ᠣᠳᠣᠬᠢᠴᠢᠯᠠᠭ᠍ᠰᠠᠨ ᠲᠥᠬᠦᠭᠡᠷᠦᠮᠵᠢᠲᠦ ᠲᠠᠷᠢᠶᠠᠯᠠᠩ᠎ᠤᠨ ᠣᠯᠠᠨ ᠡᠱᠢᠲᠦ ᠬᠦᠭᠵᠢᠯᠲᠡ
2026-04-15 16:18:30
ᠵᠣᠬᠢᠶᠠᠭ᠍ᠴᠢ᠄
ᠪᠢᠯᠢᠭᠪᠡᠭᠠᠳᠤᠷ
ᠣᠩᠱᠢᠭ᠍ᠰᠠᠨ ᠣᠳᠠᠭ᠎ᠠ᠄
★★★☆☆

ᠬᠠᠪᠤᠷ᠎ᠤᠨ ᠡᠬᠢᠨ᠎ᠦ ᠱᠢᠯᠢ᠎ᠶ᠋ᠢᠨ ᠭᠣᠣᠯ᠎ᠤᠨ ᠲᠠᠯ᠎ᠠ ᠨᠤᠲᠤᠭ᠎ᠲᠦ ᠬᠦᠢᠳᠡᠨ᠎ᠤ ᠡᠷᠴᠢ ᠬᠠᠷᠠᠬᠠᠨ ᠰᠤᠯᠠᠷᠠᠭ᠎ᠠ ᠦᠭᠡᠢ ᠠᠪᠠᠴᠦ ᠲᠠᠢᠪᠤᠰᠧ ᠬᠣᠱᠢᠭᠤᠨ ᠎ᠤ ᠣᠳᠣ ᠦᠶ᠎ᠡ᠎ᠶ᠋ᠢᠨ ᠲᠥᠬᠦᠭᠡᠷᠦᠮᠵᠢᠲᠦ ᠲᠠᠷᠢᠶᠠᠯᠠᠩ ᠎ᠤᠨ ᠠᠵᠤ ᠦᠢᠯᠡᠰ ᠎ᠦᠨ ᠬᠦᠷᠢᠶᠡᠯᠡᠩ᠎ᠦᠨ ᠲᠤᠯᠠᠭᠠᠨ ᠬᠦᠯᠡᠮᠵᠢᠨ᠎ᠳᠦ ᠵᠤᠨ᠎ᠤ ᠠᠮᠢᠰᠬᠤᠯ ᠪᠢᠯᠬᠠᠵᠦ᠂ ᠠᠮᠢᠯᠠᠯ ᠎ᠤᠨ ᠨᠤᠭᠤᠭᠠᠨ ᠦᠡᠭᠭᠡ ᠡᠰᠡᠨᠢᠯ ᠬᠦᠭᠵᠢᠯ᠎ᠢ ᠲᠠᠯᠠᠯᠤᠨ ᠪᠠᠢᠯ᠎ᠠ᠃ ᠤᠢᠷ᠎ᠠ᠎ᠳᠤ᠂ ᠰᠤᠷᠪᠤᠯᠵᠢᠯᠠᠭ᠍ᠴᠢ ᠪᠣᠣᠴᠠᠩ ᠪᠠᠯᠭᠠᠰᠤᠨ ᠎ᠤ ᠬᠡᠷᠡᠮᠲᠦ ᠲᠣᠰᠭᠣᠨ᠎ᠤ ᠠᠵᠤ ᠦᠶ᠋ᠯᠡᠰ᠎ᠦᠨ ᠬᠦᠷᠢᠶᠡᠯᠡᠩ᠎ᠳᠦ ᠬᠦᠷᠬᠦ᠌᠎ᠳᠦ ᠴᠤᠭᠤᠷ ᠨᠤᠭᠤᠭ᠎ᠠ᠂ ᠪᠥᠭᠡᠷᠡᠩᠬᠡᠶ ᠴᠠᠭᠠᠨ ᠨᠣᠭᠣᠭ᠎ᠠ᠂ ᠲᠥᠪᠡᠳ ᠬᠠᠰᠢ ᠪᠣᠯᠤᠨ ᠵᠢᠮᠢᠰ᠎ᠤᠨ ᠠᠮᠳᠠᠳᠤ ᠬᠠᠯᠠᠭᠤᠨ ᠨᠤᠭᠤᠭ᠎ᠠ ᠢᠳᠡᠷᠡᠭᠦᠨ ᠤᠷᠭᠤᠵᠦ᠂ ᠤᠳᠠᠯ ᠦᠭᠡᠢ ᠬᠤᠷᠢᠶᠠᠬᠤ ᠤᠢᠷᠠᠳᠤᠭᠰᠠᠨ᠎ᠢ ᠮᠡᠳᠡᠭᠡᠯᠡᠨ᠎ᠡ᠃ ᠬᠦᠯᠡᠮᠵᠢᠨ ᠲᠤᠳᠤᠷᠠᠬᠢ ᠲᠤᠮᠤ ᠳᠡᠯᠭᠡᠴᠡ ᠳᠡᠭᠡᠷ᠎ᠡ ᠳᠤᠯᠠᠭᠠᠨ᠎ᠤ ᠬᠡᠮᠵᠢᠶ᠎ᠡ᠂ ᠴᠢᠭᠢᠭ᠎ᠦᠨ ᠬᠡᠮᠵᠢᠶ᠎ᠡ ᠵᠡᠷᠭᠡ ᠲᠣᠭ᠎ᠠ ᠪᠠᠷᠢᠮᠲᠠ ᠢᠯᠡᠷᠡᠵᠦ᠍᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠵᠢᠡᠷ ᠵᠡᠪᠰᠡᠭᠯᠡᠭᠰᠡᠨ ᠣᠲᠣ ᠦᠶ᠎ᠡ᠎ᠶ᠋ᠢᠨ ᠲᠠᠷᠢᠶᠠᠯᠠᠩ ᠎ᠤᠨ ᠬᠦᠭᠵᠢᠯᠲᠡ ᠵᠢ ᠬᠠᠷᠠᠭᠤᠯᠤᠨ᠎ᠠ᠃

《ᠡᠨᠳᠡᠬᠢ ᠬᠡᠷᠡᠯ᠎ᠦᠨ ᠲᠤᠰᠤᠯᠲᠠ ᠪᠠ ᠡᠳᠦᠷ ᠰᠦᠨᠢ ᠵᠢᠨ ᠳᠤᠯᠠᠭᠠᠨ᠎ᠤ ᠵᠥᠷᠢᠶ᠎ᠡ ᠨᠢ ᠴᠢᠨᠠᠷ ᠰᠠᠢᠲᠠᠶ ᠪᠦᠭᠡᠳ ᠠᠮᠲᠠᠲᠠᠢ ᠢᠳᠡᠱᠢᠨ ᠨᠣᠭᠣᠭ᠎ᠠ ᠳᠠᠷᠢᠬᠤ ᠎ᠳᠤ ᠮᠠᠰᠢ ᠳᠣᠭᠢᠷᠠᠨ᠎ᠠ》 ᠭᠡᠵᠦ ᠲᠠᠢᠪᠤᠰᠧ ᠬᠣᠱᠢᠭᠤᠨ ᠎ᠤ ᠵᠢᠤᠢ ᠬᠣᠩ ᠲᠠᠷᠢᠶᠠᠯᠠᠩ᠎ᠤᠨ ᠦᠢᠯᠡᠰ᠎ᠤᠨ ᠺᠤᠮᠫᠠᠨᠢ ᠵᠢᠨ ᠵᠠᠬᠢᠷᠤᠯ ᠲᠠᠨᠢᠯᠴᠠᠭᠤᠯᠤᠯ᠎ᠠ᠃ ᠲᠠᠢᠪᠤᠰᠧ ᠬᠣᠱᠢᠭᠤᠨ᠎ᠳᠤ ᠲᠠᠷᠢᠭ᠍ᠰᠠᠨ ᠠᠳᠠᠯᠢ ᠡᠭᠦᠯᠳᠡᠷ᠎ᠦᠨ ᠲᠥᠪᠡᠳ ᠬᠠᠰᠢ᠂ ᠥᠷᠭᠡᠰᠦᠲᠦ ᠬᠡᠮᠬᠡ᠎ᠶ᠋ᠢᠨ ᠦᠨᠦᠷ ᠠᠮᠲᠠ ᠨᠢ ᠪᠤᠰᠤᠳ ᠭᠠᠵᠠᠷ᠎ᠤᠨ ᠬᠢ ᠡᠴᠡ ᠬᠣᠯᠠ ᠰᠠᠢᠨ ᠪᠠᠢᠳᠠᠭ ᠪᠤᠯᠬᠤᠷ ᠲᠤᠰ ᠺᠤᠮᠫᠠᠨᠢ ᠵᠢᠨ ᠪᠦᠲᠦᠭᠡᠭ᠌ᠳᠡᠬᠦᠨ ᠨᠢ ᠶᠡᠬᠡ ᠬᠤᠳᠠ ᠵᠢᠨ ᠳᠡᠭᠡᠳᠦ ᠲᠡᠰ᠎ᠤᠨ ᠵᠠᠬ᠎ᠠ ᠳᠡᠯᠭᠡᠭᠦᠷ᠎ᠲᠦ ᠮᠠᠰᠢ ᠪᠤᠷᠤᠯᠠᠭᠤᠯᠭ᠎ᠠ ᠰᠠᠢᠳᠠᠢ ᠪᠠᠢᠨ᠎ᠠ᠃

ᠲᠤᠰ ᠠᠵᠤ ᠦᠢᠯᠡᠰ᠎ᠦᠨ ᠬᠦᠷᠢᠶᠡᠯᠡᠩ ᠎ᠦᠨ ᠨᠢᠭᠡᠳᠦᠭᠡᠷ ᠬᠤᠭᠤᠴᠠᠭᠠᠨ᠎ᠤ ᠲᠦᠷᠦᠯ ᠵᠦᠢᠯ ᠨᠢ 450 ᠮᠦ᠍ ᠭᠠᠵᠠᠷ ᠡᠵᠡᠯᠡᠵᠦ᠍᠂ ᠶᠡᠷᠦᠩᠬᠡᠢ ᠪᠡᠯᠡ ᠣᠷᠣᠭᠤᠯᠤᠯᠲᠠ ᠨᠢ 5800 ᠲᠦᠮᠡᠨ ᠲᠥᠭᠥᠷᠢᠭ ᠲᠦ᠍ ᠬᠦᠷᠴᠡᠢ᠂ ᠡᠭᠦᠨ ᠎ᠳᠦ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭᠠᠨ᠎ᠤ ᠪᠡᠯᠡ ᠮᠥᠩᠭᠥ᠌ ᠶᠡᠬᠡᠩᠬᠢ ᠬᠡᠰᠡᠭ ᠎ᠢ ᠡᠵᠡᠯᠡᠨ᠎ᠡ᠃ ᠲᠤᠰ ᠲᠥᠷᠥᠯ ᠵᠦᠶ᠋ᠯ《EPC + O》ᠵᠢᠨ ᠪᠥᠬᠥ᠌ ᠴᠤᠪᠤᠷᠠᠯ ᠎ᠤᠨ ᠨᠠᠢᠳᠠᠨ ᠬᠠᠮᠢᠶᠠᠷᠤᠭᠤᠯᠬᠤ ᠵᠠᠭ᠍ᠪᠤᠷ᠎ᠢ ᠬᠡᠷᠡᠭ᠌ᠯᠡᠵᠦ᠍᠂ ᠢᠯᠴᠢ ᠬᠠᠳᠠᠭᠠᠯᠠᠬᠤ ᠬᠡᠯᠪᠡᠷᠢ᠎ᠶ᠋ᠢᠨ ᠨᠡᠷᠡᠨ ᠎ᠦ ᠬᠡᠷᠡᠯ᠎ᠦᠨ ᠬᠦᠯᠡᠮᠵᠢ᠎ᠶ᠋ᠢ 50 ᠰᠠᠭᠤᠷᠢ ᠪᠠᠢᠭᠤᠯᠤᠨ᠂ ᠣᠶᠤᠨᠴᠢ ᠪᠡᠷ ᠤᠰᠤ ᠪᠣᠷᠲᠣᠭᠣᠷ᠎ᠢ ᠨᠢᠭᠡ ᠴᠤᠭ᠍ᠴᠠᠵᠢᠭᠤᠯᠬᠤ᠂ ᠡᠳ᠋ ᠪᠠᠷᠠᠭᠠᠨ᠎ᠤ ᠮᠡᠳᠡᠭᠡ ᠵᠠᠩᠭᠢ᠎ᠶ᠋ᠢᠨ ᠰᠦᠯᠵᠢᠶᠡᠨ᠎ᠤ ᠬᠠᠮᠢᠶᠠᠷᠤᠯᠲᠠ ᠵᠡᠷᠭᠡ ᠣᠲᠣ ᠦᠶ᠎ᠡ᠎ᠶ᠋ᠢᠨ ᠮᠡᠷᠭᠡᠵᠢᠯ᠎ᠢ ᠨᠢᠭᠡᠳᠭᠡᠨ ᠬᠡᠷᠡᠭ᠌ᠯᠡᠵᠡᠢ᠃ ᠲᠤᠰ ᠠᠵᠤ ᠦᠢᠯᠡᠰ᠎ᠤᠨ ᠬᠦᠷᠢᠶᠡᠯᠡᠩ《ᠰᠠᠢᠨ ᠳᠦᠬᠦᠭᠡᠷᠦᠮᠵᠢ᠂ ᠰᠠᠢᠨ ᠦᠷ᠎ᠡ᠂ ᠰᠠᠢᠨ ᠮᠡᠷᠭᠡᠵᠢᠯ》 ᠵᠡᠷᠭᠡ ᠬᠦᠴᠦᠨ ᠵᠦᠶ᠋ᠯ᠎ᠢ ᠭᠤᠤᠯᠴᠢᠯᠠᠵᠦ᠂ ᠴᠢᠨᠠᠷ ᠰᠠᠢᠲᠠᠶ ᠵᠢᠮᠢᠰ ᠢᠳᠡᠱᠢᠨ ᠨᠣᠭᠣᠭ᠎ᠠ᠎ᠶ᠋ᠢᠨ ᠦᠶ᠋ᠯᠡᠳᠪᠦᠷᠢᠯᠡᠯ᠎ᠦᠨ ᠰᠠᠭᠤᠷᠢᠨ ᠎ᠢ ᠪᠠᠢᠭᠤᠯᠬᠤ ᠪᠡᠷ ᠬᠠᠷᠠᠯᠳᠠ ᠪᠤᠯᠭᠠᠪᠠ᠃ ᠲᠥᠷᠥᠯ ᠵᠦᠶ᠋ᠯ᠎ᠢ ᠪᠦᠬᠦᠨ᠎ᠢ ᠠᠱᠢᠭ᠍ᠯᠠᠯᠲᠠ᠎ᠳᠤ ᠣᠷᠣᠭᠤᠯᠤᠭ᠍ᠰᠠᠨ ᠎ᠤ ᠳᠠᠷᠠᠭ᠎ᠠ᠂ ᠵᠢᠱ᠌ᠢᠯᠲᠡ᠎ᠪᠡᠷ ᠵᠢᠯ᠎ᠳᠦ 1500 ᠲᠣᠨ ᠴᠢᠨᠠᠷ ᠰᠠᠢᠲᠠᠶ ᠵᠢᠮᠢᠰ ᠢᠳᠡᠱᠢᠨ ᠨᠣᠭᠣᠭ᠎ᠠ ᠬᠤᠷᠢᠶᠠᠵᠦ᠂ ᠦᠶ᠋ᠯᠡᠳᠬᠦᠨ᠎ᠦ ᠥᠷᠲᠡᠭ ᠨᠢ 1800 ᠲᠦᠮᠡᠨ ᠲᠥᠭᠥᠷᠢᠭ᠎ᠲᠦ ᠬᠦᠷᠴᠦ᠍᠂ ᠲᠤᠬᠠᠶ ᠎ᠶ᠋ᠢᠨ ᠭᠠᠵᠠᠷ ᠎ᠤᠨ 40 ᠭᠠᠷᠤᠶ ᠲᠠᠷᠢᠶᠠᠴᠢᠳ᠎ᠲᠦ ᠠᠵᠢᠯ᠎ᠤᠨ ᠪᠠᠢᠷᠢ ᠣᠯᠭᠣᠵᠤ᠂ ᠬᠥᠮᠦᠨ ᠳᠤᠮᠳᠠᠴᠢ᠎ᠶ᠋ᠢᠨ ᠵᠢᠯ᠎ᠦᠨ ᠣᠷᠣᠯᠭ᠎ᠠ᠎ᠶ᠋ᠢ 5᠎ᠡᠴᠡ 8 ᠲᠦᠮᠡᠨ ᠲᠥᠭᠥᠷᠢᠭ ᠨᠡᠮᠡᠭ᠌ᠳᠡᠭᠦᠯᠬᠦ᠌᠎ᠶ᠋ᠢᠨ ᠬᠠᠮᠲᠤ ᠭᠠᠵᠠᠷ ᠱᠢᠷᠣᠶ᠎ᠶ᠋ᠢᠨ ᠡᠷᠭᠢᠯᠲᠡ᠂ ᠡᠳ᠋ ᠬᠥᠷᠥᠩᠭᠡ᠎ᠶ᠋ᠢᠨ ᠠᠱᠢᠭ ᠣᠯᠵᠠᠪᠤᠷᠢ ᠵᠡᠷᠭᠡ ᠪᠡᠷ ᠲᠠᠷᠢᠶᠠᠴᠢᠳ᠎ᠤᠨ ᠣᠷᠣᠯᠭ᠎ᠠ ᠪᠠ ᠭᠠᠴᠠᠭ᠎ᠠ ᠲᠣᠰᠭᠣᠨ᠎ᠤ ᠬᠠᠮᠲᠤ᠎ᠶ᠋ᠢᠨ ᠠᠵᠤ ᠠᠬᠤᠶ᠎ᠶ᠋ᠢᠨ ᠠᠱᠢᠭ ᠣᠷᠣᠯᠭ᠎ᠠ᠎ᠶ᠋ᠢ ᠪᠦᠲᠦᠮᠵᠢᠲᠡᠶ ᠨᠡᠮᠡᠭ᠌ᠳᠡᠭᠦᠯᠬᠦ ᠠᠵᠢ᠃

ᠪᠣᠤᠴᠠᠩ ᠪᠠᠯᠭᠠᠰᠤᠨ᠎ᠤ ᠱᠧᠩᠯᠢ ᠲᠣᠰᠭᠣᠨ᠎ᠳᠠᠬᠢ ᠢᠩᠲᠣᠣᠷ᠎ᠤᠨ ᠬᠦᠷᠢᠶᠡᠯᠡᠩ᠎ᠦᠨ ᠲᠥᠷᠥᠯ ᠵᠦᠶ᠋ᠯ᠎ᠨᠢ ᠪᠠᠰᠠ ᠣᠲᠣ ᠦᠶ᠎ᠡ᠎ᠶ᠋ᠢᠨ ᠲᠠᠷᠢᠶᠠᠯᠠᠩ ᠎ᠤᠨ ᠠᠮᠢᠵᠢᠷᠠᠯ᠎ᠤᠨ ᠬᠦᠴᠦᠨ᠎ᠢ ᠢᠯᠡᠷᠡᠭᠦᠯᠵᠠᠢ᠃ ᠲᠣᠰ ᠬᠣᠱᠢᠭᠤᠨ᠎ᠤ ᠣᠯᠠᠨ ᠡᠱᠢᠲᠦ ᠵᠢᠮᠢᠰ ᠢᠳᠡᠱᠢᠨ ᠨᠣᠭᠣᠭ᠎ᠠ᠎ᠶ᠋ᠢᠨ ᠬᠠᠩᠭᠠᠯᠭ᠎ᠠ᠎ᠶ᠋ᠢᠨ ᠱᠢᠰᠲ᠋ᠧᠮ᠎ᠦᠨ ᠴᠢᠬᠤᠯᠠ ᠨᠢᠭᠡ ᠭᠣᠭ᠍ᠴᠣᠭ᠎ᠠ ᠪᠣᠯᠤᠭ᠍ᠰᠠᠨ᠎ᠤ ᠬᠤᠪᠢ᠎ᠳᠤ᠂ ᠲᠣᠰ ᠲᠥᠷᠥᠯ ᠵᠦᠶ᠋ᠯ 206 ᠮᠥ᠍ ᠭᠠᠵᠠᠷ ᠡᠵᠡᠯᠡᠵᠦ᠍᠂ 5500 ᠲᠦᠮᠡᠨ ᠲᠥᠭᠥᠷᠢᠭ᠎ᠦᠨ ᠪᠠᠯᠠ ᠣᠷᠣᠭᠤᠯᠵᠤ᠂ 52 ᠰᠠᠭᠤᠷᠢ ᠪᠠᠷᠢᠮᠵᠢᠶᠠᠵᠢᠭ᠍ᠰᠠᠨ ᠨᠡᠷᠡᠨ᠎ᠦ ᠬᠡᠷᠡᠯ᠎ᠦᠨ ᠬᠦᠯᠡᠮᠵᠢ ᠪᠠᠢᠭᠤᠯᠪᠠ᠃ ᠬᠦᠯᠡᠮᠵᠢᠨ᠎ᠳᠦ ᠣᠶᠤᠨᠴᠢ ᠡᠵᠡᠮᠳᠡᠯ᠎ᠦᠨ ᠱᠢᠰᠲ᠋ᠧᠮ ᠲᠣᠬᠢᠷᠠᠭᠤᠯᠵᠤ᠂ ᠳᠤᠯᠠᠭᠠᠨ᠎ᠤ ᠬᠡᠮᠵᠢᠶ᠎ᠡ᠂ ᠴᠢᠭᠢᠭ᠎ᠦᠨ ᠬᠡᠮᠵᠢᠶ᠎ᠡ᠎ᠶ᠋ᠢ ᠣᠨᠣᠪᠴᠢᠲᠠᠶ ᠲᠣᠬᠢᠷᠠᠭᠤᠯᠵᠤ᠂ ᠢᠩᠲᠣᠣᠷ ᠵᠡᠷᠭᠡ ᠵᠢᠮᠢᠰ᠎ᠢ ᠪᠥᠬᠥ᠌ ᠵᠢᠯ᠎ᠢᠶᠡᠷ ᠪᠠᠷᠢᠮᠵᠢᠶᠠᠵᠢᠭᠤᠯᠤᠨ ᠤᠷᠭᠤᠭᠤᠯᠬᠤ᠎ᠶ᠋ᠢ ᠪᠡᠶᠡᠯᠡᠭᠦᠯᠪᠡ᠃ ᠢᠡᠭᠲᠤᠤᠷ ᠵᠡᠷᠭᠡ ᠵᠢᠮᠢᠰ᠎ᠦᠨ ᠮᠣᠳᠣ᠎ᠶ᠋ᠢ 1.1 ᠲᠦᠮᠡ ᠭᠠᠷᠤᠶ ᠰᠠᠭᠤᠷᠢ ᠲᠠᠷᠢᠵᠤ᠂ ᠵᠢᠱ᠌ᠢᠯᠲᠡ᠎ᠪᠡᠷ ᠵᠢᠯ᠎ᠳᠦ 88 ᠲᠣᠨ ᠴᠢᠨᠠᠷ ᠰᠠᠢᠲᠠᠶ ᠢᠩᠲᠣᠣᠷ ᠵᠢᠮᠢᠰ ᠬᠤᠷᠢᠶᠠᠬᠤ ᠪᠣᠯᠤᠨ᠎ᠠ᠃

《ᠪᠢᠳᠡ ᠰᠦᠯᠵᠢᠶᠡᠨ ᠳᠡᠭᠡᠷ᠎ᠡ ᠪᠠ ᠠᠬᠤᠢ ᠲᠠᠯᠠᠪᠠᠢ ᠵᠢ ᠠᠭᠤᠰᠤᠯᠴᠠᠭᠤᠯᠤᠨ ᠬᠥᠭ᠌ᠵᠢᠭᠦᠯᠬᠦ᠌ ᠵᠠᠭ᠍ᠪᠤᠷ᠎ᠢ ᠬᠡᠷᠡᠭᠯᠡᠵᠦ᠂ ᠠᠬᠤᠢ ᠲᠠᠯᠠᠪᠠᠢ᠎ᠳᠤ ᠭᠤᠤᠯᠳᠠᠭᠤ ᠵᠢᠮᠢᠰ ᠲᠡᠭᠦᠬᠦ ᠵᠢᠭᠤᠯᠴᠢᠯᠠᠯ ᠪᠠ ᠰᠤᠳᠤᠯᠤᠨ ᠰᠤᠷᠤᠯᠴᠠᠵᠤ ᠪᠡᠶᠡᠴᠢᠯᠡᠨ ᠣᠢᠯᠠᠭᠠᠬᠤ ᠵᠢ ᠴᠢᠬᠤᠯᠠᠴᠢᠯᠠᠨ᠂ ᠰᠦᠯᠵᠢᠶᠡᠨ ᠳᠡᠭᠡᠷ᠎ᠡ ᠵᠢᠮᠢᠰ᠎ᠦᠨ ᠬᠦᠷᠢᠶᠡᠯᠡᠩ ᠵᠡᠷᠭᠡ ᠪᠥᠬᠥ᠌ ᠤᠯᠤᠰ᠎ᠤᠨ ᠴᠢᠨᠠᠷᠲᠠᠶ ᠬᠡᠯᠬᠢᠶ᠎ᠡ ᠠᠵᠤ ᠠᠬᠤᠢᠯᠠᠯ᠎ᠯᠤᠭ᠎ᠠ ᠬᠠᠮᠲᠤᠷᠠᠯᠴᠠᠬᠤ᠎ᠶ᠋ᠢᠨ ᠬᠠᠮᠲᠤ ᠪᠡᠭᠡᠵᠢᠩ ᠥᠪᠥᠷ ᠮᠣᠩᠭᠣᠯ᠎ᠤᠨ ᠬᠠᠪᠰᠤᠷᠤᠨ ᠲᠡᠳᠬᠦᠬᠦ᠌ ᠠᠷᠭ᠎ᠠ ᠵᠠᠮ᠎ᠢ ᠠᠱᠢᠭ᠍ᠯᠠᠨ᠂ ᠵᠠᠬ᠎ᠠ ᠳᠡᠯᠭᠡᠭᠦᠷ ᠵᠢᠡᠨ ᠦᠷᠭᠡᠳᠭᠡᠵᠦ ᠪᠤᠢ》ᠭᠡᠵᠦ᠍ ᠥᠪᠥᠷ ᠮᠣᠩᠭᠣᠯ᠎ᠤᠨ ᠢᠩᠲᠣᠣᠷ᠎ᠤᠨ ᠲᠠᠷᠢᠶᠠᠯᠠᠩ ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ ᠶᠠᠩ ᠱᠦ᠍ ᠴᠢᠤᠸᠠᠨ ᠲᠠᠨᠢᠯᠴᠠᠭᠤᠯᠪᠠ᠃

ᠲᠣᠰ ᠲᠥᠷᠥᠯ ᠵᠦᠶ᠋ᠯ《ᠵᠠᠰᠠᠭ᠎ᠤᠨ ᠣᠷᠳᠣᠨ + ᠠᠵᠤ ᠠᠬᠤᠢᠯᠠᠯ + ᠬᠠᠮᠲᠤ ᠨᠡᠢᠲᠡ + ᠲᠠᠷᠢᠶᠠᠴᠢᠨ ᠡᠷᠦᠬᠡ》 ᠵᠢᠨ ᠬᠣᠯᠪᠣᠭᠠᠯᠠᠬᠤ ᠲᠣᠭ᠍ᠲᠠᠴᠠ ᠵᠢ ᠬᠡᠷᠡᠭᠯᠡᠵᠦ᠂᠎ᠵᠢᠯ ᠪᠦᠷᠢ 30 ᠲᠣᠭ᠍ᠲᠠᠪᠤᠷᠢᠲᠠᠶ ᠠᠵᠢᠯ ᠎ᠤᠨ ᠪᠠᠢᠷᠢ ᠬᠠᠩᠭᠠᠵᠤ᠂ ᠠᠵᠢᠯᠳᠠᠨ᠎ᠤ ᠬᠦᠮᠦᠨ ᠳᠤᠮᠳᠠᠴᠢ᠎ᠶ᠋ᠢᠨ ᠵᠢᠯ᠎ᠦᠨ ᠣᠷᠣᠯᠭ᠎ᠠ ᠎ᠶ᠋ᠢ 3 ᠲᠦᠮᠡᠨ ᠲᠥᠭᠥᠷᠢᠭ ᠨᠡᠮᠡᠭ᠌ᠳᠡᠭᠦᠯᠬᠦ᠌᠎ᠶ᠋ᠢᠨ ᠬᠠᠮᠲᠤ ᠠᠱᠢᠭ ᠣᠷᠣᠯᠭ᠎ᠠ ᠬᠤᠪᠢᠶᠠᠷᠢᠯᠠᠬᠤ ᠎ᠪᠠᠷ ᠳᠠᠮᠵᠢᠭᠤᠯᠤᠨ᠂ ᠲᠣᠰᠭᠣᠨ᠎ᠤ ᠬᠠᠮᠲᠤ᠎ᠶ᠋ᠢᠨ ᠠᠵᠤ ᠠᠬᠤᠶ᠎ᠶ᠋ᠢ ᠦᠷᠭᠦᠯᠵᠢᠯᠡᠨ ᠬᠦᠴᠦᠷᠬᠡᠭᠵᠢᠭᠦᠯᠦᠨ᠎ᠡ᠃ ᠣᠢᠯᠠᠭᠠᠭ᠍ᠰᠠᠨ᠎ᠢᠶᠠᠷ᠂ 5600 ᠲᠦᠮᠡᠨ ᠲᠥᠭᠥᠷᠢᠭ᠎ᠦᠨ ᠪᠠᠯᠠ ᠣᠷᠣᠭᠤᠯᠤᠭ᠍ᠰᠠᠨ ᠬᠣᠶᠠᠳᠤᠭᠠᠷ ᠬᠤᠭᠤᠴᠠᠭᠠᠨ᠎ᠤ ᠲᠥᠷᠥᠯ ᠵᠦᠶ᠋ᠯ᠎ᠴᠦ ᠤᠳᠠᠯ ᠦᠭᠡᠢ ᠠᠵᠢᠯ ᠡᠬᠢᠯᠡᠨ᠎ᠡ᠂ ᠡᠭᠦᠨ᠎ᠳᠤ 52 ᠬᠦᠯᠡᠮᠵᠢ ᠨᠡᠮᠡᠨ ᠪᠠᠢᠭᠤᠯᠵᠤ᠂ ᠠᠵᠤ ᠦᠶ᠋ᠯᠡᠰ᠎ᠦᠨ ᠬᠡᠪᠴᠢᠶ᠎ᠡ᠎ᠪᠡᠨ ᠤᠯᠠᠮ ᠨᠢᠭᠡ ᠠᠯᠬᠤᠮ ᠥᠷᠭᠡᠳᠭᠡᠬᠦ᠌ ᠪᠡᠷ ᠪᠤᠢ᠃

ᠬᠡᠪᠴᠢᠶᠡᠵᠢᠭ᠌ᠰᠡᠨ ᠢᠳᠡᠱᠢᠨ ᠨᠣᠭᠣᠭ᠎ᠠ ᠵᠢᠨ ᠰᠠᠭᠤᠷᠢᠨ᠎ᠠᠴᠠ ᠢᠩᠲᠣᠣᠷ ᠲᠡᠭᠦᠬᠦ᠌ ᠬᠦᠷᠢᠶᠡᠯᠡᠩ ᠬᠦᠷᠲᠡᠯ᠎ᠡ᠂ ᠲᠠᠢᠪᠤᠰᠧ ᠬᠣᠱᠢᠭᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠳᠤ ᠲᠤᠯᠭᠠᠭᠤᠷᠢᠯᠠᠨ᠂ ᠤᠯᠠᠨ ᠡᠱᠢᠲᠦ ᠠᠵᠤ ᠦᠢᠯᠡᠰ᠎ᠢᠶᠡᠷ ᠠᠷᠭ᠎ᠠ ᠵᠠᠮ ᠪᠣᠯᠭᠠᠵᠤ᠂ ᠤᠳᠤ ᠦᠶ᠎ᠡ᠎ᠶ᠋ᠢᠨ ᠲᠦᠬᠦᠭᠡᠷᠤᠮᠵᠢᠳᠤ ᠲᠠᠷᠢᠶᠠᠯᠠᠩ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠲᠦᠷᠭᠡᠳᠭᠡᠨ ᠠᠬᠢᠭᠤᠯᠵᠤ ᠪᠠᠢᠨ᠎ᠠ᠃ ᠡᠲᠡᠭᠡᠷ ᠲᠥᠷᠥᠯ ᠵᠦᠶ᠋ᠯ᠎ᠨᠢ ᠤᠯᠠᠮᠵᠢᠯᠠᠯᠲᠤ ᠲᠠᠷᠢᠶᠠᠯᠠᠩ᠎ᠤᠨ ᠤᠯᠠᠷᠢᠯ᠎ᠤᠨ ᠬᠢᠵᠠᠭᠠᠷᠯᠠᠯ ᠎ᠢ ᠡᠪᠳᠡᠵᠦ᠍᠂ ᠭᠠᠵᠠᠷ ᠱᠢᠷᠣᠶ ᠎ᠶ᠋ᠢᠨ ᠦᠷ᠎ᠡ ᠠᠱᠢᠭ᠎ᠢ ᠳᠡᠭᠡᠭ᠌ᠰᠢᠯᠡᠭᠦᠯᠦᠭ᠌ᠰᠡᠨ᠎ᠢᠶᠡᠷ ᠪᠠᠷᠠᠬᠤ ᠥᠬᠡᠶ᠂ ᠨᠠᠩ ᠴᠤ᠌ ᠨᠢᠭ᠍ᠲᠠ ᠴᠢᠩᠭ᠎ᠠ ᠲᠠᠷᠢᠶᠠᠯᠠᠩ᠎ᠢ ᠬᠣᠯᠪᠣᠵᠤ ᠲᠠᠷᠢᠶᠠᠯᠠᠩ᠎ᠢ ᠳᠠᠢᠴᠢᠯᠠᠬᠤ ᠲᠣᠭ᠍ᠲᠠᠴᠠ᠎ᠶ᠋ᠢ ᠪᠠᠢᠭᠤᠯᠬᠤ ᠵᠢᠨ ᠵᠡᠷᠭᠡ ᠪᠡᠷ ᠠᠵᠤ ᠦᠶ᠋ᠯᠡᠰ᠎ᠦᠨ ᠥᠷᠲᠡᠭ᠎ᠤᠨ ᠨᠡᠮᠡᠭ᠌ᠳᠡᠯ᠎ᠦᠨ ᠠᠱᠢᠭ ᠣᠷᠣᠯᠭ᠎ᠠ᠎ᠶ᠋ᠢ ᠲᠤᠬᠠᠶ᠎ᠶ᠋ᠢᠨ ᠭᠠᠵᠠᠷ᠎ᠤᠨ ᠦᠷᠭᠡᠨ ᠤᠯᠠᠨ ᠲᠠᠷᠢᠶᠠᠴᠢᠳ ᠲᠦ᠍ ᠬᠦᠷᠲᠡᠭᠡᠵᠦ᠍᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠥᠬᠥ᠌ ᠲᠠᠯ᠎ᠠ᠎ᠪᠠᠷ ᠠᠬᠢᠭᠤᠯᠬᠤ ᠎ᠳᠤ ᠪᠠᠲᠤ ᠪᠠᠬᠢ ᠠᠵᠤ ᠦᠶ᠋ᠯᠡᠰ᠎ᠦᠨ ᠲᠤᠯᠭᠠᠭᠤᠷᠢᠯᠠᠯ ᠬᠠᠩᠭᠠᠭ᠍ᠰᠠᠨ ᠵᠢᠡᠷ ᠪᠠᠷᠠᠬᠤ ᠦᠭᠡᠢ᠂ ᠪᠠᠰᠠ ᠪᠥᠬᠥ᠌ ᠰᠢᠯᠢ ᠵᠢᠨ ᠭᠤᠤᠯ ᠠᠢᠮᠠᠭ᠎ᠤᠨ ᠲᠥᠬᠦᠭᠡᠷᠦᠮᠵᠢᠲᠦ ᠲᠠᠷᠢᠶᠠᠯᠠᠩ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠨ ᠲᠠᠰ ᠳᠡᠪᠱᠢᠭᠦᠯᠬᠦ᠌᠎ᠳᠦ ᠬᠡᠪ ᠳᠠᠭᠤᠷᠢᠶᠠᠯ ᠪᠤᠯᠤᠭᠰᠠᠨ ᠪᠠᠢᠨ᠎ᠠ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号