ᠰᠦᠯᠵᠢᠶᠠᠨ᠎ᠳᠡᠭᠡᠷ᠎ᠠ ᠳᠠᠷᠬᠠᠭᠰᠠᠨ ᠬᠥᠪᠴᠢ᠎ᠶᠢᠨ ᠡᠯᠡᠰᠦᠨ᠎ᠳᠦ 《10 ᠲᠦᠮᠡᠨ ᠭᠠᠬᠠᠢ ᠪᠠᠷ ᠡᠯᠡᠰᠦ᠎ᠶᠢ ᠵᠠᠰᠠᠪᠠ》 ᠭᠡᠳᠡᠭ ᠨᠢ ᠴᠤᠤᠷᠬᠠᠯ ᠪᠣᠯᠤᠨ᠎ᠠ
2026-04-15 16:18:28
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

《ᠥᠪᠥᠷ ᠮᠣᠩᠭᠣᠯ᠎ᠤᠨ ᠬᠥᠪᠴᠢ᠎ᠶᠢᠨ ᠡᠯᠡᠰᠦᠨ᠎ᠳᠦ᠂ 10 ᠲᠦᠮᠡᠨ ᠬᠠᠷ᠎ᠠ ᠭᠠᠬᠠᠢ 〈ᠠᠮᠢ ᠠᠬᠤᠢ᠎ᠶᠢᠨ ᠢᠨᠵᠧᠨᠧᠷ〉 ᠪᠤᠯᠤᠨ ᠬᠤᠪᠢᠷᠠᠵᠤ᠂ ᠭᠤᠷᠪᠠᠨ ᠵᠢᠯ᠎ᠳᠦ  ᠰᠢᠷ᠎ᠠ ᠡᠯᠡᠰᠦ᠎ᠶᠢ ᠨᠣᠭᠣᠭᠠᠨ ᠪᠦᠷᠢᠳᠦ ᠪᠣᠯᠭᠠᠪᠠ》 ᠁ ᠤᠢ᠌ᠷ᠎ᠠ᠎ᠳᠤ᠂ ᠡᠨᠡ ᠬᠦ᠌ 《ᠭᠠᠬᠠᠢ ᠲᠡᠵᠢᠭᠡᠵᠦ᠍ ᠡᠯᠡᠰᠦ᠎ᠶᠢ ᠵᠠᠰᠠᠭᠰᠠᠨ》 ᠮᠡᠳᠡᠭᠡ ᠰᠦᠯᠵᠢᠶᠡᠨ ᠳᠡᠭᠡᠷ᠎ᠡ ᠶᠡᠬᠡ ᠪᠡᠷ ᠳᠠᠮᠵᠢᠭᠳᠠᠪᠠ᠃ ᠰᠤᠷᠪᠤᠯᠵᠢᠯᠠᠭᠴᠢ ᠲᠤᠬᠠᠶ᠎ᠶᠢᠨ ᠭᠠᠵᠠᠷ᠎ᠤᠨ ᠬᠣᠯᠪᠣᠭᠳᠠᠯ ᠪᠥᠬᠥᠶ ᠰᠠᠯᠠᠭ᠎ᠠ ᠮᠥᠴᠢᠷ᠎ᠡᠴᠡ ᠬᠠᠷᠭᠤᠭᠤᠯᠤᠨ ᠪᠠᠶ᠋ᠢᠴᠠᠭᠠᠭᠰᠠᠨ᠎ᠢᠶᠠᠷ᠂ ᠬᠥᠪᠴᠢ᠎ᠶᠢᠨ ᠡᠯᠡᠰᠦ᠎ᠶᠢᠨ ᠪᠥᠬᠥ᠌ ᠬᠡᠪᠴᠢᠶᠡᠨ᠎ᠳᠤ ᠪᠡᠯᠴᠢᠭᠡᠷᠯᠡᠭᠦᠯᠬᠦ᠌᠎ᠶᠢ ᠴᠠᠭᠠᠵᠠᠯᠠᠵᠤ᠂ ᠲᠤᠬᠠᠶ᠎ᠶᠢᠨ ᠭᠠᠵᠠᠷ᠎ᠲᠤ᠌ 《ᠭᠠᠬᠠᠶ ᠲᠡᠵᠢᠭᠡᠵᠦ᠍ ᠡᠯᠡᠰᠦ᠎ᠶᠢ ᠵᠠᠰᠠᠬᠤ》 ᠶᠠᠪᠤᠳᠠᠯ ᠣᠷᠣᠰᠢᠬᠤ  ᠥᠬᠡᠶ᠃

ᠦᠨᠡᠨ᠎ᠳᠡᠭᠡᠨ ᠡᠶ᠋ᠢᠮᠦᠷᠬᠦᠦ ᠠᠮᠢᠲᠠᠨ᠎ᠢᠶᠠᠷ ᠡᠯᠡᠰᠦ ᠵᠠᠰᠠᠬᠤ ᠲᠤᠬᠠᠶ ᠴᠤᠤᠷᠬᠠᠯ ᠪᠣᠯ ᠣᠨᠴᠠᠭᠠᠶ ᠵᠢᠱ᠌ᠢᠶ᠎ᠡ ᠪᠢᠰᠢ ᠶᠤᠮ᠂ ᠣᠶ᠋ᠢᠷ᠎ᠠ᠎ᠶᠢᠨ ᠬᠡᠳᠦᠨ ᠵᠢᠯ᠎ᠳᠦ 《ᠲᠠᠬᠢᠶ᠎ᠠ ᠲᠡᠵᠢᠭᠡᠵᠦ᠍ ᠡᠯᠡᠰᠦ ᠵᠠᠰᠠᠬᠤ》᠂ 《ᠲᠠᠤᠯᠠᠢ ᠲᠡᠵᠢᠭᠡᠵᠦ᠍ ᠡᠯᠡᠰᠦ ᠵᠠᠰᠠᠬᠤ》 ᠵᠡᠷᠭᠡ ᠬᠡᠯᠡᠯᠭᠡ ᠪᠠᠶ᠋ᠢᠨ ᠳᠠᠬᠢᠨ ᠢᠯᠡᠷᠡᠵᠦ᠍ ᠪᠠᠶ᠋ᠢᠨ᠎ᠠ᠃ 《ᠭᠠᠬᠠᠢ ᠲᠡᠵᠢᠭᠡᠵᠦ᠍ ᠡᠯᠡᠰᠦ᠎ᠶᠢ ᠵᠠᠰᠠᠭᠰᠠᠨ》 ᠨᠢ ᠶᠠᠭᠠᠬᠢᠭᠠᠳ ᠨᠠᠶ᠋ᠢᠳᠠᠪᠤᠷᠢ ᠦᠭᠡᠢ ᠪᠠᠶ᠋ᠢᠳᠠᠭ ᠪᠤᠢ? ᠡᠯᠡᠰᠦ ᠵᠢ ᠵᠠᠰᠠᠭᠰᠠᠨ ᠦᠷ᠎ᠡ ᠪᠦᠲᠦᠮᠵᠢ᠎ᠶᠢ ᠬᠡᠷᠬᠢᠨ ᠰᠡᠷᠭᠡᠭ ᠵᠢᠠᠷ ᠦᠵᠡᠬᠦ᠌ ᠪᠣᠶ? ᠶᠡᠷᠦ᠎ᠶᠢᠨ ᠮᠡᠳᠡᠯᠭᠡ᠎ᠡᠴᠡ ᠵᠥᠷᠢᠴᠡᠭᠰᠡᠨ ᠴᠤᠤᠷᠬᠠᠯ ᠶᠠᠭᠠᠬᠢᠭᠠᠳ ᠣᠯᠠᠨᠲᠠ ᠬᠣᠷᠢᠭᠯᠠᠪᠠᠴᠤ᠌ ᠵᠣᠭᠰᠣᠬᠤ ᠦᠭᠡᠢ ᠪᠠᠢᠬᠤ ᠪᠤᠢ? ᠰᠤᠷᠪᠤᠯᠵᠢᠯᠠᠭᠴᠢ ᠣᠯᠠᠨ ᠲᠠᠯ᠎ᠠ᠎ᠪᠠᠷ ᠰᠤᠷᠪᠤᠯᠵᠢᠯᠠᠭ᠎ᠠ ᠭᠢᠪᠡ᠃

《ᠬᠥᠪᠴᠢ᠎ᠶᠢᠨ ᠡᠯᠡᠰᠦ᠎ᠶᠢᠨ ᠪᠦᠬᠦ᠌ ᠣᠷᠣᠨ ᠪᠦᠰᠡ᠎ᠳᠦ ᠪᠡᠯᠴᠢᠭᠡᠷᠯᠡᠭᠦᠯᠬᠦ᠌᠎ᠶᠢ ᠴᠠᠭᠠᠵᠠᠯᠠᠵᠤ ᠪᠤᠢ᠂ ᠡᠶ᠋ᠢᠮᠦ᠍ ᠪᠠᠶ᠋ᠢᠳᠠᠯ ᠦᠭᠡᠢ᠂ ᠭᠠᠬᠠᠢ᠎ᠪᠠᠷ ᠡᠯᠡᠰᠦ᠎ᠶᠢ ᠵᠠᠰᠠᠬᠤ᠎ᠶᠢ ᠪᠢᠳᠡ ᠶᠡᠷᠦ᠍ ᠰᠣᠨᠣᠰᠴᠤ᠌ ᠥᠩᠭᠡᠷᠡᠭᠰᠡᠨ ᠦᠭᠡᠢ》᠃ ᠣᠷᠳᠣᠰ ᠬᠣᠲᠠ᠎ᠶᠢᠨ ᠣᠶ ᠰᠢᠭᠤᠶ ᠨᠤᠲᠤᠭ ᠪᠡᠯᠴᠢᠭᠡᠷ᠎ᠦᠨ ᠲᠣᠪᠴᠢᠶᠠᠨ᠎ᠤ ᠠᠵᠢᠯᠲᠠᠨ ᠰᠤᠷᠪᠤᠯᠵᠢᠯᠠᠭᠴᠢ᠎ᠳᠤ ᠬᠡᠯᠡᠬᠦ᠌᠎ᠳᠡᠭᠡᠨ᠂ ᠲᠤᠬᠠᠶ᠎ᠶᠢᠨ ᠭᠠᠵᠠᠷ᠎ᠤᠨ ᠡᠯᠡᠰᠦ᠎ᠶᠢ ᠵᠠᠰᠠᠬᠤ᠎ᠳᠤ ᠭᠤᠤᠯᠳᠠᠭᠤ ᠬᠥᠮᠦᠨ᠎ᠦ ᠬᠦᠴᠦ᠎ᠪᠡᠷ ᠣᠶ᠋ᠢᠵᠢᠭᠤᠯᠬᠤ᠂ ᠡᠪᠡᠰᠦ ᠳᠠᠷᠢᠬᠤ ᠵᠡᠷᠭᠡ ᠤᠷᠭᠤᠮᠠᠯ᠎ᠤᠨ ᠬᠤᠴᠢᠯᠭ᠎ᠠ᠎ᠶᠢᠨ ᠪᠥᠲᠥᠭᠡᠨ ᠪᠠᠶ᠋ᠢᠭᠤᠯᠤᠯᠲᠠ᠎ᠳᠤ ᠲᠦᠰᠢᠭᠯᠡᠨ᠎ᠡ᠃ 《〈ᠭᠠᠬᠠᠢ ᠲᠡᠵᠢᠭᠡᠵᠦ᠍ ᠡᠯᠡᠰᠦ᠎ᠶᠢ ᠵᠠᠰᠠᠬᠤ〉 ᠭᠡᠳᠡᠭ ᠪᠣᠯ ᠴᠤᠤᠷᠬᠠᠯ ᠮᠥᠨ᠂ ᠲᠦᠷᠦᠭᠦᠦ ᠬᠡᠳᠦᠨ ᠵᠢᠯ᠎ᠳᠦ ᠢᠩᠭᠢᠵᠦ᠍ ᠬᠥᠭᠡᠷᠭᠡᠳᠡᠵᠦ᠍ ᠥᠩᠭᠡᠷᠡᠭᠰᠡᠨ ᠶᠤᠮ》 ᠭᠡᠨ᠎ᠠ᠃

ᠳᠤᠮᠳᠠᠳᠤ ᠤᠯᠤᠰ᠎ᠤᠨ ᠣᠶ ᠰᠢᠭᠤᠶ᠎ᠶᠢᠨ ᠰᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠴᠦᠯᠯᠡᠷᠭᠡᠭᠵᠢᠯ᠎ᠢ ᠰᠤᠳᠤᠯᠬᠤ ᠭᠠᠵᠠᠷ᠎ᠤᠨ ᠳᠠᠷᠤᠭ᠎ᠠ ᠡᠦ ᠪᠥᠸᠧ ᠰᠢᠨᠵᠢᠯᠡᠬᠦ᠌ ᠤᠬᠠᠭᠠᠨ᠎ᠤ ᠡᠭᠦᠳᠡᠨ ᠡᠴᠡ ᠡᠨᠡᠬᠦ ᠬᠡᠯᠡᠯᠭᠡ ᠵᠢ ᠦᠭᠡᠶ᠋ᠢᠰᠬᠡᠪᠡ᠃ 《〈ᠭᠠᠬᠠᠢ ᠲᠡᠵᠢᠭᠡᠵᠦ᠍ ᠡᠯᠡᠰᠦ᠎ᠶᠢ ᠵᠠᠰᠠᠬᠤ〉 ᠠᠵᠢᠯ ᠶᠠᠪᠤᠭᠳᠠᠵᠤ ᠳᠡᠶ᠋ᠢᠯᠬᠦ᠌ ᠦᠭᠡᠢ ᠪᠥᠭᠡᠳ ᠪᠦᠷᠢᠮᠦᠰᠦᠨ ᠨᠠᠶ᠋ᠢᠳᠠᠪᠤᠷᠢ ᠦᠭᠡᠢ ᠶᠤᠮ》᠃ ᠲᠡᠷᠡ᠂ ᠡᠯᠡᠰᠦᠨ ᠴᠥᠯ᠎ᠦᠨ ᠭᠠᠩ ᠬᠠᠭᠤᠷᠠᠶ ᠭᠠᠵᠠᠷ ᠣᠷᠣᠨ᠎ᠤ ᠤᠯᠠᠮᠵᠢᠯᠠᠯᠲᠤ᠌ ᠮᠠᠯ ᠠᠵᠤ ᠠᠬᠤᠶ ᠶᠡᠷᠦ᠎ᠡᠴᠡ ᠭᠠᠬᠠᠶ ᠲᠡᠵᠢᠭᠡᠬᠦ᠌᠎ᠳᠦ ᠬᠣᠯᠪᠣᠭᠳᠠᠭᠰᠠᠨ ᠥᠬᠡᠶ᠂ ᠤᠴᠢᠷ᠎ᠨᠢ ᠬᠡᠭᠡᠷ᠎ᠡ᠎ᠶᠢᠨ ᠭᠠᠬᠠᠶ ᠣᠶ ᠰᠢᠭᠤᠶ᠎ᠳᠤ ᠠᠮᠢᠳᠤᠷᠠᠵᠤ᠂ ᠬᠡᠷ᠎ᠦᠨ ᠭᠠᠬᠠᠶ ᠶᠡᠬᠡ ᠬᠡᠮᠵᠢᠶᠡᠨ᠎ᠦ ᠪᠣᠷᠳᠣᠭ᠎ᠠ ᠪᠠ ᠤᠰᠤ ᠤᠤᠭᠤᠬᠤ ᠴᠢᠬᠤᠯᠠᠲᠠᠶ᠂ ᠭᠠᠩ ᠬᠠᠭᠰᠠᠷᠠᠭᠠᠨ᠎ᠢ ᠳᠠᠭᠠᠭᠠᠬᠤ ᠥᠬᠡᠶ᠂ ᠬᠠᠯᠠᠭᠤᠨ᠎ᠢ ᠳᠠᠭᠠᠭᠠᠬᠤ ᠥᠬᠡᠶ᠂ ᠮᠥᠨ ᠴᠢᠨᠠᠷ ᠳᠡᠭᠡᠷ᠎ᠡ᠎ᠪᠡᠨ ᠭᠠᠩ ᠬᠠᠭᠤᠷᠠᠶ ᠭᠠᠵᠠᠷ ᠣᠷᠣᠨ᠎ᠤ ᠲᠣᠬᠢᠷᠠᠮᠵᠢᠲᠠᠶ ᠮᠠᠯ᠎ᠤᠨ ᠡᠭᠦᠯᠳᠡᠷ ᠪᠢᠰᠢ ᠶᠤᠮ᠃ ᠡᠯᠡᠰᠦᠨ ᠴᠥᠯ᠎ᠳᠦ ᠤᠰᠤ ᠳᠤᠲᠠᠭᠳᠠᠵᠤ᠂ ᠪᠠᠶ᠋ᠢᠭᠠᠯᠢ᠎ᠶᠢᠨ ᠲᠡᠵᠢᠭᠡᠯ ᠪᠣᠷᠳᠣᠭ᠎ᠠ ᠳᠤᠲᠠᠭᠳᠠᠵᠤ᠂ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ᠌ ᠨᠥᠬᠥᠴᠡᠯ᠎ᠢ ᠪᠦᠷᠢᠯᠳᠦᠭᠦᠯᠦᠭᠰᠡᠨ ᠥᠬᠡᠶ᠂ ᠣᠳᠣᠬᠠᠨ᠎ᠤ ᠡᠯᠡᠰᠦᠷᠬᠡᠭᠵᠢᠯ᠎ᠢ ᠵᠠᠰᠠᠬᠤ ᠦᠢᠯᠡᠳᠦᠯᠭᠡ ᠪᠠ ᠡᠷᠳᠡᠮ ᠰᠢᠨᠵᠢᠯᠡᠭᠡᠨ᠎ᠦ ᠰᠤᠳᠤᠯᠭᠠᠨ᠎ᠳᠤ ᠴᠥᠮ 《ᠠᠮᠢᠲᠠᠨ᠎ᠢᠶᠠᠷ ᠡᠯᠡᠰᠦᠷᠬᠡᠭᠵᠢᠯ᠎ᠢ ᠵᠠᠰᠠᠬᠤ》 ᠴᠢᠭᠯᠡᠯ ᠣᠷᠣᠰᠢᠬᠤ ᠥᠬᠡᠶ ᠶᠤᠮ ᠭᠡᠯ᠎ᠠ᠃

ᠭᠠᠬᠠᠶ᠎ᠶᠢᠨ ᠭᠠᠵᠠᠷ ᠰᠡᠨᠳᠡᠯᠡᠭᠦ ᠨᠢ ᠡᠯᠡᠰᠦ᠎ᠶᠢ ᠵᠠᠰᠠᠵᠤ ᠳᠡᠶ᠋ᠢᠯᠬᠦ᠌ ᠥᠬᠡᠶ ᠮᠥᠷᠲᠡᠭᠡᠨ ᠭᠡᠳᠡᠷᠭᠦ ᠪᠡᠨ ᠡᠯᠡᠰᠦᠷᠬᠡᠭᠵᠢᠬᠦ᠌᠎ᠶᠢ ᠲᠦᠷᠭᠡᠳᠬᠡᠨ᠎ᠡ᠃ ᠡᠦ ᠪᠥᠸᠧ ᠭᠡᠯᠡᠭᠦ᠎ᠳᠡᠭᠡᠨ᠂ ᠡᠯᠡᠰᠦᠨ ᠴᠦᠯ᠎ᠦᠨ ᠭᠠᠵᠠᠷ᠎ᠤᠨ ᠭᠠᠳᠠᠷᠭᠤ᠎ᠳᠤ ᠨᠢᠭᠡ ᠳᠠᠪᠬᠤᠷᠭ᠎ᠠ ᠬᠡᠪᠡᠷᠡᠭ ᠬᠥᠷᠥᠰᠥ᠍ ᠪᠣᠯᠤᠨ ᠡᠯᠡᠰᠦ᠎ᠶᠢ ᠲᠣᠭᠲᠠᠪᠤᠷᠢᠵᠢᠭᠤᠯᠬᠤ ᠤᠷᠭᠤᠮᠠᠯ᠎ᠤᠨ ᠬᠤᠴᠢᠯᠭ᠎ᠠ᠎ᠲᠠᠶ᠂ ᠲᠡᠷᠡ ᠨᠢ ᠰᠠᠯᠬᠢᠨ᠎ᠤ ᠢᠳᠡᠭᠳᠡᠯ᠎ᠢ ᠬᠣᠷᠢᠭᠯᠠᠬᠤ ᠨᠢᠭᠡᠳᠦᠭᠡᠷ ᠰᠡᠷᠭᠡᠶ᠋ᠢᠯᠡᠯᠲᠡ᠎ᠶᠢᠨ ᠱᠤᠭᠤᠮ ᠪᠣᠯᠤᠨ᠎ᠠ᠃ ᠭᠠᠬᠠᠶ ᠵᠢᠨ ᠭᠠᠵᠠᠷ ᠰᠡᠨᠳᠡᠯᠡᠭᠦ ᠨᠢ ᠭᠡᠪᠡᠷᠡᠭ ᠭᠦᠷᠦᠰᠦ ᠪᠠ ᠡᠪᠡᠰᠦᠨ ᠦᠨᠳᠦᠰᠦ᠎ᠶᠢ ᠡᠪᠳᠡᠵᠦ᠍᠂ ᠡᠯᠡᠰᠦ ᠰᠢᠷᠣᠶ᠎ᠶᠢ ᠢᠯᠡ ᠭᠠᠷᠭᠠᠵᠤ᠂ ᠰᠠᠯᠬᠢ ᠦᠯᠢᠶᠡᠮᠡᠭᠴᠡ ᠳᠠᠷᠤᠶ ᠰᠢᠨ᠎ᠡ ᠡᠯᠡᠰᠦᠨ ᠰᠢᠭᠤᠷᠭ᠎ᠠ᠎ᠶᠢᠨ ᠡᠬᠢ ᠰᠤᠷᠪᠤᠯᠵᠢ ᠪᠣᠯᠳᠠᠭ᠃ 《ᠡᠯᠡᠰᠦ᠎ᠶᠢ ᠵᠠᠰᠠᠬᠤ ᠪᠣᠯ ᠨᠢᠭᠡ ᠵᠦᠢᠯ᠎ᠦᠨ ᠣᠷᠳᠣ ᠬᠤᠭᠤᠴᠠᠭᠠᠨ᠎ᠤ ᠠᠵᠢᠯ ᠮᠥᠨ᠂ 〈ᠨᠢᠭᠡ ᠯᠡ ᠳᠡᠭᠡᠷ᠎ᠡ ᠠᠮᠵᠢᠯᠲᠠ ᠤᠯᠬᠤ〉 ᠭᠠᠶ᠋ᠢᠬᠠᠮᠰᠢᠭᠲᠤ᠌ ᠮᠡᠷᠭᠡᠵᠢᠯ ᠣᠷᠣᠰᠢᠬᠤ ᠥᠬᠡᠶ ᠶᠤᠮ》᠃

ᠡᠦ ᠪᠥᠸᠧ ᠪᠠᠰᠠ᠂ 《ᠴᠦᠯᠯᠡᠷᠭᠡᠭᠵᠢᠯ》᠎ᠢ ᠵᠠᠰᠠᠬᠤ᠎ᠠᠴᠠ ᠪᠢᠰᠢ 《ᠡᠯᠡᠰᠦ ᠮᠠᠡᠭᠬ᠎ᠠ》 ᠵᠢ ᠵᠠᠰᠠᠬᠤ ᠦᠭᠡᠶ᠃ ᠴᠦᠯᠯᠡᠷᠭᠡᠭᠵᠢᠯ ᠪᠣᠯ ᠠᠭᠤᠷ ᠠᠮᠢᠰᠬᠤᠯ᠎ᠤᠨ ᠬᠤᠪᠢᠷᠠᠯᠲᠠ ᠪᠣᠯᠤᠨ ᠬᠥᠮᠦᠨ ᠲᠥᠷᠥᠯᠬᠢᠲᠡᠨ᠎ᠦ ᠠᠵᠢᠯᠯᠠᠭ᠎ᠠ᠎ᠠᠴᠠ ᠪᠣᠯᠤᠭᠰᠠᠨ ᠭᠠᠵᠠᠷ ᠰᠢᠷᠣᠢ᠎ᠶᠢᠨ ᠮᠠᠭᠤᠳᠠᠯ ᠪᠣᠯᠤᠨ᠎ᠠ᠂ ᠡᠯᠡᠰᠦ ᠮᠠᠩᠬ᠎ᠠ ᠪᠦᠬᠦᠨ᠎ᠢ ᠵᠠᠰᠠᠬᠤ ᠴᠢᠬᠤᠯᠠ ᠦᠭᠡᠢ ᠶᠤᠮ᠃ ᠭᠠᠭᠴᠠ ᠬᠦ᠌ ᠬᠥᠮᠦᠨ᠎ᠦ ᠬᠦᠴᠦᠨ᠎ᠦ ᠨᠥᠯᠥᠭᠡ᠎ᠪᠡᠷ ᠪᠣᠶ ᠪᠣᠯᠤᠭᠰᠠᠨ ᠴᠦᠯᠯᠡᠷᠭᠡᠭᠵᠢᠭᠰᠡᠨ ᠭᠠᠵᠠᠷ ᠰᠢᠷᠣᠶ᠎ᠶᠢ ᠰᠠᠶᠢ ᠵᠠᠰᠠᠬᠤ ᠪᠣᠯᠤᠯᠴᠠᠭ᠎ᠠ᠎ᠲᠠᠶ ᠪᠥᠭᠡᠳ ᠵᠠᠰᠠᠬᠤ ᠴᠢᠬᠤᠯᠠ᠎ᠲᠠᠶ; ᠤᠤᠭᠠᠯ ᠡᠯᠡᠰᠦᠨ ᠴᠦᠯ᠂ ᠭᠣᠪᠢ ᠪᠣᠯ ᠬᠠᠷᠢᠨ ᠠᠮᠢ ᠠᠬᠤᠶ᠎ᠶᠢᠨ ᠰᠢᠰᠲ᠋ᠧᠮ᠎ᠦᠨ ᠴᠢᠬᠤᠯᠠ ᠪᠦᠷᠢᠯᠳᠦᠬᠦᠨ ᠬᠡᠰᠡᠭ ᠪᠣᠯᠬᠣᠷ ᠬᠠᠮᠠᠭᠠᠯᠠᠬᠤ ᠴᠢᠬᠤᠯᠠᠲᠠᠶ ᠭᠡᠵᠦ ᠪᠠᠢᠯ᠎ᠠ᠃ 《ᠪᠥᠬᠥ᠌ ᠤᠯᠤᠰ᠎ᠤᠨ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ᠎ᠢ ᠵᠠᠰᠠᠬᠤ ᠲᠥᠯᠥᠪᠵᠢᠭᠦᠯᠭᠡ (2021— 2030 ᠣᠨ)》 ᠳ᠋ᠤ᠂ ᠭᠦᠮᠦᠨ ᠳᠦᠷᠦᠯᠭᠢᠳᠠᠨ᠎ᠤ ᠠᠵᠢᠯᠯᠠᠭ᠎ᠠ ᠴᠦᠭᠡᠨ ᠤᠤᠭᠠᠯ ᠡᠯᠡᠰᠦ ᠮᠠᠡᠭᠬ᠎ᠠ ᠵᠡᠷᠭᠡ ᠪᠠᠶ᠋ᠢᠭᠠᠯᠢ᠎ᠶᠢᠨ ᠦᠯᠡᠳᠡᠭᠳᠡᠯ᠎ᠳᠦ ᠠᠯᠪᠠ ᠪᠡᠷ ᠭᠠᠷ ᠲᠦᠷᠦᠵᠦ ᠪᠤᠯᠬᠤ ᠥᠬᠡᠶ ᠭᠡᠵᠦ᠍ ᠲᠣᠳᠣᠷᠬᠠᠶ ᠱᠠᠭᠠᠷᠳᠠᠪᠠ᠃

ᠣᠷᠳᠣᠰ ᠬᠣᠲᠠ᠎ᠶᠢᠨ ᠣᠶ ᠰᠢᠭᠤᠶ ᠨᠤᠲᠤᠭ ᠪᠡᠯᠴᠢᠭᠡᠷ᠎ᠦᠨ ᠲᠣᠪᠴᠢᠶ᠎ᠠ᠎ᠶᠢᠨ ᠬᠢᠨ᠎ᠤ ᠲᠠᠨᠢᠯᠴᠠᠭᠤᠯᠤᠭᠰᠠᠨ᠎ᠢᠶᠠᠷ᠂ ᠬᠡᠳᠦᠨ ᠦᠶ᠎ᠡ᠎ᠶᠢᠨ ᠡᠯᠡᠰᠦ ᠵᠠᠰᠠᠭᠴᠢᠳ᠎ᠤᠨ ᠴᠢᠷᠮᠠᠶ᠋ᠢᠯᠭ᠎ᠠ᠎ᠪᠠᠷ ᠳᠠᠮᠵᠢᠭᠠᠳ ᠬᠥᠪᠴᠢ᠎ᠶᠢᠨ ᠡᠯᠡᠰᠦ᠎ᠶᠢ ᠵᠠᠰᠠᠭᠰᠠᠨ ᠨᠣᠷᠮ᠎ᠠ ᠨᠢᠭᠡᠨᠲᠡ 40%᠎ᠳ᠋ᠤ ᠬᠦᠷᠴᠦ᠍᠂ ᠣᠯᠠᠨ ᠤᠯᠤᠰ᠎ᠤᠨ ᠬᠣᠯᠪᠣᠭᠠᠲᠤ᠌ ᠪᠠᠶ᠋ᠢᠭᠤᠯᠭ᠎ᠠ᠎ᠠᠴᠠ 《ᠪᠥᠬᠥ᠌ ᠪᠥᠮᠪᠥᠷᠴᠡᠭ᠎ᠦᠨ ᠡᠯᠡᠰᠦ ᠮᠠᠡᠭᠬᠠᠨ᠎ᠦ ᠠᠮᠢ ᠠᠬᠤᠶ᠎ᠶᠢᠨ ᠠᠵᠤ ᠠᠬᠤᠶ᠎ᠶᠢᠨ ᠵᠢᠱ᠌ᠢᠶ᠎ᠡ ᠦᠵᠡᠭᠦᠯᠬᠦ᠌ ᠣᠷᠣᠨ》 ᠵᠢᠠᠷ ᠲᠣᠭᠲᠠᠭᠠᠵᠠᠶ᠃ ᠡᠨᠡ ᠬᠦ᠌ ᠠᠮᠵᠢᠯᠲᠠ ᠪᠦᠲᠦᠮᠵᠢ᠎ᠨᠢ ᠬᠥᠪᠡᠭᠡ ᠵᠠᠬ᠎ᠠ ᠵᠢᠨ ᠣᠶ ᠰᠢᠭᠤᠶ ᠨᠤᠲᠤᠭ ᠪᠡᠯᠴᠢᠭᠡᠷ᠎ᠶᠢᠨ ᠪᠦᠰᠡ᠎ᠶᠢ ᠪᠢᠲᠡᠭᠦᠮᠵᠢᠯᠠᠨ ᠡᠯᠡᠰᠦ ᠵᠢ ᠲᠣᠭᠲᠠᠪᠤᠷᠢᠵᠢᠭᠤᠯᠬᠤ᠂ ᠨᠤᠲᠤᠭ ᠪᠡᠯᠴᠢᠭᠡᠷ᠎ᠦᠨ ᠶᠠᠰᠤ ᠴᠢᠨᠠᠷ᠎ᠢ ᠳᠡᠭᠡᠭᠰᠢᠯᠡᠭᠦᠯᠬᠦ᠌ ᠵᠡᠷᠭᠡ ᠣᠯᠠᠨ ᠲᠠᠯ᠎ᠠ᠎ᠶᠢᠨ ᠠᠷᠭ᠎ᠠ ᠬᠡᠮᠵᠢᠶ᠎ᠡ᠎ᠶᠢᠨ ᠣᠷᠳᠣ ᠬᠤᠭᠤᠴᠠᠭᠠᠨ᠎ᠤ ᠬᠠᠶ᠋ᠢᠨ ᠰᠥᠪᠡᠭᠴᠢᠯᠡᠯᠲᠡ᠎ᠡᠴᠡ ᠢᠷᠡᠯᠲᠡ᠎ᠲᠡᠶ ᠶᠤᠮ᠂ ᠶᠠᠭᠠᠬᠢᠭᠰᠠᠨ ᠴᠤ᠌ ᠭᠠᠬᠠᠶ ᠬᠠᠷᠢᠭᠤᠯᠬᠤ᠂ ᠲᠠᠤᠯᠠᠢ ᠬᠠᠷᠢᠭᠤᠯᠬᠤ ᠵᠡᠷᠭᠡ 《ᠤᠷᠠᠨ ᠠᠷᠭ᠎ᠠ》 ᠪᠡᠷ ᠪᠡᠶᠡᠯᠡᠭᠦᠯᠵᠦ᠍ ᠳᠡᠶ᠋ᠢᠯᠬᠦ᠌ ᠥᠬᠡᠶ ᠶᠤᠮ᠃

ᠶᠡᠷᠦ᠎ᠶᠢᠨ ᠮᠡᠳᠡᠯᠭᠡ᠎ᠡᠴᠡ ᠢᠯᠡᠳᠲᠡ ᠲᠡᠷᠰᠯᠡᠭᠰᠡᠨ ᠴᠤᠤᠷᠬᠠᠯ ᠶᠠᠭᠠᠬᠢᠭᠠᠳ ᠥᠷᠭᠡᠨ᠎ᠢᠶᠡᠷ ᠳᠡᠯᠭᠡᠷᠡᠭᠰᠡᠨ ᠪᠤᠢ?

ᠥᠪᠥᠷ ᠮᠣᠩᠭᠣᠯ᠎ᠤᠨ ᠪᠠᠭᠰᠢ᠎ᠶᠢᠨ ᠶᠡᠬᠡ ᠰᠤᠷᠭᠠᠭᠤᠯᠢ᠎ᠶᠢᠨ ᠰᠣᠨᠢᠨ ᠮᠡᠳᠡᠭᠡᠨ᠎ᠦ ᠳᠠᠮᠵᠢᠭᠤᠯᠭ᠎ᠠ᠎ᠶᠢᠨ ᠳᠡᠭᠡᠳᠦ ᠰᠤᠷᠭᠠᠭᠤᠯᠢ᠎ᠶᠢᠨ ᠳᠡᠳ᠋ ᠫᠷᠤᠹᠸᠰᠰᠤᠷ ᠼᠤᠤ ᠭᠦᠸᠧ ᠳ᠋ᠦᠩ᠎ᠦᠨ ᠦᠵᠡᠬᠦ᠌᠎ᠪᠡᠷ᠂ ᠡᠶ᠋ᠢᠮᠦᠷᠬᠦᠦ ᠴᠤᠤᠷᠬᠠᠯ᠎ᠤᠨ ᠪᠣᠶ ᠪᠣᠯᠬᠤ ᠪᠠ ᠲᠠᠷᠬᠠᠬᠤ ᠨᠢ ᠵᠣᠬᠢᠬᠤ ᠨᠡᠶ᠋ᠢᠭᠡᠮ᠎ᠦᠨ ᠰᠠᠭᠤᠷᠢ᠎ᠲᠠᠶ ᠪᠠᠶ᠋ᠢᠳᠠᠭ᠃ ᠲᠡᠷᠡ ᠭᠡᠯᠡᠭᠦ᠎ᠳᠡᠭᠡᠨ᠂ ᠨᠢᠭᠡ ᠲᠠᠯ᠎ᠠ᠎ᠪᠠᠷ ᠣᠯᠠᠨ᠎ᠢᠶᠠᠷ᠎ᠢᠶᠠᠨ ᠡᠯᠡᠰᠦ᠎ᠶᠢ ᠵᠠᠰᠠᠭᠰᠠᠨ ᠦᠷ᠎ᠡ ᠪᠦᠲᠦᠮᠵᠢ᠎ᠶᠢ ᠮᠠᠰᠢ ᠠᠩᠬᠠᠷᠴᠤ᠌ ᠪᠠᠶ᠋ᠢᠨ᠎ᠠ; ᠨᠥᠭᠥᠭᠡ ᠲᠠᠯ᠎ᠠ᠎ᠪᠠᠷ᠂ ᠡᠯᠡᠰᠦ᠎ᠶᠢ ᠵᠠᠰᠠᠬᠤ ᠬᠦᠷᠢᠶᠡᠨ᠎ᠳᠡᠬᠢ ᠲᠤᠰᠬᠠᠶ ᠮᠡᠷᠭᠡᠵᠢᠯ᠎ᠦᠨ ᠮᠡᠳᠡᠯᠭᠡ᠎ᠶᠢᠨ ᠪᠠᠷᠢᠮᠵᠢᠶ᠎ᠠ ᠨᠡᠯᠢᠶᠡᠳ ᠥᠨᠳᠥᠷ ᠪᠠᠶ᠋ᠢᠵᠤ᠂ ᠣᠯᠠᠨ ᠲᠦᠮᠡᠨ ᠲᠤᠰᠬᠠᠶ ᠮᠡᠷᠭᠡᠵᠢᠯ᠎ᠦᠨ ᠮᠠᠭᠠᠳᠯᠠᠬᠤ ᠴᠢᠳᠠᠪᠤᠷᠢ᠎ᠪᠠᠷ ᠳᠤᠲᠠᠮᠠᠭ ᠪᠠᠶ᠋ᠢᠨ᠎ᠠ᠃ ᠬᠡᠰᠡᠭ ᠬᠤᠪᠢ᠎ᠶᠢᠨ ᠵᠠᠭᠤᠴᠢᠯᠠᠭᠤᠷ ᠨᠢ ᠰᠢᠨᠵᠢᠯᠡᠬᠦ ᠤᠬᠠᠭᠠᠨ᠎ᠢ ᠲᠦᠭᠡᠮᠡᠯᠵᠢᠭᠦᠯᠬᠦ᠌ ᠲᠤᠰᠬᠠᠢ ᠮᠡᠷᠭᠡᠵᠢᠯᠲᠡᠨ᠎ᠦ ᠬᠤᠪᠢ᠎ᠪᠠᠷ ᠪᠡᠶ᠎ᠡ᠎ᠪᠡᠨ ᠦᠨᠡᠯᠡᠵᠦ᠂ ᠦᠨᠡᠨ ᠪᠣᠳᠠᠲᠠᠢ ᠡᠯᠡᠰᠦ᠎ᠶᠢ ᠵᠠᠰᠠᠭᠰᠠᠨ ᠭᠡᠷᠡᠯ ᠵᠢᠷᠤᠭ᠂ ᠸᠢᠳᠢᠣ᠋ ᠪᠣᠯᠤᠨ ᠲᠣᠭ᠎ᠠ ᠪᠠᠷᠢᠮᠲᠠ᠎ᠶᠢ ᠡᠪᠯᠡᠭᠦᠯᠦᠨ ᠵᠠᠯᠭᠠᠵᠤ᠂ ᠨᠠᠷᠢᠨ ᠪᠤᠳᠤᠯᠢᠶᠠᠨᠲᠠᠢ ᠡᠯᠡᠰᠦ᠎ᠶᠢ ᠵᠠᠰᠠᠭᠰᠠᠨ ᠶᠠᠪᠤᠴᠠ᠎ᠶᠢ ᠦᠯᠢᠭᠡᠷ ᠪᠣᠯᠭᠠᠨ ᠳᠥᠭᠥᠮᠴᠢᠯᠡᠭᠰᠡᠨ ᠪᠠᠢᠳᠠᠭ᠃ 《ᠲᠠᠳᠠ ᠭᠠᠬᠠᠶ᠎ᠶᠢᠨ ᠭᠠᠵᠠᠷ ᠰᠡᠨᠳᠡᠯᠡᠭᠦ ᠨᠢ ᠬᠥᠷᠥᠰᠥ᠍ ᠰᠢᠷᠣᠶ᠎ᠶᠢ ᠵᠥᠭᠡᠯᠡᠷᠡᠭᠦᠯᠵᠦ᠍ ᠪᠣᠯᠬᠤ᠂ ᠭᠠᠬᠠᠶ᠎ᠶᠢᠨ ᠪᠠᠭᠠᠰᠤ᠎ᠪᠠᠷ ᠪᠣᠷᠲᠣᠭᠣᠷ ᠪᠣᠯᠭᠠᠵᠤ ᠪᠣᠯᠬᠤ ᠵᠡᠷᠭᠡ ᠦᠵᠡᠬᠦ᠌᠎ᠳᠦ ᠰᠢᠨᠵᠢᠯᠡᠬᠦ᠌ ᠤᠬᠠᠭᠠᠨᠴᠢ ᠭᠡᠮᠡᠷ ᠨᠠᠷᠢᠨ ᠵᠦᠢᠯᠡᠰ᠎ᠢ ᠠᠰᠢᠭᠯᠠᠵᠤ᠂ ᠯᠣᠭᠢᠭ ᠨᠢ ᠨᠡᠢᠴᠡᠪᠦᠷᠢᠳᠠᠢ᠂ ᠦᠵᠡᠭᠳᠡᠵᠦ ᠬᠠᠷᠠᠭᠳᠠᠮᠠᠷ ᠤᠷᠠᠨ ᠦᠭᠡ ᠵᠤᠭᠢᠶᠠᠵᠤ᠂ ᠬᠥᠮᠦᠰ᠎ᠦᠨ ᠦᠨᠡᠨ ᠬᠤᠳᠠᠯ᠎ᠢ ᠢᠯᠭᠠᠨ ᠲᠠᠨᠢᠬᠤ᠎ᠳᠤ ᠪᠡᠷᠬᠡ ᠪᠣᠯᠭᠠᠭᠰᠠᠨ᠎ᠢᠶᠠᠷ ᠪᠠᠷᠠᠬᠤ ᠥᠬᠡᠶ᠂ ᠨᠠᠩ ᠴᠤ᠌ ᠣᠯᠠᠨ ᠨᠡᠶ᠋ᠢᠲᠡ᠎ᠶᠢᠨ ᠲᠦᠷᠭᠡᠨ ᠪᠥᠭᠡᠳ ᠭᠠᠶ᠋ᠢᠬᠠᠮᠰᠢᠭᠲᠤ᠌ ᠡᠯᠡᠰᠦ᠎ᠶᠢ ᠵᠠᠰᠠᠬᠤ ᠲᠥᠰᠦᠯ᠎ᠦᠨ ᠲᠤᠬᠠᠶ ᠬᠦᠰᠡᠯ ᠡᠷᠡᠮᠡᠯᠵᠡᠯ᠎ᠳᠦ ᠨᠡᠶ᠋ᠢᠴᠡᠭᠦᠯᠦᠭᠰᠡᠨ ᠪᠠᠶ᠋ᠢᠨ᠎ᠠ》 ᠭᠡᠯ᠎ᠠ᠃

ᠲᠡᠷᠡ ᠰᠠᠨᠠᠭᠤᠯᠬᠤ᠎ᠳᠠᠭᠠᠨ᠂ ᠲᠠᠪᠴᠠᠩ᠎ᠨᠢ ᠰᠠᠨᠠᠭᠠᠴᠢᠯᠠᠭ᠎ᠠ᠎ᠠᠴᠠ᠎ᠪᠠᠨ ᠵᠠᠰᠠᠬᠤ ᠤᠬᠠᠮᠰᠠᠷ᠎ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠍᠂ AI ᠪᠤᠳᠤᠬᠤ ᠠᠷᠭ᠎ᠠ ᠪᠠ ᠰᠠᠨᠠᠭᠠᠴᠢᠯᠠᠭᠠᠲᠤ᠌ ᠪᠤᠰᠤ ᠢᠯᠡᠴᠢᠯᠡᠨ ᠮᠡᠳᠡᠭᠦᠯᠬᠦ᠌᠎ᠳᠦ ᠯᠡ ᠲᠦᠰᠢᠭᠯᠡᠵᠦ᠍ ᠪᠣᠯᠬᠤ ᠥᠬᠡᠶ᠂ ᠭᠤᠤᠯᠳᠠᠯᠭ᠎ᠠ᠎ᠲᠠᠶ ᠳᠠᠪᠴᠠᠡᠭ᠎ᠤᠨ ᠬᠠᠮᠢᠶᠠᠷᠤᠯᠲᠠ᠎ᠶᠢᠨ ᠡᠬᠡ ᠲᠠᠩᠰᠠ ᠪᠠᠶ᠋ᠢᠭᠤᠯᠵᠤ᠂ ᠣᠯᠠᠨ ᠤᠳᠠᠭ᠎ᠠ ᠴᠤᠤᠷᠬᠠᠯ ᠲᠠᠷᠬᠠᠭᠠᠭᠰᠠᠨ ᠲᠠᠩᠰᠠᠨ ᠳ᠋ᠤᠭᠠᠷ᠎ᠲᠦ᠍ ᠲᠡᠮᠳᠡᠭ ᠲᠠᠯᠪᠢᠬᠤ ᠪᠠ ᠤᠷᠢᠳᠴᠢᠯᠠᠨ ᠬᠢᠨᠠᠨ ᠬᠠᠷᠭᠤᠭᠤᠯᠬᠤ ᠬᠡᠷᠡᠭᠲᠡᠶ ᠭᠡᠵᠡᠶ᠃

ᠢᠷᠡᠯᠳᠠ᠄ ᠰᠢᠨᠬᠤᠸᠠ ᠬᠠᠷᠠᠭᠠᠨ ᠴᠡᠭ ᠳᠠᠪᠴᠠᠡᠭ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号