4 ᠰᠠᠷ᠎ᠠ᠎ᠶᠢᠨ 8 ᠤ᠋ ᠡᠳᠦᠷ᠂ ᠪᠥᠬᠥ ᠣᠷᠣᠨ᠎ᠤ ᠳᠤᠮᠳᠠ ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠭᠤᠯᠢ᠎ᠶᠢᠨ ᠰᠢ ᠵᠦᠴᠦᠭᠡ᠎ᠶᠢᠨ ᠲᠤᠰᠬᠠᠢ ᠮᠡᠷᠭᠡᠵᠢᠯ᠎ᠦᠨ ᠪᠠᠢᠭᠤᠯᠤᠯᠲᠠ᠎ᠶᠢᠨ ᠰᠤᠳᠤᠯᠤᠨ ᠶᠠᠷᠢᠯᠴᠠᠬᠤ ᠬᠤᠷᠠᠯ ᠥᠪᠥᠷ ᠮᠣᠩᠭᠣᠯ᠎ᠤᠨ ᠤᠷᠠᠯᠢᠭ᠋᠎ᠤᠨ ᠳᠡᠭᠡᠳᠦ ᠰᠤᠷᠭᠠᠭᠤᠯᠢ᠎ᠶᠢᠨ ᠬᠠᠷᠢᠶᠠᠲᠤ ᠳᠤᠮᠳᠠ ᠵᠡᠷᠭᠡ᠎ᠶᠢᠨ ᠤᠷᠠᠯᠢᠭ᠋᠎ᠤᠨ ᠰᠤᠷᠭᠠᠭᠤᠯᠢ᠎ᠳᠤ ᠬᠤᠷᠠᠯᠳᠤᠵᠤ᠂ ᠤᠯᠤᠰ᠎ᠤᠨ 《ᠰᠢ ᠵᠦᠴᠦᠭᠡ᠎ᠶᠢ ᠬᠥᠭᠵᠢᠭᠦᠯᠦᠨ ᠮᠠᠨᠳᠤᠭᠤᠯᠬᠤ ᠭᠤᠷᠪᠠᠨ ᠵᠢᠯ᠎ᠦᠨ ᠠᠵᠢᠯᠯᠠᠭᠠᠨ᠎ᠤ ᠲᠥᠯᠥᠪᠯᠡᠭᠡ (2026 ︱2028 ᠣᠨ)》 ᠵᠢ ᠴᠤᠤᠷᠢᠶᠠᠳᠤᠵᠤ᠂ ᠣᠷᠣᠨ ᠨᠤᠲᠤᠭ᠎ᠤᠨ ᠰᠢ ᠵᠦᠴᠦᠭᠡ᠎ᠶᠢ ᠤᠯᠠᠮᠵᠢᠯᠠᠨ ᠵᠠᠯᠭᠠᠮᠵᠢᠯᠠᠵᠤ ᠰᠢᠨ᠎ᠡ᠎ᠶᠢ ᠡᠭᠦᠳᠬᠦ᠎ᠶᠢ ᠠᠬᠢᠭᠤᠯᠪᠠ᠃
《ᠮᠠᠨ᠎ᠤ ᠬᠠᠷᠠᠯᠲᠠ ᠪᠣᠯ ᠮᠣᠷᠠᠯ ᠤᠷᠠᠯᠢᠭ᠋ ᠬᠣᠣᠰᠯᠠᠭᠰᠠᠨ᠂ ᠰᠢ ᠵᠦᠴᠦᠭᠡ ᠶ᠋ᠢᠨ ᠪᠦᠬᠦ ᠲᠥᠷᠥᠯ᠎ᠦᠨ ᠶᠡᠷᠦᠩᠬᠡᠢᠯᠡᠭᠰᠡᠨ ᠬᠡᠪ ᠪᠣᠯᠪᠠᠰᠤᠷᠠᠯ ᠢ᠋ ᠪᠦᠷᠢᠯᠳᠦᠭᠦᠯᠦᠭᠰᠡᠨ᠂ ᠰᠢ ᠵᠦᠴᠦᠭᠡ ᠶ᠋ᠢᠨ ᠲᠠᠢᠰᠠᠨ᠎ᠤ ᠲᠣᠭᠯᠠᠯᠲᠠ᠂ ᠵᠦᠴᠦᠭᠡ ᠶ᠋ᠢᠨ ᠪᠦᠳᠦᠭᠡᠯ᠎ᠢ ᠵᠤᠬᠢᠶᠠᠨ ᠨᠠᠢᠷᠠᠭᠤᠯᠵᠤ ᠴᠢᠳᠠᠬᠤ᠂ ᠤᠷᠠᠯᠢᠭ᠋ ᠢ᠋ ᠤᠯᠠᠮᠵᠢᠯᠠᠨ ᠵᠠᠯᠭᠠᠮᠵᠢᠯᠠᠭᠰᠠᠨ᠂ ᠰᠤᠷᠭᠠᠨ ᠬᠥᠮᠦᠵᠢᠯ ᠢ᠋ ᠲᠦᠭᠡᠮᠡᠯᠵᠢᠭᠦᠯᠦᠭᠰᠡᠨ ᠥᠨᠳᠥᠷ ᠬᠡᠪ ᠴᠢᠨᠠᠷ ᠪᠦᠬᠦᠢ ᠳᠤᠮᠳᠠ ᠵᠡᠷᠭᠡ ᠶ᠋ᠢᠨ ᠤᠷᠠᠯᠢᠭ᠋᠎ᠤᠨ ᠴᠢᠳᠠᠪᠤᠷᠢᠲᠠᠨ ᠢ᠋ ᠬᠥᠮᠥᠵᠢᠭᠦᠯᠬᠦ ᠶᠠᠪᠤᠳᠠᠯ ᠪᠣᠯᠣᠨ᠎ᠠ》 《ᠳᠠᠪᠠᠭᠤᠯᠢᠭ᠋ ᠬᠦᠴᠦᠨ ᠢ᠋ᠶ᠋ᠡᠨ ᠲᠥᠪᠯᠡᠷᠡᠭᠦᠯᠵᠦ ᠳᠠᠪᠠᠭᠤᠯᠢᠭ᠋ ᠲᠤᠰᠬᠠᠢ ᠮᠡᠷᠭᠡᠵᠢᠯ ᠢ᠋ ᠪᠤᠶ ᠪᠣᠯᠭᠠᠬᠤ ᠵᠢ ᠰᠠᠨᠠᠭᠤᠯᠵᠤ ᠪᠠᠢᠨ᠎ᠠ》 ᠁ ᠰᠤᠳᠤᠯᠤᠨ ᠶᠠᠷᠢᠯᠴᠠᠬᠤ ᠬᠤᠷᠠᠯ ᠳᠡᠭᠡᠷ᠎ᠡ ᠥᠪᠥᠷ ᠮᠣᠩᠭᠣᠯ᠎ᠤᠨ ᠤᠷᠠᠯᠢᠭ᠋᠎ᠤᠨ ᠳᠡᠭᠡᠳᠦ ᠰᠤᠷᠭᠠᠭᠤᠯᠢ᠎ᠶᠢᠨ ᠬᠠᠷᠢᠶᠠᠲᠤ ᠳᠤᠮᠳᠠᠳᠤ ᠵᠡᠷᠬᠡ ᠵᠢᠨ ᠤᠷᠠᠯᠢᠭ᠎ᠤᠨ ᠰᠤᠷᠭᠠᠭᠤᠯᠢ ᠵᠡᠷᠬᠡ ᠤᠷᠠᠯᠢᠭ᠎ᠤᠨ ᠰᠤᠷᠭᠠᠭᠤᠯᠢ ᠨᠤᠭᠤᠳ᠎ᠠᠴᠠ ᠰᠤᠷᠭᠠᠭᠤᠯᠢ᠎ᠶᠢᠨ ᠵᠢᠡᠨ ᠰᠢ ᠵᠦᠴᠦᠭᠡ᠎ᠶᠢᠨ ᠲᠥᠷᠥᠯ᠎ᠦᠨ ᠲᠤᠰᠬᠠᠢ ᠮᠡᠷᠭᠡᠵᠢᠯ᠎ᠦᠨ ᠠᠬᠤᠢ ᠪᠠᠢᠳᠠᠯ ᠪᠠ ᠢᠷᠡᠭᠡᠳᠦᠢ᠎ᠶᠢᠨ ᠲᠥᠰᠦᠪ᠎ᠢ ᠲᠠᠨᠢᠯᠴᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠂ ᠰᠣᠶᠣᠯ ᠵᠢᠭᠤᠯᠴᠢᠯᠠᠯ᠎ᠤᠨ ᠲᠢᠩᠬᠢᠮ᠎ᠦᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠥᠪᠥᠷ ᠮᠣᠩᠭᠣᠯ᠎ᠤᠨ ᠤᠷᠠᠯᠢᠭ᠋ ᠵᠦᠴᠦᠭᠡ᠎ᠶᠢᠨ ᠬᠦᠷᠢᠶᠡᠯᠡᠩ ᠵᠢᠴᠢ ᠡᠯ᠎ᠡ ᠳᠡᠭᠡᠳᠦ ᠰᠤᠷᠭᠠᠭᠤᠯᠢ ᠤᠷᠠᠯᠢᠭ᠎ᠤᠨ ᠪᠦᠯᠬᠦᠮ᠎ᠦᠨ ᠲᠤᠰᠬᠠᠢ ᠮᠡᠷᠭᠡᠵᠢᠯᠲᠡᠨ᠂ ᠥᠪᠥᠷ ᠮᠣᠩᠭᠣᠯ᠎ᠤᠨ ᠤᠷᠠᠯᠢᠭ᠋᠎ᠤᠨ ᠳᠡᠭᠡᠳᠦ ᠰᠤᠷᠭᠠᠭᠤᠯᠢ᠎ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠠᠷ ᠰᠢ ᠵᠦᠴᠦᠭᠡ᠎ᠶᠢᠨ ᠲᠤᠰᠬᠠᠢ ᠮᠡᠷᠭᠡᠵᠢᠯ᠎ᠦᠨ ᠬᠥᠮᠥᠵᠢᠭᠦᠯᠬᠦ ᠲᠥᠰᠥᠯ᠂ ᠬᠢᠴᠢᠶᠡᠯ᠎ᠦᠨ ᠪᠠᠢᠷᠢᠯᠠᠭᠤᠯᠤᠯᠲᠠ᠂ ᠪᠠᠭ᠍ᠰᠢ᠎ᠶᠢᠨ ᠪᠠᠢᠭᠤᠯᠤᠯᠲᠠ᠂ ᠦᠢᠯᠡᠳᠦᠯᠭᠡ᠎ᠶᠢᠨ ᠵᠢᠭᠠᠨ ᠰᠤᠷᠭᠠᠯᠲᠠ᠂ ᠠᠵᠢᠯ ᠣᠯᠭᠣᠯᠲᠠ᠎ᠶᠢᠨ ᠲᠥᠯᠥᠪ ᠵᠡᠷᠭᠡ᠎ᠶᠢᠨ ᠲᠣᠭᠣᠷᠢᠨ᠎ᠳᠤ ᠬᠥᠭᠵᠢᠶᠡᠨᠲᠡᠢ ᠶᠠᠷᠢᠯᠴᠠᠪᠠ ᠃
ᠰᠢ ᠵᠦᠴᠦᠭᠡ᠎ᠶᠢᠨ ᠲᠤᠰᠬᠠᠢ ᠮᠡᠷᠭᠡᠵᠢᠯ᠎ᠢ ᠪᠠᠢᠭᠤᠯᠬᠤ ᠳ᠋ᠤ᠂ ᠡᠯ᠎ᠡ ᠠᠢᠮᠠᠭ ᠬᠣᠲᠠ᠎ᠶᠢᠨ ᠤᠯᠠᠭᠠᠨᠮᠥ᠋ᠴᠢᠷ᠂ ᠣᠷᠣᠨ ᠨᠤᠲᠤᠭ᠎ᠤᠨ ᠬᠦᠷᠢᠶᠡᠯᠡᠩ ᠪᠦᠯᠬᠦᠮ᠎ᠦᠨ ᠪᠣᠳᠠᠲᠠᠢ ᠬᠡᠷᠡᠭᠴᠡᠭᠡ ᠱᠠᠭᠠᠷᠳᠠᠯᠭ᠎ᠠ᠎ᠶᠢ ᠭᠦᠨᠵᠡᠭᠡᠢ ᠪᠠᠢᠴᠠᠭᠠᠨ ᠰᠤᠳᠤᠯᠵᠤ ᠂ ᠬᠡᠷᠡᠭᠴᠡᠭᠡ ᠱᠠᠭᠠᠷᠳᠠᠯᠭ᠎ᠠ᠎ᠪᠠᠷ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠨ᠂ ᠬᠥᠮᠥᠵᠢᠭᠦᠯᠬᠦ ᠬᠠᠷᠠᠯᠲᠠ᠎ᠪᠠᠨ ᠣᠨᠣᠪᠴᠢᠲᠠᠶ ᠲᠣᠭᠲᠠᠭᠠᠬᠤ ᠬᠡᠷᠡᠭᠲᠡᠢ;ᠤᠯᠤᠰ᠎ᠤᠨ ᠲᠡᠰ᠎ᠤᠨ᠂ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠬᠦ ᠴᠢᠨᠠᠷᠲᠠᠢ ᠤᠯᠠᠮᠵᠢᠯᠠᠭ᠍ᠴᠢ᠎ᠶᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠣᠨᠴᠠᠯᠢᠭ᠍ᠲᠤ ᠵᠦᠴᠦᠭᠡ᠎ᠶᠢᠨ ᠲᠦᠷᠦᠯ᠎ᠢ ᠬᠦᠴᠦᠷᠬᠡᠭᠵᠢᠭᠦᠯᠵᠦ᠂ ᠣᠷᠣᠨ ᠨᠤᠲᠤᠭ᠎ᠤᠨ ᠵᠦᠴᠦᠭᠡ᠎ᠵᠢ ᠤᠯᠠᠮᠵᠢᠯᠠᠭᠴᠢ᠎ᠲᠠᠢ ᠪᠣᠯᠭᠠᠬᠤ ᠬᠡᠷᠡᠭᠲᠡᠢ;ᠴᠢᠨᠠᠷ ᠴᠢᠨᠰᠠᠭ᠎ᠠ ᠵᠢᠨ ᠪᠣᠭᠣᠮᠲᠠ᠎ᠶᠢ ᠴᠢᠩᠭ᠎ᠠ ᠠᠳᠬᠤᠵᠤ᠂ ᠲᠤᠰᠬᠠᠢ ᠮᠡᠷᠭᠡᠵᠢᠯ᠎ᠦᠨ ᠲᠥᠰᠥᠯ᠎ᠢᠶᠡᠨ ᠪᠣᠳᠠᠲᠠᠢ ᠨᠠᠷᠢᠯᠢᠭᠵᠢᠭᠤᠯᠵᠤ᠂ ᠥᠪᠥᠷ ᠮᠣᠩᠭᠣᠯ᠎ᠤᠨ ᠰᠢ ᠵᠦᠴᠦᠭᠡ᠎ᠶᠢᠨ ᠴᠢᠳᠠᠪᠤᠷᠢᠲᠠᠨ᠎ᠢ ᠬᠥᠮᠥᠵᠢᠭᠦᠯᠬᠦ ᠬᠡᠪ ᠳᠠᠭᠤᠷᠢᠶᠠᠯ᠎ᠢ ᠪᠦᠬᠦ ᠬᠦᠴᠦᠨ᠎ᠢᠶᠡᠷ᠎ᠢᠶᠡᠨ ᠴᠢᠷᠮᠠᠢᠨ ᠡᠭᠦᠳᠴᠦ᠂ ᠣᠷᠣᠨ ᠨᠤᠲᠤᠭ᠎ᠤᠨ ᠰᠢ ᠵᠦᠴᠦᠭᠡ᠎ᠶᠢᠨ ᠤᠷᠠᠯᠢᠭ᠋᠎ᠢ ᠤᠯᠠᠮᠵᠢᠯᠠᠨ ᠵᠠᠯᠭᠠᠮᠵᠢᠯᠠᠬᠤ᠎ᠳᠤ ᠬᠦᠴᠦᠨ ᠨᠡᠮᠡᠷᠢᠯᠡᠬᠦ ᠬᠡᠷᠡᠭᠲᠡᠢ ᠬᠡᠵᠦ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠱᠠᠭᠠᠷᠳᠠᠪᠠ᠃