8 ᠶᠡᠬᠡ ᠲᠥᠷᠥᠯ 33 ᠵᠦᠶ᠋ᠯ᠎ᠦᠨ ᠠᠵᠢᠯᠯᠠᠭ᠎ᠠ ᠦᠷᠨᠢᠬᠦᠯᠵᠦ ᠥᠪᠥᠷ ᠮᠣᠩᠭᠣᠯ ᠤᠯᠤᠰ ᠎ᠤᠨ ᠠᠮᠤᠷ ᠲᠦᠪᠱᠢᠨ ᠎ᠦ ᠤᠬᠠᠭᠤᠯᠭ᠎ᠠ ᠬᠥᠮᠦᠵᠢᠯ ᠢ᠋ ᠭᠦᠨᠵᠡᠭᠡᠢᠷᠡᠭᠦᠯᠦᠨ ᠪᠣᠳᠠᠲᠠᠢᠵᠢᠭᠤᠯᠤᠨ᠎ᠠ
2026-04-15 10:38:55
ᠵᠣᠬᠢᠶᠠᠭ᠍ᠴᠢ᠄
ᠰᠦᠨ ᠯᠢ ᠶᠢᠡᠭ
ᠣᠩᠱᠢᠭ᠍ᠰᠠᠨ ᠣᠳᠠᠭ᠎ᠠ᠄
★★★☆☆

2026 ᠣᠨ᠎ᠤ 4 ᠰᠠᠷ᠎ᠠ᠎ᠶ᠋ᠢᠨ 15 ᠎ᠤ᠋ ᠡᠳᠦᠷ ᠪᠣᠯ ᠠᠷᠪᠠᠨ ᠨᠢᠭᠡᠳᠡᠬᠢ ᠪᠥᠬᠥ᠌ ᠠᠷᠠᠳ᠎ᠤᠨ ᠤᠯᠤᠰ᠎ᠤᠨ ᠠᠮᠤᠷ ᠲᠦᠪᠱᠢᠨ᠎ᠦ ᠬᠥᠮᠦᠵᠢᠯ᠎ᠦᠨ ᠡᠳᠦᠷ ᠪᠣᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠯᠤᠰ᠎ᠤᠨ ᠠᠮᠤᠷ ᠲᠦᠪᠱᠢᠨ᠎ᠦ ᠠᠯᠪᠠᠨ ᠬᠡᠷ᠎ᠡᠴᠡ ᠣᠢᠯᠠᠭᠠᠭ᠍ᠰᠠᠨ᠎ᠢᠶᠠᠷ᠂ ᠡᠨᠡ ᠵᠢᠯ ᠮᠠᠨ᠎ᠤ ᠣᠷᠣᠨ《ᠬᠥᠭ᠌ᠵᠢᠯᠳᠡ ᠪᠠ ᠠᠮᠤᠷ ᠲᠦᠪᠱᠢᠨ ᠢ᠋ ᠨᠢᠭᠡᠳᠦᠯᠲᠡᠶ ᠲᠥᠯᠥᠪᠵᠢᠬᠦᠯᠵᠦ 〈ᠠᠷᠪᠠᠨ ᠲᠠᠪᠤᠳᠤᠭᠠᠷ ᠲᠠᠪᠤᠨ ᠵᠢᠯ〉 ᠤ᠋ᠨ ᠱᠢᠨ᠎ᠡ ᠠᠶᠠᠨ᠎ᠢ ᠪᠠᠳᠤᠯᠠᠨ ᠬᠠᠮᠠᠭᠠᠯᠠᠬᠤ》 ᠭᠤᠤᠯ ᠰᠡᠳᠦᠪ᠎ᠲᠡᠶ ᠨᠢᠭ᠍ᠲᠠ ᠤᠶᠠᠯᠳᠤᠭᠤᠯᠤᠨ᠂ 8 ᠶᠡᠬᠡ ᠲᠥᠷᠥᠯ 33 ᠵᠦᠶ᠋ᠯ᠎ᠦᠨ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ ᠪᠠᠢᠩᠭᠤ ᠲᠥᠪᠯᠡᠷᠡᠩᠭᠦᠶ ᠤᠬᠠᠭᠤᠯᠬᠤ᠎ᠪᠠᠷ ᠳᠠᠮᠵᠢᠵᠦ᠂ ᠤᠯᠤᠰ᠎ᠤᠨ ᠠᠮᠤᠷ ᠲᠦᠪᠱᠢᠨ᠎ᠦ ᠤᠬᠠᠭᠤᠯᠭ᠎ᠠ ᠬᠥᠮᠦᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶ᠋ᠢ ᠠᠬᠢᠭᠤᠯᠬᠤ ᠪᠤᠯᠤᠨ᠎ᠠ᠃

ᠡᠨᠡ ᠵᠢᠯ᠎ᠦᠨ ᠥᠪᠥᠷ ᠮᠣᠩᠭᠣᠯ᠎ᠤᠨ ᠪᠥᠬᠥ᠌ ᠠᠷᠠᠳ᠎ᠤᠨ ᠤᠯᠤᠰ᠎ᠤᠨ ᠠᠮᠤᠷ ᠲᠦᠪᠱᠢᠨ᠎ᠦ ᠬᠥᠮᠦᠵᠢᠯ᠎ᠦᠨ ᠡᠳᠦᠷ᠎ᠦᠨ ᠠᠵᠢᠯᠯᠠᠭ᠎ᠠ᠎ᠨᠢ ᠭᠤᠤᠯ ᠰᠡᠳᠦᠪ ᠲᠣᠪᠣᠢᠮ᠎ᠠ᠂ ᠪᠥᠬᠥ᠌ ᠠᠷᠠᠳ᠎ᠢ ᠬᠠᠮᠤᠷᠴᠤ᠌᠂ ᠪᠥᠬᠥ᠌ ᠵᠢᠯ᠎ᠵᠢᠡᠷ ᠶᠠᠪᠤᠬᠳᠠᠵᠤ ᠂ ᠢᠯᠡ ᠲᠣᠳᠣ ᠣᠷᠣᠨ ᠨᠤᠲᠤᠭ᠎ᠤᠨ ᠣᠨᠴᠠᠯᠢᠭ᠂ ᠱᠢᠨ᠎ᠡ᠎ᠶ᠋ᠢ ᠡᠭᠦᠳᠬᠦ᠌ ᠵᠣᠷᠢᠭ ᠰᠠᠨᠠᠭ᠎ᠠ᠎ᠵᠡᠷᠭᠡ 5 ᠶᠡᠬᠡ ᠣᠨᠴᠠᠯᠢᠭ᠎ᠢ᠋ ᠢᠯᠡᠷᠡᠬᠦᠯᠪᠡ᠃ ᠠᠵᠢᠯᠯᠠᠭ᠎ᠠ ᠨᠢ ᠵᠢᠯ᠎ᠦᠨ ᠡᠬᠢᠨ᠎ᠡᠴᠡ ᠡᠬᠢᠯᠡᠵᠦ᠂ 4 ᠰᠠᠷ᠎ᠠ᠎ᠶ᠋ᠢᠨ ᠳᠤᠮᠳᠠᠴᠢ ᠪᠡᠷ ᠬᠠᠯᠠᠭᠤᠨ ᠥᠷᠨᠢᠯᠲᠡ ᠭᠠᠷᠭᠠᠵᠦ ᠵᠢᠯ᠎ᠦᠨ ᠡᠴᠦᠰ ᠪᠣᠯᠲᠠᠯ᠎ᠠ ᠦᠷᠭᠦᠯᠵᠢᠯᠡᠨ᠎ᠠ᠃ 4 ᠰᠠᠷ᠎ᠠ᠎ᠶ᠋ᠢᠨ 14 ᠎ᠤ᠋ ᠡᠳᠦᠷ᠂ 《ᠤᠯᠤᠰ᠎ᠤᠨ ᠠᠮᠤᠷ ᠲᠦᠪᠱᠢᠨ᠎ᠦ ᠤᠬᠠᠭᠤᠯᠭ᠎ᠠ᠎ᠶ᠋ᠢᠨ ᠭᠠᠯᠲᠤ ᠲᠡᠷᠭᠡ》 ᠬᠦᠳᠡᠯᠬᠦ ᠶᠣᠰᠣᠯᠠᠯ ᠬᠥᠬᠡᠬᠣᠲᠠ᠎ᠶ᠋ᠢᠨ ᠭᠠᠯᠳᠤ ᠲᠡᠷᠬᠡᠨ᠎ᠤ ᠵᠡᠭᠦᠨ ᠥᠷᠲᠡᠭᠡ᠎ᠳᠦ ᠶᠠᠪᠤᠭ᠍ᠳᠠᠵᠦ᠂ ᠭᠠᠯᠲᠤ ᠲᠡᠷᠭᠡ ᠨᠢ ᠵᠠᠷᠯᠠᠯ ᠨᠠᠭᠠᠬᠤ᠂ ᠤᠬᠠᠭᠤᠯᠭ᠎ᠠ᠎ᠶ᠋ᠢᠨ ᠸᠢᠳᠢᠣ᠋ ᠨᠡᠪᠲᠡᠷᠡᠭᠦᠯᠬᠦ᠌ ᠵᠡᠷᠭᠡ ᠬᠡᠯᠪᠡᠷᠢ᠎ᠪᠡᠷ ᠥᠷᠭᠡᠨ ᠣᠯᠠᠨ ᠠᠶᠠᠨᠴᠢᠳ᠎ᠲᠤ ᠥᠪᠥᠷ ᠮᠣᠩᠭᠣᠯ᠎ᠤᠨ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ ᠠᠮᠢᠳᠤᠯᠢᠭ ᠦᠶ᠋ᠯᠡᠳᠦᠯᠭᠡ᠎ᠶ᠋ᠢ ᠳᠡᠯᠭᠡᠨ ᠦᠵᠡᠭᠦᠯᠪᠡ᠃ 4 ᠰᠠᠷ᠎ᠠ᠎ᠶ᠋ᠢᠨ 15 ᠤ᠋ ᠡᠳᠦᠷ᠂ ᠭᠤᠤᠯ ᠲᠠᠯᠠᠪᠤᠷ᠎ᠤᠨ ᠠᠵᠢᠯᠯᠠᠭ᠎ᠠ᠎ᠨᠢ ᠥᠪᠥᠷ ᠮᠣᠩᠭᠣᠯ ᠎ᠤᠨ ᠣᠯᠠᠨ ᠤᠯᠤᠰ᠎ᠤᠨ ᠬᠤᠷᠠᠯ ᠦᠵᠡᠰᠭᠦᠯᠡᠩ᠎ᠦᠨ ᠲᠥᠪ᠎ᠲᠦ ᠶᠠᠪᠤᠬᠳᠠᠵᠤ᠂ ᠤᠯᠤᠰ ᠎ᠤᠨ ᠠᠮᠤᠷ ᠲᠦᠪᠱᠢᠨ᠎ᠦ ᠵᠢᠷᠤᠭ ᠪᠢᠴᠢᠭ᠎ᠦᠨ ᠦᠵᠡᠰᠭᠦᠯᠡᠩ ᠵᠢᠴᠢ ᠱᠢᠯᠢᠳᠡᠭ ᠤᠷᠠᠨ ᠵᠢᠷᠤᠭ ᠤᠷᠠᠨ ᠪᠢᠴᠢᠯᠭᠡ ᠬᠡᠷᠡᠯ ᠵᠢᠷᠤᠭ᠎ᠤᠨ ᠦᠵᠡᠰᠭᠦᠯᠡᠩ ᠡᠷᠭᠢᠯᠡᠨ᠎ᠠ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠯᠤᠰ᠎ᠤᠨ ᠠᠮᠤᠷ ᠲᠦᠪᠱᠢᠨ᠎ᠦ ᠠᠯᠪᠠᠨ ᠬᠡᠷ ᠤᠬᠠᠭᠤᠯᠭ᠎ᠠ ᠬᠥᠮᠦᠵᠢᠯ᠎ᠦᠨ ᠬᠡᠯᠪᠡᠷᠢ᠎ᠪᠡᠨ ᠱᠢᠨᠡᠴᠢᠯᠡᠵᠦ᠍᠂  ᠤᠯᠠᠭᠠᠨᠮᠥ᠋ᠴᠢᠷ᠎ᠦᠨ ᠲᠣᠭᠣᠷᠢᠨ ᠲᠣᠭ᠍ᠯᠠᠯᠲᠠ᠂ ᠶᠠᠷᠢᠶ᠎ᠠ ᠢᠯᠡᠳᠭᠡᠯ᠎ᠦᠨ ᠤᠷᠤᠯᠳᠤᠭᠠᠨ᠂ ᠬᠠᠤᠯᠢ ᠴᠠᠭᠠᠵᠠ᠎ᠶ᠋ᠢᠨ ᠮᠡᠳᠡᠯᠭᠡ᠎ᠶ᠋ᠢᠨ ᠤᠷᠤᠯᠳᠤᠭᠠᠨ᠂ ᠪᠥᠬᠥ᠌ ᠠᠷᠠᠳ᠎ᠤᠨ ᠤᠯᠤᠰ᠎ᠤᠨ ᠠᠮᠤᠷ ᠲᠦᠪᠱᠢᠨ᠎ᠦ ᠤᠬᠠᠮᠰᠠᠷ ᠪᠠ ᠬᠡᠪ ᠪᠣᠯᠪᠠᠰᠤᠷᠠᠯ᠎ᠤᠨ ᠨᠡᠢᠭᠡᠮ᠎ᠦᠨ ᠪᠠᠢᠴᠠᠭᠠᠯᠲᠠ ᠦᠨᠡᠯᠡᠨ ᠵᠢᠱ᠌ᠢᠯᠲᠡ ᠵᠡᠷᠭᠡ ᠠᠵᠢᠯᠯᠠᠭ᠎ᠠ ᠎ᠶ᠋ᠢ ᠵᠡᠷᠭᠡ ᠪᠡᠷ ᠥᠷᠨᠢᠭᠦᠯᠵᠦ᠍᠂ ᠨᠡᠢᠭᠡᠮ ᠨᠡᠢᠲᠡ᠎ᠶ᠋ᠢᠨ ᠤᠯᠤᠰ᠎ᠤᠨ ᠠᠮᠤᠷ ᠲᠦᠪᠱᠢᠨ ᠎ᠦ ᠤᠬᠠᠮᠰᠠᠷ᠎ᠢ ᠦᠨᠡᠨ ᠬᠦ᠌ ᠴᠢᠩᠭᠠᠳᠭᠠᠨ᠎ᠠ᠃ ᠮᠠᠨ᠎ᠤ ᠤᠷᠤᠨ ᠤᠯᠤᠰ᠎ᠤᠨ ᠠᠮᠤᠷ ᠲᠦᠪᠱᠢᠨ ᠎ᠦ ᠤᠬᠠᠭᠤᠯᠭ᠎ᠠ ᠬᠥᠮᠦᠵᠢᠯ᠎ᠦᠨ ᠠᠵᠢᠯ ᠎ᠤᠨ ᠱᠢᠰᠲ᠋ᠧᠮ ᠪᠠ ᠠᠵᠢᠯᠯᠠᠭᠠᠨ᠎ᠤ ᠲᠣᠭ᠍ᠲᠠᠴᠠ᠎ᠶ᠋ᠢ ᠪᠠᠢᠭᠤᠯᠤᠨ ᠪᠦᠷᠢᠨᠱᠢᠭᠦᠯᠵᠦ᠍᠂ ᠤᠯᠤᠰ᠎ᠤᠨ ᠠᠮᠤᠷ ᠲᠦᠪᠱᠢᠨ᠎ᠦ ᠬᠥᠮᠦᠵᠢᠯ᠎ᠢ ᠪᠠᠢᠭᠤᠯᠭ᠎ᠠ᠎ᠳᠤ ᠣᠷᠣᠭᠤᠯᠬᠤ᠂ ᠰᠤᠷᠭᠠᠭᠤᠯᠢ᠎ᠳᠤ ᠣᠷᠣᠭᠤᠯᠬᠤ᠂ ᠠᠵᠤ ᠠᠬᠤᠢᠯᠠᠯ᠎ᠳᠤ ᠣᠷᠣᠭᠤᠯᠬᠤ᠂ ᠨᠡᠢᠭᠡᠮ ᠲᠣᠭᠣᠷᠢᠭ᠎ᠲᠤ ᠣᠷᠣᠭᠤᠯᠬᠤ᠂ ᠬᠥᠳᠡᠭᠡ ᠲᠣᠰᠭᠣᠨ᠎ᠳᠤ ᠣᠷᠣᠭᠤᠯᠬᠤ᠂ ᠴᠡᠷᠢᠭ ᠎ᠦᠨ ᠬᠤᠸᠠᠷᠠᠨ᠎ᠳᠤ ᠣᠷᠣᠭᠤᠯᠬᠤ᠂ ᠰᠦᠯᠵᠢᠶ᠎ᠡ ᠎ᠳᠦ ᠣᠷᠣᠭᠤᠯᠬᠤ᠎ᠶ᠋ᠢ ᠨᠢᠭᠡ ᠴᠣᠭ᠍ᠴᠠᠵᠢᠭᠤᠯᠤᠨ ᠠᠬᠢᠭᠤᠯᠵᠤ᠂ ᠥᠪᠡᠷᠮᠢᠴᠡ ᠣᠨᠴᠠᠯᠢᠭ᠎ᠪᠦᠬᠦᠢ ᠤᠬᠠᠭᠤᠯᠭ᠎ᠠ ᠬᠥᠮᠦᠵᠢᠯ᠎ᠦᠨ ᠲᠥᠷᠥᠯ ᠲᠡᠮᠳᠡᠭ ᠎ᠢ ᠡᠭᠦᠳᠦᠨ ᠪᠠᠢᠭᠤᠯᠪᠠ᠃ ᠡᠭᠦᠨ᠎ᠦ ᠬᠠᠮᠲᠤ᠂ ᠡᠯ᠎ᠡ ᠭᠠᠵᠠᠷ᠎ᠤᠨ ᠬᠢᠨ ᠤᠯᠤᠰ᠎ᠤᠨ ᠠᠮᠤᠷ ᠲᠦᠪᠱᠢᠨ᠎ᠦ ᠭᠣᠣᠯ ᠰᠡᠳᠦᠪᠲᠦ ᠴᠡᠴᠡᠷᠯᠢᠭ ᠪᠠ ᠬᠥᠮᠦᠵᠢᠯ ᠪᠣᠯᠪᠠᠰᠤᠷᠠᠯ᠎ᠤᠨ ᠰᠠᠭᠤᠷᠢᠨ᠎ᠢ ᠤᠯᠠᠨ ᠪᠠᠢᠭᠤᠯᠵᠤ᠂ ᠤᠯᠤᠰ᠎ᠤᠨ ᠠᠮᠤᠷ ᠲᠦᠪᠱᠢᠨ᠎ᠦ ᠬᠥᠮᠦᠵᠢᠯ᠎ᠦᠨ ᠠᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠍᠂ ᠤᠯᠤᠰ᠎ᠤᠨ ᠠᠮᠤᠷ ᠲᠦᠪᠱᠢᠨ᠎ᠦ ᠠᠷᠠᠳ ᠲᠦᠮᠡᠨ ᠎ᠦ ᠰᠡᠷᠭᠡᠢᠯᠡᠯᠲᠡ᠎ᠶ᠋ᠢᠨ ᠱᠤᠭᠤᠮ᠎ᠢ ᠪᠠᠲᠤ ᠴᠣᠭ᠍ᠴᠠᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号