ᠦᠪᠤᠷ ᠮᠤᠩᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠰᠣᠶᠣᠯ ᠪᠠ ᠵᠢᠭᠤᠯᠴᠢᠯᠠᠯ ᠤ᠋ᠨ ᠲᠢᠩᠬᠢᠮ ᠤ᠋ᠨ ᠬᠢᠨ ᠲᠦᠷᠦᠬᠦᠬᠡᠨ ᠱᠠᠩᠬᠠᠶ ᠳ᠋ᠤ ᠬᠦᠷᠴᠦ᠍᠂ 《2026 ᠤᠯᠠᠨ ᠬᠣᠲᠠ ᠶ᠋ᠢᠨ ᠰᠣᠶᠣᠯ ᠵᠢᠭᠤᠯᠴᠢᠯᠠᠯ ᠤ᠋ᠨ ᠬᠠᠮᠳᠤᠷᠠᠯᠴᠠᠭ᠎ᠠ·ᠬᠣᠩᠺᠸᠦ ᠪᠦᠳᠦᠬᠡᠯᠴᠢ ᠰᠣᠶᠣᠯ ᠤ᠋ᠨ ᠠᠵᠤ ᠦᠶ᠋ᠯᠡᠰ ᠤ᠋ᠨ ᠠᠭᠤᠰᠤᠯᠴᠠᠯ ᠤ᠋ᠨ ᠶᠠᠷᠢᠯᠴᠠᠭ᠎ᠠ》 ᠳ᠋ᠤ ᠣᠷᠣᠯᠴᠠᠨ᠂ ᠥᠪᠥᠷ ᠮᠣᠩᠭᠣᠯ ᠤ᠋ᠨ ᠰᠣᠶᠣᠯ ᠵᠢᠭᠤᠯᠴᠢᠯᠠᠯ ᠤ᠋ᠨ ᠲᠦᠷᠦᠯ ᠲᠡᠮᠳᠡᠭ ᠤ᠋ᠨ ᠬᠥᠬᠡᠮᠥ᠋ᠷᠡᠨ ᠤ᠋ ᠭᠤᠷᠪᠠᠯᠵᠢᠨ ᠬᠣᠢᠭ ᠲᠠᠬᠢ ᠨᠥᠯᠥᠭᠡᠯᠡᠬᠦ᠌ ᠬᠦᠴᠦᠨ ᠢ᠋ ᠳᠡᠭᠡᠭ᠌ᠰᠢᠯᠡᠭᠦᠯᠵᠠᠢ᠃
ᠶᠠᠷᠢᠯᠴᠠᠭ᠎ᠠ ᠲᠡᠬᠡᠷ᠎ᠠ ᠥᠪᠡᠷᠲᠡᠭᠡᠨ ᠵᠠᠰᠠᠬᠤ ᠣᠷᠣᠨ ᠤ᠋ ᠰᠣᠶᠣᠯ ᠵᠢᠭᠤᠯᠴᠢᠯᠠᠯ ᠤ᠋ᠨ ᠳᠠᠨᠢᠯᠴᠠᠭᠤᠯᠤᠭᠴᠢ ᠡᠴᠡ ᠥᠪᠥᠷ ᠮᠣᠩᠭᠣᠯ ᠤ᠋ᠨ 12 ᠠᠢᠮᠠᠭ ᠬᠣᠲᠠ ᠶ᠋ᠢᠨ ᠰᠦᠷᠯᠢᠭ ᠰᠠᠢᠬᠠᠨ ᠪᠠᠢᠭᠠᠯᠢ ᠶ᠋ᠢᠨ ᠥᠩᠭᠡ ᠦᠵᠡᠮᠵᠢ᠂ ᠭᠦᠨ ᠵᠤᠵᠠᠭᠠᠨ ᠲᠡᠦᠬᠡ ᠰᠣᠶᠣᠯ᠂ ᠲᠠᠩᠰᠤᠭ ᠰᠠᠢᠬᠠᠨ ᠦᠨᠳᠦᠰᠦᠲᠡᠨ ᠤ᠋ ᠵᠠᠩ ᠦᠶ᠋ᠯᠡ ᠶ᠋ᠢᠨ ᠲᠣᠭᠣᠷᠢᠨ ᠳ᠋ᠤ ᠲᠤᠰᠭᠠᠶ ᠰᠡᠳᠦᠪᠲᠦ ᠲᠠᠨᠢᠯᠴᠠᠭᠤᠯᠭ᠎ᠠ ᠬᠢᠵᠦ᠍᠂ 《ᠡᠬᠡ ᠤᠯᠤᠰ ᠤ᠋ᠨ ᠤᠮᠠᠷᠠᠲᠤ ᠣᠷᠣᠨ·ᠦᠵᠡᠰᠭᠦᠯᠡᠩᠲᠦ ᠰᠠᠢᠬᠠᠨ ᠥᠪᠥᠷ ᠮᠣᠩᠭᠣᠯ》 ᠤ᠋ᠨ ᠥᠪᠡᠷᠮᠢᠴᠡ ᠷᠢᠳᠢ ᠱᠢᠳᠢ ᠵᠢ ᠠᠮᠢᠳᠤᠯᠢᠭ ᠢ᠋ᠶ᠋ᠠᠷ ᠢᠯᠡᠷᠡᠭᠦᠯᠵᠦ᠍᠂ ᠬᠥᠬᠡᠮᠥ᠋ᠷᠡᠨ ᠤ᠋ ᠭᠤᠷᠪᠠᠯᠵᠢᠨ ᠬᠣᠢᠭ ᠤ᠋ᠨ ᠬᠦᠮᠦᠰ ᠤ᠋ᠨ ᠥᠪᠥᠷ ᠮᠣᠩᠭᠣᠯ ᠳ᠋ᠤ ᠵᠢᠭᠤᠯᠴᠢᠯᠠᠬᠤ ᠵᠢ ᠴᠢᠩ ᠰᠡᠳᠬᠢᠯ ᠡᠴᠡ ᠪᠠᠨ ᠤᠷᠢᠵᠠᠢ᠃ ᠲᠤᠰ ᠤᠳᠠᠭ᠎ᠠ ᠶ᠋ᠢᠨ ᠠᠵᠢᠯᠯᠠᠭ᠎ᠠ ᠳ᠋ᠤ ᠣᠷᠣᠯᠴᠠᠭ᠍ᠰᠠᠨ ᠨᠢ ᠥᠪᠥᠷ ᠮᠣᠩᠭᠣᠯ ᠱᠠᠩᠬᠠᠢ ᠶ᠋ᠢᠨ ᠰᠣᠶᠣᠯ ᠵᠢᠭᠤᠯᠴᠢᠯᠠᠯ ᠤ᠋ᠨ ᠪᠣᠳᠠᠲᠠᠢ ᠬᠠᠮᠲᠤᠷᠠᠯᠴᠠᠭ᠎ᠠ ᠵᠢ ᠭᠦᠨᠵᠡᠭᠡᠢᠷᠡᠭᠦᠯᠵᠤ᠂ ᠬᠠᠮᠲᠤᠷᠠᠯᠴᠠᠭᠠᠨ ᠤ᠋ ᠠᠷᠭ᠎ᠠ ᠵᠠᠮ ᠢ᠋ ᠪᠦᠲᠦᠮᠵᠢᠲᠡᠢ ᠥᠷᠭᠡᠳᠭᠡᠨ᠂ ᠥᠪᠥᠷ ᠮᠣᠩᠭᠣᠯ ᠤ᠋ᠨ ᠰᠣᠶᠣᠯ ᠵᠢᠭᠤᠯᠴᠢᠯᠠᠯ ᠤ᠋ᠨ ᠲᠦᠷᠦᠯ ᠲᠡᠮᠳᠡᠭ ᠤ᠋ᠨ ᠬᠥᠬᠡᠮᠥ᠋ᠷᠡᠨ ᠤ᠋ ᠭᠤᠷᠪᠠᠯᠵᠢᠨ ᠬᠣᠢᠭ ᠲᠠᠬᠢ ᠨᠥᠯᠥᠭᠡᠯᠡᠬᠦ᠌ ᠬᠦᠴᠦᠨ ᠢ᠋ ᠳᠡᠭᠡᠭ᠌ᠰᠢᠯᠡᠭᠦᠯᠵᠦ᠂ ᠥᠪᠥᠷ ᠮᠣᠩᠭᠣᠯ ᠤ᠋ᠨ ᠰᠣᠶᠣᠯ ᠵᠢᠭᠤᠯᠴᠢᠯᠠᠯ ᠤ᠋ᠨ ᠠᠵᠤ ᠦᠶ᠋ᠯᠡᠰ ᠤ᠋ᠨ ᠴᠢᠨᠠᠷ ᠰᠠᠢᠲᠠᠶ ᠬᠥᠭ᠌ᠵᠢᠯᠲᠡ ᠳ᠋ᠤ ᠱᠢᠨ᠎ᠡ ᠬᠥᠳᠡᠯᠭᠡᠬᠦ᠌ ᠬᠦᠴᠦ ᠨᠡᠮᠡᠷᠢᠯᠡᠭᠰᠡᠨ ᠪᠠᠢᠨ᠎ᠠ᠃
ᠲᠤᠰ ᠠᠵᠢᠯᠯᠠᠭ᠎ᠠ ᠨᠢ 《ᠰᠣᠶᠣᠯ ᠵᠢᠭᠤᠯᠴᠢᠯᠠᠯ ᠵᠢᠡᠷ ᠬᠦᠴᠦ ᠨᠡᠮᠡᠷᠢᠯᠡᠵᠦ᠂ ᠠᠵᠤ ᠦᠢᠯᠡᠰ ᠪᠤᠯᠤᠨ ᠬᠣᠲᠠ ᠶ᠋ᠢᠨ ᠬᠦᠭᠵᠢᠯᠳᠡ ᠵᠢ ᠠᠬᠢᠭᠤᠯᠤᠨ ᠬᠠᠮᠲᠤ ᠪᠠᠷ ᠰᠣᠶᠣᠯ ᠵᠢᠭᠤᠯᠴᠢᠯᠠᠯ ᠠᠷᠠᠯᠵᠢᠶ᠎ᠠ ᠬᠤᠳᠠᠯᠳᠤᠭ᠎ᠠ ᠪᠡᠶ᠎ᠡ ᠶ᠋ᠢᠨ ᠲᠠᠮᠢᠷ ᠦᠵᠡᠰᠬᠦᠯᠡᠩ ᠦᠵᠡᠭᠦᠯᠭᠡ ᠵᠢ ᠬᠦᠭᠵᠢᠬᠡᠵᠦ᠂ ᠣᠯᠠᠨ ᠬᠣᠲᠠ ᠳ᠋ᠤ ᠠᠭᠤᠰᠤᠯᠴᠠᠭᠤᠯᠤᠭ᠍ᠰᠠᠨ ᠪᠤᠷᠤ ᠲᠥᠰᠦᠪ ᠢ᠋ ᠴᠤᠭᠴᠠᠯᠠᠬᠤ》 ᠪᠡᠷ ᠭᠤᠤᠯ ᠰᠡᠳᠦᠪ ᠪᠣᠯᠭᠠᠵᠤ᠂ ᠣᠷᠣᠨ ᠪᠦᠰᠡ ᠠᠯᠤᠰᠯᠠᠭ᠍ᠰᠠᠨ᠂ ᠪᠥᠬᠥ᠌ ᠬᠡᠯᠬᠢᠶ᠎ᠡ᠂ ᠬᠦᠨᠵᠡᠬᠡᠢ ᠪᠡᠶᠡᠴᠢ ᠤᠢᠯᠠᠭᠠᠯᠳᠠ ᠶ᠋ᠢᠨ ᠮᠠᠶᠢᠭ ᠤ᠋ᠨ ᠰᠣᠶᠣᠯ ᠵᠢᠭᠤᠯᠴᠢᠯᠠᠯ ᠤ᠋ᠨ ᠠᠵᠤ ᠦᠶ᠋ᠯᠡᠰ ᠤ᠋ᠨ ᠰᠣᠯᠢᠯᠴᠠᠭ᠎ᠠ ᠬᠠᠮᠲᠤᠷᠠᠯᠴᠠᠭᠠᠨ ᠤ᠋ ᠲᠠᠪᠴᠠᠩ ᠢ᠋ ᠪᠠᠢᠭᠤᠯᠪᠠ᠃ ᠡᠬᠦᠨ ᠤ᠋ ᠬᠠᠮᠳᠤ ᠰᠣᠶᠣᠯ ᠵᠢᠭᠤᠯᠴᠢᠯᠠᠯ ᠤ᠋ᠨ IP ᠵᠢ ᠨᠡᠭᠡᠭᠡᠨ ᠬᠥᠭ᠌ᠵᠢᠭᠦᠯᠬᠦ᠌᠂ ᠲᠣᠭᠠᠴᠢᠯᠠᠭ᠍ᠰᠠᠨ ᠮᠡᠷᠭᠡᠵᠢᠯ ᠢ᠋ ᠠᠰᠢᠭᠯᠠᠬᠤ᠂ ᠬᠡᠷᠡᠭ᠌ᠯᠡᠭᠡᠨ ᠤ᠋ ᠱᠢᠨ᠎ᠡ ᠪᠠᠢᠳᠠᠯ ᠢ᠋ ᠪᠣᠢᠵᠢᠭᠤᠯᠬᠤ ᠵᠡᠷᠭᠡ ᠬᠣᠱᠢᠭᠤᠷᠠᠯ ᠰᠡᠳᠦᠪ ᠤ᠋ᠨ ᠲᠣᠭᠣᠷᠢᠨ ᠳ᠋ᠤ ᠭᠦᠨᠵᠡᠭᠡᠶ ᠶᠠᠷᠢᠯᠴᠠᠭ᠎ᠠ ᠥᠷᠨᠢᠭᠦᠯᠵᠦ᠍᠂ ᠡᠬᠢ ᠪᠠᠶᠠᠯᠢᠭ ᠢ᠋ ᠬᠠᠷᠢᠯᠴᠠᠨ ᠨᠥᠬᠥᠪᠥᠷᠢᠯᠡᠬᠦ᠌᠂ ᠵᠠᠬ᠎ᠠ ᠳᠡᠯᠭᠡᠭᠦᠷ ᠢ᠋ ᠬᠠᠮᠲᠤ ᠪᠠᠷ ᠥᠷᠭᠡᠳᠭᠡᠬᠦ᠌᠂ ᠲᠥᠷᠥᠯ ᠲᠡᠮᠳᠡᠭ ᠢ᠋ ᠬᠠᠮᠲᠤ ᠪᠠᠷ ᠪᠠᠢᠭᠤᠯᠬᠤ ᠵᠢ ᠵᠤᠷᠢᠵᠠᠢ᠃