ᠤᠢᠷᠠᠳᠤ᠂ ᠦᠪᠦᠷ ᠮᠤᠩᠭᠤᠯᠤᠨ ᠥᠪᠡᠷᠲᠡᠭᠡᠨ ᠵᠠᠰᠠᠬᠤ ᠣᠷᠣᠨ ᠤ᠋ ᠭᠣᠤᠯᠳᠠᠯᠭ᠎ᠠ ᠲᠠᠢ ᠲᠥᠷᠥᠯ ᠵᠦᠢᠯ᠂ ᠱᠠᠨᠳᠦ᠋ᠩ ᠮᠤᠵᠢ ᠪᠤᠯᠤᠨ ᠥᠪᠥᠷ ᠮᠣᠩᠭᠣᠯ ᠤ᠋ᠨ ᠦᠪᠡᠷᠳᠡᠭᠡᠨ ᠵᠠᠰᠠᠬᠤ ᠤᠷᠤᠨ ᠤ᠋ ᠡᠨᠧᠷᠭᠢ ᠵᠢᠨ ᠪᠠᠢᠯᠳᠤᠬᠤ ᠪᠣᠳᠣᠯᠭ᠎ᠠ ᠵᠢᠨ ᠬᠠᠮᠲᠤᠷᠠᠯᠴᠠᠭᠠᠨ ᠤ᠋ ᠭᠣᠤᠯᠳᠠᠯᠭ᠎ᠠ ᠲᠠᠢ ᠢᠨᠵᠧᠨᠧᠷᠢᠩ ᠪᠤᠯᠬᠤ ᠥᠪᠥᠷ ᠮᠣᠩᠭᠣᠯ ᠤ᠋ᠨ ᠷᠦᠩ ᠱᠢᠨ ᠬᠢᠮᠢ ᠵᠢᠨ ᠠᠵᠤ ᠦᠢᠯᠡᠳᠪᠦᠷᠢ ᠵᠢᠨ 80 ᠲᠦᠮᠡᠨ ᠲᠣᠨ ᠤ᠋ ᠨᠡᠭᠦᠷᠡᠰᠦ ᠪᠡᠷ ᠠᠯᠺᠸᠠ ᠦᠢᠯᠡᠳᠪᠦᠷᠢᠯᠡᠬᠦ᠌ ᠲᠥᠷᠥᠯ ᠵᠦᠢᠯ ᠤ᠋ᠨ ᠪᠥᠲᠥᠭᠡᠨ ᠪᠠᠢᠭᠤᠯᠤᠯᠲᠠ ᠵᠢᠨ ᠲᠤᠬᠠᠢ ᠵᠢᠨ ᠲᠠᠯᠠᠪᠠᠢ ᠳ᠋ᠤ 3600 ᠪᠥᠲᠥᠭᠡᠨ ᠪᠠᠢᠭᠤᠯᠤᠭ᠍ᠴᠢ ᠠᠵᠢᠯ ᠤ᠋ᠨ ᠪᠠᠢᠷᠢ ᠪᠠᠨ ᠪᠠᠲᠤ ᠰᠠᠬᠢᠵᠤ᠂ ᠲᠥᠷᠥᠯ ᠵᠦᠢᠯ ᠤ᠋ᠨ ᠶᠡᠷᠦᠩᠬᠡᠢ ᠪᠠᠷᠢᠯᠭ᠎ᠠ ᠵᠢᠨ ᠠᠬᠢᠴᠠ ᠵᠢᠨ ᠲᠤᠯᠤᠭᠠᠨ ᠬᠤᠪᠢ ᠵᠢ ᠪᠡᠶᠡᠯᠡᠭᠦᠯᠵᠦ᠍᠂ ᠡᠨᠡ ᠵᠢᠯ ᠤ᠋ᠨ ᠡᠴᠦᠰ ᠲᠤ᠌ ᠠᠱᠢᠭ᠍ᠯᠠᠯᠲᠠ ᠳ᠋ᠤ ᠣᠷᠣᠭᠤᠯᠬᠤ ᠪᠡᠷ ᠪᠥᠬᠥ᠌ ᠬᠦᠴᠦᠨ ᠶ᠋ᠢᠡᠷ ᠱᠢᠪᠲᠤᠯᠤᠨ᠂ ᠥᠪᠥᠷ ᠮᠣᠩᠭᠣᠯ ᠤ᠋ᠨ ᠣᠲᠣ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢᠯᠡᠳᠪᠦᠷᠢ ᠵᠢᠨ ᠠᠵᠤ ᠦᠢᠯᠡᠰ ᠤ᠋ᠨ ᠴᠢᠨᠠᠷ ᠰᠠᠢᠲᠠᠢ ᠬᠥᠭ᠌ᠵᠢᠯᠲᠡ ᠳ᠋ᠤ ᠱᠢᠨ᠎ᠡ ᠬᠥᠳᠡᠯᠭᠡᠭ᠌ᠴᠢ ᠡᠨᠧᠷᠭᠢ ᠨᠡᠮᠡᠷᠢᠯᠡᠵᠦ᠍ ᠪᠠᠢᠨ᠎ᠠ᠃
ᠲᠤᠰ ᠲᠦᠷᠦᠯ ᠵᠦᠢᠯ ᠨᠢ ᠤᠷᠳᠤᠰ ᠬᠤᠳᠠ ᠵᠢᠨ ᠳᠠᠯᠠᠳ ᠬᠣᠱᠢᠭᠤᠨ ᠳ᠋ᠤ ᠪᠠᠢᠷᠢᠯᠠᠵᠤ᠂ ᠶᠡᠷᠦᠩᠬᠡᠢ ᠪᠡᠯᠡ ᠣᠷᠣᠭᠤᠯᠤᠯᠲᠠ ᠨᠢ 98.3 ᠳ᠋ᠦᠩᠱᠢᠭᠤᠷ ᠲᠥᠭᠥᠷᠢᠭ ᠲᠤ᠌ ᠬᠦᠷᠴᠦ᠍᠂ ᠮᠠᠨ ᠤ᠋ ᠤᠯᠤᠰ ᠤ᠋ᠨ ᠪᠡᠶ᠎ᠡ ᠪᠡᠨ ᠳᠠᠭᠠᠭᠠᠵᠤ ᠰᠤᠳᠤᠯᠤᠭᠰᠠᠨ ᠲᠤᠰᠭᠠᠢ ᠠᠱᠢᠭ ᠤ᠋ᠨ ᠮᠡᠷᠭᠡᠵᠢᠯ ᠢ᠋ ᠬᠡᠷᠡᠭᠯᠡᠨ᠂ ᠪᠦᠷ ᠮᠠᠨ ᠤ᠋ ᠤᠯᠤᠰ ᠤ᠋ᠨ ᠪᠡᠶ᠎ᠡ ᠪᠡᠨ ᠳᠠᠭᠠᠭᠠᠵᠤ ᠰᠤᠳᠤᠯᠤᠨ ᠦᠢᠯᠡᠳᠪᠦᠷᠢᠯᠡᠭ᠌ᠰᠡᠨ ᠲᠤᠨᠤᠭᠯᠠᠯ ᠢ᠋ ᠬᠡᠷᠡᠭᠯᠡᠵᠦ᠂ ᠲᠦᠭᠦᠬᠡᠢ ᠮᠠᠲ᠋ᠧᠷᠢᠶᠠᠯ ᠢ᠋ ᠬᠤᠪᠢᠷᠠᠭᠤᠯᠬᠤ ᠨᠤᠷᠮ᠎ᠠ ᠵᠢ ᠳᠡᠭᠡᠭ᠌ᠰᠢᠯᠡᠭᠦᠯᠦᠨ᠂ ᠨᠢᠭᠡ ᠲᠣᠨ ᠠᠯᠺᠸᠨ ᠦᠢᠯᠡᠳᠪᠦᠷᠢᠯᠡᠬᠦ᠌ ᠪᠦᠷᠢ 300 ᠺᠢᠯᠣᠭ᠌ᠷᠠᠮ ᠱᠢᠬᠠᠮ ᠮᠧᠲ᠋ᠢᠯ ᠠᠯᠺᠤᠤᠯ ᠠᠷᠪᠢᠯᠠᠵᠤ᠂ ᠪᠣᠬᠢᠷᠲᠤᠯ ᠦᠭᠡᠢ ᠥᠨᠳᠥᠷ ᠦᠷ᠎ᠡ ᠠᠱᠢᠭ ᠡᠭᠦᠳᠬᠦ ᠳᠠᠪᠠᠭᠤᠯᠢᠭ ᠢ᠋ ᠬᠦᠢᠴᠡᠳ ᠢᠯᠡᠷᠡᠭᠦᠯᠵᠠᠢ᠃ ᠲᠥᠷᠥᠯ ᠵᠦᠢᠯ ᠤ᠋ᠨ ᠪᠥᠲᠥᠭᠡᠨ ᠪᠠᠢᠭᠤᠯᠤᠯᠲᠠ ᠵᠢᠨ ᠳᠤᠮᠳᠠ᠂ 113 ᠮᠧᠲ᠋ᠷ ᠥᠨᠳᠥᠷ᠂ 1400 ᠲᠣᠨ ᠬᠦᠨᠳᠦ ᠫᠷᠤᠫᠧᠨ ᠢ᠋ ᠨᠠᠷᠢᠯᠢᠭ ᠨᠡᠷᠡᠬᠦ᠌ ᠰᠤᠪᠤᠷᠭ᠎ᠠ ᠨᠢ ᠭᠣᠤᠯᠳᠠᠯᠭ᠎ᠠ ᠪᠤᠯᠤᠨ᠎ᠠ᠂ ᠪᠦᠬᠦᠢᠯᠡ ᠲᠥᠷᠥᠯ ᠵᠦᠢᠯ ᠤ᠋ᠨ ᠬᠠᠮᠤᠭ ᠤ᠋ᠨ ᠥᠨᠳᠥᠷ᠂ ᠬᠠᠮᠤᠭ ᠤ᠋ᠨ ᠬᠦᠨᠳᠦ ᠲᠠᠩ ᠪᠡᠶᠡᠲᠦ ᠰᠤᠪᠤᠷᠭ᠎ᠠ ᠪᠣᠯᠤᠭ᠍ᠰᠠᠨ ᠤ᠋ ᠬᠤᠪᠢ ᠳ᠋ᠤ᠂ ᠲᠡᠭᠦᠨ ᠢ᠋ ᠤᠭ᠍ᠰᠠᠷᠠᠬᠤ ᠶᠠᠰᠤ ᠴᠢᠨᠠᠷ ᠨᠢ ᠲᠠᠷᠠᠭᠠᠴᠢ ᠵᠢᠨ ᠦᠢᠯᠡᠳᠬᠦᠨ ᠢ᠋ ᠦᠢᠯᠡᠳᠬᠦ ᠪᠠ ᠲᠣᠨᠣᠭ᠍ᠯᠠᠯ ᠤ᠋ᠨ ᠲᠣᠭ᠍ᠲᠠᠭᠤᠨ ᠶ᠋ᠢᠡᠷ ᠠᠵᠢᠯᠯᠠᠬᠤ ᠲᠠᠢ ᠱᠢᠭᠤᠳ ᠬᠣᠯᠪᠣᠭ᠍ᠳᠠᠳᠠᠭ᠃ ᠳᠤᠰ ᠰᠤᠪᠤᠷᠭ᠎ᠠ ᠵᠢ ᠢᠯᠭᠤᠮ ᠤᠷᠤᠭᠰᠢᠲᠠᠢ ᠤᠭ᠍ᠰᠠᠷᠠᠬᠤ ᠵᠢᠨ ᠲᠥᠯᠥᠭᠡ᠂ ᠰᠤᠳᠤᠯᠭᠠᠨ ᠤ᠋ ᠪᠦᠯᠬᠦᠮᠤᠨ ᠬᠢᠨ ᠳᠠᠬᠢᠨ ᠳᠠᠪᠲᠠᠨ ᠨᠤᠲᠠᠯᠠᠯᠲᠠ ᠬᠢᠵᠦ᠍᠂ ᠱᠢᠨᠵᠢᠯᠡᠬᠦ᠌ ᠤᠬᠠᠭᠠᠨᠴᠢ ᠪᠠᠷ ᠪᠠᠢᠷᠢᠯᠠᠭᠤᠯᠤᠨ᠂ 2000 ᠲᠣᠨ ᠤ᠋ ᠭᠢᠨᠵᠢ ᠪᠡᠷ ᠳᠡᠭᠦᠵᠢᠯᠡᠨ᠂ ᠭᠤᠷᠪᠠ ᠬᠤᠪᠢᠶᠠᠨ ᠤᠭ᠍ᠰᠠᠷᠠᠵᠤ ᠳᠠᠭᠤᠰᠭᠠᠵᠠᠢ᠃ 《ᠤᠳᠤᠬᠠᠨ ᠳ᠋ᠤ ᠪᠣᠢ ᠪᠥᠬᠥᠢ ᠤᠭ᠍ᠰᠠᠷᠠᠬᠤ ᠠᠵᠢᠯ ᠢ᠋ ᠨᠢᠭᠡᠨᠲᠡ ᠳᠠᠭᠤᠰᠬᠠᠵᠦ᠂ ᠡᠨᠡ ᠨᠢ ᠠᠯᠺᠧᠨ ᠦᠢᠯᠡᠳᠪᠦᠷᠢᠯᠡᠬᠦ ᠵᠠᠩᠭᠢᠯᠠᠭ᠎ᠠ ᠵᠢᠨ ᠴᠡᠭ ᠪᠣᠯᠬᠤ ᠪᠠᠷ ᠪᠠᠷᠠᠬᠤ ᠦᠭᠡᠢ᠂ ᠲᠠᠷᠠᠭᠠᠴᠢ ᠵᠢᠨ ᠠᠵᠢᠯ ᠳ᠋ᠤ ᠰᠠᠭᠤᠷᠢ ᠳᠠᠯᠪᠢᠵᠠᠢ》 ᠭᠡᠵᠤ ᠳᠤᠮᠳᠠᠳᠤ ᠤᠯᠤᠰ ᠤ᠋ᠨ ᠴᠢᠯᠠᠭᠤᠨ ᠲᠣᠰᠣ ᠬᠢᠮᠢ ᠵᠢᠨ ᠠᠵᠤ ᠦᠢᠯᠡᠳᠪᠦᠷᠢ ᠵᠢᠨ ᠪᠦᠯᠦᠭᠯᠡᠯ ᠤ᠋ᠨ ᠠᠷᠪᠠᠳᠤᠭᠠᠷ ᠪᠥᠲᠥᠭᠡᠨ ᠪᠠᠢᠭᠤᠯᠤᠯᠲᠠ ᠵᠢᠨ ᠬᠢᠵᠠᠭᠠᠷᠲᠤ ᠺᠣᠮᠫᠠᠨᠢ ᠵᠢᠨ ᠥᠪᠥᠷ ᠮᠣᠩᠭᠣᠯ ᠤ᠋ᠨ ᠷᠦᠩ ᠱᠢᠨᠤ ᠲᠥᠷᠥᠯ ᠵᠦᠢᠯ ᠤ᠋ᠨ ᠳᠡᠳ᠋ ᠳᠠᠭᠠᠭᠠᠮᠠᠯ ᠵᠢᠨ ᠫᠧᠩ ᠲᠠᠨᠢᠯᠴᠠᠭᠤᠯᠤᠭᠰᠠᠨ ᠪᠠᠢᠨ᠎ᠠ᠃
ᠣᠢᠯᠠᠭᠠᠭ᠍ᠰᠠᠨ ᠶ᠋ᠢᠡᠷ᠂ ᠳᠤᠰ ᠲᠥᠷᠥᠯ ᠵᠦᠢᠯ ᠠᠰᠢᠭᠯᠠᠯᠳᠠ ᠳ᠋ᠤ ᠤᠷᠤᠭᠰᠠᠨ ᠤ᠋ ᠳᠠᠷᠠᠭ᠎ᠠ ᠵᠢᠯ ᠪᠦᠷᠢ 80 ᠲᠦᠮᠡᠨ ᠲᠣᠨ ᠤ ᠳᠡᠭᠡᠳᠦ ᠲᠠᠰ ᠤ᠋ᠨ ᠪᠥᠭᠡᠭᠡᠨᠡᠷᠡᠯ ᠠᠯᠺᠧᠨ ᠦᠢᠯᠡᠳᠪᠦᠷᠢᠯᠡᠬᠦ ᠪᠦᠭᠡᠳ ᠳᠡᠭᠡᠳᠦ ᠨᠡᠮᠡᠯᠲᠡ ᠥᠷᠲᠡᠭ ᠪᠥᠬᠥᠢ ᠬᠢᠮᠢ ᠵᠢᠨ ᠠᠵᠤ ᠦᠢᠯᠡᠳᠪᠦᠷᠢ ᠵᠢᠨ ᠱᠢᠨ᠎ᠡ ᠮᠠᠲ᠋ᠧᠷᠢᠶᠠᠯ ᠢ᠋ ᠳᠠᠭᠠᠯᠳᠤᠭᠤᠯᠤᠨ ᠦᠢᠯᠡᠳᠪᠦᠷᠢᠯᠡᠵᠦ᠍᠂ 《ᠮᠧᠲ᠋ᠢᠯ ᠠᠯᠺᠣᠣᠯ — ᠠᠯᠺᠧᠨ — ᠳᠡᠭᠡᠳᠦ ᠲᠠᠰ ᠤ᠋ᠨ ᠱᠢᠨ᠎ᠡ ᠮᠠᠲ᠋ᠧᠷᠢᠶᠠᠯ》 ᠤ᠋ᠨ ᠪᠦᠷᠢᠨ ᠪᠦᠲᠦᠨ ᠠᠵᠤ ᠦᠢᠯᠡᠰ ᠤ᠋ᠨ ᠬᠡᠯᠬᠢᠶ᠎ᠡ ᠵᠢ ᠪᠦᠲᠦᠮᠵᠢᠲᠡᠢ ᠨᠡᠪᠲᠡᠷᠡᠭᠦᠯᠬᠦ ᠪᠣᠯᠤᠨ᠎ᠠ᠃ ᠥᠪᠥᠷ ᠮᠣᠩᠭᠣᠯ ᠤ᠋ᠨ ᠷᠦᠩ ᠱᠢᠨ ᠬᠢᠮᠢ ᠵᠢᠨ ᠠᠵᠤ ᠦᠢᠯᠡᠳᠪᠦᠷᠢ ᠵᠢᠨ ᠬᠢᠵᠠᠭᠠᠷᠲᠤ ᠺᠣᠮᠫᠠᠨᠢ ᠵᠢᠨ ᠠᠯᠺᠸᠨ ᠤ᠋ ᠪᠡᠯᠡᠳᠭᠡᠯ ᠠᠵᠢᠯ ᠤ᠋ᠨ ᠭᠠᠵᠠᠷ ᠤ᠋ᠨ ᠢᠨᠵᠧᠨᠧᠷᠢᠩ ᠤ᠋ᠨ ᠬᠡᠯᠲᠡᠰ ᠤ᠋ᠨ ᠳᠡᠳ᠋ ᠳᠠᠷᠤᠭ᠎ᠠ ᠯᠢᠦᠢ ᠴᠠᠩ ᠴᠤᠤ᠄《ᠳᠤᠰ ᠳᠦᠷᠦᠯ ᠵᠦᠢᠯ ᠠᠰᠢᠭᠯᠠᠯᠳᠠ ᠳ᠋ᠤ ᠤᠷᠤᠭᠰᠠᠨ ᠤ᠋ ᠳᠠᠷᠠᠭ᠎ᠠ᠂ ᠵᠢᠱ᠌ᠢᠯᠳᠡ ᠪᠡᠷ ᠵᠢᠯ ᠤ᠋ᠨ ᠦᠢᠯᠡᠳᠪᠦᠷᠢᠯᠠᠯ ᠤ᠋ᠨ ᠦᠷᠳᠡᠭ ᠨᠢ 66.7 ᠳ᠋ᠦᠩᠰᠢᠭᠤᠷ ᠳᠦᠬᠦᠷᠢᠭ ᠲᠤ᠌ ᠬᠦᠷᠦᠨ᠎ᠡ》 ᠭᠡᠵᠦ ᠰᠤᠷᠪᠤᠯᠵᠢᠯᠠᠭᠴᠢᠳᠤ ᠳᠠᠨᠢᠯᠴᠠᠭᠤᠯᠪᠠ᠃