2025 ᠣᠨᠳᠤ᠂ ᠥᠪᠥᠷ ᠮᠣᠩᠭᠣᠯᠤᠨ ᠣᠶ ᠱᠢᠭᠤᠶ ᠪᠠ ᠨᠤᠲᠤᠭ ᠪᠡᠯᠴᠢᠭᠡᠷ ᠤ᠋ᠨ ᠳᠠᠭᠠᠳᠭᠠᠯ ᠦᠷᠭᠦᠯᠵᠢᠯᠡᠨ ᠬᠡᠪᠴᠢᠶᠡ ᠪᠡᠨ ᠥᠷᠭᠡᠳᠭᠡᠨ ᠦᠷᠡ ᠪᠦᠲᠦᠮᠵᠢ ᠪᠡᠨ ᠳᠡᠭᠡᠭ᠌ᠰᠢᠯᠡᠭᠦᠯᠵᠦ᠂ ᠪᠥᠬᠥ᠌ ᠣᠷᠣᠨᠤ 3.54 ᠳ᠋ᠦᠩᠱᠢᠭᠤᠷ ᠮᠥ᠍ ᠣᠶ ᠱᠢᠭᠤᠶ ᠪᠠ ᠨᠤᠲᠤᠭ ᠪᠡᠯᠴᠢᠭᠡᠷ ᠲᠤ᠌ ᠪᠠᠲᠤᠯᠠᠭᠠ ᠬᠠᠩᠭᠠᠪᠠ᠃
ᠥᠪᠥᠷ ᠮᠣᠩᠭᠣᠯ ᠣᠶ ᠱᠢᠭᠤᠶ ᠪᠠ ᠨᠤᠲᠤᠭ ᠪᠡᠯᠴᠢᠭᠡᠷ ᠤ᠋ᠨ ᠳᠠᠭᠠᠳᠭᠠᠯᠤᠨ ᠠᠵᠢᠯ ᠢ᠋ ᠦᠷᠭᠦᠯᠵᠢᠯᠡᠨ ᠭᠦᠨᠵᠡᠭᠡᠢᠷᠡᠭᠦᠯᠵᠦ᠍᠂ ᠣᠶ ᠱᠢᠭᠤᠶ ᠪᠠ ᠨᠤᠲᠤᠭ ᠪᠡᠯᠴᠢᠭᠡᠷ ᠤ᠋ᠨ ᠳᠠᠭᠠᠳᠭᠠᠯ ᠢ᠋ ᠤᠮᠠᠷᠠᠲᠤ ᠬᠢᠯᠢ ᠵᠢᠨ ᠨᠤᠮᠢᠨ ᠤᠰᠤ ᠬᠥᠬᠡᠮᠳᠦᠭ ᠠᠭᠤᠯᠨᠵᠢᠨ 《ᠬᠠᠮᠠᠭᠠᠯᠠᠭ᠍ᠴᠢ》 ᠪᠣᠯᠭᠠᠨ᠂ ᠣᠶ ᠱᠢᠭᠤᠶ ᠮᠠᠯᠴᠢᠨ ᠲᠠᠷᠢᠶᠠᠴᠢᠨᠤ ᠡᠷᠬᠡ ᠠᠱᠢᠭ ᠢ᠋ ᠪᠠᠲᠤᠯᠠᠪᠠ᠃ ᠢᠯᠠᠩᠭᠤᠶᠠ ᠱᠢᠨᠡ ᠨᠢᠭᠡᠨ ᠡᠭᠡᠯᠵᠢ ᠵᠢᠨ ᠨᠤᠲᠤᠭ ᠪᠡᠯᠴᠢᠭᠡᠷ ᠤ᠋ᠨ ᠳᠠᠭᠠᠳᠭᠠᠯᠤᠨ ᠲᠤᠷᠱᠢᠯᠲᠠ ᠶ᠋ᠢ ᠳᠡᠭᠡᠳᠦ ᠬᠡᠮᠵᠢᠶᠡ ᠪᠡᠷ ᠠᠬᠢᠭᠤᠯᠵᠤ᠂ ᠥᠪᠡᠷᠲᠡᠭᠡᠨ ᠵᠠᠰᠠᠬᠤ ᠣᠷᠣᠨᠤ ᠣᠶ ᠱᠢᠭᠤᠶ ᠪᠠ ᠨᠤᠲᠤᠭ ᠪᠡᠯᠴᠢᠭᠡᠷ ᠤ᠋ᠨ ᠲᠣᠪᠴᠢᠶᠠ ᠡᠴᠡ ᠥᠪᠡᠷᠲᠡᠭᠡᠨ ᠵᠠᠰᠠᠬᠤ ᠣᠷᠣᠨᠤ ᠡᠳ᠋ ᠤ᠋ᠨ ᠵᠠᠰᠠᠭ᠂ ᠮᠥᠩᠭᠥᠨ ᠭᠦᠶ᠋ᠯᠭᠡᠭᠡᠨᠦ ᠬᠢᠨᠠᠯᠲᠠ ᠬᠠᠮᠢᠶᠠᠷᠤᠯᠲᠠ ᠵᠢᠨ ᠰᠠᠯᠠᠭᠠ ᠮᠥᠴᠢᠷᠲᠡᠶ ᠬᠠᠮᠲᠤᠷᠠᠨ《ᠥᠪᠥᠷ ᠮᠣᠩᠭᠣᠯᠤᠨ ᠥᠪᠡᠷᠲᠡᠭᠡᠨ ᠵᠠᠰᠠᠬᠤ ᠣᠷᠣᠨᠤ ᠨᠤᠲᠤᠭ ᠪᠡᠯᠴᠢᠭᠡᠷ ᠤ᠋ᠨ ᠳᠠᠭᠠᠳᠭᠠᠯᠤᠨ ᠲᠤᠷᠱᠢᠯᠲᠠ ᠵᠢᠨ ᠬᠡᠷᠡᠭ᠌ᠵᠢᠭᠦᠯᠬᠦ᠌ ᠲᠥᠰᠦᠯ (2025 —2027 ᠣᠨ)》 ᠢ᠋ ᠳᠠᠷᠤᠮᠠᠯᠯᠠᠨ ᠲᠠᠷᠬᠠᠭᠠᠵᠤ᠂ ᠳᠠᠭᠠᠳᠭᠠᠯᠤᠨ ᠲᠣᠭ᠍ᠲᠠᠴᠠ᠂ ᠬᠠᠷᠢᠭᠤᠴᠠᠯᠭᠠ ᠵᠢᠨ ᠬᠡᠪᠴᠢᠶᠡ᠂ ᠪᠠᠲᠤᠯᠠᠭᠠ ᠵᠢᠨ ᠬᠢᠷᠢ ᠬᠡᠮᠵᠢᠶᠡ ᠵᠡᠷᠭᠡ ᠭᠤᠷᠪᠠᠨ ᠶᠡᠬᠡ ᠱᠢᠪᠲᠤᠯᠤᠯᠲᠠ ᠶ᠋ᠢ ᠪᠡᠶᠡᠯᠡᠭᠦᠯᠤᠨ᠂ ᠪᠥᠬᠥ᠌ ᠤᠯᠤᠰᠤᠨ ᠴᠣᠷᠤᠨ ᠭᠠᠭ᠍ᠴᠠ ᠮᠤᠵᠢ ᠵᠢᠨ ᠱᠠᠲᠤᠨᠤ ᠲᠥᠷᠥ ᠵᠢᠨ ᠪᠣᠳᠣᠯᠭᠠ ᠵᠢᠨ ᠴᠢᠨᠠᠷᠲᠠᠶ ᠨᠤᠲᠤᠭ ᠪᠡᠯᠴᠢᠭᠡᠷ ᠤ᠋ᠨ ᠳᠠᠭᠠᠳᠭᠠᠯᠤᠨ ᠲᠤᠷᠱᠢᠯᠲᠠ ᠵᠢᠨ ᠴᠡᠭ ᠪᠣᠯᠪᠠ᠃
ᠣᠶ ᠱᠢᠭᠤᠶ ᠵᠢᠨ ᠳᠠᠭᠠᠳᠭᠠᠯᠤᠨ ᠲᠥᠯᠥᠪᠦᠷᠢ ᠵᠢᠨ ᠪᠡᠯᠡ ᠮᠥᠩᠭᠥ ᠶ᠋ᠢ ᠭᠣᠣᠯᠳᠠᠭᠤ ᠭᠠᠮᠱᠢᠭ ᠭᠠᠷᠤᠭ᠍ᠰᠠᠨ ᠭᠠᠵᠠᠷᠤᠨ ᠬᠥᠨᠥᠭᠡᠯᠲᠤ ᠠᠮᠢᠳᠤ ᠪᠣᠳᠠᠰ ᠢ᠋ ᠰᠡᠷᠭᠡᠢᠯᠡᠨ ᠵᠠᠰᠠᠬᠤ᠂ ᠣᠶ ᠮᠣᠳᠣ ᠶ᠋ᠢ ᠪᠣᠢᠵᠢᠭᠤᠯᠤᠨ ᠥᠭᠡᠷᠡᠴᠢᠯᠡᠬᠦ᠌᠂ ᠮᠣᠳᠣ ᠣᠭ᠍ᠲᠣᠯᠤᠭ᠍ᠰᠠᠨ ᠭᠠᠵᠠᠷ ᠢ᠋ ᠱᠢᠨᠡᠳᠭᠡᠬᠦ᠌ ᠪᠠ ᠠᠭᠤᠯᠠ ᠶ᠋ᠢ ᠪᠢᠲᠡᠭᠦᠮᠵᠢᠯᠡᠨ (ᠡᠯᠡᠰᠦ) ᠣᠢᠵᠢᠭᠤᠯᠬᠤ ᠵᠡᠷᠭᠡ ᠲᠠᠯᠠᠳᠤ ᠬᠡᠷᠡᠭ᠌ᠯᠡᠨᠡ;ᠨᠤᠲᠤᠭ ᠪᠡᠯᠴᠢᠭᠡᠷ ᠤ᠋ᠨ ᠳᠠᠭᠠᠳᠭᠠᠯ ᠤ᠋ᠨ ᠲᠤᠷᠱᠢᠯᠲᠠ ᠵᠢᠨ ᠬᠡᠷᠡᠭ᠌ᠵᠢᠭᠦᠯᠬᠦ᠌ ᠲᠥᠰᠦᠯ ᠳ᠋ᠤ ᠲᠥᠯᠥᠪᠦᠷᠢ ᠥᠭ᠌ᠬᠦ ᠪᠡᠯᠡ ᠮᠥᠩᠭᠥ ᠶ᠋ᠢ ᠭᠣᠣᠯᠳᠠᠭᠤ ᠭᠠᠮᠱᠢᠭ᠍ᠳᠠᠭ᠍ᠰᠠᠨ ᠨᠤᠲᠤᠭ ᠪᠡᠯᠴᠢᠭᠡᠷ ᠤ᠋ᠨ ᠭᠠᠮᠱᠢᠭ ᠤ᠋ᠨ ᠳᠠᠷᠠᠭᠠᠬᠢ ᠵᠠᠰᠠᠯᠲᠠ ᠪᠠ ᠤᠷᠭᠤᠮᠠᠯ ᠤ᠋ᠨ ᠬᠤᠴᠢᠯᠭᠠ ᠶ᠋ᠢ ᠰᠡᠷᠭᠦᠭᠡᠯᠲᠡ ᠳ᠋ᠤ ᠬᠡᠷᠡᠭ᠌ᠯᠡᠵᠦ᠍᠂ ᠮᠠᠯ ᠪᠡᠯᠴᠢᠭᠡᠷ ᠢ᠋ ᠲᠡᠩᠴᠡᠭᠦᠷᠢᠲᠡᠶ ᠪᠠᠢᠯᠭᠠᠬᠤ ᠶ᠋ᠢ ᠪᠠᠲᠤᠯᠠᠬᠤ ᠪᠠ ᠪᠡᠯᠴᠢᠭᠡᠷᠯᠡᠭᠦᠯᠬᠦ᠌ ᠶ᠋ᠢ ᠴᠠᠭᠠᠵᠠᠯᠠᠵᠤ ᠪᠡᠯᠴᠢᠭᠡᠷ ᠢ᠋ ᠠᠮᠠᠷᠠᠭᠤᠯᠬᠤ ᠲᠥᠷᠢᠮ ᠢ᠋ ᠨᠠᠢᠳᠠᠪᠤᠷᠢᠵᠢᠭᠤᠯᠤᠨ᠂ ᠪᠡᠯᠴᠢᠭᠡᠷ ᠤ᠋ᠨ ᠳᠠᠭᠠᠭᠠᠴᠠ ᠡᠴᠡ ᠬᠡᠲᠦᠷᠡᠲᠡᠯᠡ ᠪᠡᠯᠴᠢᠭᠡᠷᠯᠡᠬᠦᠯᠬᠦ ᠠᠰᠠᠭᠤᠳᠠᠯ ᠢ᠋ ᠰᠢᠢᠳᠪᠦᠷᠢᠯᠡᠬᠦ ᠵᠡᠷᠭᠡ ᠳ᠋ᠤ ᠬᠡᠷᠡᠭᠯᠡᠵᠤ᠂ ᠨᠤᠲᠤᠭ ᠪᠡᠯᠴᠢᠭᠡᠷ ᠤ᠋ᠨ ᠳᠠᠭᠠᠳᠭᠠᠯ ᠢ᠋ ᠨᠤᠲᠤᠭ ᠪᠡᠯᠴᠢᠭᠡᠷ ᠤ᠋ᠨ ᠠᠮᠢ ᠠᠬᠤᠢ ᠶ᠋ᠢ ᠬᠠᠮᠠᠭᠠᠯᠠᠬᠤ᠂ ᠨᠤᠲᠤᠭ ᠪᠡᠯᠴᠢᠭᠡᠷ ᠤ᠋ᠨ ᠭᠠᠮᠰᠢᠭ ᠢ᠋ ᠰᠡᠷᠭᠡᠢᠯᠡᠬᠦ᠂ ᠭᠠᠮᠰᠢᠭᠳᠠᠭᠰᠠᠨ ᠤ᠋ ᠳᠠᠷᠠᠭᠠᠬᠢ ᠵᠠᠰᠠᠨ ᠰᠡᠷᠭᠦᠭᠡᠯᠲᠡ ᠳ᠋ᠤ ᠬᠡᠷᠡᠭᠯᠡᠬᠦ ᠬᠡᠷᠡᠭ᠌ᠲᠡᠢ ᠭᠡᠵᠦ᠍ ᠲᠣᠳᠣᠷᠬᠠᠢᠯᠠᠭ᠍ᠰᠠᠨ ᠪᠠᠢᠨᠠ᠃