ᠬᠦᠬᠡᠬᠤᠲᠠ᠎ᠳᠤ ᠪᠤᠷᠤᠭᠠᠨ ᠲᠠᠢ
2026-04-15 15:34:21
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

4 ᠰᠠᠷ᠎ᠠ᠎ᠶᠢᠨ 14᠎ᠦ ᠡᠳᠦᠷ᠎ᠤᠨ ᠬᠥᠬᠡᠬᠣᠲᠠ᠎ᠶᠢᠨ ᠴᠠᠭ ᠠᠭᠤᠷ᠎ᠤᠨ ᠲᠤᠪᠴᠢᠶ᠎ᠠ᠎ᠶᠢᠨ ᠨᠡᠢᠲᠡᠯᠡᠭᠰᠡᠨ ᠮᠡᠳᠡᠭᠡ᠎ᠶᠢ ᠦᠨᠳᠦᠰᠦᠯᠡᠪᠡᠯ᠂ 4 ᠰᠠᠷ᠎ᠠ᠎ᠶᠢᠨ 15᠎ᠤ ᠡᠳᠦᠷ᠎ᠦᠨ ᠦᠳᠡ᠎ᠶᠢᠨ ᠬᠣᠢᠨ᠎ᠠ᠎ᠠᠴᠠ ᠰᠥᠨᠢ ᠪᠣᠯᠲᠠᠯ᠎ᠠ ᠬᠥᠬᠡᠬᠣᠲᠠ᠎ᠳᠤ ᠪᠠᠭ᠎ᠠ᠎ᠠᠴᠠ ᠳᠤᠮᠳᠠ ᠵᠡᠷᠭᠡ ᠵᠢᠨ ᠪᠣᠷᠣᠭᠠᠨ᠎ᠲᠠᠢ᠃

ᠵᠢᠱ᠌ᠢᠯᠲᠡ᠎ᠪᠡᠷ᠂ 15᠎ᠤ ᠡᠳᠦᠷ᠎ᠦᠨ ᠦᠳᠡ᠎ᠶᠢᠨ ᠬᠣᠢᠨ᠎ᠠ᠎ᠠᠴᠠ ᠰᠥᠨᠢ ᠪᠣᠯᠲᠠᠯ᠎ᠠ ᠪᠥᠬᠥ ᠬᠣᠲᠠ᠎ᠳᠤ ᠪᠠᠷᠠᠭᠤᠨ᠎ᠠᠴᠠ ᠵᠡᠭᠦᠨᠰᠢ ᠪᠠᠭ᠎ᠠ᠎ᠠᠴᠠ ᠳᠤᠮᠳᠠ ᠵᠡᠷᠭᠡ ᠵᠢᠨ ᠪᠣᠷᠣᠭᠠᠨ᠎ᠲᠠᠢ᠂ ᠠᠶᠤᠩᠭ᠎ᠠ ᠳᠤᠤᠭᠠᠷᠴᠤ ᠭᠢᠯᠪᠡᠭᠡᠨ ᠭᠢᠯᠪᠠᠬᠤ ᠴᠠᠭ ᠠᠭᠤᠷ ᠢᠯᠡᠷᠡᠨ᠎ᠠ᠃ ᠦᠴᠦᠸᠠᠨ ᠰᠢᠶᠠᠨ ᠵᠢᠴᠢ ᠬᠤᠢᠲᠤ ᠪᠡᠶ᠎ᠡ ᠵᠢᠨ ᠠᠭᠤᠯᠠᠷᠬᠠᠭ ᠣᠷᠣᠨ᠎ᠤ ᠬᠤᠷ᠎ᠠ ᠲᠤᠨᠳᠠᠰᠤ᠎ᠶᠢᠨ ᠬᠡᠮᠵᠢᠶ᠎ᠡ 5mm ᠣᠷᠴᠢᠮ ᠪᠠᠢᠵᠤ᠂ ᠳᠤᠮᠳᠠ ᠡᠮᠦᠨ᠎ᠡ ᠪᠡᠶ᠎ᠡ ᠵᠢᠨ ᠭᠠᠵᠠᠷ ᠣᠷᠣᠨ᠎ᠤ ᠬᠤᠷ᠎ᠠ ᠲᠤᠨᠳᠠᠰᠤ᠎ᠶᠢᠨ ᠬᠡᠮᠵᠢᠶ᠎ᠡ 10mm ᠣᠷᠴᠢᠮ᠎ᠳᠤ ᠬᠦᠷᠦᠨ᠎ᠡ᠃ ᠬᠤᠷ᠎ᠠ ᠲᠤᠨᠳᠠᠰᠤ᠎ᠶᠢᠨ ᠨᠥᠯᠥᠭᠡ ᠪᠡᠷ ᠠᠭᠠᠷ᠎ᠤᠨ ᠳᠤᠯᠠᠭᠠᠨ ᠪᠠᠭ᠎ᠠ ᠬᠡᠮᠵᠢᠶ᠎ᠡ ᠪᠡᠷ ᠪᠠᠭᠤᠷᠠᠬᠤ ᠪᠤᠯᠤᠨ᠎ᠠ᠃

① ᠬᠠᠪᠤᠷ᠎ᠤᠨ ᠤᠯᠠᠷᠢᠯ᠎ᠳᠤ ᠬᠤᠷ᠎ᠠ ᠲᠤᠨᠳᠠᠰᠤ ᠨᠢ ᠬᠥᠷᠥᠰᠥᠨ᠎ᠦ ᠴᠢᠭᠢᠭ ᠠᠪᠬᠤ᠎ᠳᠦ ᠠᠰᠢᠭ᠍ᠲᠠᠢ ᠪᠠᠢᠵᠤ᠂ ᠴᠢᠭᠢᠭ ᠨᠢ ᠬᠡᠲᠦᠷᠡᠭᠰᠡᠨ ᠭᠠᠵᠠᠷ ᠤᠷᠤᠨ᠎ᠳᠤ ᠴᠠᠭ ᠲᠤᠬᠠᠢ᠎ᠳᠤ ᠨᠢ ᠬᠥᠷᠥᠰᠥ᠎ᠶᠢ ᠰᠤᠯᠠᠷᠠᠭᠤᠯᠵᠤ᠂ ᠳᠤᠯᠠᠭᠠᠨ᠎ᠢ ᠬᠠᠳᠠᠭᠠᠯᠠᠬᠤ ᠬᠡᠷᠡᠭᠲᠡᠢ᠃ ᠬᠣᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠲᠠᠷᠢᠶᠠᠴᠢᠳ ᠬᠠᠪᠤᠷ᠎ᠤᠨ ᠲᠠᠷᠢᠶᠠᠯᠠᠭ᠎ᠠ᠎ᠶᠢᠨ ᠪᠡᠯᠡᠳᠬᠡᠯ ᠠᠵᠢᠯ᠎ᠢ ᠤᠷᠢᠳᠴᠢᠯᠠᠨ ᠪᠠᠢᠷᠢᠯᠠᠭᠤᠯᠬᠤ᠎ᠶᠢ ᠰᠠᠨᠠᠭᠤᠯᠵᠤ ᠪᠠᠢᠨ᠎ᠠ᠃

② ᠡᠮᠦᠨᠡᠬᠢ ᠬᠤᠭᠤᠴᠠᠭᠠᠨ᠎ᠳᠤ ᠠᠭᠠᠷ᠎ᠤᠨ ᠳᠤᠯᠠᠭᠠᠨ ᠥᠨᠳᠥᠷ᠂ ᠬᠤᠷ᠎ᠠ ᠲᠤᠨᠳᠠᠰᠤ ᠪᠠᠭ᠎ᠠ᠂ ᠣᠶ ᠰᠢᠭᠤᠢ ᠨᠤᠲᠤᠭ ᠪᠡᠯᠴᠢᠭᠡᠷ᠎ᠦᠨ ᠲᠦᠢᠮᠡᠷ᠎ᠤᠨ ᠠᠶᠤᠯ᠎ᠤᠨ ᠴᠠᠭ ᠠᠭᠤᠷ᠎ᠤᠨ ᠵᠡᠷᠭᠡ ᠳᠡᠰ ᠥᠨᠳᠥᠷ ᠰᠢᠭ ᠪᠠᠢᠵᠤ᠂ ᠲᠣᠰ ᠤᠳᠠᠭᠠᠨ᠎ᠤ ᠬᠤᠷ᠎ᠠ ᠲᠤᠨᠳᠠᠰᠤ᠎ᠶᠢᠨ ᠬᠡᠮᠵᠢᠶ᠎ᠡ ᠪᠡᠷ ᠠᠶᠤᠯ᠎ᠤᠨ ᠪᠠᠢᠳᠠᠯ᠎ᠢ ᠨᠠᠮᠳᠠᠭᠤᠯᠬᠤ᠎ᠳᠤ ᠬᠦᠴᠢᠷᠲᠡᠢ᠂ ᠬᠣᠯᠪᠣᠭᠳᠠᠯ ᠪᠦᠬᠦᠢ ᠰᠠᠯᠠᠭ᠎ᠠ ᠮᠥᠴᠢᠷ ᠣᠶ ᠰᠢᠭᠤᠢ ᠨᠤᠲᠤᠭ ᠪᠡᠯᠴᠢᠭᠡᠷ᠎ᠦᠨ ᠲᠦᠢᠮᠡᠷ᠎ᠢ ᠰᠡᠷᠭᠡᠢᠯᠡᠬᠦ ᠠᠵᠢᠯ᠎ᠢ ᠮᠥᠨ ᠬᠦ᠌ ᠠᠩᠬᠠᠷᠬᠤ ᠬᠡᠷᠡᠭᠲᠡᠢ᠎ᠭᠡᠳᠡᠭ᠎ᠢ ᠰᠠᠨᠠᠭᠤᠯᠤᠶ᠎ᠠ᠃

ᠢᠷᠡᠯᠲᠡ᠄ ᠬᠦᠬᠡᠬᠤᠲᠠ ᠵᠢᠨ ᠬᠠᠮ ᠵᠠᠭᠤᠴᠢᠯᠠᠭᠤᠷ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号