ᠬᠣᠶᠠᠷ ᠰᠠᠯᠠᠭ᠎ᠠ ᠮᠥᠴᠢᠷ ᠬᠠᠮᠲᠤᠷᠠᠨ 《ᠠᠷᠭ᠎ᠠ》 ᠳᠠᠷᠤᠮᠠᠯᠯᠠᠨ ᠲᠠᠷᠬᠠᠭᠠᠪᠠ
2026-04-15 17:08:39
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠤᠨ ᠨᠡᠢᠭᠡᠮᠯᠢᠭ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨ᠎ᠤ ᠲᠢᠩᠬᠢᠮ ᠬᠠᠮᠲᠤᠷᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠪᠠᠭ᠎ᠠ ᠬᠦᠷᠢᠶᠡᠯᠡᠩ᠎ᠦᠨ ᠬᠠᠮᠢᠶᠠᠷᠤᠯᠲᠠ᠎ᠶᠢᠨ ᠠᠷᠭ᠎ᠠ (ᠲᠤᠷᠰᠢᠨ ᠬᠡᠷᠡᠭᠵᠢᠭᠦᠯᠬᠦ)》 (ᠳᠣᠷᠣᠭ᠍ᠰᠢ 《ᠠᠷᠭ᠎ᠠ》 ᠭᠡᠵᠦ ᠲᠣᠪᠴᠢᠯᠠᠨ᠎ᠠ)᠎ᠳᠤ ᠵᠠᠰᠠᠪᠤᠷᠢ ᠣᠷᠣᠭᠤᠯᠤᠨ ᠳᠠᠷᠤᠮᠠᠯᠯᠠᠨ ᠲᠠᠷᠬᠠᠭᠠᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠪᠠᠭ᠎ᠠ ᠬᠦᠷᠢᠶᠡᠯᠡᠩ᠎ᠦᠨ ᠪᠦᠲᠦᠭᠡᠨ ᠪᠠᠢᠭᠤᠯᠤᠯᠲᠠ᠂ ᠠᠵᠢᠯᠯᠠᠭ᠎ᠠ᠂ ᠬᠠᠮᠢᠶᠠᠷᠤᠯᠲᠠ ᠬᠢᠭᠡᠳ ᠦᠨᠡᠯᠡᠨ ᠵᠢᠱ᠌ᠢᠯᠲᠡ᠎ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠲᠠᠷᠢᠶᠠᠯᠠᠩ ᠮᠠᠯ ᠠᠵᠤ ᠠᠬᠤᠢ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠂ ᠮᠡᠷᠭᠡᠵᠢᠯ᠎ᠤᠨ ᠳᠡᠯᠭᠡᠷᠡᠭᠦᠯᠦᠯᠳᠡ᠂ ᠴᠢᠳᠠᠪᠤᠷᠢᠲᠠᠨ ᠬᠥᠮᠥᠵᠢᠭᠦᠯᠬᠦ ᠵᠡᠷᠭᠡ ᠲᠠᠯ᠎ᠠ᠎ᠶᠢᠨ ᠦᠢᠯᠡᠳᠦᠯ᠎ᠢ ᠨᠠᠩ ᠰᠠᠢᠲᠤᠷ ᠪᠠᠳᠠᠷᠠᠭᠤᠯᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠ ᠲᠠᠷᠢᠶᠠᠯᠠᠩ ᠮᠠᠯ ᠠᠵᠤ ᠠᠬᠤᠢ᠎ᠶᠢᠨ ᠣᠳᠣᠬᠢᠴᠢᠯᠠᠯᠲᠠ᠎ᠳᠤ ᠨᠠᠩ ᠰᠠᠢᠲᠤᠷ ᠦᠢᠯᠡᠴᠢᠯᠡᠭᠦᠯᠬᠦ ᠵᠢ ᠠᠬᠢᠭᠤᠯᠬᠤ ᠪᠠᠷ ᠵᠤᠷᠢᠪᠠ᠃

《ᠠᠷᠭ᠎ᠠ》᠎ᠳᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠪᠠᠭ᠎ᠠ ᠬᠦᠷᠢᠶᠡᠯᠡᠩ᠎ᠦᠨ ᠠᠵᠢᠯ᠎ᠤᠨ ᠭᠣᠣᠯᠳᠠᠯᠭ᠎ᠠ ᠪᠠ ᠭᠣᠣᠯ ᠡᠭᠦᠷᠭᠡ᠎ᠶᠢ ᠤᠯᠠᠮ ᠨᠢᠭᠡ ᠠᠯᠬᠤᠮ ᠲᠣᠳᠣᠷᠬᠠᠢᠯᠠᠵᠤ᠂ ᠤᠯᠤᠰ᠎ᠤᠨ ᠪᠠᠢᠯᠳᠤᠬᠤ ᠪᠣᠳᠣᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠦᠨ᠂ ᠲᠥᠯᠥᠪᠵᠢᠭᠦᠯᠦᠨ ᠪᠠᠢᠷᠢᠰᠢᠭᠤᠯᠬᠤ᠎ᠶᠢ ᠰᠠᠢᠲᠤᠷ ᠬᠢᠵᠦ᠂ ᠬᠠᠮᠵᠢᠯᠴᠠᠨ ᠬᠠᠮᠲᠤ᠎ᠪᠠᠷ ᠪᠣᠢᠵᠢᠭᠤᠯᠬᠤ᠎ᠶᠢ ᠠᠬᠢᠭᠤᠯᠪᠠ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠪᠠᠭ᠎ᠠ ᠬᠦᠷᠢᠶᠡᠯᠡᠩ᠎ᠳᠦ 《ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠨᠡᠢᠭᠡᠮᠯᠢᠭ ᠤᠳᠤᠷᠢᠳᠬᠤ᠂ ᠶᠡᠬᠡ ᠳᠡᠭᠡᠳᠦ ᠰᠤᠷᠭᠠᠭᠤᠯᠢ ᠬᠡᠷᠡᠭᠵᠢᠭᠦᠯᠬᠦ᠂ ᠲᠤᠰᠬᠠᠢ ᠮᠡᠷᠭᠡᠵᠢᠯᠲᠡᠨ ᠵᠢᠯᠤᠭᠣᠳᠬᠤ᠂ ᠰᠣᠷᠣᠭ᠍ᠴᠢ ᠣᠷᠳᠣ᠌ ᠬᠤᠭᠤᠴᠠᠭ᠎ᠠ᠎ᠪᠠᠷ ᠰᠠᠭᠤᠬᠤ᠂ ᠡᠯ᠎ᠡ ᠲᠠᠯ᠎ᠠ᠎ᠶᠢᠨ ᠬᠢᠨ ᠳᠡᠮᠵᠢᠬᠦ》 ᠠᠵᠢᠯᠯᠠᠭᠠᠨ᠎ᠤ ᠬᠠᠮᠢᠶᠠᠷᠤᠯᠲᠠ᠎ᠶᠢᠨ ᠵᠠᠭᠪᠤᠷ᠎ᠢ ᠬᠡᠷᠡᠭᠵᠢᠭᠦᠯᠦᠨ᠎ᠡ ᠭᠡᠵᠦ ᠲᠣᠳᠣᠷᠬᠠᠢ ᠲᠣᠭᠲᠠᠭᠠᠪᠠ᠃

ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠪᠠᠭ᠎ᠠ ᠬᠦᠷᠢᠶᠡᠯᠡᠩ᠎ᠦᠨ ᠲᠦᠷᠦᠯ ᠵᠦᠢᠯ᠎ᠢ ᠤᠯᠠᠮ ᠴᠢᠨᠠᠭᠰᠢᠳᠠ ᠥᠷᠭᠡᠳᠬᠡᠵᠦ᠂ ᠶᠡᠷᠦᠩᠬᠡᠢᠯᠡᠭᠰᠡᠨ ᠲᠦᠷᠦᠯ᠎ᠦᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠪᠠᠭ᠎ᠠ ᠬᠦᠷᠢᠶᠡᠯᠡᠩ᠂ ᠰᠢᠨ᠎ᠡ᠎ᠪᠡᠷ ᠬᠥᠭᠵᠢᠭᠰᠡᠨ ᠡᠵᠡᠩᠨᠡᠯᠲᠡ᠎ᠶᠢᠨ ᠬᠡᠯᠪᠡᠷᠢ ᠪᠠᠢᠳᠠᠯ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠪᠠᠭ᠎ᠠ ᠬᠦᠷᠢᠶᠡᠯᠡᠩ ᠪᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠪᠠᠭ᠎ᠠ ᠬᠦᠷᠢᠶᠡᠯᠡᠩ᠎ᠦᠨ ᠰᠦᠷᠦᠭᠵᠢᠯ᠎ᠢ ᠰᠢᠨ᠎ᠡ᠎ᠪᠡᠷ ᠨᠡᠮᠡᠭᠳᠡᠭᠦᠯᠪᠡ᠃ ᠭᠤᠶᠤᠴᠢᠯᠠᠨ ᠮᠡᠳᠡᠭᠦᠯᠬᠦ ᠭᠣᠣᠯ ᠴᠣᠭᠴᠠ᠂ ᠨᠥᠬᠥᠴᠡᠯ ᠬᠢᠭᠡᠳ ᠴᠤᠪᠤᠷᠠᠯ᠎ᠢ ᠨᠠᠷᠢᠯᠢᠭ᠍ᠵᠢᠭᠤᠯᠵᠤ᠂ ᠮᠡᠳᠡᠭᠦᠯᠬᠦ᠎ᠶᠢ ᠴᠠᠭᠠᠵᠠᠯᠠᠬᠤ ᠪᠠᠢᠳᠠᠯ᠎ᠢ ᠬᠤᠪᠢᠶᠠᠷᠢᠯᠠᠨ ᠲᠣᠭᠲᠠᠭᠠᠵᠤ᠂ ᠮᠠᠭᠠᠳᠯᠠᠨ ᠲᠣᠭᠲᠠᠭᠠᠵᠤ ᠨᠡᠷᠡᠢᠳᠬᠦ᠂ ᠪᠡᠯᠡ ᠮᠥᠩᠭᠥ᠎ᠪᠡᠷ ᠳᠡᠮᠵᠢᠬᠦ ᠪᠠ ᠱᠠᠩᠨᠠᠵᠤ ᠲᠣᠷᠭᠠᠬᠤ ᠲᠣᠭᠲᠠᠴᠠ᠎ᠶᠢ ᠤᠯᠠᠮ ᠨᠢᠭᠡ ᠠᠯᠬᠤᠮ ᠵᠢᠷᠤᠮᠵᠢᠭᠤᠯᠪᠠ᠃

《ᠠᠷᠭ᠎ᠠ》᠎ᠳᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠪᠠᠭ᠎ᠠ ᠬᠦᠷᠢᠶᠡᠯᠡᠩ᠎ᠦᠨ ᠬᠠᠮᠢᠶᠠᠷᠤᠯᠲᠠ ᠪᠠ ᠦᠨᠡᠯᠡᠨ ᠵᠢᠱ᠌ᠢᠬᠦ ᠵᠦᠭᠯᠡᠭᠦᠷ》 ᠵᠢᠡᠷ ᠳᠠᠮᠵᠢᠭᠤᠯᠤᠨ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠪᠠᠭ᠎ᠠ ᠬᠦᠷᠢᠶᠡᠯᠡᠩ᠎ᠦᠨ ᠡᠳᠦᠷ ᠲᠤᠲᠤᠮ᠎ᠤᠨ ᠬᠠᠮᠢᠶᠠᠷᠤᠯᠲᠠ᠂ ᠦᠨᠡᠯᠡᠨ ᠵᠢᠱ᠌ᠢᠵᠦ ᠬᠢᠨᠠᠨ ᠰᠢᠯᠭᠠᠬᠤ ᠵᠡᠷᠭᠡ ᠠᠵᠢᠯ᠎ᠢ ᠨᠠᠷᠢᠯᠢᠭ᠍ᠵᠢᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠪᠠᠭ᠎ᠠ ᠬᠦᠷᠢᠶᠡᠯᠡᠩ᠎ᠦᠨ ᠠᠵᠢᠯᠯᠠᠭᠠᠨ᠎ᠤ ᠬᠠᠮᠢᠶᠠᠷᠤᠯᠲᠠ᠂ ᠪᠦᠲᠦᠭᠡᠨ ᠪᠠᠢᠭᠤᠯᠤᠯᠲᠠ᠎ᠶᠢᠨ ᠦᠷ᠎ᠡ ᠪᠦᠲᠦᠮᠵᠢ ᠵᠡᠷᠭᠡ ᠭᠦᠢᠴᠡᠳᠬᠡᠯ ᠲᠣᠭ᠎ᠠ᠎ᠶᠢ ᠦᠨᠳᠦᠰᠦᠯᠡᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠪᠠᠭ᠎ᠠ ᠬᠦᠷᠢᠶᠡᠯᠡᠩ᠎ᠳᠦ ᠬᠡᠮᠵᠢᠶᠡᠵᠢᠭᠦᠯᠦᠭᠰᠡᠨ ᠦᠨᠡᠯᠡᠨ ᠵᠢᠱ᠌ᠢᠯᠲᠡ ᠬᠢᠵᠦ᠂ ᠬᠥᠳᠡᠯᠦᠩᠭᠦᠢ ᠬᠠᠮᠢᠶᠠᠷᠤᠯᠲᠠ᠎ᠶᠢᠨ ᠲᠣᠭᠲᠠᠴᠠ᠎ᠶᠢ ᠪᠠᠢᠭᠤᠯᠤᠨ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠪᠠᠭ᠎ᠠ ᠬᠦᠷᠢᠶᠡᠯᠡᠩ᠎ᠦᠨ ᠠᠵᠢᠯ᠎ᠤᠨ ᠠᠮᠢᠵᠢᠷᠠᠯ᠎ᠤᠨ ᠬᠦᠴᠦᠨ᠎ᠢ ᠲᠠᠰᠤᠷᠠᠯᠲᠠ ᠦᠭᠡᠢ ᠬᠥᠭᠵᠢᠭᠡᠬᠦ ᠪᠤᠯᠤᠨ᠎ᠠ᠃ ᠡᠭᠦᠨ᠎ᠦ ᠬᠠᠮᠲᠤ᠂ ᠵᠦᠭᠯᠡᠬᠦᠷ᠎ᠲᠦ ᠪᠠᠰᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠪᠠᠭ᠎ᠠ ᠬᠦᠷᠢᠶᠡᠯᠡᠩ᠎ᠦᠨ ᠣᠷᠣᠯᠴᠠᠭᠰᠠᠨ ᠡᠯ᠎ᠡ ᠲᠠᠯ᠎ᠠ᠎ᠶᠢᠨ ᠬᠠᠷᠢᠭᠤᠴᠠᠯᠭ᠎ᠠ᠎ᠶᠢ ᠲᠣᠳᠣᠷᠬᠠᠢᠯᠠᠵᠤ᠂ ᠠᠵᠢᠯᠲᠠᠨ᠎ᠤ ᠣᠷᠣᠵᠤ ᠰᠠᠭᠤᠬᠤ᠂ ᠲᠤᠰᠬᠠᠢ ᠮᠡᠷᠭᠡᠵᠢᠯᠲᠡᠨ᠎ᠦ ᠵᠢᠯᠣᠭᠣᠳᠤᠯᠭ᠎ᠠ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠦᠢᠯᠡᠴᠢᠯᠡᠭᠡ᠂ ᠦᠷ᠎ᠡ ᠪᠦᠲᠦᠭᠡᠯ᠎ᠦᠨ ᠭᠠᠷᠭᠠᠯᠲᠠ ᠵᠡᠷᠭᠡ ᠬᠡᠮᠵᠢᠶᠡᠵᠢᠭᠦᠯᠦᠭᠰᠡᠨ ᠪᠠᠷᠢᠮᠵᠢᠶ᠎ᠠ᠎ᠶᠢ ᠨᠠᠷᠢᠯᠢᠭ᠍ᠵᠢᠭᠤᠯᠪᠠ᠃

ᠢᠷᠡᠯᠲᠡ᠄ ᠬᠥᠬᠡᠬᠣᠲᠠ᠎ᠶᠢᠨ ᠬᠠᠮ ᠵᠠᠭᠤᠴᠢᠯᠠᠭᠤᠷ᠂ ᠬᠥᠬᠡᠬᠣᠲᠠ᠎ᠶᠢᠨ ᠨᠡᠢᠳᠡᠯᠡᠯ ᠵᠢᠷᠬᠢᠶ᠎ᠡ ᠵᠢᠨ ᠳᠠᠪᠴᠠᠡᠭ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号