ᠡᠨᠡ ᠵᠢᠯ ᠥᠪᠥᠷ ᠮᠣᠩᠭᠣᠯ ᠰᠢᠨ᠎ᠠ ᠪᠠᠷ 50 ᠎ᠭᠠᠷᠤᠢ ᠪᠣᠬᠢᠷᠲᠤᠯ ᠥᠬᠡᠶ ᠠᠭᠤᠷᠬᠠᠶ᠎ᠪᠠᠢᠭᠤᠯᠬᠤ ᠪᠡᠷ ᠪᠤᠢ
2026-04-15 10:14:49
ᠵᠣᠬᠢᠶᠠᠭ᠍ᠴᠢ᠄
ᠰᠠᠷᠭᠠᠢ
ᠣᠩᠱᠢᠭ᠍ᠰᠠᠨ ᠣᠳᠠᠭ᠎ᠠ᠄
★★★☆☆

ᠦᠪᠤᠷ ᠮᠤᠨᠭᠭᠤᠯ ᠤ᠋ᠨ ᠦᠪᠡᠷᠳᠡᠬᠡᠨ ᠵᠠᠰᠠᠬᠤ ᠤᠷᠤᠨ ᠤ᠋ ᠡᠬᠢ ᠪᠠᠶᠠᠯᠢᠭ ᠤ᠋ᠨ ᠲᠢᠨᠭᠬᠢᠮ ᠡᠴᠡ ᠣᠢᠯᠠᠭᠠᠭ᠍ᠰᠠᠨ᠎ᠢᠶᠠᠷ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠪᠥᠬᠥ᠌ ᠣᠷᠣᠨ᠎ᠤ 90% ᠎ᠶ᠋ᠢᠨ ᠲᠣᠮᠣ ᠬᠡᠯᠪᠡᠷᠢ᠎ᠶ᠋ᠢᠨ ᠠᠭᠤᠷᠬᠠᠶ᠂ 80% ᠎ᠶ᠋ᠢᠨ ᠳᠤᠮᠳᠠ ᠬᠡᠯᠪᠡᠷᠢ᠎ᠶ᠋ᠢᠨ ᠠᠭᠤᠷᠬᠠᠶ᠎ᠶ᠋ᠢ ᠪᠣᠬᠢᠷᠲᠤᠯ ᠥᠬᠡᠶ ᠠᠭᠤᠷᠬᠠᠶ ᠪᠣᠯᠭᠠᠨ ᠪᠠᠢᠭᠤᠯᠵᠤ᠂ ᠡᠭᠦᠨ᠎ᠳᠦ 2026 ᠣᠨ᠎ᠳᠤ ᠰᠢᠨ᠎ᠠ ᠪᠠᠷ 50 ᠎ᠭᠠᠷᠤᠢ  ᠪᠣᠬᠢᠷᠲᠤᠯ ᠥᠬᠡᠶ ᠠᠭᠤᠷᠬᠠᠶ ᠪᠠᠢᠭᠤᠯᠬᠤ  ᠪᠡᠷ  ᠪᠠᠢᠨ᠎ᠡ᠃

ᠲᠦᠷᠢᠮ᠎ᠦᠨ ᠲᠠᠯ᠎ᠠ᠎ᠪᠠᠷ ᠥᠪᠥᠷ ᠮᠣᠩᠭᠣᠯ ᠤᠯᠤᠰ᠎ᠤᠨ ᠬᠠᠮᠢᠶ᠎ᠠ ᠪᠥᠬᠥᠶ ᠬᠠᠤᠯᠢ ᠴᠠᠭᠠᠵᠠ ᠬᠠᠤᠯᠢ ᠲᠣᠭ᠍ᠲᠠᠭᠠᠯ ᠪᠠ ᠤᠳᠠᠯ ᠥᠬᠡᠶ ᠨᠡᠢᠲᠡᠯᠡᠬᠦ᠌ ᠭᠡᠵᠦ᠍ ᠪᠠᠢᠭ᠎ᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠤᠨ ᠬᠠᠮᠢᠶᠠᠷᠤᠯᠲᠠ᠎ᠶ᠋ᠢᠨ ᠲᠦᠷᠢᠮ》 ᠎ᠢ᠋ ᠨᠠᠢᠳᠠᠪᠤᠷᠢᠵᠢᠭᠤᠯᠬᠤ᠎ᠶ᠋ᠢᠨ ᠲᠣᠭᠣᠷᠢᠨ᠎ᠳᠤ᠂ ᠪᠥᠬᠥ᠌ ᠣᠷᠣᠨ᠎ᠤ ᠪᠣᠳᠠᠲᠤ ᠪᠠᠢᠳᠠᠯ᠎ᠲᠠᠶ ᠤᠶᠠᠯᠳᠤᠭᠤᠯᠤᠨ᠂ ᠦᠶ᠋ᠯᠡᠳᠪᠦᠷᠢᠯᠡᠯ ᠠᠭᠤᠷᠬᠠᠶ᠂ ᠲᠡᠦᠬᠡᠨ᠎ᠡᠴᠡ ᠦᠯᠡᠳᠡᠭ᠌ᠳᠡᠵᠦ᠍ ᠢᠷᠡᠭ᠌ᠰᠡᠨ ᠬᠠᠶᠠᠭ᠍ᠳᠠᠮᠠᠯ ᠠᠭᠤᠷᠬᠠᠶ᠎ᠶ᠋ᠢᠨ ᠠᠮᠢ ᠠᠬᠤᠶ᠎ᠶ᠋ᠢ ᠵᠠᠰᠠᠨ ᠰᠡᠷᠭᠦᠭᠡᠵᠦ᠍ ᠬᠢᠨᠠᠨ ᠬᠠᠮᠢᠶᠠᠷᠬᠤ᠎ᠶ᠋ᠢ ᠤᠯᠠᠮ ᠨᠢᠭᠡ ᠠᠯᠬᠤᠮ ᠴᠢᠩᠭᠠᠳᠭᠠᠬᠤ ᠲᠤᠬᠠᠶ ᠬᠠᠮᠢᠶ᠎ᠠ ᠪᠥᠬᠥᠶ ᠠᠷᠭ᠎ᠠ ᠬᠡᠮᠵᠢᠶ᠎ᠡ᠎ᠶ᠋ᠢ ᠢᠵᠢ ᠪᠦᠷᠢᠳᠦᠭᠦᠯᠦᠨ ᠲᠣᠭ᠍ᠲᠠᠭᠠᠵᠤ᠂ ᠲᠦᠷᠢᠮ᠎ᠦᠨ《ᠱᠢᠩᠭᠡᠯᠢᠭ》 ᠢ᠋ ᠤᠯᠠᠮ ᠨᠢᠭᠡ ᠠᠯᠬᠤᠮ ᠴᠢᠩᠳᠠᠯᠠᠨ᠂ ᠲᠥᠷᠥ᠎ᠶ᠋ᠢᠨ ᠪᠣᠳᠣᠯᠭ᠎ᠠ᠎ᠶ᠋ᠢᠨ ᠱᠢᠨ᠎ᠡ ᠡᠭᠦᠳᠦᠯᠲᠡ᠎ᠪᠡᠷ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠢ ᠪᠣᠬᠢᠷᠲᠤᠯ ᠥᠬᠡᠶ᠎ᠪᠡᠷ ᠨᠡᠭᠡᠭᠡᠨ ᠠᠱᠢᠭ᠍ᠯᠠᠬᠤ ᠱᠢᠨ᠎ᠡ ᠪᠠᠢᠷᠢᠱᠢᠯ᠎ᠢ ᠬᠠᠮᠠᠭᠠᠯᠠᠬᠤ ᠪᠡᠷ ᠪᠠᠢᠨ᠎ᠡ᠃

ᠦᠶ᠋ᠯᠡᠳᠪᠦᠷᠢᠯᠡᠯ ᠠᠭᠤᠷᠬᠠᠶ᠎ᠳᠤ ᠴᠢᠭ᠌ᠯᠡᠭᠦᠯᠦᠨ ᠥᠪᠥᠷ ᠮᠣᠩᠭᠣᠯ ᠬᠠᠷᠢᠶ᠎ᠠ ᠭᠠᠵᠠᠷ᠎ᠤᠨ ᠪᠠᠢᠭᠠᠯᠢ᠎ᠶ᠋ᠢᠨ ᠡᠬᠢ ᠪᠠᠶᠠᠯᠢᠭ᠎ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠦᠨ ᠡᠭᠦᠷᠭᠡ ᠬᠠᠷᠢᠭᠤᠴᠠᠯᠭ᠎ᠠ᠎ᠪᠠᠨ ᠴᠢᠩᠭ᠎ᠠ ᠭᠦᠶ᠋ᠴᠡᠳᠭᠡᠬᠦ᠌᠎ᠶ᠋ᠢ ᠱᠠᠯᠠᠪᠳᠠᠭᠤᠯᠤᠨ ᠵᠢᠯᠣᠭᠣᠳᠴᠤ᠌᠂ 《ᠤᠷᠢᠳᠴᠢᠯᠠᠨ ᠰᠡᠷᠭᠡᠢᠯᠡᠬᠦ᠌᠎ᠪᠡᠷ ᠭᠤᠤᠯ ᠪᠣᠯᠭᠠᠬᠤ᠂ ᠰᠡᠷᠭᠡᠢᠯᠡᠨ ᠵᠠᠰᠠᠬᠤ᠎ᠶ᠋ᠢ ᠤᠶᠠᠯᠳᠤᠭᠤᠯᠬᠤ᠂ ᠨᠡᠭᠡᠭᠡᠨ ᠮᠠᠯᠲᠠᠬᠤ᠎ᠶ᠋ᠢᠨ ᠳᠠᠭᠠᠤ ᠰᠡᠷᠭᠦᠭᠡᠬᠦ᠌》 ᠵᠠᠷᠴᠢᠮ ᠶᠣᠰᠣᠭᠠᠷ᠂ ᠠᠭᠤᠷᠬᠠᠶ᠎ᠶ᠋ᠢᠨ ᠦᠶ᠋ᠯᠡᠰ᠎ᠦᠨ ᠡᠷᠬᠡᠲᠦ ᠬᠥᠮᠦᠨ ᠤ᠋ ᠰᠡᠷᠭᠦᠭᠡᠨ ᠵᠠᠰᠠᠬᠤ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠡᠷᠡᠰ ᠪᠣᠳᠠᠲᠠᠢᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠡᠴᠠ ᠪᠠᠰᠠ ᠠᠭᠤᠷᠬᠠᠶ᠎ᠶ᠋ᠢᠨ ᠣᠷᠣᠨ᠎ᠤ ᠠᠮᠢ ᠠᠬᠤᠶ᠎ᠶ᠋ᠢ ᠰᠡᠷᠭᠦᠭᠡᠬᠦ᠌ ᠡᠭᠦᠷᠭᠡ᠎ᠪᠡᠨ ᠭᠦᠶ᠋ᠴᠡᠳᠭᠡᠬᠦ᠌  ᠥᠬᠡᠶ  ᠠᠭᠤᠷᠬᠠᠶ ᠮᠠᠯᠲᠠᠬᠤ ᠡᠷᠬᠡᠲᠦ ᠬᠥᠮᠦᠨ᠎ᠢ ᠬᠠᠤᠯᠢ ᠶᠣᠰᠣᠭᠠᠷ ᠱᠢᠢᠳᠭᠡᠨ ᠲᠣᠷᠭᠠᠬᠤ᠎ᠶ᠋ᠢᠨ ᠬᠠᠮᠲᠤ ᠢᠲᠡᠭᠡᠯ ᠠᠯᠳᠠᠭ᠍ᠰᠠᠳ᠎ᠢ ᠬᠠᠮᠲᠤᠷᠠᠨ ᠵᠠᠯᠬᠠᠭᠠᠨ ᠴᠡᠭᠡᠷᠯᠡᠭᠦᠯᠬᠦ᠌ ᠲᠦᠷᠢᠮ᠎ᠢ ᠨᠠᠢᠳᠠᠪᠤᠷᠢᠵᠢᠭᠤᠯᠤᠨ᠎ᠠ;ᠠᠭᠤᠷᠬᠠᠶ᠎ᠶ᠋ᠢᠨ ᠣᠷᠣᠨ᠎ᠤ ᠠᠮᠢ ᠠᠬᠤᠶ᠎ᠶ᠋ᠢᠨ ᠣᠷᠴᠢᠨ ᠲᠣᠭᠣᠷᠢᠨ ᠬᠦᠨᠳᠦ ᠨᠣᠴᠢᠲᠠᠶ ᠡᠪᠳᠡᠭ᠌ᠳᠡᠭ᠌ᠰᠡᠨ᠂ ᠠᠰᠠᠭᠤᠳᠠᠯ ᠲᠣᠪᠣᠢᠮ᠎ᠠ ᠮᠥᠷᠲᠡᠭᠡᠨ ᠴᠡᠭ᠌ᠴᠡᠯᠡᠨ ᠰᠠᠢᠵᠢᠷᠠᠭᠤᠯᠬᠤ᠎ᠶ᠋ᠢ ᠲᠡᠪᠴᠢᠭ᠌ᠰᠡᠨ ᠠᠭᠤᠷᠬᠠᠶ᠎ᠳᠤ ᠠᠮᠢ ᠠᠬᠤᠶ᠎ᠶ᠋ᠢᠨ ᠣᠷᠴᠢᠨ ᠲᠣᠭᠣᠷᠢᠨ᠎ᠢ ᠡᠪᠳᠡᠵᠦ᠍ ᠬᠣᠬᠢᠷᠠᠭᠤᠯᠤᠭ᠍ᠰᠠᠨ ᠲᠥᠯᠥᠪᠦᠷᠢ᠎ᠶ᠋ᠢᠨ ᠵᠠᠷᠭᠤ ᠪᠤᠶᠤ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢ ᠴᠠᠭ ᠲᠤᠬᠠᠶ᠎ᠳᠤᠨᠢ ᠳᠤᠷᠠᠳᠴᠤ᠂ 《ᠬᠡᠨ ᠡᠪᠳᠡᠭ᠌ᠰᠡᠨ ᠪᠣᠯ ᠲᠡᠷᠡ ᠵᠠᠰᠠᠨ ᠰᠡᠷᠭᠦᠭᠡᠵᠦ᠍ ᠦᠷ᠎ᠡ ᠳ᠋ᠦᠩ᠎ᠢ ᠡᠭᠦᠷᠭᠡᠯᠡᠬᠦ᠌》 ᠶ᠋ᠢ ᠦᠨᠡᠨ ᠬᠦ᠌ ᠪᠠᠳᠤᠯᠠᠬᠤ ᠪᠤᠯᠤᠨ᠎ᠡ᠃

ᠲᠡᠦᠬᠡᠨ᠎ᠡᠴᠡ ᠦᠯᠡᠳᠡᠭ᠌ᠳᠡᠵᠦ᠍ ᠢᠷᠡᠭ᠌ᠰᠡᠨ ᠠᠭᠤᠷᠬᠠᠶ᠎ᠳᠤ ᠴᠢᠭ᠌ᠯᠡᠭᠦᠯᠦᠨ ᠥᠪᠥᠷ ᠮᠣᠩᠭᠣᠯ ᠠᠭᠤᠷᠬᠠᠢ ᠢ᠋ᠢᠨ ᠠᠮᠢ ᠠᠬᠤᠢ ᠢ᠋ᠢ ᠵᠠᠰᠠᠨ ᠰᠡᠷᠬᠦᠭᠡᠭᠰᠡᠨ ᠦᠷ᠎ᠡ ᠪᠦᠲᠦᠭᠡᠯ᠎ᠢ᠋ ᠦᠷᠭᠦᠯᠵᠢᠯᠡᠨ ᠪᠡᠬᠢᠵᠢᠭᠦᠯᠵᠦ᠍᠂ ᠪᠤᠭᠤᠳᠤ ᠬᠤᠳᠠ᠂ ᠤᠯᠠᠭᠠᠨᠴᠠᠪ ᠬᠤᠳᠠ᠂ ᠠᠯᠠᠱᠠ ᠠᠢᠮᠠᠭ ᠵᠡᠷᠬᠡ 6 ᠤᠯᠤᠰ ᠤ᠋ᠨ ᠲᠡᠦᠬᠡᠨ᠎ᠡᠴᠡ ᠦᠯᠡᠳᠡᠭ᠌ᠳᠡᠵᠦ᠍ ᠢᠷᠡᠭ᠌ᠰᠡᠨ ᠬᠠᠶᠠᠭ᠍ᠳᠠᠮᠠᠯ ᠠᠭᠤᠷᠬᠠᠶ᠎ᠶ᠋ᠢᠨ ᠠᠮᠢ ᠠᠬᠤᠶ᠎ᠶ᠋ᠢ ᠵᠠᠰᠠᠨ  ᠰᠡᠷᠭᠦᠭᠡᠬᠦ᠌  ᠵᠢᠱ᠌ᠢᠶ᠎ᠡ  ᠦᠵᠡᠭᠦᠯᠬᠦ᠌  ᠢᠨᠵᠧᠨᠧᠷᠢᠩ᠎ᠢ ᠰᠠᠢᠲᠤᠷ ᠵᠣᠬᠢᠶᠠᠨ ᠪᠠᠢᠭᠤᠯᠤᠨ ᠬᠡᠷᠡᠭ᠌ᠵᠢᠭᠦᠯᠵᠦ᠍᠂  ᠤᠯᠤᠰ ᠤ᠋ᠨ ᠨᠤᠳᠤᠭ ᠪᠡᠯᠴᠢᠬᠡᠷ ᠤ᠋ᠨ ᠲᠠᠭᠠᠭᠤᠯᠢ ᠤᠳᠤᠨ ᠤ᠋ ᠰᠡᠬᠦᠳᠡᠷ ᠲᠦ᠍ ᠢᠯᠡᠷᠡᠭᠰᠡᠨ ᠨᠤᠳᠤᠭ ᠪᠡᠯᠴᠢᠬᠡᠷ ᠤ᠋ᠨ ᠵᠠᠰᠠᠯᠳᠡ ᠢ᠋ᠢᠨ ᠢᠨᠵᠧᠨᠧᠷᠢᠩ᠎ᠦᠨ ᠲᠡᠦᠬᠡᠨ᠎ᠡᠴᠡ ᠦᠯᠡᠳᠡᠭ᠌ᠳᠡᠵᠦ᠍ ᠢᠷᠡᠭ᠌ᠰᠡᠨ ᠠᠭᠤᠷᠬᠠᠶ ᠢ᠋ᠢ 《ᠵᠠᠰᠠᠪᠠᠰᠤ ᠵᠣᠬᠢᠬᠤ᠎ᠶ᠋ᠢ᠎ᠨᠢ ᠪᠦᠬᠦᠨ᠎ᠢ ᠵᠠᠰᠠᠬᠤ》 ᠪᠠᠷ  ᠬᠦᠴᠦᠯᠡᠵᠦ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号