《ᠤᠯᠤᠰ᠎ᠤᠨ ᠠᠮᠤᠷ ᠲᠦᠪᠰᠢᠨ᠎ᠦ ᠬᠥᠮᠦᠵᠢᠯ᠎ᠦᠨ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭ᠍ᠴᠢᠳ᠎ᠤᠨ ᠤᠩᠰᠢᠬᠤ ᠪᠢᠴᠢᠭ》᠎ᠢ ᠬᠡᠪᠯᠡᠭᠦᠯᠦᠨ ᠲᠠᠷᠬᠠᠭᠠᠪᠠ
2026-04-15 15:35:53
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

2026 ᠣᠨ᠎ᠤ 4 ᠰᠠᠷ᠎ᠠ᠎ᠶᠢᠨ 15᠎ᠤ ᠡᠳᠦᠷ ᠪᠣᠯ ᠠᠷᠪᠠᠨ ᠨᠢᠭᠡᠳᠡᠬᠢ ᠪᠥᠬᠥ ᠠᠷᠠᠳ᠎ᠤᠨ ᠤᠯᠤᠰ᠎ᠤᠨ ᠠᠮᠤᠷ ᠲᠦᠪᠰᠢᠨ᠎ᠦ ᠬᠥᠮᠦᠵᠢᠯ᠎ᠦᠨ ᠡᠳᠦᠷ ᠪᠣᠯᠣᠨ᠎ᠠ᠃ ᠤᠯᠤᠰ᠎ᠤᠨ ᠶᠡᠷᠦᠩᠬᠡᠢ ᠠᠮᠤᠷ ᠲᠦᠪᠰᠢᠨ᠎ᠦ ᠦᠵᠡᠯᠲᠡ᠎ᠶᠢ ᠵᠢᠭᠠᠬᠤ ᠮᠠᠲᠧᠷᠢᠶᠠᠯ᠎ᠳᠤ ᠣᠷᠣᠭᠤᠯᠬᠤ᠂ ᠬᠢᠴᠢᠶᠡᠯ᠎ᠦᠨ ᠲᠠᠩᠬᠢᠮ᠎ᠳᠤ ᠣᠷᠣᠭᠤᠯᠬᠤ᠂ ᠲᠠᠷᠢᠬᠢ ᠲᠣᠯᠣᠭᠠᠢ᠎ᠳᠤ ᠣᠷᠣᠭᠤᠯᠬᠤ᠎ᠶᠢ ᠤᠯᠠᠮ ᠨᠢᠭᠡ ᠠᠯᠬᠤᠮ ᠠᠬᠢᠭᠤᠯᠬᠤ᠎ᠶᠢᠨ ᠲᠥᠯᠥᠭᠡ᠂ ᠲᠦᠷᠦᠭᠦᠬᠡᠨ ᠤᠯᠤᠰ᠎ᠤᠨ ᠵᠢᠭᠠᠬᠤ ᠮᠠᠲᠧᠷᠢᠶᠠᠯ᠎ᠤᠨ ᠵᠥᠪᠯᠡᠯ᠎ᠦᠨ ᠠᠯᠪᠠᠨ ᠭᠡᠷ ᠪᠠ ᠲᠥᠪ᠎ᠦᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠡᠴᠡ ᠵᠣᠬᠢᠶᠠᠨ ᠪᠠᠢᠭᠤᠯᠵᠤ ᠨᠠᠢᠷᠠᠭᠤᠯᠤᠭᠰᠠᠨ 《ᠤᠯᠤᠰ᠎ᠤᠨ ᠠᠮᠤᠷ ᠲᠦᠪᠰᠢᠨ᠎ᠦ ᠬᠥᠮᠦᠵᠢᠯ᠎ᠦᠨ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭ᠍ᠴᠢᠳ᠎ᠤᠨ ᠤᠩᠰᠢᠬᠤ ᠪᠢᠴᠢᠭ》᠎ᠢ ᠠᠷᠠᠳ᠎ᠤᠨ ᠬᠡᠪᠯᠡᠯ᠎ᠦᠨ ᠬᠣᠷᠢᠶ᠎ᠠ ᠪᠣᠯᠣᠨ ᠠᠷᠠᠳ᠎ᠤᠨ ᠰᠤᠷᠭᠠᠨ ᠬᠥᠮᠦᠵᠢᠯ᠎ᠦᠨ ᠬᠡᠪᠯᠡᠯ᠎ᠦᠨ ᠬᠣᠷᠢᠶ᠎ᠠ᠎ᠠᠴᠠ ᠬᠠᠮᠲᠤᠷᠠᠨ ᠬᠡᠪᠯᠡᠭᠦᠯᠵᠦ ᠲᠠᠷᠬᠠᠭᠠᠪᠠ᠃


QQ截图20251001104448.png


《ᠤᠯᠤᠰ᠎ᠤᠨ ᠠᠮᠤᠷ ᠲᠦᠪᠰᠢᠨ᠎ᠦ ᠬᠥᠮᠦᠵᠢᠯ᠎ᠦᠨ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭ᠍ᠴᠢᠳ᠎ᠤᠨ ᠤᠩᠰᠢᠬᠤ ᠪᠢᠴᠢᠭ》 ᠨᠢ ᠨᠡᠢ᠍ᠢᠳᠡ 4 ᠳᠡᠪᠲᠡᠷ ᠪᠠᠢᠵᠤ᠂ ᠪᠠᠭ᠎ᠠ ᠰᠤᠷᠭᠠᠭᠤᠯᠢ᠎ᠶᠢᠨ ᠳᠡᠭᠡᠳᠦ ᠳᠣᠣᠷᠠᠳᠤ ᠳᠡᠪᠲᠡᠷ᠂ ᠠᠩᠬ᠎ᠠ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠨᠢᠭᠡ ᠳᠡᠪᠲᠡᠷ᠂ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠨᠢᠭᠡ ᠳᠡᠪᠲᠡᠷ ᠭᠡᠵᠦ ᠬᠤᠪᠢᠶᠠᠨ᠂ ᠪᠣᠳᠠᠲᠠᠢ᠎ᠠᠴᠠ ᠬᠡᠢᠰᠪᠦᠷᠢ᠂ ᠰᠡᠷᠡᠯ᠎ᠦᠨ ᠣᠢᠯᠠᠭᠠᠯᠲᠠ᠎ᠠᠴᠠ ᠤᠶᠤᠨ᠎ᠤ ᠲᠠᠨᠢᠯᠲᠠ᠎ᠳᠤ ᠬᠦᠷᠬᠦ ᠰᠡᠳᠬᠢᠴᠡ᠎ᠪᠡᠷ ᠠᠳᠠᠯᠢ ᠪᠤᠰᠤ ᠳᠡᠪᠲᠡᠷ᠎ᠦᠨ ᠠᠭᠤᠯᠭ᠎ᠠ᠎ᠶᠢ ᠵᠢᠭ᠍ᠰᠠᠭᠠᠵᠠᠢ᠃

ᠰᠤᠷᠭᠠᠨ ᠬᠥᠮᠦᠵᠢᠯ᠎ᠦᠨ ᠶᠠᠮᠤᠨ᠎ᠤ ᠬᠣᠯᠪᠣᠭᠳᠠᠯ ᠪᠦᠬᠦᠢ ᠬᠠᠷᠢᠭᠤᠴᠠᠯᠭᠠᠲᠠᠨ᠎ᠤ ᠲᠠᠨᠢᠯᠴᠠᠭᠤᠯᠤᠭᠰᠠᠨ᠎ᠢᠶᠠᠷ᠂《ᠤᠯᠤᠰ᠎ᠤᠨ ᠠᠮᠤᠷ ᠲᠦᠪᠰᠢᠨ᠎ᠦ ᠬᠥᠮᠦᠵᠢᠯ᠎ᠦᠨ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭ᠍ᠴᠢᠳ᠎ᠤᠨ ᠤᠩᠰᠢᠬᠤ ᠪᠢᠴᠢᠭ》 ᠪᠣᠯ ᠪᠥᠬᠥ ᠤᠯᠤᠰ᠎ᠤᠨ ᠳᠤᠮᠳᠠᠳᠤ ᠪᠠᠭ᠎ᠠ ᠰᠤᠷᠭᠠᠭᠤᠯᠢ ᠪᠠ ᠳᠤᠮᠳᠠ ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠭᠤᠯᠢ᠎ᠶᠢᠨ ᠤᠯᠤᠰ᠎ᠤᠨ ᠠᠮᠤᠷ ᠲᠦᠪᠰᠢᠨ᠎ᠦ ᠬᠦᠮᠦᠵᠢᠯ᠎ᠢ ᠦᠷᠨᠢᠭᠦᠯᠬᠦ᠂ ᠤᠯᠤᠰ᠎ᠤᠨ ᠶᠡᠷᠦᠩᠬᠡᠢ ᠠᠮᠤᠷ ᠲᠦᠪᠰᠢᠨ᠎ᠦ ᠦᠵᠡᠯᠲᠡ᠎ᠶᠢ ᠰᠢᠰᠲᠧᠮ᠎ᠲᠠᠢ ᠰᠤᠷᠤᠯᠴᠠᠬᠤ ᠡᠷᠬᠡ ᠰᠦᠷᠲᠦ ᠬᠡᠷᠡᠭᠯᠡᠬᠦ ᠨᠣᠮ ᠮᠥᠨ᠂ ᠲᠡᠷᠡ ᠨᠢ ᠨᠢᠭᠡᠨᠲᠡ ᠬᠡᠪᠯᠡᠭᠳᠡᠭᠰᠡᠨ 《ᠤᠯᠤᠰ᠎ᠤᠨ ᠠᠮᠤᠷ ᠲᠦᠪᠰᠢᠨ᠎ᠦ ᠬᠥᠮᠦᠵᠢᠯ᠎ᠦᠨ ᠣᠶᠤᠲᠠᠳ᠎ᠤᠨ ᠤᠩᠰᠢᠬᠤ ᠪᠢᠴᠢᠭ》 ᠲᠠᠢ ᠬᠠᠮᠲᠤ᠎ᠪᠠᠷ᠂ ᠪᠠᠭ᠎ᠠ ᠰᠤᠷᠭᠠᠭᠤᠯᠢ᠂ ᠠᠩᠬ᠎ᠠ ᠵᠡᠷᠭᠡ᠎ᠶᠢᠨ ᠳᠤᠮᠳᠠᠳᠤ ᠰᠤᠷᠭᠠᠭᠤᠯᠢ᠂ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠠᠴᠠ ᠶᠡᠬᠡ ᠰᠤᠷᠭᠠᠭᠤᠯᠢ᠎ᠶᠢᠨ ᠪᠥᠬᠥ ᠰᠤᠷᠤᠯᠭ᠎ᠠ᠎ᠶᠢᠨ ᠱᠠᠲᠤ ᠬᠦᠷᠲᠡᠯ᠎ᠡ ᠪᠦᠲᠦᠮᠵᠢᠲᠡᠶ ᠨᠡᠪᠲᠡᠷᠡᠬᠦ᠎ᠶᠢ ᠪᠡᠶᠡᠯᠡᠭᠦᠯᠵᠦ᠂ ᠤᠯᠤᠰ᠎ᠤᠨ ᠠᠮᠤᠷ ᠲᠦᠪᠰᠢᠨ᠎ᠦ ᠰᠤᠷᠭᠠᠨ ᠬᠥᠮᠦᠵᠢᠯ᠎ᠢ ᠨᠢᠭᠡ ᠴᠣᠭᠴᠠᠵᠢᠭᠤᠯᠬᠤ ᠪᠠᠢᠭᠤᠯᠤᠯᠲᠠ᠎ᠶᠢ ᠠᠬᠢᠭᠤᠯᠬᠤ᠎ᠳᠤ ᠪᠠᠲᠤ ᠲᠤᠯᠭᠠᠭᠤᠷᠢᠯᠠᠯ ᠬᠠᠩᠭᠠᠭᠰᠠᠨ ᠪᠠᠢᠨ᠎ᠠ᠃


QQ截图20260207120745.png


ᠰᠤᠷᠭᠠᠨ ᠬᠥᠮᠦᠵᠢᠯ᠎ᠦᠨ ᠶᠠᠮᠤᠨ᠎ᠠᠴᠠ ᠡᠯ᠎ᠡ ᠭᠠᠵᠠᠷ᠎ᠤᠨ ᠡᠯ᠎ᠡ ᠰᠤᠷᠭᠠᠭᠤᠯᠢ ᠵᠢ 《ᠤᠯᠤᠰ᠎ᠤᠨ ᠠᠮᠤᠷ ᠲᠦᠪᠰᠢᠨ᠎ᠦ ᠬᠥᠮᠦᠵᠢᠯ᠎ᠦᠨ ᠳᠤᠮᠳᠠᠳᠤ ᠪᠠᠭ᠎ᠠ ᠰᠤᠷᠭᠠᠭᠤᠯᠢ ᠵᠢᠨ ᠰᠤᠷᠤᠭ᠍ᠴᠢᠳ᠎ᠤᠨ ᠤᠩᠰᠢᠬᠤ ᠪᠢᠴᠢᠭ》 ᠪᠠ 《ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠰᠤᠷᠤᠭ᠍ᠴᠢᠳ᠎ᠤᠨ ᠤᠩᠰᠢᠬᠤ ᠪᠢᠴᠢᠭ》᠂ ᠳᠤᠮᠳᠠᠳᠤ ᠪᠠᠭ᠎ᠠ ᠰᠤᠷᠭᠠᠭᠤᠯᠢ᠎ᠶᠢᠨ ᠦᠵᠡᠯ ᠰᠠᠨᠠᠭ᠎ᠠ ᠤᠯᠤᠰ ᠲᠦᠷᠦ᠎ᠶᠢᠨ ᠬᠢᠴᠢᠶᠡᠯ᠎ᠦᠨ ᠵᠢᠭᠠᠬᠤ ᠮᠠᠲᠧᠷᠢᠶᠠᠯ᠎ᠢ ᠢᠵᠢ ᠪᠦᠷᠢᠳᠦᠭᠦᠯᠦᠨ ᠬᠡᠷᠡᠭᠯᠡᠬᠦ ᠵᠢ ᠱᠠᠭᠠᠷᠳᠠᠵᠤ᠂ ᠪᠠᠰᠠ ᠤᠯᠤᠰ᠎ᠤᠨ ᠠᠮᠤᠷ ᠲᠦᠪᠰᠢᠨ᠎ᠦ ᠲᠤᠰᠬᠠᠢ ᠰᠡᠳᠦᠪᠲᠦ ᠬᠥᠮᠦᠵᠢᠯ᠎ᠢ ᠥᠷᠨᠢᠭᠦᠯᠬᠦ ᠵᠢᠭᠠᠬᠤ ᠮᠠᠲᠧᠷᠢᠶᠠᠯ ᠪᠣᠯᠭᠠᠵᠤ ᠪᠣᠯᠣᠨ᠎ᠠ ᠭᠡᠪᠠ᠃ 《ᠤᠯᠤᠰ᠎ᠤᠨ ᠠᠮᠤᠷ ᠲᠦᠪᠰᠢᠨ᠎ᠦ ᠬᠥᠮᠦᠵᠢᠯ ᠎ᠦᠨ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭ᠍ᠴᠢᠳ᠎ᠤᠨ ᠤᠩᠰᠢᠬᠤ ᠪᠢᠴᠢᠭ》᠎ᠢ ᠬᠡᠪᠯᠡᠨ ᠬᠡᠷᠡᠭᠯᠡᠬᠦ ᠨᠢ ᠤᠯᠤᠰ᠎ᠤᠨ ᠠᠮᠤᠷ ᠲᠦᠪᠰᠢᠨ᠎ᠦ ᠬᠥᠮᠦᠵᠢᠯ᠎ᠢ ᠳᠤᠮᠳᠠᠳᠤ ᠪᠠᠭ᠎ᠠ ᠰᠤᠷᠭᠠᠭᠤᠯᠢ᠎ᠳᠤ ᠪᠣᠳᠠᠲᠠᠢ ᠨᠠᠢᠳᠠᠪᠤᠷᠢᠵᠢᠭᠤᠯᠬᠤ᠎ᠶᠢ ᠤᠯᠠᠮ ᠨᠢᠭᠡ ᠠᠯᠬᠤᠮ ᠠᠬᠢᠭᠤᠯᠵᠤ᠂ ᠥᠷᠭᠡᠨ ᠣᠯᠠᠨ ᠵᠠᠯᠠᠭᠤᠴᠤᠳ ᠪᠠᠭᠠᠴᠤᠳ᠎ᠢ ᠬᠠᠪᠰᠤᠷᠤᠨ ᠤᠯᠤᠰ᠎ᠤᠨ ᠶᠡᠷᠦᠩᠬᠡᠢ ᠠᠮᠤᠷ ᠲᠦᠪᠰᠢᠨ᠎ᠦ ᠦᠵᠡᠯᠲᠡ᠎ᠶᠢ ᠰᠢᠰᠲᠧᠮ᠎ᠲᠠᠢ ᠣᠢᠯᠠᠭᠠᠭᠤᠯᠵᠤ᠂ ᠤᠯᠤᠰ᠎ᠤᠨ ᠠᠮᠤᠷ ᠲᠦᠪᠰᠢᠨ᠎ᠢ ᠬᠠᠮᠠᠭᠠᠯᠠᠬᠤ ᠦᠵᠡᠯ ᠰᠠᠨᠠᠭᠠᠨ᠎ᠤ ᠤᠬᠠᠮᠰᠠᠷ ᠪᠠ ᠦᠶ᠋ᠯᠡ ᠠᠵᠢᠯᠯᠠᠭᠠᠨ᠎ᠤ ᠤᠬᠠᠮᠰᠠᠷ᠎ᠢ ᠨᠢ ᠴᠢᠩᠭᠠᠳᠬᠠᠵᠤ᠂ ᠤᠯᠤᠰ᠎ᠤᠨ ᠠᠮᠤᠷ ᠲᠦᠪᠰᠢᠨ᠎ᠦ ᠤᠬᠠᠮᠰᠠᠷ᠎ᠢ ᠬᠠᠮᠠᠭᠠᠯᠠᠬᠤ ᠦᠷ᠎ᠡ᠎ᠶᠢ ᠬᠠᠷᠠᠬᠠᠨ ᠪᠠᠭ᠎ᠠ ᠡᠴᠠ ᠨᠢ ᠰᠡᠳᠬᠢᠯ ᠵᠢᠷᠦᠬᠡᠨ᠎ᠳᠤ ᠨᠢ ᠭᠦᠨ ᠦᠨᠳᠦᠰᠦᠯᠡᠭᠦᠯᠬᠦ ᠪᠣᠯᠣᠨ᠎ᠠ᠃


QQ截图20260209113408.png


ᠢᠷᠡᠯᠲᠡ᠄  ᠲᠥᠪ ᠲᠧᠯᠸᠢᠰ᠎ᠦᠨ ᠰᠣᠨᠢᠨ ᠮᠡᠳᠡᠭᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号