ᠦᠪᠦᠷ ᠮᠤᠡᠭᠭᠤᠯ᠎ᠤᠨ ᠤᠰᠤᠲᠥ᠋ᠷᠥᠭ᠌ᠴᠢ ᠡᠨᠧᠷᠭᠢ ᠦᠶ᠋ᠯᠡᠳᠬᠦ᠂ ᠱᠢᠨ᠎ᠡ ᠬᠡᠯᠪᠡᠷᠢ᠎ᠶ᠋ᠢᠨ ᠡᠨᠧᠷᠭᠢ ᠨᠦᠭᠡᠴᠡᠯᠡᠬᠦ ᠬᠣᠶᠠᠷ ᠶᠡᠬᠡ ᠭᠤᠤᠯᠳᠠᠯᠭ᠎ᠠ᠎ᠲᠠᠶ ᠠᠵᠤ ᠦᠶ᠋ᠯᠡᠰ᠎ᠦᠨ ᠪᠦᠯᠦᠭᠵᠢᠯ᠎ᠦᠨ ᠬᠥᠭ᠌ᠵᠢᠯᠲᠡ᠎ᠶ᠋ᠢᠨ ᠪᠣᠳᠠᠲᠤ ᠪᠠᠢᠳᠠᠯ᠎ᠢ ᠣᠨᠣᠪᠴᠢᠲᠠᠶ ᠡᠵᠡᠮᠱᠢᠵᠦ᠍᠂ ᠬᠤᠢᠰᠢᠳᠡ᠎ᠶᠢᠨ ᠠᠵᠢᠯ᠎ᠢᠶᠡᠨ ᠱᠢᠨᠵᠢᠯᠡᠬᠦ᠌ ᠤᠬᠠᠭᠠᠨᠴᠢ᠎ᠪᠠᠷ ᠪᠠᠢᠷᠢᠯᠠᠭᠤᠯᠵᠤ᠂ ᠠᠵᠤ ᠦᠶ᠋ᠯᠡᠰ᠎ᠦᠨ ᠴᠢᠨᠠᠷ ᠰᠠᠢᠲᠠᠶ ᠪᠦᠯᠦᠭᠵᠢᠨ ᠬᠥᠭ᠌ᠵᠢᠬᠦ᠎ᠶ᠋ᠢ ᠠᠬᠢᠭᠤᠯᠬᠤ᠎ᠶ᠋ᠢᠨ ᠲᠥᠯᠥᠭᠡ ᠲᠦᠷᠦᠬᠦᠭᠡᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠦᠶ᠋ᠯᠡᠳᠪᠦᠷᠢ ᠪᠠ ᠮᠡᠳᠡᠭᠡ ᠵᠠᠩᠭᠢᠴᠢᠯᠠᠯᠲᠠ᠎ᠶ᠋ᠢᠨ ᠲᠢᠩᠬᠢᠮ᠎ᠡᠴᠡ ᠬᠠᠮᠢᠶ᠎ᠠ ᠪᠥᠬᠥᠶ ᠭᠠᠵᠠᠷ ᠲᠠᠰᠤᠭ ᠵᠢᠴᠢ ᠬᠠᠮᠢᠶ᠎ᠠ ᠪᠥᠬᠥᠶ ᠠᠢᠮᠠᠭ ᠬᠣᠲᠠ᠎ᠶ᠋ᠢᠨ ᠠᠵᠤ ᠦᠶ᠋ᠯᠡᠳᠪᠦᠷᠢ ᠪᠠ ᠮᠡᠳᠡᠭᠡ ᠵᠠᠩᠭᠢᠴᠢᠯᠠᠯᠲᠠ᠎ᠶ᠋ᠢᠨ ᠲᠣᠪᠴᠢᠶ᠎ᠠ᠎ᠶ᠋ᠢᠨ ᠠᠵᠢᠯᠲᠠᠨ᠎ᠢ ᠵᠣᠬᠢᠶᠠᠨ ᠪᠠᠢᠭᠤᠯᠵᠤ᠂ ᠪᠤᠭᠤᠲᠤ ᠬᠣᠲᠠ᠂ ᠣᠷᠳᠣᠰ ᠬᠣᠲᠠ᠎ᠳᠤ ᠪᠠᠢᠴᠠᠭᠠᠨ ᠰᠤᠳᠤᠯᠤᠯᠲᠠ ᠥᠷᠨᠢᠭᠦᠯᠵᠦ᠍᠂ ᠬᠣᠶᠠᠷ ᠶᠡᠬᠡ ᠠᠵᠤ ᠦᠶ᠋ᠯᠡᠰ᠎ᠦᠨ ᠪᠦᠯᠦᠭᠵᠢᠯ᠎ᠦᠨ ᠬᠥᠭ᠌ᠵᠢᠯᠲᠡ᠎ᠶ᠋ᠢᠨ ᠣᠳᠣᠬᠢ ᠪᠠᠢᠳᠠᠯ᠎ᠢ ᠭᠦᠨᠵᠡᠭᠡᠶ ᠣᠢᠯᠠᠭᠠᠬᠤ᠎ᠶ᠋ᠢᠨ ᠬᠠᠮᠲᠤ ᠬᠤᠵᠢᠮ᠎ᠤᠨ ᠬᠥᠭ᠌ᠵᠢᠯᠲᠡ᠎ᠶ᠋ᠢᠨ ᠭᠤᠤᠯᠳᠠᠯᠭ᠎ᠠ᠎ᠲᠠᠶ ᠡᠭᠦᠷᠭᠡ᠎ᠶ᠋ᠢᠨ ᠲᠤᠬᠠᠶ ᠰᠤᠳᠤᠯᠤᠨ ᠪᠠᠢᠷᠢᠯᠠᠭᠤᠯᠵᠠᠢ᠃
ᠪᠠᠢᠴᠠᠭᠠᠨ ᠰᠤᠳᠤᠯᠤᠯᠲᠠ᠎ᠶ᠋ᠢᠨ ᠬᠤᠭᠤᠴᠠᠭᠠᠨ᠎ᠳᠤ ᠪᠠᠢᠴᠠᠭᠠᠨ ᠰᠤᠳᠤᠯᠬᠤ ᠳᠤᠭᠤᠢᠯᠠᠩ᠎ᠤᠨ ᠬᠢᠨ ᠠᠵᠤ ᠠᠬᠤᠢᠯᠠᠯ᠎ᠤᠨ ᠦᠢᠯᠡᠳᠪᠦᠷᠢᠯᠡᠯ᠎ᠦᠨ ᠡᠮᠦᠨ᠎ᠡ ᠹᠷᠣᠨᠲ᠂ ᠲᠦᠷᠦᠯ ᠵᠦᠢᠯ᠎ᠦᠨ ᠪᠦᠳᠦᠭᠡᠨ ᠪᠠᠢᠭᠤᠯᠤᠯᠲᠠ᠎ᠶ᠋ᠢᠨ ᠲᠤᠬᠠᠢ᠎ᠶ᠋ᠢᠨ ᠲᠠᠯᠠᠪᠠᠢ᠎ᠳᠤ ᠭᠦᠨᠵᠡᠭᠡᠢᠷᠡᠵᠦ᠍᠂ ᠠᠵᠤ ᠠᠬᠤᠢᠯᠠᠯ᠎ᠤᠨ ᠬᠠᠷᠢᠭᠤᠴᠠᠯᠭᠠᠲᠠᠨ᠂ ᠮᠡᠷᠭᠡᠵᠢᠯ᠎ᠦᠨ ᠭᠣᠣᠯᠯᠠᠭ᠍ᠴᠢ᠎ᠲᠠᠶ ᠨᠢᠭᠤᠷᠳᠠᠨ ᠶᠠᠷᠢᠯᠴᠠᠵᠤ᠂ ᠤᠰᠤᠲᠥ᠋ᠷᠥᠭ᠌ᠴᠢ ᠡᠨᠧᠷᠭᠢ᠎ᠶ᠋ᠢᠨ 《ᠦᠢᠯᠡᠳᠬᠦ ᠨᠥᠭᠡᠴᠡᠯᠡᠬᠦ ᠳᠡᠭᠡᠭᠡᠪᠦᠷᠢᠯᠡᠬᠦ ᠬᠡᠷᠡᠭ᠌ᠯᠡᠬᠦ》 ᠪᠦᠬᠦ᠌ ᠬᠡᠯᠬᠢᠶ᠎ᠠ᠎ᠶᠢᠨ ᠬᠥᠭ᠌ᠵᠢᠯᠲᠡ᠂ ᠱᠢᠨ᠎ᠡ ᠬᠡᠯᠪᠡᠷᠢ᠎ᠶ᠋ᠢᠨ ᠡᠨᠧᠷᠭᠢ ᠨᠥᠭᠡᠴᠡᠯᠡᠬᠦ᠌ ᠮᠡᠷᠭᠡᠵᠢᠯ᠎ᠢ ᠰᠤᠳᠤᠯᠤᠨ ᠨᠡᠭᠡᠭᠡᠵᠦ᠍ ᠬᠡᠷᠡᠭ᠌ᠯᠡᠬᠦ᠌᠂ ᠲᠦᠷᠦᠯ ᠵᠦᠢᠯ᠎ᠢ ᠠᠬᠢᠭᠤᠯᠬᠤ ᠠᠬᠢᠴᠠ ᠵᠢᠴᠢ ᠢᠷᠡᠭᠡᠳᠦᠢ᠎ᠶ᠋ᠢᠨ ᠬᠥᠭ᠌ᠵᠢᠯᠲᠡ᠎ᠶ᠋ᠢᠨ ᠲᠥᠯᠥᠪᠵᠢᠭᠦᠯᠭᠡ ᠵᠡᠷᠭᠡ ᠪᠠᠢᠳᠠᠯ᠎ᠢ ᠨᠠᠷᠢᠨ ᠤᠢᠯᠠᠭᠠᠵᠦ᠂ ᠠᠵᠤ ᠦᠢᠯᠡᠰ᠎ᠦᠨ ᠬᠥᠭ᠌ᠵᠢᠯᠲᠡ᠎ᠶ᠋ᠢᠨ ᠳᠠᠪᠠᠭᠤᠯᠢᠭ ᠪᠣᠯᠤᠨ ᠳᠤᠲᠠᠭᠤᠳᠠᠯ᠎ᠢ ᠪᠦᠬᠦ᠌ ᠲᠠᠯ᠎ᠠ᠎ᠪᠠᠷ ᠡᠮᠬᠢᠯᠡᠵᠦ᠍᠂ ᠤᠨᠢᠨ ᠳᠡᠭᠡᠷ᠎ᠡ ᠨᠢ ᠠᠷᠭ᠎ᠠ ᠪᠤᠳᠤᠯᠭ᠎ᠠ ᠬᠡᠷᠡᠭ᠌ᠵᠢᠭᠦᠯᠬᠦ᠌ ᠪᠠ ᠠᠵᠤ ᠦᠢᠯᠡᠰ᠎ᠦᠨ ᠪᠦᠯᠦᠭ᠌ᠵᠢᠯ᠎ᠦᠨ ᠶᠠᠰᠤ ᠴᠢᠨᠠᠷ᠎ᠢᠶᠡᠨ ᠳᠡᠭᠡᠭ᠌ᠰᠢᠯᠡᠭᠦᠯᠵᠦ᠍ ᠦᠷ᠎ᠡ ᠠᠱᠢᠭ᠎ᠢᠶᠡᠨ ᠨᠡᠮᠡᠭ᠌ᠳᠡᠭᠦᠯᠬᠦ᠌᠎ᠳᠦ ᠰᠠᠭᠤᠷᠢ ᠲᠠᠯᠪᠢᠵᠤ ᠥᠭ᠌ᠴᠠᠢ᠃
ᠤᠰᠤᠲᠥ᠋ᠷᠥᠭ᠌ᠴᠢᠡᠨᠧᠷᠭᠢ ᠨᠢ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ ᠵᠢᠨ ᠬᠤᠭᠤᠴᠠᠭᠠᠨ᠎ᠳᠦ ᠬᠦᠭᠵᠢᠬᠦᠯᠬᠦ ᠪᠠᠷ ᠲᠤᠷᠠᠳᠤᠬᠰᠠᠨ ᠢᠷᠡᠭᠡᠳᠦᠢ᠎ᠶ᠋ᠢᠨ ᠠᠵᠤ ᠦᠢᠯᠡᠰ᠎ᠦᠨ ᠴᠢᠭ᠌ᠯᠡᠯ ᠪᠣᠯᠤᠭ᠍ᠰᠠᠨ᠎ᠤ ᠬᠤᠪᠢ᠎ᠳᠤ ᠥᠪᠥᠷ ᠮᠣᠩᠭᠣᠯ᠎ᠤᠨ ᠡᠨᠧᠷᠭᠢ᠎ᠶ᠋ᠢᠨ ᠡᠬᠢ ᠪᠠᠶᠠᠯᠢᠭ᠎ᠲᠤ ᠰᠠᠭᠤᠷᠢᠯᠠᠵᠤ᠂ ᠱᠢᠨ᠎ᠡ ᠨᠡᠮᠡᠭ᠌ᠳᠡᠯ᠎ᠦᠨ ᠲᠤᠢᠯ᠎ᠢ ᠪᠣᠢ ᠪᠤᠯᠭᠠᠬᠤ ᠴᠢᠬᠤᠯᠠ ᠭᠠᠷᠳᠠᠴᠠ ᠪᠤᠯᠤᠨ᠎ᠠ᠃ ᠣᠳᠣᠬᠠᠨ᠎ᠳᠤ ᠥᠪᠥᠷ ᠮᠣᠩᠭᠣᠯ ᠨᠢᠭᠡᠨᠲᠡ ᠬᠥᠬᠡᠬᠣᠲᠠ᠂ ᠪᠤᠭᠤᠲᠤ ᠬᠣᠲᠠ᠂ ᠣᠷᠳᠣᠰ ᠬᠣᠲᠠ᠂ ᠦᠬᠠᠶ ᠬᠣᠲᠠ᠎ᠪᠠᠷ ᠭᠤᠤᠯᠳᠠᠯᠭ᠎ᠠ ᠪᠣᠯᠭᠠᠨ ᠤᠰᠤᠲᠥ᠋ᠷᠥᠭ᠌ᠴᠢ ᠡᠨᠧᠷᠭᠢ᠎ᠶ᠋ᠢᠨ ᠲᠣᠨᠣᠭᠯᠠᠯ ᠦᠶ᠋ᠯᠡᠳᠬᠦ᠌ ᠦᠶ᠋ᠯᠡᠰ᠎ᠢ ᠬᠥᠭ᠌ᠵᠢᠭᠦᠯᠬᠦ᠌ ᠭᠠᠵᠠᠷ ᠣᠷᠣᠨ᠎ᠢ ᠲᠣᠭ᠍ᠲᠠᠭᠠᠵᠠᠢ᠂ ᠡᠭᠦᠨ᠎ᠳᠦ ᠣᠷᠳᠣᠰ ᠵᠡᠷᠭᠡ ᠭᠠᠵᠠᠷ ᠣᠷᠣᠨ ᠨᠢᠭᠡᠨᠲᠡ ᠨᠡᠯᠢᠶᠡᠳ ᠪᠦᠷᠢᠨ ᠪᠦᠲᠦᠨ ᠤᠰᠤᠲᠥ᠋ᠷᠥᠭ᠌ᠴᠢ ᠦᠶ᠋ᠯᠡᠳᠬᠦ᠌᠂ ᠬᠠᠳᠠᠭᠠᠯᠠᠵᠤ ᠵᠥᠭᠡᠭᠡᠪᠦᠷᠢᠯᠡᠬᠦ᠌ ᠵᠢᠴᠢ ᠬᠡᠷᠡᠭ᠌ᠯᠡᠭᠡᠨ᠎ᠦ ᠠᠵᠤ ᠦᠶ᠋ᠯᠡᠰ᠎ᠦᠨ ᠬᠡᠯᠬᠢᠶ᠎ᠡ᠎ᠶ᠋ᠢ ᠪᠦᠷᠢᠯᠳᠦᠭᠦᠯᠵᠦ᠍᠂ ᠳᠠᠭᠠᠭᠤᠯᠤᠭ᠍ᠴᠢ ᠠᠵᠤ ᠠᠬᠤᠢᠯᠠᠯ ᠲᠦᠷᠭᠡᠨ ᠴᠤᠭ᠍ᠯᠠᠷᠠᠵᠤ᠂ ᠱᠢᠨ᠎ᠡ᠎ᠶ᠋ᠢ ᠡᠭᠦᠳᠬᠦ᠌ ᠲᠠᠪᠴᠠᠩ᠎ᠢ ᠦᠷᠭᠦᠯᠵᠢᠯᠡᠨ ᠨᠠᠢᠳᠠᠪᠤᠷᠢᠵᠢᠭᠤᠯᠵᠦ᠂ ᠪᠦᠯᠦᠭ᠌ᠵᠢᠨ ᠬᠥᠭ᠌ᠵᠢᠬᠦ᠌ ᠰᠠᠭᠤᠷᠢ ᠨᠥᠬᠥᠴᠡᠯ᠎ᠢ ᠪᠦᠷᠢᠯᠳᠦᠭᠦᠯᠵᠡᠶ᠃ ᠱᠢᠨ᠎ᠡ ᠬᠡᠯᠪᠡᠷᠢ᠎ᠶ᠋ᠢᠨ ᠡᠨᠧᠷᠭᠢ ᠬᠠᠳᠠᠭᠠᠯᠠᠬᠤ ᠨᠢ ᠱᠢᠨ᠎ᠡ ᠡᠨᠧᠷᠭᠢ᠎ᠶ᠋ᠢ ᠶᠡᠬᠡ ᠬᠡᠪᠴᠢᠶ᠎ᠡ᠎ᠪᠡᠷ ᠨᠡᠭᠡᠭᠡᠨ ᠠᠱᠢᠭ᠍ᠯᠠᠬᠤ᠎ᠶ᠋ᠢ ᠲᠤᠯᠭᠠᠭᠤᠷᠢᠯᠠᠬᠤ ᠵᠠᠩᠭᠢᠯᠠᠭ᠎ᠠ᠎ᠶ᠋ᠢᠨ ᠭᠣᠭ᠍ᠴᠣᠭ᠎ᠠ ᠪᠣᠯᠤᠭ᠍ᠰᠠᠨ᠎ᠤ ᠬᠤᠪᠢ᠎ᠳᠤ ᠱᠢᠨ᠎ᠡ ᠬᠡᠯᠪᠡᠷᠢ᠎ᠶ᠋ᠢᠨ ᠴᠠᠬᠢᠯᠭᠠᠨ ᠬᠦᠴᠦᠨ᠎ᠦ ᠱᠢᠰᠲ᠋ᠧᠮ᠎ᠢ ᠪᠠᠢᠭᠤᠯᠬᠤ᠎ᠶ᠋ᠢᠨ ᠴᠢᠬᠤᠯᠠ ᠪᠠᠲᠤᠯᠠᠭ᠎ᠠ ᠪᠣᠯᠤᠨ᠎ᠠ᠃ ᠣᠳᠣᠬᠠᠨ᠎ᠳᠤ ᠥᠪᠥᠷ ᠮᠣᠩᠭᠣᠯ ᠨᠢᠭᠡᠨᠲᠡ ᠬᠥᠬᠡᠬᠣᠲᠠ᠂ ᠪᠤᠭᠤᠲᠤ᠂ ᠣᠷᠳᠣᠰ ᠵᠡᠷᠭᠡ ᠭᠠᠵᠠᠷ ᠣᠷᠣᠨ᠎ᠳᠤ ᠨᠢᠭᠡ ᠪᠦᠯᠦᠭ ᠴᠠᠬᠢᠯᠭᠠᠨ ᠬᠢᠮᠢ᠎ᠶ᠋ᠢᠨ ᠡᠨᠧᠷᠭᠢ ᠨᠦᠭᠡᠴᠡᠯᠡᠨ ᠦᠶ᠋ᠯᠡᠳᠬᠦ᠌ ᠵᠢᠴᠢ ᠬᠡᠷᠡᠭ᠌ᠯᠡᠯᠲᠡ ᠵᠡᠷᠭᠡ ᠭᠤᠤᠯᠳᠠᠯᠭ᠎ᠠ᠎ᠲᠠᠶ ᠠᠵᠤ ᠠᠬᠤᠢᠯᠠᠯ᠎ᠢ ᠴᠤᠭ᠍ᠯᠠᠷᠠᠭᠤᠯᠵᠤ᠂ ᠵᠢᠱ᠌ᠢᠶ᠎ᠡ ᠦᠵᠡᠭᠦᠯᠬᠦ᠌ ᠲᠥᠷᠥᠯ ᠵᠦᠶ᠋ᠯ᠎ᠢ ᠶᠠᠭ ᠰᠠᠢᠬᠠᠨ ᠲᠦᠷᠭᠡᠳᠭᠡᠨ ᠠᠬᠢᠭᠤᠯᠵᠤ᠂ ᠲᠥᠪᠯᠡᠷᠡᠨ ᠬᠠᠮᠵᠢᠯᠴᠠᠭ᠍ᠰᠠᠨ ᠠᠮᠢ ᠠᠬᠤᠶ᠎ᠶ᠋ᠢ ᠠᠩᠬ᠎ᠠ ᠠᠯᠬᠤᠮ ᠪᠣᠶ ᠪᠣᠯᠭᠠᠵᠠᠢ᠃