ᠥᠪᠥᠷ ᠮᠣᠩᠭᠣᠯ 《ᠬᠡᠷᠡᠯᠵᠡᠭᠡᠨ᠎ᠡ ᠶ᠋ᠢ ᠶᠡᠷᠦᠩᠬᠡᠢᠯᠡᠨ ᠰᠡᠷᠭᠡᠢᠯᠡᠨ ᠡᠵᠡᠮᠳᠡᠬᠦ᠌ ᠮᠡᠷᠭᠡᠵᠢᠯ ᠤ᠋ᠨ ᠲᠦᠷᠢᠮ》 ᠎ᠢ᠋ ᠨᠡᠢᠲᠡᠯᠡᠨ ᠬᠡᠷᠡᠭ᠌ᠵᠢᠭᠦᠯᠪᠡ
2026-04-16 16:40:12
ᠵᠣᠬᠢᠶᠠᠭ᠍ᠴᠢ᠄
​ᠨᠠᠮᠤᠭ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ 《ᠬᠡᠷᠡᠯᠵᠡᠭᠡᠨ᠎ᠡ ᠶ᠋ᠢ ᠶᠡᠷᠦᠩᠬᠡᠢᠯᠡᠨ ᠰᠡᠷᠭᠡᠢᠯᠡᠨ ᠡᠵᠡᠮᠳᠡᠬᠦ᠌ ᠮᠡᠷᠭᠡᠵᠢᠯ ᠤ᠋ᠨ ᠲᠦᠷᠢᠮ》 ᠢ᠋ ᠤᠢᠷ᠎ᠠ ᠳ᠋ᠤ ᠵᠢᠩᠬᠢᠨᠢ ᠪᠡᠷ ᠨᠡᠢᠲᠡᠯᠡᠨ ᠬᠡᠷᠡᠭ᠌ᠵᠢᠭᠦᠯᠪᠡ᠃ ᠲᠤᠰ ᠲᠦᠷᠢᠮ ᠨᠢ ᠥᠪᠡᠷᠲᠡᠭᠡᠨ ᠵᠠᠰᠠᠬᠤ ᠣᠷᠣᠨ ᠤ᠋ ᠣᠷᠣᠨ ᠨᠤᠲᠤᠭ ᠤ᠋ᠨ ᠪᠠᠷᠢᠮᠵᠢᠶ᠎ᠠ ᠪᠤᠯᠬᠤ ᠪᠦᠭᠡᠳ ᠬᠥᠯᠥᠨ ᠪᠣᠢᠷ ᠬᠣᠲᠠ ᠵᠢᠨ ᠣᠶ ᠱᠢᠭᠤᠶ ᠪᠠ ᠨᠤᠲᠤᠭ ᠪᠡᠯᠴᠢᠭᠡᠷ ᠤ᠋ᠨ ᠦᠶ᠋ᠯᠡᠰ ᠤ᠋ᠨ ᠬᠥᠭ᠌ᠵᠢᠯᠲᠡ ᠵᠢᠨ ᠲᠥᠪ ᠡᠴᠡ ᠲᠣᠭ᠍ᠲᠠᠭᠠᠪᠠ᠃

2024 ᠣᠨ ᠤ᠋ 1 ᠰᠠᠷ᠎ᠠ ᠳ᠋ᠤ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠨᠡᠢᠲᠡᠯᠡᠭ᠌ᠰᠡᠨ《2024 ᠣᠨ ᠤ᠋ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠣᠷᠣᠨ ᠨᠤᠲᠤᠭ ᠤ᠋ᠨ ᠪᠠᠷᠢᠮᠵᠢᠶ᠎ᠠ ᠶ᠋ᠢ ᠲᠣᠭ᠍ᠲᠠᠭᠠᠵᠤ ᠵᠠᠰᠠᠪᠤᠷᠢ ᠣᠷᠣᠭᠤᠯᠬᠤ ᠲᠥᠷᠥᠯ ᠵᠦᠶ᠋ᠯ ᠢ᠋ ᠡᠯᠰᠡᠬᠦ᠌ ᠲᠤᠬᠠᠶ ᠥᠪᠡᠷᠲᠡᠭᠡᠨ ᠵᠠᠰᠠᠬᠤ ᠣᠷᠣᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠮᠡᠳᠡᠭ᠌ᠳᠡᠯ》ᠤ᠋ᠨ ᠱᠠᠭᠠᠷᠳᠠᠯᠭ᠎ᠠ ᠶᠣᠰᠣᠭᠠᠷ ᠬᠥᠯᠥᠨ ᠪᠣᠢᠷ ᠬᠣᠲᠠ ᠵᠢᠨ ᠣᠶ ᠱᠢᠭᠤᠶ ᠪᠠ ᠨᠤᠲᠤᠭ ᠪᠡᠯᠴᠢᠭᠡᠷ ᠤ᠋ᠨ ᠦᠶ᠋ᠯᠡᠰ ᠤ᠋ᠨ ᠬᠥᠭ᠌ᠵᠢᠯᠲᠡ ᠵᠢᠨ ᠲᠥᠪ ᠲᠦᠷᠦᠭᠦᠯᠡᠬᠦ ᠨᠢᠭᠡᠴᠢ ᠪᠤᠯᠤᠭᠰᠠᠨ ᠤ᠋ ᠬᠤᠪᠢ ᠳ᠋ᠤ ᠥᠪᠡᠷᠲᠡᠭᠡᠨ ᠵᠠᠰᠠᠬᠤ ᠣᠷᠣᠨ ᠤ᠋ ᠣᠢ ᠱᠢᠭᠤᠶ ᠪᠠ ᠨᠤᠲᠤᠭ ᠪᠡᠯᠴᠢᠭᠡᠷ ᠤ᠋ᠨ ᠬᠥᠨᠥᠭᠡᠯᠲᠤ ᠠᠮᠢᠳᠤ ᠪᠣᠳᠠᠰ ᠢ᠋ ᠰᠡᠷᠭᠡᠢᠯᠡᠨ ᠵᠠᠰᠠᠬᠤ ᠪᠠᠢᠭᠤᠯᠤᠮᠵᠢ ᠵᠢᠨ ᠳᠡᠮᠵᠢᠯᠭᠡ ᠳᠤᠤᠷ᠎ᠠ ᠥᠪᠥᠷ ᠮᠣᠩᠭᠣᠯ ᠤ᠋ᠨ ᠲᠠᠷᠢᠶᠠᠯᠠᠩ ᠤ᠋ᠨ ᠶᠡᠬᠡ ᠰᠤᠷᠭᠠᠭᠤᠯᠢ᠂ ᠱᠢᠯᠢ ᠵᠢᠨ ᠭᠤᠤᠯ ᠠᠢᠮᠠᠭ ᠤ᠋ᠨ ᠣᠶ ᠱᠢᠭᠤᠶ ᠪᠠ ᠨᠤᠲᠤᠭ ᠪᠡᠯᠴᠢᠭᠡᠷ ᠤ᠋ᠨ ᠬᠥᠨᠥᠭᠡᠯᠲᠤ ᠠᠮᠢᠳᠤ ᠪᠣᠳᠠᠰ ᠢ᠋ ᠰᠡᠷᠭᠡᠢᠯᠡᠨ ᠵᠠᠰᠠᠬᠤ ᠪᠠᠢᠭᠤᠯᠤᠮᠵᠢ᠂ ᠮᠠᠯᠵᠢᠬᠤ ᠳᠥᠷᠪᠡᠨ ᠬᠣᠱᠢᠭᠤᠨ ᠤ᠋ ᠣᠢ ᠱᠢᠭᠤᠶ ᠪᠠ ᠨᠤᠲᠤᠭ ᠪᠡᠯᠴᠢᠭᠡᠷ ᠤ᠋ᠨ ᠬᠥᠨᠥᠭᠡᠯᠲᠤ ᠠᠮᠢᠳᠤ ᠪᠣᠳᠠᠰ ᠢ᠋ ᠰᠡᠷᠭᠡᠢᠯᠡᠨ ᠵᠠᠰᠠᠬᠤ ᠪᠠᠢᠭᠤᠯᠤᠮᠵᠢ ᠵᠡᠷᠭᠡ 10 ᠪᠦᠷᠢᠯᠳᠦᠬᠦᠨ ᠨᠢᠭᠡᠴᠢ ᠶ᠋ᠢ ᠵᠣᠬᠢᠶᠠᠨ ᠪᠠᠢᠭᠤᠯᠵᠤ᠂ ᠡᠬᠡ ᠨᠣᠣᠷᠠᠭ ᠢ᠋ ᠨᠠᠢᠷᠠᠭᠤᠯᠤᠨ ᠵᠤᠬᠢᠶᠠᠵᠤ᠂ 2024 ᠣᠨ ᠤ᠋ 6 ᠰᠠᠷ᠎ᠠ ᠳ᠋ᠤ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠣᠷᠣᠨ ᠨᠤᠲᠤᠭ ᠤ᠋ᠨ ᠪᠠᠷᠢᠮᠵᠢᠶ᠎ᠠ ᠲᠣᠭ᠍ᠲᠠᠭᠠᠬᠤ ᠲᠥᠷᠥᠯ ᠵᠦᠶ᠋ᠯ ᠵᠢᠡᠷ ᠵᠥᠪᠱᠢᠶᠡᠷᠡᠭ᠌ᠳᠡᠭᠰᠡᠨ ᠪᠠᠢᠨ᠎ᠠ᠃

ᠲᠣᠰ ᠤᠳᠠᠭ᠎ᠠ ᠬᠡᠷᠡᠯᠵᠡᠭᠡᠨ᠎ᠡ ᠶ᠋ᠢ ᠶᠡᠷᠦᠩᠬᠡᠢᠯᠡᠨ ᠰᠡᠷᠭᠡᠢᠯᠡᠨ ᠡᠵᠡᠮᠳᠡᠬᠦ᠌ ᠬᠦᠷᠢᠶᠡᠨ᠎ᠦ ᠥᠪᠡᠷᠲᠡᠭᠡᠨ ᠵᠠᠰᠠᠬᠤ ᠣᠷᠣᠨ ᠤ᠋ ᠣᠷᠣᠨ ᠨᠤᠲᠤᠭ ᠤ᠋ᠨ ᠪᠠᠷᠢᠮᠵᠢᠶ᠎ᠠ ᠶ᠋ᠢ ᠨᠡᠢᠲᠡᠯᠡᠭᠰᠡᠨ ᠨᠢ ᠥᠪᠥᠷ ᠮᠣᠩᠭᠣᠯ ᠤ᠋ᠨ ᠨᠡᠢᠲᠡᠯᠢᠭ ᠨᠤᠲᠤᠭ ᠪᠡᠯᠴᠢᠭᠡᠷ ᠤ᠋ᠨ ᠣᠷᠣᠨ ᠤ᠋ ᠬᠡᠷᠡᠯᠵᠡᠭᠡᠨ᠎ᠡ ᠶ᠋ᠢ ᠪᠠᠢᠴᠠᠭᠠᠬᠤ ᠠᠷᠭ᠎ᠠ᠂ ᠬᠤᠤᠷ ᠬᠥᠨᠥᠭᠡᠯ ᠤ᠋ᠨ ᠵᠡᠷᠭᠡ ᠳᠡᠰ ᠢ᠋ ᠬᠤᠪᠢᠶᠠᠷᠢᠯᠠᠬᠤ᠂ ᠰᠡᠷᠭᠡᠢᠯᠡᠨ ᠡᠵᠡᠮᠳᠡᠬᠦ᠌ ᠠᠷᠭ᠎ᠠ ᠪᠣᠳᠣᠯᠭ᠎ᠠ᠂ ᠶᠡᠷᠦᠩᠬᠡᠢᠯᠡᠨ ᠰᠡᠷᠭᠡᠢᠯᠡᠨ ᠡᠵᠡᠮᠳᠡᠬᠦ᠌ ᠮᠡᠷᠭᠡᠵᠢᠯ᠂ ᠰᠡᠷᠭᠡᠢᠯᠡᠨ ᠡᠵᠡᠮᠳᠡᠭ᠌ᠰᠡᠨ ᠦᠷ᠎ᠡ ᠪᠦᠲᠦᠮᠵᠢ ᠵᠢᠨ ᠪᠠᠢᠴᠠᠭᠠᠯᠲᠠ ᠵᠢᠴᠢ ᠦᠨᠡᠯᠡᠯᠲᠡ ᠶ᠋ᠢ ᠲᠣᠳᠣᠷᠬᠠᠢᠯᠠᠵᠤ᠂ ᠪᠥᠬᠥ᠌ ᠣᠷᠣᠨ ᠤ᠋ ᠬᠡᠷᠡᠯᠵᠡᠭᠡᠨ᠎ᠡ ᠵᠢᠨ ᠬᠥᠨᠥᠭᠡᠯ ᠢ᠋ ᠦᠷᠭᠦᠯᠵᠢᠯᠡᠨ ᠵᠠᠰᠠᠬᠤ ᠳ᠋ᠤ ᠮᠡᠷᠭᠡᠵᠢᠯ ᠤ᠋ᠨ ᠵᠢᠯᠣᠭᠣᠳᠣᠯᠭ᠎ᠠ ᠬᠠᠩᠭᠠᠵᠤ᠂ ᠣᠶ ᠱᠢᠭᠤᠶ ᠪᠠ ᠨᠤᠲᠤᠭ ᠪᠡᠯᠴᠢᠭᠡᠷ ᠤ᠋ᠨ ᠠᠵᠢᠯ ᠲᠥᠷᠥᠯ ᠤ᠋ᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠨᠡᠮᠡᠷᠢᠯᠡᠬᠦ᠌᠎ᠳᠦ ᠱᠢᠨ᠎ᠡ ᠬᠤᠪᠢ ᠨᠡᠮᠡᠷᠢ ᠦᠵᠡᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号