ᠲᠦᠩᠯᠢᠶᠣᠣ ᠬᠣᠲᠠ ᠪᠥᠬᠥ ᠬᠡᠯᠬᠢᠶᠡᠨ᠎ᠦ ᠪᠠᠲᠤᠯᠠᠭ᠎ᠠ᠎ᠪᠡᠷ ᠬᠠᠪᠤᠷ᠎ᠤᠨ ᠲᠠᠷᠢᠶᠠᠯᠠᠭ᠎ᠠ᠎ᠶᠢᠨ ᠪᠡᠯᠡᠳᠬᠡᠯ ᠠᠵᠢᠯ᠎ᠢ ᠡᠮᠬᠢ ᠵᠢᠷᠤᠮ᠎ᠲᠠᠢ ᠠᠬᠢᠭᠤᠯᠵᠦ ᠪᠤᠢ
2026-04-15 10:22:41
ᠵᠣᠬᠢᠶᠠᠭ᠍ᠴᠢ᠄
​ᠪᠦᠦ ᠴᠢᠩ ᠱᠧᠩ
ᠣᠩᠱᠢᠭ᠍ᠰᠠᠨ ᠣᠳᠠᠭ᠎ᠠ᠄
★★★☆☆

 4 ᠰᠠᠷ᠎ᠠ ᠵᠢᠨ ᠡᠬᠢ ᠪᠡᠷ  ᠰᠤᠷᠪᠤᠯᠵᠢᠯᠠᠭ᠍ᠴᠢ ᠲᠦᠩᠯᠢᠶᠣᠣ ᠬᠣᠲᠠ᠎ᠶᠢᠨ ᠲᠠᠷᠢᠶᠠᠯᠠᠩ ᠮᠠᠯ ᠠᠵᠤ ᠠᠬᠤᠢ᠎ᠶᠢᠨ ᠲᠣᠪᠴᠢᠶ᠎ᠠ᠎ᠠᠴᠠ ᠣᠢᠯᠠᠭᠠᠭᠰᠠᠨ ᠵᠢᠨᠷ᠂ ᠲᠣᠰ ᠬᠣᠲᠠ ᠤᠯᠤᠰ᠎ᠤᠨ ᠴᠢᠬᠤᠯᠠ ᠲᠠᠸᠠᠷ᠎ᠤᠨ ᠠᠮᠤ ᠪᠤᠳᠠᠭᠠᠨ᠎ᠤ ᠦᠢᠯᠡᠳᠪᠦᠷᠢᠯᠡᠯ᠎ᠦᠨ ᠰᠠᠭᠤᠷᠢᠨ ᠎ᠢ ᠪᠠᠢᠭᠤᠯᠥᠨ᠂ ᠪᠥᠬᠥ ᠤᠯᠤᠰ᠎ᠤᠨ ᠤᠮᠠᠷᠠᠲᠤ᠎ᠶᠢᠨ ᠮᠢᠩᠭᠠᠨ ᠲᠦᠮᠡᠨ ᠮᠦ᠍ ᠡᠷᠳᠡᠨᠢ ᠰᠢᠰᠢ᠎ᠶᠢᠨ ᠬᠠᠪᠤᠷ᠎ᠤᠨ ᠤᠯᠠᠷᠢᠯ᠎ᠤᠨ 《ᠲᠣᠨ᠎ᠤ ᠠᠮᠤ᠎ᠶᠢᠨ ᠲᠠᠷᠢᠶ᠎ᠠ》 ᠵᠢᠨ ᠵᠢᠱ᠌ᠢᠶ᠎ᠡ ᠦᠵᠡᠭᠦᠯᠬᠦ ᠣᠷᠣᠨ᠎ᠢ ᠪᠠᠶ᠋ᠢᠭᠤᠯᠬᠤ ᠪᠠᠢᠯᠳᠤᠬᠤ ᠪᠣᠳᠣᠯᠭ᠎ᠠ᠎ᠶᠢᠨ ᠪᠠᠢᠷᠢ ᠲᠣᠭᠲᠠᠭᠠᠯᠲᠠ ᠪᠡᠷ 2026 ᠣᠨ᠎ᠤ ᠪᠥᠬᠥ ᠬᠣᠲᠠ᠎ᠶᠢᠨ ᠠᠮᠤ ᠪᠤᠳᠠᠭᠠᠨ᠎ᠤ ᠦᠢᠯᠡᠳᠪᠦᠷᠢᠯᠡᠯ᠂ ᠶᠡᠬᠡ ᠬᠡᠪᠴᠢᠶ᠎ᠡ ᠪᠡᠷ ᠮᠦ᠍ ᠨᠢᠭᠡᠴᠢ᠎ᠶᠢᠨ ᠤᠨᠠᠯᠲᠠ᠎ᠶᠢ ᠳᠡᠭᠡᠭᠰᠢᠯᠡᠭᠦᠯᠬᠦ ᠵᠢᠴᠢ ᠬᠠᠪᠤᠷ᠎ᠤᠨ ᠲᠠᠷᠢᠶᠠᠯᠠᠭ᠎ᠠ᠎ᠶᠢᠨ ᠪᠡᠯᠡᠳᠬᠡᠯ ᠠᠵᠢᠯ᠎ᠢ ᠯᠠᠪᠳᠠᠭᠤᠨ ᠪᠠᠲᠤᠲᠠᠢ ᠠᠬᠢᠭᠤᠯᠵᠤ᠂ ᠠᠮᠤ ᠪᠤᠳᠠᠭᠠᠨ᠎ᠤ ᠡᠯᠪᠡᠭ ᠬᠤᠷᠢᠶᠠᠯᠲᠠ ᠣᠯᠬᠤ᠎ᠳᠤ ᠪᠠᠲᠤ ᠪᠡᠬᠢ ᠰᠠᠭᠤᠷᠢ ᠲᠠᠯᠪᠢᠨ ᠥᠭᠴᠥ ᠪᠤᠢ᠃

ᠲᠤᠰ ᠬᠤᠲᠠ ᠮᠦ᠍ ᠨᠢᠭᠡᠴᠢ᠎ᠶᠢᠨ ᠤᠨᠠᠯᠲᠠ᠎ᠶᠢ ᠳᠡᠭᠡᠭᠰᠢᠯᠡᠭᠦᠯᠬᠦ ᠭᠣᠣᠯ ᠬᠠᠷᠠᠯᠲᠠ᠎ᠲᠠᠢ ᠨᠢᠭ᠍ᠲᠠ ᠤᠶᠠᠯᠳᠤᠭᠤᠯᠵᠤ ᠪᠠᠢᠭᠠᠳ 《ᠲᠦᠩᠯᠢᠶᠣᠣ ᠬᠣᠲᠠ᠎ᠶᠢᠨ 2026 ᠣᠨ᠎ᠤ ᠮᠢᠩᠭᠠᠨ ᠲᠦᠮᠡᠨ ᠮᠦ᠍᠎ᠶᠢᠨ ᠤᠰᠤ ᠠᠷᠪᠢᠯᠠᠬᠤ ᠥᠨᠳᠥᠷ ᠤᠨᠠᠯᠲᠠᠳᠥ ᠥᠨᠳᠥᠷ ᠦᠷ᠎ᠡ ᠠᠰᠢᠭ᠋᠎ᠲᠠᠢ ᠣᠲᠣ᠌ ᠦᠶ᠎ᠡ᠎ᠶᠢᠨ ᠲᠠᠷᠢᠶᠠᠯᠠᠩ᠎ᠤᠨ ᠵᠢᠱ᠌ᠢᠶ᠎ᠡ ᠦᠵᠡᠭᠦᠯᠬᠦ ᠣᠷᠣᠨ᠎ᠤ ᠪᠦᠲᠦᠭᠡᠨ ᠪᠠᠢᠭᠤᠯᠤᠯᠲᠠ᠎ᠶᠢᠨ ᠠᠵᠢᠯ᠎ᠤᠨ ᠲᠥᠰᠥᠯ》 ᠢ᠋ ᠲᠣᠭᠲᠠᠭᠠᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠂ ᠨᠡᠢᠭᠡᠮᠴᠢᠯᠡᠭᠰᠡᠨ ᠦᠢᠯᠡᠴᠢᠯᠡᠭᠡ᠂ ᠮᠦ᠍ ᠨᠢᠭᠡᠴᠢ᠎ᠶᠢᠨ ᠤᠨᠠᠯᠲᠠ᠎ᠶᠢ ᠳᠡᠭᠡᠭᠰᠢᠯᠡᠭᠦᠯᠬᠦ 3 ᠬᠤᠪᠢᠶᠠᠷᠢ ᠲᠥᠰᠥᠯ᠎ᠢ ᠢᠵᠢ ᠪᠦᠷᠢᠳᠦᠭᠦᠯᠦᠨ ᠨᠡᠢᠲᠡᠯᠡᠵᠦ᠂ 8 ᠮᠡᠷᠭᠡᠵᠢᠯ᠎ᠦᠨ ᠦᠢᠯᠡᠴᠢᠯᠡᠭᠡᠨ᠎ᠦ ᠳᠤᠭᠤᠢᠯᠠᠩ ᠪᠠᠢᠭᠤᠯᠥᠨ᠂ ᠡᠷᠳᠡᠨᠢ ᠰᠢᠰᠢ᠎ᠶᠢᠨ ᠮᠦ᠍ ᠨᠢᠭᠡᠴᠢ᠎ᠶᠢᠨ ᠤᠨᠠᠯᠲᠠ᠎ᠶᠢ ᠳᠡᠭᠡᠭᠰᠢᠯᠡᠭᠦᠯᠬᠦ ᠠᠵᠢᠯᠯᠠᠭ᠎ᠠ᠎ᠶᠢ ᠪᠥᠬᠥ ᠬᠣᠲᠠ᠎ᠪᠠᠷ ᠠᠬᠢᠭᠤᠯᠵᠤ᠂ ᠠᠮᠤ ᠪᠤᠳᠠᠭᠠᠨ᠎ᠤ ᠦᠢᠯᠡᠳᠪᠦᠷᠢᠯᠡᠯ ᠪᠠ ᠬᠠᠪᠤᠷ᠎ᠤᠨ ᠲᠠᠷᠢᠶᠠᠯᠠᠭ᠎ᠠ᠎ᠶᠢᠨ ᠪᠡᠯᠡᠳᠬᠡᠯ ᠠᠵᠢᠯ᠎ᠳᠤ ᠬᠦᠴᠦᠲᠡᠢ ᠪᠠᠲᠤᠯᠠᠭ᠎ᠠ ᠬᠠᠩᠭᠠᠵᠦ ᠪᠠᠢᠨ᠎ᠠ᠃

ᠮᠡᠷᠭᠡᠵᠢᠯ᠎ᠦᠨ ᠪᠣᠯᠪᠠᠰᠤᠷᠠᠯ᠎ᠢ ᠬᠥᠴᠥᠲᠠᠢ ᠠᠳᠬᠤᠵᠤ᠂ ᠪᠣᠳᠠᠲᠠᠢ ᠬᠡᠷᠡᠭᠯᠡᠭᠡᠨ᠎ᠤ ᠴᠢᠳᠠᠪᠤᠷᠢ᠎ᠶᠢ ᠳᠡᠭᠡᠭᠰᠢᠯᠡᠭᠦᠯᠵᠤ ᠪᠤᠢ᠃ ᠵᠠᠭᠤᠨ ᠮᠸ᠋᠎ᠡᠴᠡ ᠳᠡᠭᠡᠭᠰᠢᠬᠢ ᠲᠠᠷᠢᠮᠠᠯ᠎ᠤᠨ ᠲᠣᠮᠣ᠌ ᠡᠷᠦᠬᠡ᠎ᠪᠡᠷ ᠭᠣᠣᠯᠳᠠᠯᠭ᠎ᠠ ᠳᠠᠢ ᠪᠤᠯᠪᠠᠰᠤᠷᠠᠯ ᠬᠥᠷᠳᠡᠭᠡᠬᠥ ᠡᠲᠡᠭᠡᠳ ᠪᠣᠯᠭᠠᠵᠤ᠂ ᠬᠠᠭᠠᠯᠪᠥᠷᠢᠯᠡᠬᠤ᠂ ᠳᠠᠷᠢᠬᠤ᠂ ᠬᠠᠮᠢᠶᠠᠷᠬᠤ᠂ ᠬᠤᠷᠢᠶᠠᠬᠤ ᠡᠯ᠎ᠡ ᠵᠠᠩᠭᠢᠯᠠᠭ᠎ᠠ᠎ᠶᠢᠨ ᠭᠣᠭᠴᠣᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠥᠨ᠂ ᠲᠠᠷᠢᠮᠠᠯ᠎ᠤᠨ ᠭᠣᠣᠯ ᠴᠣᠭᠴᠠ᠎ᠶᠢᠨ ᠮᠡᠷᠭᠡᠵᠢᠯ᠎ᠦᠨ ᠲᠥᠪᠰᠢᠨ᠎ᠢ ᠬᠦᠴᠦᠯᠡᠨ ᠳᠡᠭᠡᠭᠰᠢᠯᠡᠭᠦᠯᠵᠦ᠂ ᠮᠡᠷᠭᠡᠵᠢᠯ᠎ᠦᠨ ᠪᠣᠳᠠᠲᠠᠢᠵᠢᠭ᠍ᠰᠠᠨ ᠨᠣᠷᠮ᠎ᠠ᠎ᠶᠢ ᠳᠡᠭᠡᠭᠰᠢᠯᠡᠭᠥᠯᠬᠥ ᠵᠢ ᠦᠨᠡᠨ ᠎ᠬᠦ ᠠᠳᠬᠤᠪᠠ᠃ ᠣᠲᠣ᠌ ᠪᠣᠯᠲᠠᠯ᠎ᠠ ᠪᠥᠬᠥ ᠬᠣᠲᠠ ᠵᠢᠨ ᠬᠢᠨ ᠨᠡᠶ᠋ᠢᠲᠡ ᠮᠦ᠍ ᠨᠢᠭᠡᠴᠢ᠎ᠶᠢᠨ ᠤᠨᠠᠯᠲᠠ᠎ᠶᠢ ᠳᠡᠭᠡᠭᠰᠢᠯᠡᠭᠦᠯᠬᠦ ᠮᠡᠷᠭᠡᠵᠢᠯ᠎ᠦᠨ ᠪᠣᠯᠪᠠᠰᠤᠷᠠᠯ᠎ᠢ 100 ᠭᠠᠷᠤᠢ ᠲᠠᠯᠠᠪᠠᠢ ᠤᠳᠠᠭ᠎ᠠ ᠡᠷᠭᠢᠯᠡᠵᠦ᠂ ᠮᠡᠷᠭᠡᠵᠢᠯᠲᠡᠨ᠂ ᠡᠵᠡᠩᠨᠡᠯᠲᠡ᠎ᠶᠢᠨ ᠪᠡᠶᠡᠴᠢ ᠴᠣᠭᠴᠠ ᠵᠢᠴᠢ ᠲᠠᠷᠢᠶᠠᠴᠢᠨ ᠡᠷᠦᠬᠡ᠎ᠶᠢ 1.2 ᠲᠦᠮᠡᠨ ᠬᠥᠮᠥᠨ ᠤᠳᠠᠭ᠎ᠠ ᠪᠣᠯᠪᠠᠰᠤᠷᠠᠯ ᠬᠥᠷᠳᠡᠭᠡᠪᠡ;ᠵᠢᠯ᠎ᠦᠨ ᠡᠬᠢᠨ᠎ᠡᠴᠡ ᠨᠠᠭᠠᠰᠢ᠂ ᠲᠠᠷᠢᠶᠠᠯᠠᠩ᠎ᠤᠨ ᠶᠠᠪᠤᠳᠠᠯ᠎ᠤᠨ ᠦᠢᠯᠡᠴᠢᠯᠡᠭᠡᠨ᠎ᠦ ᠬᠥᠳᠡᠯᠦᠯ ᠪᠠᠢᠳᠠᠯ᠎ᠢ 4 ᠬᠤᠭᠤᠴᠠᠭ᠎ᠠ ᠨᠠᠢᠷᠠᠭᠤᠯᠤᠨ ᠲᠠᠷᠬᠠᠭᠠᠵᠤ᠂《ᠭᠤᠷᠪᠠᠨ ᠮᠢᠨᠦ᠋ᠲ᠎ᠦᠨ ᠬᠥᠳᠡᠭᠡ ᠲᠣᠰᠬᠣᠨ᠎ᠤ ᠲᠧᠯᠸᠢᠰ ᠬᠣᠷᠢᠶ᠎ᠠ》 ᠵᠢ 38 ᠬᠤᠭᠤᠴᠠᠭ᠎ᠠ ᠰᠢᠩᠭᠡᠬᠡᠨ ᠦᠢᠯᠡᠳᠴᠦ᠂ ᠪᠣᠯᠪᠠᠰᠤᠷᠠᠯ᠎ᠤᠨ ᠠᠩᠭᠢ ᠵᠢᠨ ᠲᠤᠰᠬᠠᠢ ᠮᠡᠷᠭᠡᠵᠢᠯᠲᠡᠳ᠎ᠦᠨ ᠬᠢᠴᠢᠶᠡᠯ᠎ᠢ 3 ᠬᠤᠭᠤᠴᠠᠭ᠎ᠠ ᠰᠢᠭᠤᠳ ᠨᠡᠪᠲᠡᠷᠡᠭᠦᠯᠵᠠᠢ᠃ ᠳᠤᠮᠳᠠᠳᠤ ᠤᠯᠤᠰ᠎ᠤᠨ ᠲᠠᠷᠢᠶᠠᠯᠠᠩ᠎ᠤᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠰᠤᠳᠤᠯᠭᠠᠨ᠎ᠤ ᠭᠠᠵᠠᠷ᠎ᠤᠨ ᠯᠢ ᠱᠣᠣ ᠺᠦᠨ ᠰᠤᠳᠤᠯᠤᠭ᠍ᠴᠢ᠎ᠶᠢᠨ ᠪᠦᠯᠬᠦᠮ᠎ᠲᠠᠢ ᠦᠷᠭᠦᠯᠵᠢᠯᠡᠨ ᠲᠣᠭᠲᠠᠭᠤᠨ᠎ᠢᠶᠠᠷ ᠬᠠᠮᠲᠤᠷᠠᠨ ᠠᠵᠢᠯᠯᠠᠬᠤ ᠵᠢᠨ ᠬᠠᠮᠳᠤ᠂ ᠭᠢᠷᠢᠨ᠎ᠦ ᠲᠠᠷᠢᠶᠠᠯᠠᠩ᠎ᠤᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠸᠠᠩ ᠯᠢ ᠴᠦᠨ ᠠᠺᠠᠳᠧᠮᠢᠴᠢ᠎ᠶᠢᠨ ᠪᠦᠯᠬᠦᠮ᠎ᠲᠠᠢ ᠬᠠᠮᠲᠤᠷᠠᠯᠴᠠᠭᠠᠨ᠎ᠤ  ᠬᠡᠯᠡᠯᠴᠡᠭᠡᠷ  ᠲᠣᠭᠲᠠᠵᠤ᠂ ᠥᠪᠥᠷ ᠮᠣᠩᠭᠣᠯ᠎ᠤᠨ ᠦᠨᠳᠦᠰᠦᠲᠡᠨ᠎ᠦ ᠶᠡᠬᠡ ᠰᠤᠷᠭᠠᠭᠤᠯᠢ᠂ ᠲᠦᠩᠯᠢᠶᠣᠣ᠎ᠶᠢᠨ ᠲᠠᠷᠢᠶᠠᠯᠠᠩ᠎ᠤᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠲᠠᠢ ᠬᠣᠯᠪᠤᠭᠠᠯᠠᠨ 80 ᠭᠠᠷᠤᠢ ᠬᠥᠮᠥᠨ᠎ᠦ ᠮᠡᠷᠭᠡᠵᠢᠯ᠎ᠦᠨ ᠦᠢᠯᠡᠴᠢᠯᠡᠭᠡᠨ᠎ᠦ ᠪᠦᠯᠬᠦᠮ᠎ᠢ ᠵᠣᠬᠢᠶᠠᠨ ᠪᠠᠢᠭᠤᠯᠵᠤ᠂ ᠡᠯ᠎ᠡ ᠭᠡᠰᠢᠭᠥᠳ᠎ᠤᠨ ᠳᠠᠭᠠᠭᠠᠴᠢᠯᠠᠨ ᠬᠣᠯᠪᠣᠭᠠᠯᠠᠬᠤ ᠡᠭᠦᠷᠭᠡ᠎ᠶᠢ ᠲᠣᠳᠣᠷᠬᠠᠢᠯᠠᠨ᠂ ᠲᠠᠷᠢᠶᠠᠯᠠᠩ᠎ᠤᠨ  ᠮᠡᠷᠭᠡᠵᠢᠯ᠎ᠢ  ᠨᠠᠢᠳᠠᠪᠤᠷᠢᠵᠢᠭᠤᠯᠤᠨ ᠦᠷ᠎ᠡ  ᠪᠦᠲᠦᠮᠵᠢ ᠭᠠᠷᠭᠠᠬᠤ᠎ᠳᠤ ᠪᠠᠲᠤ ᠪᠡᠬᠢ ᠴᠢᠳᠠᠪᠤᠷᠢᠲᠠᠨ ᠪᠠ ᠮᠡᠷᠭᠡᠵᠢᠯ᠎ᠦᠨ ᠪᠠᠲᠤᠯᠠᠭ᠎ᠠ ᠬᠠᠩᠭᠠᠪᠠ᠃

ᠮᠡᠷᠭᠡᠵᠢᠯ᠎ᠦᠨ ᠪᠣᠯᠪᠠᠰᠤᠷᠠᠯ᠎ᠢ ᠰᠠᠢᠲᠤᠷ ᠠᠳᠬᠤᠬᠤ᠎ᠶᠢᠨ ᠬᠠᠮᠲᠤ ᠲᠦᠩᠯᠢᠶᠣᠣ ᠬᠣᠲᠠ ᠪᠠᠰᠠ ᠲᠠᠷᠢᠶᠠᠯᠠᠩ᠎ᠤᠨ ᠦᠢᠯᠡᠳᠪᠦᠷᠢᠯᠡᠯ᠎ᠦᠨ ᠬᠡᠷᠡᠭᠰᠡᠯ᠎ᠦᠨ ᠬᠠᠩᠭᠠᠯᠭ᠎ᠠ᠎ᠶᠢ ᠪᠥᠬᠥ ᠬᠥᠴᠥᠨ ᠵᠢᠨᠷ ᠪᠠᠳᠤᠯᠠᠵᠤ ᠪᠤᠢ᠃ ᠪᠥᠬᠥ ᠬᠣᠲᠠ᠎ᠶᠢᠨ ᠬᠠᠪᠤᠷ᠎ᠤᠨ ᠲᠠᠷᠢᠶᠠᠯᠠᠭ᠎ᠠ᠎ᠳᠤ ᠵᠢᠱ᠌ᠢᠯᠲᠡ᠎ᠪᠡᠷ 38 ᠲᠦᠮᠡᠨ ᠲᠣᠨ ᠬᠢᠮᠢ᠎ᠶᠢᠨ ᠪᠣᠷᠳᠣᠭᠤᠷ ᠂ 0.15 ᠲᠦᠮᠡᠨ ᠲᠣᠨ ᠲᠠᠷᠢᠶᠠᠨ ᠡᠮ᠂ 4.99 ᠲᠦᠮᠡᠨ ᠲᠣᠨ ᠲᠠᠷᠢᠶᠠᠨ ᠦᠷ᠎ᠡ ᠬᠡᠷᠡᠭᠰᠡᠬᠦ ᠪᠣᠯᠣᠨ᠎ᠠ᠂ ᠣᠳᠣᠬᠠᠨ᠎ᠳᠤ ᠲᠠᠷᠢᠶᠠᠯᠠᠩ᠎ᠤᠨ ᠦᠢᠯᠡᠳᠪᠦᠷᠢᠯᠡᠯ᠎ᠦᠨ ᠬᠡᠷᠡᠭᠰᠡᠯ᠎ᠦᠨ ᠬᠠᠩᠭᠠᠯᠭ᠎ᠠ ᠭᠦᠢᠴᠡᠳ ᠪᠠᠢᠵᠤ᠂ ᠡᠷᠥᠭᠡ ᠳ᠋ᠤ ᠤᠷᠤᠬᠰᠠᠨ ᠨᠣᠷᠮ᠎ᠠ 80% ᠣᠷᠴᠢᠮ᠎ᠳᠤ ᠭᠦᠷᠴᠠᠢ᠃ ᠡᠷᠳᠡᠨᠢ ᠰᠢᠰᠢ᠂ ᠰᠢᠷ᠎ᠠ ᠪᠤᠷᠴᠠᠭ᠎ᠤᠨ ᠦᠷ᠎ᠡ ᠵᠢᠴᠢ ᠭᠣᠣᠯ ᠪᠣᠯᠬᠤ ᠬᠢᠮᠢ᠎ᠶᠢᠨ ᠪᠣᠷᠳᠣᠭᠤᠷ᠎ᠤᠨ ᠦᠨ᠎ᠡ ᠪᠠᠭ᠎ᠠ ᠬᠡᠮᠵᠢᠶ᠎ᠡ᠎ᠪᠡᠷ ᠥᠰᠴᠥ᠂ ᠳᠤᠰᠤᠯᠭᠠᠨ ᠤᠰᠤᠯᠠᠬᠤ ᠪᠦᠰᠡ᠂ ᠲᠠᠷᠢᠶᠠᠨ ᠡᠮ᠎ᠦᠨ ᠦᠨ᠎ᠡ ᠦᠨᠳᠦᠰᠦᠨ᠎ᠳᠡᠭᠡᠨ ᠲᠤᠬᠳᠠᠭᠤᠨ ᠪᠠᠢᠨ᠎ᠠ᠃

ᠪᠥᠬᠥ ᠬᠣᠲᠠ ᠵᠢᠨ ᠬᠢᠨ 19.35 ᠲᠦᠮᠡᠨ ᠲᠠᠷᠢᠶᠠᠯᠠᠩ᠎ᠤᠨ ᠮᠠᠰᠢᠨ ᠪᠠᠭᠠᠵᠢ᠎ᠶᠢ ᠪᠠᠢᠴᠠᠭᠠᠨ ᠰᠡᠯᠪᠢᠨ ᠵᠠᠰᠠᠬᠤ ᠴᠢᠬᠤᠯᠠᠲᠠᠢ ᠪᠠᠢᠵᠤ᠂ ᠥᠨᠥ ᠨᠢᠭᠡᠨᠲᠡ 12.82 ᠲᠦᠮᠡ᠎ᠶᠢ ᠪᠡᠶᠡᠯᠡᠭᠦᠯᠥᠨ᠂ ᠪᠠᠢᠴᠠᠭᠠᠵᠤ ᠰᠡᠯᠪᠢᠨ ᠵᠠᠰᠠᠬᠰᠠᠨ ᠨᠣᠷᠮ᠎ᠠ 66.26% ᠳ᠋ᠤ ᠬᠥᠷᠴᠠᠢ; ᠲᠠᠷᠢᠶᠠᠯᠠᠩ᠎ᠤᠨ ᠮᠠᠰᠢᠨ᠎ᠤ ᠵᠢᠯᠥᠭᠤᠴᠢ ᠵᠢᠴᠢ ᠰᠡᠯᠪᠢᠨ ᠵᠠᠰᠠᠬᠤ ᠠᠵᠢᠯᠲᠠᠨ᠎ᠢ 3590 ᠬᠥᠮᠥᠨ ᠤᠳᠠᠭ᠎ᠠ ᠪᠣᠯᠪᠠᠰᠤᠷᠠᠯ ᠬᠥᠷᠳᠡᠭᠡᠪᠡ᠃ ᠬᠠᠪᠤᠷ᠎ᠤᠨ ᠲᠠᠷᠢᠶᠠᠯᠠᠭ᠎ᠠ ᠳ᠋ᠤ ᠤᠷᠤᠯᠴᠠᠬᠤ ᠲᠷᠠᠺᠲ᠋ᠣᠷ 19.05 ᠲᠦᠮᠡ᠂ ᠢᠵᠢ ᠪᠦᠷᠢᠳᠦᠭᠦᠯᠥᠭᠰᠡᠨ ᠮᠠᠰᠢᠨ ᠪᠠᠭᠠᠵᠢ 22.99 ᠲᠦᠮᠡ᠂ ᠤᠰᠤᠯᠠᠯᠲᠠ ᠵᠢᠨ ᠮᠠᠰᠢᠨ ᠪᠠᠭᠠᠵᠢ 6.83 ᠲᠦᠮᠡ᠂ 762 ᠲᠠᠷᠢᠶᠠᠯᠠᠩ᠎ᠤᠨ ᠮᠠᠰᠢᠨ᠎ᠤ ᠦᠢᠯᠡᠴᠢᠯᠡᠭᠡᠨ᠎ᠦ ᠵᠣᠬᠢᠶᠠᠨ ᠪᠠᠢᠭᠤᠯᠤᠯᠲᠠ ᠪᠠ 15.94 ᠲᠦᠮᠨᠨ ᠮᠡᠷᠭᠡᠵᠢᠯ᠎ᠦᠨ ᠠᠵᠢᠯᠲᠠᠨ ᠨᠢᠭᠡᠨᠳᠡ ᠠᠵᠢᠯᠯᠠᠬᠤ ᠳ᠋ᠤ ᠪᠡᠯᠡᠭᠡᠨ ᠪᠤᠯᠵᠠᠢ; ᠪᠥᠬᠥ ᠬᠤᠲᠠ ᠳ᠋ᠤ 6926 ᠳᠣᠬᠢᠭᠤᠷ ᠲᠤᠯᠤᠭᠠᠨ ᠣᠲᠣ᠌ ᠵᠠᠮᠴᠢᠯᠠᠬᠤ ᠰᠢᠰᠲᠧᠮ ᠲᠤᠬᠢᠷᠠᠭᠤᠯᠤᠬᠰᠠᠨ ᠦᠷ᠎ᠡ ᠰᠠᠴᠤᠬᠤ ᠮᠠᠰᠢᠨ᠂ 6.69 ᠲᠦᠮᠡᠨ ᠨᠢᠭ᠍ᠲᠠ ᠳᠠᠷᠢᠬᠤ ᠳ᠋ᠤ ᠲᠤᠬᠢᠷᠠᠬᠤ ᠦᠷ᠎ᠡ ᠰᠠᠴᠤᠬᠤ ᠮᠠᠰᠢᠨ ᠪᠠᠢᠵᠤ᠂ ᠡᠲᠡᠭᠡᠷ ᠲᠡᠷᠢᠭᠦᠨ᠎ᠦ ᠦᠷ᠎ᠡ ᠰᠠᠴᠤᠬᠤ ᠮᠠᠰᠢᠨ ᠨᠢ ᠨᠠᠷᠢᠯᠢᠭ᠋ ᠣᠨᠣᠴᠠᠲᠠᠢ᠎ᠪᠠᠷ ᠦᠷ᠎ᠡ ᠰᠠᠴᠤᠬᠤ᠎ᠶᠢ ᠪᠡᠶᠡᠯᠡᠭᠦᠯᠥᠨ᠂ ᠦᠷ᠎ᠡ ᠰᠠᠴᠤᠬᠤ ᠦᠷ᠎ᠡ ᠪᠦᠲᠦᠮᠵᠢ ᠪᠠ ᠶᠠᠰᠤ ᠴᠢᠨᠠᠷ᠎ᠢ ᠳᠡᠭᠡᠭᠰᠢᠯᠡᠭᠦᠯᠵᠦ᠂ ᠨᠢᠭ᠍ᠲᠠ ᠳᠠᠷᠢᠵᠤ ᠨᠠᠷᠢᠯᠢᠭ᠋ ᠣᠨᠣᠴᠠᠲᠠᠢ᠎ᠪᠠᠷ ᠦᠷ᠎ᠡ ᠰᠠᠴᠤᠬᠤ ᠪᠠ ᠥᠨᠳᠥᠷ ᠪᠦᠲᠦᠮᠵᠢᠲᠡᠶ᠎ᠪᠡᠷ ᠠᠵᠢᠯᠯᠠᠬᠤ ᠬᠡᠷᠡᠭᠴᠡᠭᠡ᠎ᠶᠢ ᠪᠦᠷᠢᠮᠦᠰᠦᠨ ᠬᠠᠩᠭᠠᠵᠤ ᠴᠢᠳᠠᠨ᠎ᠠ᠃

ᠭᠠᠮᠰᠢᠭ᠋᠎ᠢ ᠰᠡᠷᠭᠡᠢᠯᠡᠬᠦ ᠭᠠᠮᠰᠢᠭ᠋᠎ᠢ ᠪᠠᠭᠠᠰᠬᠠᠬᠤ ᠰᠡᠷᠭᠡᠢᠯᠡᠯᠲᠡ᠎ᠶᠢᠨ ᠱᠤᠭᠤᠮ᠎ᠢ ᠪᠠᠲᠤ ᠪᠡᠬᠢ ᠪᠠᠢᠭᠤᠯᠪᠠ᠃ 3 ᠰᠠᠷ᠎ᠠ᠎ᠶᠢᠨ 15᠎ᠪ ᠡᠳᠦᠷ ᠡᠴᠨ ᠪᠥᠬᠥ ᠬᠣᠲᠠ᠎ᠶᠢᠨ ᠡᠪᠡᠳᠴᠢᠨ ᠬᠣᠷᠣᠬᠠᠢ᠎ᠶᠢᠨ ᠬᠥᠨᠥᠭᠡᠯ᠎ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ᠎ᠢ ᠡᠬᠢᠯᠡᠭᠦᠯᠵᠦ᠂ 34 ᠬᠢᠨᠠᠨ ᠬᠡᠮᠵᠢᠬᠦ ᠴᠡᠭ᠎ᠤᠨ ᠲᠥᠬᠦᠭᠡᠷᠦᠮᠵᠢ᠎ᠶᠢ ᠪᠠᠢᠴᠠᠭᠠᠨ ᠵᠠᠰᠠᠵᠤ ᠳᠠᠭᠤᠰᠬᠠᠨ᠂ ᠲᠠᠷᠢᠶᠠᠯᠠᠩ᠎ᠳᠤ ᠬᠣᠯᠪᠣᠭᠳᠠᠬᠤ ᠬᠣᠰᠢᠭᠤ ᠰᠢᠶᠠᠨ᠎ᠤ ᠤᠷᠭᠤᠮᠠᠯ᠎ᠤᠨ ᠬᠠᠮᠠᠭᠠᠯᠠᠯᠲᠠ᠎ᠶᠢᠨ ᠢᠨᠵᠧᠨᠧᠷᠢᠩ᠎ᠦᠨ ᠲᠥᠷᠥᠯ ᠵᠦᠢᠯ᠎ᠦᠨ ᠪᠦᠷᠬᠦᠴᠡ 100% ᠳ᠋ᠤ ᠬᠥᠷᠴᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号