠠᠮᠲᠤ᠎ᠶᠢᠨ ᠠᠰᠢᠭ᠋ ᠲᠤᠰᠠ᠎ᠲᠠᠢ ᠶᠤᠮ᠃ ᠠᠷᠠᠪ᠎ᠤᠨ ᠬᠣᠯᠪᠣᠭᠠᠲᠤ ᠠᠬᠠᠮᠠᠳᠲᠤ ᠤᠯᠤᠰ᠎ᠤᠨ ᠲᠠᠯ᠎ᠠ ᠳᠤᠮᠳᠠᠳᠤ ᠤᠯᠤᠰ ᠯᠤᠭ᠎ᠠ᠎ᠶᠢᠨ ᠬᠠᠷᠢᠯᠴᠠᠭ᠎ᠠ᠎ᠪᠠᠨ ᠬᠥᠭᠵᠢᠭᠦᠯᠬᠦ᠎ᠶᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠳᠤᠷᠠᠲᠠᠶ᠎ᠠ ᠳᠤᠮᠳᠠᠳᠤ ᠤᠯᠤᠰ ᠯᠤᠭ᠎ᠠ ᠬᠣᠶᠠᠷ ᠤᠯᠤᠰ ᠎ᠤᠨ ᠲᠡᠷᠢᠭᠦᠨ ᠎ᠦ ᠲᠣᠬᠢᠷᠠᠯᠴᠠᠭᠰᠠᠨ ᠴᠢᠬᠤᠯᠠ ᠬᠠᠮᠲᠤ ᠎ᠶᠢᠨ ᠲᠠᠨᠢᠯᠲᠠ ᠎ᠶᠢ ᠰᠠᠢᠲᠤᠷ ᠨᠠᠢᠳᠠᠪᠤᠷᠢᠵᠢᠭᠤᠯᠵᠤ᠂ ᠡᠯ᠎ᠡ ᠬᠦᠷᠢᠶᠡᠨ ᠳ᠋ᠡᠬᠢ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠂ ᠬᠣᠶᠠᠷ ᠤᠯᠤᠰ᠎ᠤᠨ ᠬᠠᠷᠢᠯᠴᠠᠭ᠎ᠠ᠎ᠳᠤ ᠨᠡᠩ ᠥᠷᠭᠡᠨ ᠠᠭᠤᠳᠠᠮ ᠠᠯᠤᠰ ᠢᠷᠡᠭᠡᠳᠦᠢ᠎ᠶᠢ ᠨᠡᠭᠡᠭᠡᠵᠤ᠂ ᠬᠣᠶᠠᠷ ᠤᠯᠤᠰ᠎ᠤᠨ ᠠᠷᠠᠳ ᠲᠦᠮᠡᠨ᠎ᠳᠦ ᠪᠤᠶᠠᠨ ᠦᠢᠯᠡᠳᠦᠨ᠎ᠡ᠃ ᠠᠷᠠᠪ᠎ᠤᠨ ᠬᠣᠯᠪᠣᠭᠠᠲᠤ ᠠᠬᠠᠮᠠᠳᠲᠤ ᠤᠯᠤᠰ᠎ᠤᠨ ᠲᠠᠯ᠎ᠠ ᠳᠤᠮᠳᠠᠳᠤ ᠤᠯᠤᠰ᠎ᠤᠨ ᠳᠡᠯᠡᠬᠡᠢ᠎ᠶᠢᠨ ᠬᠡᠷᠡᠭ ᠶᠠᠪᠤᠳᠠᠯ ᠳᠤᠮᠳᠠ ᠬᠠᠷᠢᠭᠤᠴᠠᠯᠭ᠎ᠠ ᠡᠭᠦᠷᠭᠡᠯᠡᠬᠦ ᠪᠠ ᠪᠦᠲᠦᠭᠡᠯᠴᠢ ᠴᠢᠨᠠᠷᠲᠠᠢ ᠦᠢᠯᠡᠳᠦᠯ᠎ᠢᠶᠡᠨ ᠪᠠᠳᠠᠷᠠᠭᠤᠯᠵᠤ᠂ ᠣᠳᠣᠬᠠᠨ ᠎ᠤ ᠳᠤᠮᠳᠠᠳᠤ ᠳᠣᠷᠣᠨᠠᠲᠤ᠎ᠶᠢᠨ ᠬᠢᠮᠤᠷᠠᠯ᠎ᠢ ᠤᠯᠤᠰ ᠲᠦᠷᠦ᠎ᠶᠢᠨ ᠠᠷᠭ᠎ᠠ᠎ᠪᠠᠷ ᠰᠢᠢᠳᠪᠦᠷᠢᠯᠡᠬᠦ ᠎ᠳᠦ ᠢᠳᠡᠪᠬᠢᠲᠡᠢ ᠴᠢᠷᠮᠠᠢᠯᠭ᠎ᠠ ᠭᠠᠷᠭᠠᠭᠰᠠᠨ᠎ᠢ ᠮᠠᠭᠲᠠᠨ ᠰᠠᠢᠰᠢᠶᠠᠵᠤ ᠪᠠᠢᠨ᠎ᠠ᠃ ᠠᠷᠠᠪ ᠎ᠤᠨ ᠬᠣᠯᠪᠣᠭᠠᠲᠤ ᠠᠬᠠᠮᠠᠳᠲᠤ ᠤᠯᠤᠰ ᠎ᠤᠨ ᠲᠠᠯ᠎ᠠ᠎ᠳᠤᠮᠳᠠᠳᠤ᠎ᠶᠢᠨ ᠲᠠᠯ᠎ᠠ᠎ᠲᠠᠢ ᠨᠢᠭ᠍ᠲᠠ ᠣᠯᠣᠯᠴᠠᠭ᠎ᠠ ᠵᠣᠬᠢᠴᠠᠭᠤᠯᠭ᠎ᠠ ᠎ᠪᠠᠨ ᠪᠠᠲᠤᠯᠠᠵᠤ᠂ ᠬᠣᠯᠪᠣᠭᠳᠠᠯ ᠪᠦᠬᠦᠢ ᠲᠠᠯ᠎ᠠ᠎ᠶᠢᠨ ᠬᠢᠨ᠎ᠦ ᠲᠤᠯᠤᠯᠳᠤᠬᠤ ᠎ᠪᠠᠨ ᠵᠣᠭᠰᠣᠬᠤ ᠎ᠶᠢ ᠠᠬᠢᠭᠤᠯᠵᠤ᠂ ᠭᠠᠵᠠᠷ ᠣᠷᠣᠨ᠎ᠤ ᠡᠩᠬᠡ ᠲᠠᠢᠪᠤᠩ ᠲᠣᠭᠲᠠᠭᠤᠨ ᠎ᠢ ᠳᠠᠷᠤᠢ ᠲᠦᠷᠭᠡᠨ ᠰᠡᠷᠭᠦᠭᠡᠵᠦ᠂ ᠤᠯᠠᠨ ᠤᠯᠤᠰ᠎ᠤᠨ ᠤᠰᠤᠨ ᠵᠠᠮ ᠎ᠤᠨ ᠲᠡᠭᠡᠭᠡᠪᠦᠷᠢ᠎ᠶᠢᠨ ᠠᠮᠤᠷ ᠲᠦᠪᠰᠢᠨ ᠎ᠢ ᠬᠠᠮᠠᠭᠠᠯᠠᠵᠤ᠂ ᠪᠦᠬᠦ ᠪᠥᠮᠪᠥᠷᠴᠡᠭ᠎ᠦᠨ ᠠᠵᠤ ᠠᠬᠤᠢ ᠪᠣᠯᠣᠨ ᠡᠨᠧᠷᠭᠢ᠎ᠶᠢᠨ ᠠᠮᠤᠷ ᠲᠦᠪᠰᠢᠨ᠎ᠳᠦ ᠨᠡᠩ ᠶᠡᠬᠡ ᠨᠥᠯᠥᠭᠡ ᠤᠴᠠᠷᠠᠭᠤᠯᠬᠤ ᠎ᠶᠢ ᠰᠡᠷᠭᠡᠢᠯᠡᠬᠦ᠎ᠪᠡᠷ ᠴᠢᠷᠮᠠᠢᠨ᠎ᠠ᠃ ᠠᠷᠠᠪ ᠎ᠤᠨ ᠬᠣᠯᠪᠣᠭᠠᠲᠤ ᠠᠬᠠᠮᠠᠳᠲᠤ ᠤᠯᠤᠰ᠎ᠤᠨ ᠲᠠᠯ᠎ᠠ᠎ᠶᠢᠨ ᠬᠢᠨ ᠠᠷᠠᠪ᠎ᠤᠨ ᠬᠣᠯᠪᠣᠭᠠᠲᠤ ᠠᠬᠠᠮᠠᠳᠲᠤ ᠤᠯᠤᠰ ᠲᠡᠬᠢ ᠳᠤᠮᠳᠠᠳᠤ ᠤᠯᠤᠰ᠎ᠤᠨ ᠢᠷᠭᠡᠨ ᠪᠣᠯᠣᠨ ᠪᠠᠢᠭᠤᠯᠤᠮᠵᠢ᠎ᠶᠢᠨ ᠠᠮᠤᠷ ᠲᠦᠪᠰᠢᠨ᠎ᠢ ᠦᠨᠡᠨ ᠬᠦ᠌ ᠬᠠᠮᠠᠭᠠᠯᠠᠨ᠎ᠠ ᠭᠡᠵᠦ ᠢᠯᠡᠳᠬᠡᠪᠡ᠃

  ᠸᠠᠩ ᠢ ᠠᠭᠤᠯᠵᠠᠯᠲᠠ᠎ᠳᠤ ᠣᠷᠣᠯᠴᠠᠵᠠᠢ᠃

ᠰᠢᠨᠬᠤᠸᠠ ᠬᠣᠷᠢᠶ᠎ᠡ ᠵᠢᠨ ᠪᠡᠭᠡᠵᠢᠩ᠎ᠦᠨ 4 ᠰᠠᠷ᠎ᠠ᠎ᠶᠢᠨ 14 ᠎ᠤ᠋ ᠴᠠᠬᠢᠯᠭᠠᠨ ᠮᠡᠳᠡᠭᠡ





ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号