ᠲᠦᠷᠦᠭᠦᠭᠡᠨ᠂ ᠰᠤᠷᠪᠤᠯᠵᠢᠯᠠᠭ᠍ᠴᠢ ᠬᠥᠬᠡᠬᠣᠲᠠ᠎ᠶ᠋ᠢᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠲᠣᠪᠴᠢᠶ᠎ᠠ᠎ᠠᠴᠠ ᠣᠢᠯᠠᠭᠠᠭ᠍ᠰᠠᠨ᠎ᠢᠶᠠᠷ᠂ 2026 ᠣᠨ᠎ᠤ ᠨᠢᠭᠡᠳᠦᠭᠡᠷ ᠤᠯᠠᠷᠢᠯ᠎ᠳᠤ᠂ ᠬᠥᠬᠡᠬᠣᠲᠠ᠎ᠶ᠋ᠢᠨ ᠮᠡᠷᠭᠡᠵᠢᠯ᠎ᠦᠨ ᠭᠡᠷ᠎ᠡ᠎ᠶ᠋ᠢ ᠦᠨᠡᠯᠡᠨ ᠲᠣᠭ᠍ᠲᠠᠭᠠᠵᠤ ᠳᠡᠩᠰᠡᠯᠡᠨ ᠲᠡᠮᠳᠡᠭ᠌ᠯᠡᠬᠦ᠌ ᠠᠵᠢᠯ ᠰᠠᠢᠨ ᠡᠬᠢᠯᠡᠯᠲᠡ᠎ᠲᠡᠶ ᠪᠣᠯᠵᠣ᠂ ᠨᠡᠢᠲᠡ 360 ᠬᠤᠪᠢ ᠮᠡᠷᠭᠡᠵᠢᠯ᠎ᠦᠨ ᠭᠡᠷ᠎ᠡ᠎ᠶ᠋ᠢ ᠲᠠᠩᠰᠠᠯᠠᠨ ᠲᠡᠮᠳᠡᠭᠯᠡᠬᠦ ᠪᠡᠷ ᠲᠣᠭ᠍ᠲᠠᠭᠠᠵᠠᠢ᠂ ᠡᠨᠡ ᠨᠢ ᠠᠳᠠᠯᠢ ᠬᠤᠭᠤᠴᠠᠭᠠᠨ᠎ᠤ᠎ᠬᠢ᠎ᠡᠴᠡ 54.51% ᠪᠠᠷ ᠨᠡᠮᠡᠭ᠌ᠳᠡᠵᠦ᠍᠂ ᠠᠷᠠᠯᠵᠢᠶ᠎ᠠ ᠪᠦᠲᠦᠭ᠌ᠰᠡᠨ ᠬᠡᠮᠵᠢᠶ᠎ᠡ᠎ᠨᠢ 6.4 ᠳ᠋ᠦᠩᠱᠢᠭᠤᠷ ᠲᠥᠭᠥᠷᠢᠭ᠎ᠲᠦ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠡᠴᠡ 90.52%᠎ᠢᠶᠡᠷ ᠨᠡᠮᠡᠭ᠌ᠳᠡᠵᠦ᠍᠂ ᠣᠷᠣᠨ ᠪᠦᠰᠡ᠎ᠶ᠋ᠢᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠬᠦᠴᠦᠷᠬᠡᠭ ᠶᠡᠬᠡ ᠠᠮᠢᠵᠢᠷᠠᠯ᠎ᠤᠨ ᠬᠦᠴᠦᠨ᠎ᠢ ᠭᠦᠶ᠋ᠴᠡᠳ ᠢᠯᠡᠷᠡᠭᠦᠯᠪᠡ᠃
ᠣᠢᠯᠠᠭᠠᠭ᠍ᠰᠠᠨ᠎ᠢᠶᠠᠷ᠂ ᠡᠨᠡ ᠵᠢᠯ᠎ᠡᠴᠡ ᠨᠠᠭᠠᠰᠢ᠂ ᠬᠥᠬᠡᠬᠣᠲᠠ᠎ᠶ᠋ᠢᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠲᠣᠪᠴᠢᠶ᠎ᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ 《1571》ᠠᠵᠢᠯ᠎ᠤᠨ ᠪᠠᠢᠷᠢᠯᠠᠭᠤᠯᠤᠯᠲᠠ᠎ᠶ᠋ᠢ ᠭᠦᠨᠵᠡᠭᠡᠶ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ 《2026 ᠣᠨ᠎ᠤ ᠡᠴᠦᠰ᠎ᠲᠦ ᠪᠥᠬᠥ᠌ ᠬᠣᠲᠠ᠎ᠶ᠋ᠢᠨ ᠦᠨᠡᠯᠡᠨ ᠲᠤᠭᠳᠠᠭᠠᠵᠤ ᠲᠠᠩᠰᠠᠯᠠᠭᠤᠯᠤᠭᠰᠠᠨ ᠮᠡᠷᠭᠡᠵᠢᠯ᠎ᠦᠨ ᠭᠡᠷ᠎ᠡ᠎ᠵᠢᠨ ᠠᠷᠠᠯᠵᠢᠶ᠎ᠠ ᠪᠦᠲᠦᠭ᠌ᠰᠡᠨ ᠬᠡᠮᠵᠢᠶ᠎ᠡ ᠶ᠋ᠢ 50 ᠳ᠋ᠦᠩᠱᠢᠭᠤᠷ ᠲᠥᠭᠥᠷᠢᠭ᠎ᠡᠴᠡ ᠳᠠᠪᠠᠭᠤᠯᠬᠤ》ᠬᠠᠷᠠᠯᠲᠠ᠎ᠶ᠋ᠢ ᠪᠡᠶᠡᠯᠡᠭᠦᠯᠬᠦ᠌᠎ᠪᠡᠷ ᠴᠢᠷᠮᠠᠢᠵᠤ᠂ ᠵᠢᠯ᠎ᠦᠨ ᠡᠬᠢᠨ᠎ᠳᠦ 《ᠮᠡᠷᠭᠡᠵᠢᠯ᠎ᠦᠨ ᠭᠡᠷ᠎ᠡ᠎ᠶ᠋ᠢ ᠳᠠᠩᠰᠠᠯᠠᠬᠤ ᠠᠵᠢᠯ᠎ᠤᠨ ᠪᠣᠭᠣᠮᠲᠠ ᠱᠢᠪᠲᠤᠯᠬᠤ ᠠᠵᠢᠯᠯᠠᠭ᠎ᠠ᠎ᠶ᠋ᠢᠨ ᠬᠡᠷᠡᠭ᠌ᠵᠢᠭᠦᠯᠬᠦ᠌ ᠲᠥᠰᠦᠯ》᠎ᠢ᠋ ᠲᠣᠭ᠍ᠲᠠᠭᠠᠨ ᠨᠡᠢᠲᠡᠯᠡᠵᠦ᠍ ᠂ ᠪᠥᠬᠥ᠌ ᠬᠣᠲᠠ᠎ᠶ᠋ᠢᠨ ᠮᠡᠷᠭᠡᠵᠢᠯ᠎ᠦᠨ ᠭᠡᠷ᠎ᠡ᠎ᠶ᠋ᠢ ᠳᠠᠩᠰᠠᠯᠠᠬᠤ ᠠᠵᠢᠯ᠎ᠳᠤ ᠶᠡᠷᠦᠩᠬᠡᠶ ᠪᠠᠢᠷᠢᠯᠠᠭᠤᠯᠤᠯᠲᠠ ᠬᠢᠪᠠ᠃ ᠲᠥᠰᠦᠯ᠎ᠢᠶᠡᠷ ᠤᠳᠤᠷᠢᠳᠤᠮᠵᠢ ᠪᠣᠯᠭᠠᠵᠤ᠂ 《ᠭᠠᠷᠠᠭ᠎ᠤᠨ ᠬᠢᠨᠠᠨ ᠬᠡᠮᠵᠢᠯᠲᠡ᠂ ᠰᠠᠷ᠎ᠠ᠎ᠶ᠋ᠢᠨ ᠲᠣᠬᠢᠷᠠᠭᠤᠯᠤᠯᠲᠠ᠂ ᠤᠯᠠᠷᠢᠯ᠎ᠤᠨ ᠵᠠᠳᠠᠯᠤᠯᠲᠠ》 ᠶ᠋ᠢᠨ ᠲᠣᠭ᠍ᠲᠠᠴᠠ᠎ᠶ᠋ᠢ ᠪᠠᠢᠭᠤᠯᠵᠤ᠂ ᠡᠯ᠎ᠡ ᠲᠠᠯ᠎ᠠ᠎ᠶ᠋ᠢᠨ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠤ᠂ ᠳᠡᠭᠡᠷ᠎ᠡ ᠳᠤᠤᠷ᠎ᠡ ᠱᠠᠲᠤᠨ᠎ᠤ ᠬᠣᠯᠪᠣᠭᠠᠯᠠᠨ ᠬᠥᠳᠡᠯᠦᠯᠴᠡᠬᠦ᠌ ᠠᠵᠢᠯ᠎ᠤᠨ ᠬᠠᠮᠲᠤᠷᠠᠯ ᠬᠦᠴᠦᠨ᠎ᠢ ᠪᠦᠷᠢᠯᠳᠦᠭᠦᠯᠵᠦ᠍᠂ 《ᠨᠡᠢᠲᠡᠯᠡᠪᠡᠰᠦ ᠵᠣᠬᠢᠬᠤ᠎ᠶ᠋ᠢ᠎ᠨᠢ ᠪᠦᠬᠦᠨ᠎ᠢ ᠨᠡᠢᠲᠡᠯᠡᠵᠦ᠍᠂ ᠶᠠᠰᠤ ᠴᠢᠨᠠᠷ᠎ᠢ ᠳᠡᠭᠡᠭ᠌ᠰᠢᠯᠡᠭᠦᠯᠦᠨ ᠬᠡᠮᠵᠢᠶ᠎ᠡ᠎ᠶ᠋ᠢ ᠨᠡᠮᠡᠭ᠌ᠳᠡᠭᠦᠯᠬᠦ᠌》 ᠠᠵᠢᠯ᠎ᠤᠨ ᠪᠠᠢᠷᠢᠱᠢᠯ᠎ᠢ ᠪᠦᠷᠢᠯᠳᠦᠭᠦᠯᠬᠦ᠌᠎ᠶ᠋ᠢ ᠠᠬᠢᠭᠤᠯᠵᠤ᠂ ᠣᠷᠣᠨ᠎ᠤ ᠲᠥᠪ᠎ᠦᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠤᠯᠠᠷᠢᠭᠤᠯᠬᠤ ᠪᠠ ᠠᠵᠤ ᠦᠢᠯᠡᠰᠵᠢᠭᠦᠯᠬᠦ᠌ ᠲᠦᠪᠱᠢᠨ᠎ᠢ ᠤᠯᠠᠮ ᠨᠢᠭᠡ ᠠᠯᠬᠤᠮ ᠳᠡᠭᠡᠭ᠌ᠰᠢᠯᠡᠭᠦᠯᠵᠦ᠍᠂ ᠮᠡᠷᠭᠡᠵᠢᠯ᠎ᠦᠨ ᠭᠡᠷ᠎ᠡ᠎ᠶ᠋ᠢᠨ ᠠᠷᠠᠯᠵᠢᠶ᠎ᠠ ᠪᠦᠲᠦᠭ᠌ᠰᠡᠨ ᠬᠡᠮᠵᠢᠶ᠎ᠡ ᠦᠷᠭᠦᠯᠵᠢᠯᠡᠨ ᠶᠡᠬᠡ ᠪᠡᠷ ᠨᠡᠮᠡᠭ᠌ᠳᠡᠬᠦ᠌᠎ᠶ᠋ᠢ ᠠᠬᠢᠭᠤᠯᠬᠤ᠎ᠳᠤ ᠰᠠᠢᠨ ᠰᠠᠢᠬᠠᠨ ᠰᠠᠭᠤᠷᠢ᠎ᠶ᠋ᠢ ᠲᠠᠯᠪᠢᠵᠤ ᠥᠭ᠌ᠴᠠᠢ᠃
ᠬᠥᠬᠡᠬᠣᠲᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠣᠪᠴᠢᠶ᠎ᠠ ᠦᠷᠭᠦᠯᠵᠢᠯᠡᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠤᠯᠠᠷᠢᠭᠤᠯᠬᠤ ᠵᠠᠩᠭᠢᠯᠠᠭ᠎ᠠ᠎ᠶ᠋ᠢᠨ ᠭᠣᠭ᠍ᠴᠣᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠦᠨ ᠨᠠᠷᠢᠯᠢᠭ ᠤᠨᠤᠴᠠᠳᠠᠢ᠎ᠪᠠᠷ ᠠᠷᠭ᠎ᠠ ᠪᠣᠳᠣᠯᠭ᠎ᠠ ᠬᠡᠷᠡᠭ᠌ᠵᠢᠭᠦᠯᠬᠦ᠌᠎ᠶ᠋ᠢ ᠭᠦᠨᠵᠡᠭᠡᠢᠷᠡᠭᠦᠯᠵᠦ᠍᠂ ᠮᠡᠷᠭᠡᠵᠢᠯ᠎ᠢ ᠱᠢᠯᠵᠢᠭᠦᠯᠬᠦ᠌ ᠪᠠᠢᠭᠤᠯᠤᠮᠵᠢ᠎ᠪᠠᠷ ᠴᠢᠬᠤᠯᠠ ᠭᠠᠷᠳᠠᠴᠠ ᠪᠣᠯᠭᠠᠨ᠂ ᠲᠤᠰᠭᠠᠢᠵᠢᠭ᠍ᠰᠠᠨ ᠦᠶ᠋ᠯᠡᠴᠢᠯᠡᠭᠡᠨ᠎ᠦ ᠪᠦᠯᠬᠦᠮ ᠨᠡᠢᠲᠡ᠎ᠶ᠋ᠢ ᠵᠣᠬᠢᠶᠠᠨ ᠪᠠᠢᠭᠤᠯᠵᠤ᠂ ᠮᠡᠷᠭᠡᠵᠢᠯ᠎ᠢ ᠱᠢᠯᠵᠢᠭᠦᠯᠬᠦ᠌ ᠵᠠᠬ᠎ᠠ ᠳᠡᠯᠭᠡᠭᠦᠷ᠎ᠦᠨ ᠠᠮᠢᠵᠢᠷᠠᠯ᠎ᠤᠨ ᠬᠦᠴᠦᠨ᠎ᠢ ᠤᠯᠠᠮ ᠨᠢᠭᠡ ᠠᠯᠬᠤᠮ ᠬᠥᠭ᠌ᠵᠢᠭᠡᠨ᠂ ᠣᠷᠣᠨ ᠪᠦᠰᠡ᠎ᠶ᠋ᠢᠨ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠳᠦ ᠬᠦᠴᠦᠲᠡᠶ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠤᠯᠭᠠᠭᠤᠷᠢᠯᠠᠯ ᠬᠠᠩᠭᠠᠬᠤ ᠪᠡᠷ ᠪᠤᠢ᠃