ᠲᠥᠷᠥ᠎ᠶ᠋ᠢᠨ ᠶᠠᠪᠤᠳᠠᠯ᠎ᠤᠨ ᠬᠣᠷᠢᠶ᠎ᠠ᠎ᠶᠢᠨ ᠠᠯᠪᠠᠨ ᠲᠢᠩᠬᠢᠮ 《ᠡᠮ᠎ᠦᠨ ᠵᠦᠶ᠋ᠯᠡᠰ᠎ᠦᠨ ᠦᠨ᠎ᠡ ᠬᠠᠩᠰᠢ᠎ᠶ᠋ᠢᠨ ᠪᠦᠷᠢᠯᠳᠦᠬᠦ᠌ ᠲᠣᠭ᠍ᠲᠠᠴᠠ᠎ᠶ᠋ᠢ ᠪᠦᠷᠢᠨᠰᠢᠭᠦᠯᠬᠦ ᠲᠤᠬᠠᠶ ᠰᠠᠨᠠᠯ᠎ᠤᠳ》 ᠢ᠋ ᠳᠠᠷᠤᠮᠠᠯᠯᠠᠨ ᠲᠠᠷᠬᠠᠭᠠᠪᠠ
2026-04-16 09:30:50
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ᠎ᠶᠢᠨ ᠠᠯᠪᠠᠨ ᠲᠢᠩᠬᠢᠮ 《ᠡᠮ᠎ᠦᠨ ᠵᠦᠶ᠋ᠯᠡᠰ᠎ᠦᠨ ᠦᠨ᠎ᠡ ᠬᠠᠩᠰᠢ᠎ᠶ᠋ᠢᠨ ᠪᠦᠷᠢᠯᠳᠦᠬᠦ᠌ ᠲᠣᠭ᠍ᠲᠠᠴᠠ᠎ᠶ᠋ᠢ ᠪᠦᠷᠢᠨᠱᠢᠭᠦᠯᠬᠦ᠌ ᠲᠤᠬᠠᠶ ᠰᠠᠨᠠᠯ᠎ᠤᠳ》 (ᠳᠣᠷᠣᠭ᠍ᠰᠢ 《ᠰᠠᠨᠠᠯ》 ᠭᠡᠵᠦ᠍ ᠲᠣᠪᠴᠢᠯᠠᠨ᠎ᠠ) ᠎ᠢ᠋ ᠳᠠᠷᠤᠮᠠᠯᠯᠠᠨ ᠲᠠᠷᠬᠠᠭᠠᠵᠤ᠂ ᠡᠬᠢ ᠪᠠᠶᠠᠯᠢᠭ᠎ᠤᠨ ᠲᠣᠬᠢᠷᠠᠭᠤᠯᠤᠯᠲᠠ ᠳᠤᠮᠳᠠᠬᠢ ᠵᠠᠬ᠎ᠠ ᠳᠡᠯᠭᠡᠭᠦᠷ᠎ᠦᠨ ᠱᠢᠶ᠋ᠳᠪᠦᠷᠢᠯᠡᠬᠦ᠌ ᠴᠢᠨᠠᠷᠲᠠᠶ ᠦᠶ᠋ᠯᠡᠳᠦᠯ ᠎ᠢ ᠭᠦᠶ᠋ᠴᠡᠳ ᠪᠠᠳᠠᠷᠠᠭᠤᠯᠵᠤ᠂ ᠵᠠᠰᠠᠭ᠎ᠤᠨ ᠣᠷᠳᠣᠨ᠎ᠤ ᠦᠶ᠋ᠯᠡᠳᠦᠯ᠎ᠢ ᠨᠠᠩ ᠰᠠᠢᠲᠤᠷ ᠪᠠᠳᠠᠷᠠᠭᠤᠯᠵᠤ᠂ ᠡᠮ᠎ᠦᠨ ᠵᠦᠶ᠋ᠯᠡᠰ᠎ᠦᠨ ᠬᠦᠷᠢᠶᠡᠨ᠎ᠳᠡᠬᠢ ᠪᠥᠬᠥ᠌ ᠤᠯᠤᠰ᠎ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ᠎ᠦᠨ ᠪᠠᠢᠭᠤᠯᠤᠯᠲᠠ᠎ᠳᠤ ᠪᠦᠲᠦᠮᠵᠢᠲᠡᠶ ᠦᠶ᠋ᠯᠡᠴᠢᠯᠡᠵᠦ᠍᠂ ᠵᠠᠬ᠎ᠠ ᠳᠡᠯᠭᠡᠭᠦᠷ᠎ᠢᠶᠡᠷ ᠤᠳᠤᠷᠢᠳᠤᠮᠵᠢ ᠪᠣᠯᠭᠠᠭ᠍ᠰᠠᠨ ᠡᠮ᠎ᠦᠨ ᠵᠦᠶ᠋ᠯᠡᠰ᠎ᠦᠨ ᠦᠨ᠎ᠡ ᠬᠠᠩᠰᠢ᠎ᠶ᠋ᠢᠨ ᠪᠦᠷᠢᠯᠳᠦᠬᠦ᠌ ᠲᠣᠭ᠍ᠲᠠᠴᠠ᠎ᠶ᠋ᠢ ᠪᠦᠷᠢᠨᠱᠢᠭᠦᠯᠵᠦ᠍᠂ ᠡᠮ ᠡᠮᠨᠡᠯᠭᠡ᠎ᠶ᠋ᠢᠨ ᠠᠵᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠳᠡᠮᠵᠢᠵᠦ᠍᠂ ᠠᠷᠠᠳ ᠣᠯᠠᠨ᠎ᠤ ᠴᠢᠨᠠᠷ ᠰᠠᠢᠲᠠᠶ ᠦᠨ᠎ᠡ ᠬᠠᠩᠰᠢ ᠨᠢ ᠲᠣᠬᠢᠷᠠᠮᠵᠢᠲᠠᠶ ᠡᠮ᠎ᠦᠨ ᠵᠦᠶ᠋ᠯᠡᠰ ᠬᠡᠷᠡᠭᠯᠡᠬᠦ᠎ᠶ᠋ᠢ ᠪᠠᠲᠤᠯᠠᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃

ᠡᠮ᠎ᠦᠨ ᠵᠦᠶ᠋ᠯᠡᠰ᠎ᠢ ᠵᠠᠬ᠎ᠠ ᠳᠡᠯᠭᠡᠭᠦᠷ᠎ᠲᠦ ᠭᠠᠷᠭᠠᠭ᠍ᠰᠠᠨ᠎ᠤ ᠳᠠᠷᠠᠭᠠᠬᠢ ᠠᠳᠠᠯᠢ ᠪᠤᠰᠤ ᠱᠠᠲᠤ ᠦᠶ᠎ᠡ᠎ᠶ᠋ᠢ ᠦᠨᠳᠦᠰᠦᠯᠡᠨ᠂ 《ᠰᠠᠨᠠᠯ》᠎ᠳ᠋ᠤ ᠱᠢᠨ᠎ᠡ᠎ᠶ᠋ᠢ ᠡᠭᠦᠳᠦᠭ᠌ᠰᠡᠨ ᠡᠮ ᠵᠡᠷᠭᠡ ᠱᠢᠨ᠎ᠡ᠎ᠪᠡᠷ ᠵᠠᠬ᠎ᠠ ᠳᠡᠯᠭᠡᠭᠦᠷ᠎ᠲᠦ ᠭᠠᠷᠤᠭ᠍ᠰᠠᠨ ᠡᠮ᠎ᠦᠨ ᠵᠦᠶ᠋ᠯᠡᠰ᠎ᠦᠨ ᠠᠩᠬ᠎ᠠ ᠲᠠᠷᠬᠠᠭᠠᠬᠤ ᠦᠨ᠎ᠡ ᠬᠠᠩᠰᠢ᠎ᠶ᠋ᠢᠨ ᠲᠣᠭ᠍ᠲᠠᠴᠠ᠎ᠶ᠋ᠢ ᠱᠢᠯᠢᠳᠡᠭ᠌ᠵᠢᠭᠦᠯᠵᠦ᠍᠂ ᠡᠮ ᠡᠮᠨᠡᠯᠭᠡ᠎ᠶ᠋ᠢᠨ ᠳᠠᠭᠠᠳᠭᠠᠯ᠎ᠤᠨ ᠲᠤᠭᠠᠴᠠᠭ᠎ᠠ ᠬᠢᠬᠦ ᠪᠠᠷᠢᠮᠵᠢᠶ᠎ᠠ᠎ᠶ᠋ᠢᠨ ᠡᠮ᠎ᠦᠨ ᠵᠦᠶ᠋ᠯᠡᠰ᠎ᠦᠨ ᠦᠨ᠎ᠡ ᠬᠠᠩᠰᠢ᠎ᠳᠤ ᠦᠵᠡᠭᠦᠯᠬᠦ᠌ ᠬᠥᠲᠥᠯᠦᠨ ᠵᠢᠯᠣᠭᠣᠳᠭᠤ ᠦᠶ᠋ᠯᠡᠳᠦᠯ ᠎ᠢ ᠪᠠᠳᠠᠷᠠᠭᠤᠯᠤᠨ᠂ ᠡᠮ᠎ᠦᠨ ᠵᠦᠶ᠋ᠯᠡᠰ ᠎ᠢ ᠲᠥᠪᠯᠡᠷᠡᠭᠦᠯᠦᠨ ᠬᠤᠳᠠᠯᠳᠤᠨ ᠠᠪᠬᠤ ᠦᠨ᠎ᠡ ᠬᠠᠩᠰᠢ᠎ᠶ᠋ᠢᠨ ᠪᠦᠷᠢᠯᠳᠦᠬᠦ᠌ ᠲᠣᠭ᠍ᠲᠠᠴᠠ᠎ᠶ᠋ᠢ ᠪᠦᠷᠢᠨᠱᠢᠭᠦᠯᠵᠦ᠍᠂ ᠡᠮ᠎ᠦᠨ ᠵᠦᠶ᠋ᠯᠡᠰ ᠎ᠢ ᠲᠦᠪᠯᠡᠷᠡᠬᠦᠯᠦᠨ ᠬᠤᠳᠠᠯᠳᠤᠨ ᠠᠪᠬᠤ ᠲᠠᠪᠴᠠᠩ ᠳ᠋ᠤ ᠢᠯᠠ ᠨᠠᠢᠳᠠᠯᠡᠭᠰᠡᠨ ᠬᠤᠳᠠᠯᠳᠤᠨ ᠠᠪᠬᠤ ᠬᠢᠵᠠᠭᠠᠷᠯᠠᠬᠤ ᠦᠨ᠎ᠡ ᠬᠠᠩᠰᠢ᠎ᠶ᠋ᠢᠨ ᠬᠠᠮᠢᠶᠠᠷᠤᠯᠲᠠ᠎ᠶ᠋ᠢ ᠲᠡᠭᠦᠯᠳᠡᠷᠵᠢᠭᠦᠯᠬᠦ᠌ ᠵᠡᠷᠭᠡ ᠠᠷᠭ᠎ᠠ ᠬᠡᠮᠵᠢᠶ᠎ᠡ᠎ᠶ᠋ᠢ ᠳᠤᠷᠠᠳᠴᠤ᠌᠂ ᠭᠤᠤᠯᠳᠠᠯᠭ᠎ᠠ᠎ᠲᠠᠶ ᠭᠣᠭ᠍ᠴᠣᠭ᠎ᠠ᠎ᠶ᠋ᠢᠨ ᠡᠮ᠎ᠦᠨ ᠵᠦᠶ᠋ᠯᠡᠰ᠎ᠦᠨ ᠦᠨ᠎ᠡ ᠬᠠᠩᠰᠢ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠲᠡᠭᠦᠯᠳᠡᠷᠵᠢᠭᠦᠯᠪᠡ᠃

ᠡᠮ᠎ᠦᠨ ᠵᠦᠶ᠋ᠯᠡᠰ᠎ᠦᠨ ᠭᠦᠶ᠋ᠯᠭᠡᠭᠡᠨ᠎ᠦ ᠠᠳᠠᠯᠢ ᠪᠤᠰᠤ ᠠᠷᠭ᠎ᠠ ᠵᠠᠮ᠎ᠢ ᠦᠨᠳᠦᠰᠦᠯᠡᠨ᠂ 《ᠰᠠᠨᠠᠯ》᠎ᠳ᠋ᠤ ᠡᠮᠴᠢᠯᠡᠭᠡᠨ᠎ᠦ ᠪᠠᠢᠭᠤᠯᠤᠮᠵᠢ᠎ᠶ᠋ᠢᠨ ᠲᠤᠰᠭᠠᠶ ᠮᠡᠷᠭᠡᠵᠢᠯ᠎ᠦᠨ ᠦᠶ᠋ᠯᠡᠳᠦᠯ᠎ᠢ ᠪᠠᠳᠠᠷᠠᠭᠤᠯᠵᠤ᠂ ᠡᠮ᠎ᠦᠨ ᠳᠡᠯᠭᠡᠭᠦᠷ᠎ᠦᠨ ᠡᠮ᠎ᠦᠨ ᠵᠦᠶ᠋ᠯᠡᠰ᠎ᠦᠨ ᠵᠢᠵᠢᠭ᠌ᠯᠡᠨ ᠬᠤᠳᠠᠯᠳᠤᠬᠤ ᠦᠨ᠎ᠡ ᠬᠠᠩᠰᠢ᠎ᠶ᠋ᠢ ᠵᠦᠶ ᠵᠣᠬᠢᠰᠲᠠᠶ ᠲᠣᠭ᠍ᠲᠠᠭᠠᠬᠤ᠂ ᠰᠦᠯᠵᠢᠶᠡᠨ ᠳᠡᠭᠡᠷᠡᠬᠢ ᠡᠮ᠎ᠦᠨ ᠳᠡᠯᠭᠡᠭᠦᠷ᠎ᠦᠨ ᠦᠨ᠎ᠡ ᠬᠠᠩᠰᠢ᠎ᠶ᠋ᠢ ᠢᠯᠡᠷᠡᠭᠦᠯᠬᠦ᠌ ᠴᠢᠳᠠᠮᠵᠢ᠎ᠶ᠋ᠢ ᠰᠠᠢᠲᠤᠷ ᠬᠡᠷᠡᠭ᠌ᠯᠡᠬᠦ᠌ ᠵᠢ ᠬᠥᠲᠥᠯᠥᠨ ᠵᠢᠯᠣᠭᠣᠳᠬᠤ ᠵᠡᠷᠭᠡ ᠠᠷᠭ᠎ᠠ ᠬᠡᠮᠵᠢᠶ᠎ᠡ᠎ᠶ᠋ᠢ ᠲᠤᠳᠤᠷᠬᠠᠢᠯᠠᠵᠤ᠂ ᠡᠯ᠎ᠡ ᠲᠥᠷᠥᠯ᠎ᠦᠨ ᠭᠤᠤᠯ ᠴᠣᠭ᠍ᠴᠠ᠎ᠶ᠋ᠢᠨ ᠦᠨ᠎ᠡ ᠬᠠᠩᠰᠢ᠎ᠶ᠋ᠢᠨ ᠪᠦᠷᠢᠯᠳᠦᠬᠦ᠎ᠳᠦ ᠣᠷᠣᠯᠴᠠᠬᠤ᠎ᠶ᠋ᠢ ᠵᠣᠷᠢᠭ᠍ᠵᠢᠭᠤᠯᠪᠠ᠃

ᠡᠮ᠎ᠦᠨ ᠵᠦᠶ᠋ᠯᠡᠰ᠎ᠦᠨ ᠠᠳᠠᠯᠢ ᠪᠤᠰᠤ ᠬᠦᠷᠢᠶ᠎ᠡ ᠴᠠᠷᠠᠭ᠎ᠠ᠎ᠶ᠋ᠢ ᠦᠨᠳᠦᠰᠦᠯᠡᠨ᠂ 《ᠰᠠᠨᠠᠯ》᠎ᠳ᠋ᠤ ᠱᠢᠨ᠎ᠡ᠎ᠶ᠋ᠢ ᠡᠭᠦᠳᠦᠭ᠌ᠰᠡᠨ ᠡᠮ᠎ᠦᠨ ᠣᠯᠠᠨ ᠡᠱᠢᠵᠢᠬᠦᠯᠦᠨ ᠲᠤᠭᠠᠴᠠᠭ᠎ᠠ ᠬᠢᠬᠦ ᠬᠢᠭᠡᠳ ᠦᠨ᠎ᠡ ᠬᠠᠩᠰᠢ᠎ᠶ᠋ᠢᠨ ᠵᠦᠶ ᠵᠣᠬᠢᠰᠲᠠᠶ ᠪᠦᠷᠢᠯᠳᠦᠬᠦ ᠵᠢ ᠠᠬᠢᠭᠤᠯᠵᠤ᠂ ᠳᠤᠲᠠᠭ᠍ᠳᠠᠵᠤ ᠪᠠᠢᠭ᠎ᠠ ᠡᠮ᠎ᠦᠨ ᠬᠠᠩᠭᠠᠯᠭ᠎ᠠ᠎ᠶ᠋ᠢ ᠪᠠᠲᠤᠯᠠᠵᠤ ᠦᠨ᠎ᠡ ᠬᠠᠩᠰᠢ᠎ᠶ᠋ᠢ ᠲᠣᠭ᠍ᠲᠠᠭᠤᠨ ᠪᠠᠢᠯᠭᠠᠬᠤ᠎ᠶ᠋ᠢ ᠴᠢᠩᠭᠠᠳᠭᠠᠵᠤ᠂ ᠮᠢᠨᠴᠦᠭᠦᠷᠡᠭᠦᠯᠬᠦ᠌ ᠡᠮ᠎ᠦᠨ ᠵᠦᠶ᠋ᠯᠡᠰ ᠪᠠ ᠮᠡᠳᠡᠷᠡᠯ᠎ᠦᠨ ᠡᠮ᠎ᠦᠨ ᠵᠦᠶ᠋ᠯᠡᠰ᠎ᠦᠨ ᠦᠨ᠎ᠡ ᠬᠠᠩᠰᠢ᠎ᠶ᠋ᠢᠨ ᠬᠠᠮᠢᠶᠠᠷᠤᠯᠲᠠ᠎ᠶ᠋ᠢ ᠴᠢᠩᠭᠠᠳᠭᠠᠵᠤ᠂ ᠡᠮ᠎ᠦᠨ ᠵᠦᠶ᠋ᠯᠡᠰ᠎ᠦᠨ ᠲᠦᠭᠦᠬᠡᠶ ᠮᠠᠲ᠋ᠧᠷᠢᠶᠠᠯ ᠲᠤᠰᠠᠯᠠᠬᠤ ᠮᠠᠲ᠋ᠧᠷᠢᠶᠠᠯ᠎ᠤᠨ ᠦᠨ᠎ᠡ ᠬᠠᠩᠰᠢ᠎ᠶ᠋ᠢᠨ ᠠᠵᠢᠯᠯᠠᠭ᠎ᠠ᠎ᠶ᠋ᠢ ᠵᠢᠷᠤᠮᠵᠢᠭᠤᠯᠵᠤ᠂ ᠵᠠᠩᠭᠢᠯᠠᠭ᠎ᠠ᠎ᠶ᠋ᠢᠨ ᠬᠦᠷᠢᠶᠡᠨ᠎ᠦ ᠡᠮ᠎ᠦᠨ ᠵᠦᠶ᠋ᠯᠡᠰ᠎ᠦᠨ ᠦᠨ᠎ᠡ ᠬᠠᠩᠰᠢ᠎ᠶ᠋ᠢᠨ ᠵᠦᠶ ᠵᠣᠬᠢᠰᠲᠠᠶ ᠲᠦᠪᠱᠢᠨ᠎ᠢ ᠪᠠᠲᠤᠯᠠᠬᠤ᠎ᠶ᠋ᠢ ᠬᠥᠲᠥᠯᠥᠨ ᠵᠢᠯᠣᠭᠣᠳᠭᠤ ᠬᠡᠷᠡᠭ᠌ᠲᠡᠶ ᠭᠡᠵᠦ᠍ ᠴᠢᠬᠤᠯᠠᠴᠢᠯᠠᠪᠠ᠃

《ᠰᠠᠨᠠᠯ》᠎ᠳ᠋ᠤ᠂ ᠡᠮ᠎ᠦᠨ ᠵᠦᠶ᠋ᠯᠡᠰ᠎ᠦᠨ ᠦᠨ᠎ᠡ ᠬᠠᠩᠰᠢ᠎ᠶ᠋ᠢᠨ ᠵᠠᠰᠠᠯᠲᠠ᠎ᠶ᠋ᠢ ᠴᠢᠩᠭᠠᠳᠭᠠᠵᠤ᠂ ᠡᠮ᠎ᠦᠨ ᠵᠦᠶ᠋ᠯᠡᠰ᠎ᠦᠨ ᠦᠨ᠎ᠡ ᠬᠠᠩᠰᠢ᠎ᠶ᠋ᠢᠨ ᠠᠶᠤᠯ ᠲᠦᠭ᠌ᠰᠢᠭᠦᠷᠢ᠎ᠶ᠋ᠢ ᠤᠷᠢᠳᠴᠢᠯᠠᠨ ᠰᠡᠷᠡᠮᠵᠢᠯᠡᠭᠦᠯᠬᠦ᠌᠎ᠶ᠋ᠢ ᠬᠡᠷᠡᠭ᠌ᠵᠢᠭᠦᠯᠬᠦ᠌᠂ ᠡᠮ᠎ᠦᠨ ᠵᠦᠶ᠋ᠯᠡᠰ᠎ᠦᠨ ᠦᠨ᠎ᠡ ᠬᠠᠩᠰᠢ᠎ᠶ᠋ᠢᠨ ᠠᠶᠤᠯ ᠲᠦᠭ᠌ᠰᠢᠭᠦᠷᠢ᠎ᠶ᠋ᠢ ᠱᠢᠶ᠋ᠳᠪᠦᠷᠢᠯᠡᠬᠦ᠌ ᠲᠦᠷᠢᠮ᠎ᠢ ᠪᠦᠷᠢᠨᠱᠢᠭᠦᠯᠬᠦ᠌᠂ ᠣᠶᠤᠨᠴᠢ ᠪᠤᠰᠤ᠎ᠪᠠᠷ ᠦᠨ᠎ᠡ ᠵᠢ ᠥᠷᠢᠰᠥᠯᠳᠦᠭᠦᠯᠦᠨ ᠳᠠᠭᠠᠭᠠᠴᠢᠯᠠᠯᠲᠠ ᠣᠯᠵᠤ ᠬᠠᠩᠭᠠᠯᠭ᠎ᠠ᠎ᠶ᠋ᠢ ᠨᠥᠯᠥᠭᠡᠯᠡᠬᠦ᠌᠎ᠶ᠋ᠢ ᠰᠡᠷᠭᠡᠢᠯᠡᠬᠦ᠌᠂ ᠡᠮ᠎ᠦᠨ ᠵᠦᠶ᠋ᠯᠡᠰ ᠪᠠ ᠲᠦᠭᠦᠬᠡᠶ ᠮᠠᠲ᠋ᠧᠷᠢᠶᠠᠯ ᠲᠤᠰᠠᠯᠠᠬᠤ ᠮᠠᠲ᠋ᠧᠷᠢᠶᠠᠯ᠎ᠤᠨ ᠦᠶ᠋ᠯᠡᠳᠪᠦᠷᠢᠯᠡᠯ ᠡᠵᠡᠩᠨᠡᠯᠲᠡ᠎ᠶ᠋ᠢᠨ ᠬᠦᠷᠢᠶ᠎ᠠ ᠴᠠᠷᠠᠭ᠎ᠠ ᠵᠢᠨ ᠳᠤᠲᠠᠬᠳᠠᠬᠤ ᠰᠢᠯᠳᠠᠭᠠᠨ᠎ᠢᠶᠠᠷ ᠱᠢᠬᠠᠮᠳᠠᠭᠤᠯᠤᠨ ᠦᠨ᠎ᠡ  ᠬᠠᠩᠰᠢ ᠵᠢ ᠥᠰᠭᠡᠬᠦ᠌ ᠵᠡᠷᠭᠡ ᠬᠠᠤᠯᠢ ᠲᠣᠭ᠍ᠲᠠᠭᠠᠯ᠎ᠡᠴᠡ ᠵᠥᠷᠢᠴᠡᠭ᠌ᠰᠡᠨ ᠦᠶ᠋ᠯᠡ ᠠᠵᠢᠯᠯᠠᠭ᠎ᠠ᠎ᠶ᠋ᠢ ᠴᠢᠩᠭ᠎ᠠ ᠱᠢᠢᠳᠭᠡᠬᠦ᠂ ᠡᠮ ᠡᠮᠨᠡᠯᠭᠡ᠎ᠶ᠋ᠢᠨ ᠬᠦᠷᠢᠶᠡᠨ᠎ᠳᠡᠬᠢ ᠪᠥᠬᠥ᠌ ᠬᠡᠯᠬᠢᠶᠡᠨ᠎ᠦ ᠮᠦᠨ ᠴᠢᠨᠠᠷ᠎ᠢ ᠢᠯᠡᠷᠡᠭᠦᠯᠬᠦ ᠮᠠᠶᠢᠭ᠎ᠤᠨ ᠬᠢᠨᠠᠨ ᠪᠤᠳᠤᠵᠤ ᠬᠢᠨᠠᠯᠲᠠ ᠲᠠᠯᠪᠢᠬᠤ᠎ᠶ᠋ᠢ ᠴᠢᠩᠭᠠᠳᠭᠠᠬᠤ᠂ ᠡᠮ᠎ᠦᠨ ᠵᠦᠶ᠋ᠯᠡᠰ᠎ᠦᠨ ᠡᠮ ᠡᠮᠨᠡᠯᠭᠡ᠎ᠶ᠋ᠢᠨ ᠳᠠᠭᠠᠳᠭᠠᠯ᠎ᠤᠨ ᠥᠷᠲᠡᠭ᠎ᠢ ᠦᠨᠡᠯᠡᠬᠦ᠌ ᠲᠦᠷᠢᠮ᠎ᠢ ᠪᠠᠢᠭᠤᠯᠬᠤ ᠵᠡᠷᠭᠡ ᠬᠠᠨᠳᠤᠯᠭᠠᠲᠤ ᠴᠢᠨᠠᠷᠲᠠᠶ ᠠᠷᠭ᠎ᠠ ᠬᠡᠮᠵᠢᠶ᠎ᠡ᠎ᠶ᠋ᠢ ᠳᠤᠷᠠᠳᠴᠤ᠌᠂ ᠡᠮ᠎ᠦᠨ ᠵᠦᠶ᠋ᠯᠡᠰ᠎ᠦᠨ ᠦᠨ᠎ᠡ ᠬᠠᠩᠰᠢ᠎ᠶ᠋ᠢ ᠵᠦᠶ ᠵᠣᠬᠢᠰᠲᠠᠶ ᠬᠡᠪᠴᠢᠶᠡᠨ᠎ᠳᠦ ᠪᠠᠢᠯᠭᠠᠬᠤ᠎ᠶ᠋ᠢ ᠬᠥᠲᠥᠯᠥᠨ ᠵᠢᠯᠣᠭᠣᠳᠬᠤ ᠬᠡᠷᠡᠭᠲᠡᠢ ᠭᠡᠵᠦ ᠱᠠᠭᠠᠷᠳᠠᠪᠠ᠃

(ᠱᠢᠨᠬᠤᠸᠠ ᠬᠣᠷᠢᠶ᠎ᠠ᠎ᠶᠢᠨ ᠪᠡᠭᠡᠵᠢᠩ᠎ᠦᠨ 4 ᠰᠠᠷ᠎ᠠ᠎ᠶ᠋ᠢᠨ 14 ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号