ᠸᠠᠩ ᠸᠧᠶ ᠵᠥᠩ ᠣᠷᠳᠣᠰ ᠬᠣᠲᠠ ᠎ᠳᠤ ᠪᠠᠢᠴᠠᠭᠠᠨ ᠰᠤᠳᠤᠯᠬᠤ ᠳ᠋ᠠᠭᠠᠨ ᠴᠢᠬᠤᠯᠠᠴᠢᠯᠠᠭ᠍ᠰᠠᠨ᠎ᠨᠢ 《ᠤᠮᠠᠷᠠᠲᠤ ᠵᠢᠨ ᠭᠤᠷᠪᠠᠨ ᠤᠷᠤᠨ 》 ᠤ᠋ ᠢᠨᠵᠧᠨᠧᠷᠢᠩ᠎ᠦᠨ ᠬᠠᠲᠤᠨ ᠭᠤᠤᠯ᠎ᠤᠨ 《ᠶᠡᠬᠡ ᠲᠤᠬᠤᠢ 》 ᠵᠢᠨ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠬᠢᠵᠦ᠍ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ᠎ᠶ᠋ᠢ ᠯᠠᠪᠳᠠᠭᠤᠨ ᠪᠠᠲᠤᠲᠠᠶ ᠠᠬᠢᠭᠤᠯᠬᠤ ᠬᠡᠷᠡᠭ᠌ᠲᠡᠶ
2026-04-16 09:29:17
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

4 ᠰᠠᠷ᠎ᠠ᠎ᠶ᠋ᠢᠨ 13 ᠡᠴᠡ 15 ᠤ᠋ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠡᠷᠬᠢᠯᠡᠭ᠌ᠴᠢ ᠸᠠᠩ ᠸᠧᠶ ᠵᠥᠩ ᠣᠷᠳᠣᠰ ᠬᠣᠲᠠ᠎ᠳᠤ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ ᠵᠢ ᠵᠠᠰᠠᠬᠤ ᠠᠵᠢᠯ᠂  ᠠᠵᠤ ᠦᠢᠯᠡᠰ᠎ᠦᠨ ᠬᠥᠭ᠌ᠵᠢᠯᠲᠡ᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ ᠎ᠢ ᠥᠷᠨᠢᠭᠦᠯᠵᠦ ᠪᠠᠢᠭ᠎ᠠ ᠵᠡᠷᠭᠡ ᠪᠠᠢᠳᠠᠯ ᠎ᠢ ᠪᠠᠢᠴᠠᠭᠠᠨ ᠰᠤᠳᠤᠯᠵᠤ᠂ ᠰᠢ ᠵᠢᠨ ᠫᠢᠩ ᠎ᠦᠨ ᠠᠮᠢ ᠠᠬᠤᠢ᠎ᠶ᠋ᠢᠨ ᠪᠣᠯᠪᠠᠰᠤᠨ᠎ᠤ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠵᠢᠨ ᠫᠢᠩ ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ ᠎ᠤ ᠨᠠᠮ ᠎ᠤᠨ ᠬᠣᠷᠢᠶ᠎ᠠ ᠎ᠶ᠋ᠢᠨ《1571》 ᠠᠵᠢᠯ᠎ᠤᠨ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ᠎ᠦᠨ ᠬᠠᠷᠠᠯᠲᠠ ᠡᠭᠦᠷᠭᠡ᠎ᠶ᠋ᠢ ᠪᠠᠲᠤ ᠡᠵᠡᠮᠳᠡᠵᠦ ᠪᠥᠬᠥ᠌ ᠬᠦᠴᠦᠨ᠎ᠢᠶᠡᠷ᠎ᠢᠶᠡᠨ ᠪᠣᠭᠣᠮᠲᠠ ᠱᠢᠪᠲᠤᠯᠵᠤ᠂ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠲᠦᠷᠭᠡᠳᠬᠡᠨ ᠪᠠᠢᠭᠤᠯᠵᠤ᠂ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠲᠠᠯ᠎ᠠ᠎ᠪᠠᠷ ᠨᠠᠩ ᠶᠡᠬᠡ ᠵᠢᠳᠬᠦᠯ ᠴᠢᠷᠮᠠᠢᠯᠭ᠎ᠠ ᠭᠠᠷᠭᠠᠬᠤ ᠬᠡᠷᠡᠭᠲᠡᠢ ᠭᠡᠵᠦ ᠴᠢᠬᠤᠯᠠᠴᠢᠯᠠᠪᠠ᠃


QQ20260416-092826.png


 4 ᠰᠠᠷ᠎ᠠ᠎ᠶ᠋ᠢᠨ 13 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠡᠷᠬᠢᠯᠡᠭ᠌ᠴᠢ ᠸᠠᠩ ᠸᠧᠶ ᠵᠥᠩ ᠬᠥᠪᠴᠢ᠎ᠶ᠋ᠢᠨ ᠡᠯᠡᠰᠦᠨ᠎ᠦ ᠬᠣᠢᠲᠤ ᠬᠦᠪᠡᠭᠡ ᠵᠢ ᠡᠮᠵᠢᠶᠡᠷᠢᠯᠡᠬᠦ ᠤᠢ ᠎ᠶ᠋ᠢᠨ ᠪᠦᠰᠡ᠎ᠶ᠋ᠢᠨ ᠳᠤᠭᠤᠢᠳᠠᠯ᠎ᠠ ᠪᠠᠯᠭᠠᠰᠤ᠎ᠶ᠋ᠢᠨ ᠱᠢᠷᠠᠵᠤᠤ ᠭᠠᠴᠠᠭ᠎ᠠ᠎ᠶ᠋ᠢᠨ ᠣᠷᠣᠨ ᠪᠦᠰᠡ ᠳ᠋ᠤ ᠬᠦᠷᠴᠦ᠍᠂ ᠡᠯᠡᠰᠦᠨ᠎ᠦ ᠬᠠᠯᠬᠠᠪᠴᠢ ᠳᠡᠪᠢᠰᠭᠦ᠂ ᠴᠢᠬᠢ ᠮᠣᠳᠣ ᠰᠣᠩᠭᠣᠨ ᠪᠣᠢᠵᠢᠭᠤᠯᠬᠤ᠂ ᠮᠠᠱᠢᠨ᠎ᠢᠶᠠᠷ ᠡᠯᠡᠰᠦ᠎ᠶ᠋ᠢ ᠵᠠᠰᠠᠬᠤ᠂ ᠴᠢᠬᠢ ᠮᠣᠳᠤᠨ᠎ᠤ ᠡᠳᠡᠭᠡᠷᠡᠯᠲᠡ ᠵᠢᠴᠢ ᠬᠣᠢᠱᠢᠳᠠ᠎ᠶ᠋ᠢᠨ ᠬᠠᠮᠢᠶᠠᠷᠤᠯᠲᠠ ᠬᠠᠮᠠᠭᠠᠯᠠᠯᠲᠠ ᠵᠡᠷᠭᠡ ᠪᠠᠢᠳᠠᠯ᠎ᠢ ᠨᠠᠷᠢᠨ ᠣᠢᠯᠠᠭᠠᠪᠠ᠃

  ᠲᠤᠰ ᠰᠤᠨᠢᠨ᠎ᠤ ᠰᠤᠷᠪᠤᠯᠵᠢᠯᠠᠬᠴᠢ  ᠮᠠ ᠵᠢᠶᠠᠨ ᠪᠢᠩ  ᠰᠡᠬᠦᠳᠡᠷᠯᠡᠪᠡ


ᠬᠠᠲᠤᠨ ᠭᠤᠤᠯ᠎ᠤᠨ 《 ᠶᠡᠬᠡ ᠲᠣᠬᠣᠶ 》 ᠵᠢᠨ ᠪᠣᠭᠣᠮᠲᠠ ᠱᠢᠪᠲᠤᠯᠬᠤ ᠳᠠᠢᠯᠠᠯᠳᠤᠭᠠᠨ ᠪᠣᠯ  《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ᠎ᠦᠨ ᠭᠤᠷᠪᠠᠨ ᠶᠡᠬᠡ ᠪᠡᠯᠭᠡ ᠲᠡᠮᠳᠡᠭ ᠎ᠦᠨ ᠴᠢᠨᠠᠷᠲᠠᠶ ᠳᠠᠢᠯᠠᠯᠳᠤᠭᠠᠨ ᠎ᠤ ᠨᠢᠭᠡ ᠪᠣᠯᠤᠨ᠎ᠠ᠃ ᠸᠠᠩ ᠸᠧᠢ ᠵᠦᠩ ᠤᠷᠢᠳ ᠬᠣᠵᠢᠳ ᠬᠥᠪᠴᠢ᠎ᠶ᠋ᠢᠨ ᠡᠯᠡᠰᠦᠨ᠎ᠦ ᠬᠣᠢᠲᠤ ᠬᠦᠪᠡᠭᠡ ᠵᠢ ᠡᠮᠵᠢᠶᠡᠷᠢᠯᠡᠬᠦ ᠤᠢ ᠎ᠶ᠋ᠢᠨ ᠪᠦᠰᠡ᠎ᠶ᠋ᠢᠨ ᠳᠤᠭᠤᠢᠳᠠᠯ᠎ᠠ ᠪᠠᠯᠭᠠᠰᠤ᠎ᠶ᠋ᠢᠨ ᠱᠢᠷᠠᠵᠤᠤ ᠭᠠᠴᠠᠭ᠎ᠠ᠎ᠶ᠋ᠢᠨ ᠣᠷᠣᠨ ᠪᠦᠰᠡ᠂ ᠮᠤᠤᠠᠤᠰᠤ ᠵᠢᠨ ᠡᠯᠡᠰᠦᠷᠭᠡᠭ ᠭᠠᠵᠠᠷ᠎ᠤᠨ ᠰᠠᠯᠬᠢᠨ ᠎ᠤ  ᠠᠮᠠᠰᠠᠷ᠎ᠤᠨ ᠬᠠᠯᠬᠠᠪᠴᠢ ᠪᠦᠰᠡ᠎ᠶ᠋ᠢᠨ ᠲᠦᠷᠦᠯ ᠵᠦᠢᠯ᠎ᠦᠨ ᠤᠯᠠᠭᠠᠨᠪᠠᠯᠭᠠᠰᠤ ᠵᠢᠨ ᠪᠣᠷᠣᠬᠤᠱᠢᠭᠤ ᠭᠠᠴᠠᠭᠠᠨ᠎ᠤ ᠠᠵᠢᠯᠯᠠᠬᠤ ᠲᠣᠭᠣᠷᠢᠭ᠎ᠲᠤ ᠬᠦᠷᠴᠦ᠍᠂ ᠡᠯᠡᠰᠦᠨ᠎ᠦ ᠬᠠᠯᠬᠠᠪᠴᠢ ᠳᠡᠪᠢᠰᠭᠦ᠂ ᠴᠢᠬᠢ ᠮᠣᠳᠣ ᠰᠣᠩᠭᠣᠨ ᠪᠣᠢᠵᠢᠭᠤᠯᠬᠤ᠂ ᠮᠠᠱᠢᠨ᠎ᠢᠶᠠᠷ ᠡᠯᠡᠰᠦ᠎ᠶ᠋ᠢ ᠵᠠᠰᠠᠬᠤ᠂ ᠴᠢᠬᠢ ᠮᠣᠳᠤᠨ᠎ᠤ ᠡᠳᠡᠭᠡᠷᠡᠯᠲᠡ ᠵᠢᠴᠢ ᠬᠣᠢᠱᠢᠳᠠ᠎ᠶ᠋ᠢᠨ ᠬᠠᠮᠢᠶᠠᠷᠤᠯᠲᠠ ᠬᠠᠮᠠᠭᠠᠯᠠᠯᠲᠠ ᠵᠡᠷᠭᠡ ᠪᠠᠢᠳᠠᠯ᠎ᠢ ᠨᠠᠷᠢᠨ ᠣᠢᠯᠠᠭᠠᠪᠠ᠃ ᠸᠠᠩ ᠸᠧᠢ ᠵᠦᠩ᠂ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ᠎ᠦᠨ ᠪᠣᠭᠣᠮᠲᠠ ᠱᠢᠪᠲᠤᠯᠬᠤ ᠳᠠᠢᠯᠠᠯᠳᠤᠭᠠᠨ ᠪᠣᠯ ᠶᠡᠷᠦᠩᠬᠡᠢ ᠱᠦᠵᠢ ᠰᠢ ᠵᠢᠨ ᠫᠢᠩ ᠎ᠦᠨ ᠪᠡᠶ᠎ᠡ ᠎ᠪᠡᠷ ᠎ᠢᠶᠡᠨ ᠤᠬᠠᠭᠠᠯᠠᠨ ᠲᠦᠯᠦᠪᠯᠡᠵᠦ ᠪᠠᠢᠷᠢᠯᠠᠭᠤᠯᠤᠭ᠍ᠰᠠᠨ ᠤᠯᠤᠰ᠎ᠤᠨ ᠴᠢᠬᠤᠯᠠ ᠶᠡᠬᠡ ᠪᠠᠢᠯᠳᠤᠬᠤ ᠪᠤᠳᠤᠯᠭ᠎ᠠ ᠪᠣᠯᠤᠨ᠎ᠠ᠂ ᠪᠦᠬᠦ᠌ ᠣᠷᠣᠨ ᠎ᠤ ᠡᠯ᠎ᠡ ᠱᠠᠲᠤᠨ᠎ᠤ ᠬᠢᠨ 《ᠤᠯᠤᠰ᠎ᠤᠨ ᠶᠡᠬᠡ ᠶᠠᠪᠤᠳᠠᠯ》 ᠢ᠋ ᠪᠠᠲᠤ ᠡᠭᠦᠷᠭᠡᠯᠡᠵᠦ᠍᠂ ᠡᠨᠡ ᠬᠦ᠌ ᠴᠢᠬᠤᠯᠠ ᠶᠡᠬᠡ ᠤᠯᠤᠰ ᠲᠦᠷᠦ᠍᠎ᠶ᠋ᠢᠨ ᠡᠭᠦᠷᠭᠡ᠎ᠶ᠋ᠢ ᠲᠡᠷᠡ ᠶᠣᠰᠣᠭᠠᠷ ᠨᠢ ᠰᠠᠢᠲᠤᠷ ᠨᠠᠢᠳᠠᠪᠤᠷᠢᠵᠢᠭᠤᠯᠵᠤ᠂ ᠡᠷᠴᠢᠮ᠎ᠢᠶᠡᠨ ᠴᠢᠩᠭᠠᠷᠠᠭᠤᠯᠵᠤ᠂ ᠠᠬᠢᠴᠠ᠎ᠪᠠᠨ ᠲᠦᠷᠭᠡᠳᠭᠡᠵᠦ᠍᠂ ᠲᠣᠭ᠍ᠲᠠᠭ᠍ᠰᠠᠨ ᠬᠤᠭᠤᠴᠠᠭᠠᠨ᠎ᠳᠤ ᠴᠢᠨᠠᠷ ᠰᠠᠢᠲᠠᠢ᠎ᠪᠠᠷ ᠭᠤᠷᠪᠠᠨ ᠶᠡᠬᠡ ᠪᠡᠯᠭᠡ ᠲᠡᠮᠳᠡᠭ᠎ᠦᠨ ᠴᠢᠨᠠᠷᠲᠠᠢ ᠳᠠᠢᠯᠠᠯᠳᠤᠭᠠᠨ᠎ᠤ ᠢᠯᠠᠯᠲᠠ᠎ᠶ᠋ᠢ ᠤᠯᠬᠤ᠎ᠶ᠋ᠢ ᠪᠠᠲᠤᠯᠠᠬᠤ ᠬᠡᠷᠡᠭ᠌ᠲᠡᠢ᠃ ᠪᠠᠢᠭᠤᠯᠬᠤ ᠪᠠ ᠬᠠᠮᠢᠶᠠᠷᠬᠤ ᠎ᠶ᠋ᠢ ᠵᠡᠷᠭᠡ᠎ᠪᠡᠷ ᠴᠢᠬᠤᠯᠠᠴᠢᠯᠠᠬᠤ᠎ᠶ᠋ᠢ ᠪᠠᠷᠢᠮᠲᠠᠯᠠᠵᠤ᠂ ᠴᠢᠬᠢ ᠮᠣᠳᠣᠨ ᠎ᠤ ᠡᠳᠡᠭᠡᠷᠡᠯᠲᠡ ᠎ᠶ᠋ᠢᠨ ᠨᠣᠷᠮ᠎ᠠ᠎ᠶ᠋ᠢ ᠳᠡᠭᠡᠭ᠌ᠰᠢᠯᠡᠭᠦᠯᠵᠦ᠍᠂ ᠣᠷᠳᠣ ᠬᠤᠭᠤᠴᠠᠭᠠᠨ ᠎ᠤ ᠪᠦᠲᠦᠮᠵᠢᠲᠡᠶ ᠬᠠᠮᠢᠶᠠᠷᠤᠯᠲᠠ ᠬᠠᠮᠠᠭᠠᠯᠠᠯᠲᠠ᠎ᠶ᠋ᠢᠨ ᠲᠣᠭ᠍ᠲᠠᠴᠠ᠎ᠶ᠋ᠢ ᠰᠦᠪᠡᠭ᠌ᠴᠢᠯᠡᠵᠦ᠍᠂ ᠲᠥᠷᠥ᠎ᠶ᠋ᠢᠨ ᠪᠣᠳᠣᠯᠭ᠎ᠠ᠎ᠶ᠋ᠢᠨ ᠦᠷᠭᠦᠯᠵᠢᠯᠡᠬᠦ᠌ ᠴᠢᠨᠠᠷ ᠪᠠ ᠲᠣᠭ᠍ᠲᠠᠪᠤᠷᠢᠲᠤ ᠴᠢᠨᠠᠷ ᠎ᠢ ᠪᠠᠲᠤᠯᠠᠵᠤ᠂ ᠡᠯ᠎ᠡ ᠲᠠᠯ᠎ᠠ᠎ᠶ᠋ᠢᠨ᠎ᠬᠢᠨ ᠎ᠢ ᠬᠥᠲᠥᠯᠥᠨ ᠵᠢᠯᠣᠭᠣᠳᠴᠤ᠌ ᠪᠠᠢᠭᠠᠳ ᠬᠢᠯᠪᠠᠷ ᠪᠤᠰᠤ ᠪᠠᠷ ᠣᠯᠤᠭ᠍ᠰᠠᠨ ᠵᠠᠰᠠᠯᠲᠠ᠎ᠶ᠋ᠢᠨ ᠦᠷ᠎ᠡ ᠪᠦᠲᠦᠭᠡᠯ᠎ᠢ ᠬᠠᠮᠲᠤ᠎ᠪᠠᠷ ᠰᠠᠢᠲᠤᠷ ᠬᠠᠮᠠᠭᠠᠯᠠᠬᠤ ᠬᠡᠷᠡᠭ᠌ᠲᠡᠶ᠃ ᠮᠠᠯᠴᠢᠨ ᠲᠠᠷᠢᠶᠠᠴᠢᠨ ᠎ᠤ ᠢᠳᠡᠪᠬᠢᠵᠢᠯ᠎ᠢ ᠳᠠᠢᠴᠢᠯᠠᠬᠤ᠎ᠶ᠋ᠢ ᠴᠢᠬᠤᠯᠠᠴᠢᠯᠠᠵᠤ᠂ ᠣᠷᠣᠭᠤᠯᠤᠯᠲᠠ᠂ ᠭᠠᠷᠤᠯᠲᠠ ᠪᠠ ᠢᠷᠡᠭᠡᠳᠦᠶ᠎ᠶ᠋ᠢᠨ ᠠᠱᠢᠭ ᠣᠷᠣᠯᠭ᠎ᠠ᠎ᠶ᠋ᠢᠨ ᠲᠠᠩᠰᠠ᠎ᠶ᠋ᠢ ᠨᠠᠷᠢᠯᠢᠭ ᠪᠤᠳᠤᠵᠤ᠂ ᠠᠵᠢᠯ ᠣᠯᠭᠣᠬᠤ᠎ᠪᠠᠷ ᠲᠡᠳᠬᠦᠮᠵᠢ ᠎ᠶ᠋ᠢ ᠣᠷᠣᠯᠠᠭᠤᠯᠬᠤ᠎ᠶ᠋ᠢ ᠰᠠᠢᠲᠤᠷ ᠵᠣᠬᠢᠶᠠᠨ ᠪᠠᠢᠭᠤᠯᠤᠨ ᠬᠡᠷᠡᠭ᠌ᠵᠢᠭᠦᠯᠵᠦ᠍᠂ ᠣᠯᠠᠨ ᠲᠦᠮᠡᠨ ᠎ᠢ ᠪᠥᠲᠥᠭᠡᠨ ᠪᠠᠢᠭᠤᠯᠬᠤ᠂ ᠬᠠᠮᠢᠶᠠᠷᠴᠤ᠌ ᠬᠠᠮᠠᠭᠠᠯᠠᠬᠤ ᠪᠠ ᠠᠱᠢᠭ ᠭᠥᠷᠳᠡᠬᠦ᠌ ᠭᠤᠤᠯ ᠴᠣᠭ᠍ᠴᠠ ᠪᠣᠯᠭᠠᠵᠤ᠂ ᠨᠤᠮᠢᠨ ᠤᠰᠤ᠎ᠬᠥᠬᠡᠮᠳᠦᠭ ᠠᠭᠤᠯᠠ ᠶ᠋ᠢ ᠠᠯᠲᠠᠠ ᠠᠭᠤᠯᠠ ᠮᠥᠩᠭᠥᠨ ᠬᠠᠢᠷᠬᠠᠨ ᠪᠣᠯᠭᠠᠨ ᠬᠤᠪᠢᠷᠠᠭᠤᠯᠬᠤ ᠬᠡᠷᠡᠭ᠌ᠲᠡᠶ ᠭᠡᠵᠦ ᠵᠢᠭᠠᠵᠤ ᠭᠠᠷᠭᠠᠪᠠ᠃ ᠸᠠᠩ ᠸᠧᠶ ᠵᠥᠩ ᠲᠤᠰᠭᠠᠢᠯᠠᠨ ᠪᠥᠬᠥ᠌ ᠤᠯᠤᠰ᠎ᠤᠨ ᠬᠥᠳᠡᠯᠮᠦᠷᠢ᠎ᠶ᠋ᠢᠨ ᠵᠢᠱ᠌ᠢᠶᠡᠴᠢ ᠶᠢᠨ ᠢᠦᠶ ᠵᠧᠨ᠎ᠢ ᠡᠷᠬᠢᠨ ᠦᠵᠡᠵᠦ᠍᠂ ᠲᠡᠭᠦᠨ᠎ᠦ ᠳᠥᠴᠢᠨ ᠵᠢᠯ᠎ᠤᠨ ᠲᠤᠷᠰᠢ ᠡᠯᠡᠰᠦ ᠮᠠᠩᠬ᠎ᠠ᠎ᠲᠠᠶ ᠲᠡᠮᠡᠴᠡᠨ ᠠᠲᠠᠷ ᠴᠥᠯ ᠎ᠢ ᠵᠠᠰᠠᠭ᠍ᠰᠠᠨ᠂ 7 ᠲᠦᠮᠡᠨ ᠮᠥ᠍ ᠰᠢᠷᠭᠠᠯ ᠡᠯᠡᠰᠦ ᠵᠢ ᠣᠢᠵᠢᠭᠤᠯᠵᠤ ᠨᠣᠭᠣᠭᠠᠷᠠᠭᠤᠯᠤᠭ᠍ᠰᠠᠨ ᠲᠡᠷᠢᠭᠦᠨ ᠎ᠦ ᠦᠶ᠋ᠯᠡ ᠠᠵᠢᠯᠯᠠᠭ᠎ᠠ᠎ᠶ᠋ᠢ ᠭᠦᠨᠵᠡᠭᠡᠶ ᠰᠤᠷᠤᠯᠴᠠᠨ ᠥᠷᠭᠡᠨ᠎ᠢᠶᠡᠷ ᠤᠬᠠᠭᠤᠯᠵᠤ᠂ ᠪᠥᠬᠥ᠌ ᠣᠷᠣᠨ ᠎ᠤ ᠺᠠᠳ᠋ᠷ ᠣᠯᠠᠨ ᠲᠦᠮᠡᠨ ᠎ᠢ ᠬᠥᠲᠥᠯᠥᠨ ᠵᠢᠯᠣᠭᠣᠳᠴᠤ᠌ ᠪᠠᠢᠭᠠᠳ 《ᠤᠮᠠᠷᠠᠲᠤ᠎ᠶ᠋ᠢᠨ ᠭᠤᠷᠪᠠᠨ ᠣᠷᠣᠨ ᠎ᠤ ᠵᠣᠷᠢᠭ ᠰᠠᠨᠠᠭ᠎ᠠ》 ᠪᠣᠯᠤᠨ 《ᠮᠣᠩᠭᠣᠯ ᠮᠣᠷᠢᠨ᠎ᠤ ᠵᠣᠷᠢᠭ ᠰᠠᠨᠠᠭ᠎ᠠ》  ᠶ᠋ᠢ ᠶᠡᠬᠡ ᠎ᠪᠡᠷ ᠪᠠᠳᠠᠷᠠᠭᠤᠯᠵᠤ᠂ ᠤᠳᠠᠭᠠᠨ ᠳᠠᠭᠠᠭᠠᠮᠠᠭᠠᠶ ᠪᠡᠷ ᠵᠢᠳᠬᠦᠨ ᠴᠢᠷᠮᠠᠢᠵᠤ᠂ ᠦᠶ᠎ᠡ᠎ᠶ᠋ᠢᠨ ᠦᠶ᠎ᠡ᠎ᠳᠡᠭᠡᠨ ᠦᠷᠭᠦᠯᠵᠢᠯᠡᠨ ᠲᠡᠮᠡᠴᠡᠵᠦ᠂ ᠡᠬᠡ ᠤᠯᠤᠰ᠎ᠤᠨ ᠤᠮᠠᠷᠠᠲᠤ᠎ᠶ᠋ᠢᠨ ᠡᠨᠡ ᠬᠦ᠌ ᠲᠦᠮᠡᠨ ᠭᠠᠵᠠᠷ᠎ᠤᠨ ᠨᠣᠮᠢᠨ ᠨᠣᠭᠣᠭᠠᠨ ᠬᠠᠯᠬᠠᠪᠴᠢ᠎ᠶ᠋ᠢ ᠨᠠᠩ ᠪᠠᠲᠤ ᠪᠠᠬᠢ ᠪᠣᠯᠭᠠᠨ ᠴᠣᠭ᠍ᠴᠠᠯᠠᠬᠤ ᠬᠡᠷᠡᠭ᠌ᠲᠡᠶ ᠭᠡᠵᠦ᠍ ᠱᠠᠭᠠᠷᠳᠠᠪᠠ᠃

ᠤᠨᠴᠠᠯᠢᠬ᠍ᠳᠤ ᠳᠠᠪᠠᠭᠤᠯᠢᠭᠲᠤ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠪᠠᠢᠭᠤᠯᠬᠤ ᠨᠢ ᠬᠠᠳᠤᠨ ᠭᠣᠣᠯ ᠎ᠤᠨ ᠰᠠᠪᠠ ᠭᠠᠵᠠᠷ᠎ᠤᠨ ᠠᠮᠢ ᠠᠬᠤᠢ᠎ᠶ᠋ᠢᠨ ᠬᠠᠮᠠᠭᠠᠯᠠᠯᠲᠠ ᠪᠣᠯᠤᠨ ᠴᠢᠨᠠᠷ ᠰᠠᠢᠲᠠᠢ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠬᠣᠯᠪᠣᠭ᠍ᠳᠠᠨ᠎ᠠ᠃ ᠤᠷᠳᠤᠰ ᠬᠤᠳᠠ 《ᠨᠤᠤᠯᠤᠭᠤᠷ ᠨᠡᠭᠦᠷᠡᠰᠦ ᠬᠣᠪᠣᠷ ᠱᠢᠷᠣᠢ ᠱᠢᠲᠠᠮᠠᠬᠠᠢ ᠬᠡᠢ》 ᠪᠡᠷ᠎ᠢᠶᠡᠨ ᠠᠯᠳᠠᠷᠱᠢᠵᠤ᠂ ᠤᠳᠤ ᠨᠡᠭᠦᠷᠡᠰᠦ᠂ ᠮᠠᠯ ᠠᠵᠤ ᠠᠬᠤᠢ ᠵᠡᠷᠭᠡ ᠤᠯᠠᠮᠵᠢᠯᠠᠯᠲᠤ ᠠᠵᠤ ᠦᠢᠯᠡᠰ ᠶᠠᠭ ᠲᠦᠷᠭᠡᠨ ᠰᠢᠨᠡᠳᠦᠨ ᠬᠥᠭ᠌ᠵᠢᠵᠦ᠍ ᠪᠤᠢ᠃ ᠪᠦᠦ ᠹᠸᠩ ᠨᠡᠭᠦᠷᠡᠰᠦᠨ ᠳ᠋ᠤ ᠰᠠᠭᠤᠷᠢᠯᠠᠭ᠍ᠰᠠᠨ ᠱᠢᠨ᠎ᠡ ᠮᠠᠲ᠋ᠧᠷᠢᠶᠠᠯ᠎ᠤᠨ ᠬᠢᠵᠠᠭᠠᠷᠲᠤ ᠺᠣᠮᠫᠠᠨᠢ ᠪᠣᠯᠤᠨ ᠵᠥᠩ ᠲᠢᠶᠠᠨ ᠾᠧ ᠴᠤᠸᠠᠩ ᠡᠨᠧᠷᠭᠢ᠎ᠶ᠋ᠢᠨ ᠬᠢᠵᠠᠭᠠᠷᠲᠤ ᠺᠣᠮᠫᠠᠨᠢ᠎ᠳᠤ᠂ ᠸᠠᠩ ᠸᠧᠶ ᠵᠥᠩ ᠪᠤᠬᠢᠷᠳᠤᠯ ᠦᠭᠡᠢ ᠤᠰᠤᠲᠥ᠋ᠷᠥᠭ᠌ᠴᠢ᠎ᠶ᠋ᠢᠨ ᠡᠪᠴᠡᠯᠳᠦᠯ᠎ᠢᠶᠡᠷ ᠠᠯᠺᠧᠨ ᠦᠶ᠋ᠯᠡᠳᠬᠦ᠌᠂ ᠨᠡᠭᠦᠷᠡᠰᠦ᠎ᠪᠡᠷ ᠠᠯᠺᠧᠨ᠎ᠤ ᠪᠦᠭᠡᠭᠡᠨᠡᠪᠦᠷᠢ ᠦᠶ᠋ᠯᠡᠳᠬᠦ᠌ ᠵᠡᠷᠭᠡ ᠨᠡᠭᠦᠷᠡᠰᠦ᠎ᠶ᠋ᠢ ᠭᠦᠨᠵᠡᠭᠡᠶ ᠪᠣᠯᠪᠠᠰᠤᠷᠠᠭᠤᠯᠬᠤ ᠲᠥᠷᠥᠯ ᠵᠦᠶ᠋ᠯ᠎ᠦᠨ ᠡᠵᠡᠩᠨᠡᠯᠲᠡ᠎ᠶ᠋ᠢᠨ ᠪᠠᠢᠳᠠᠯ᠎ᠢ ᠭᠦᠨᠵᠡᠭᠡᠶ ᠣᠢᠯᠠᠭᠠᠵᠤ᠂ ᠠᠵᠤ ᠠᠬᠤᠢᠯᠠᠯ ᠎ᠤᠨ᠎ᠬᠢᠨ ᠎ᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠣᠷᠣᠭᠤᠯᠤᠯᠲᠠ᠎ᠪᠠᠨ ᠦᠷᠭᠦᠯᠵᠢᠯᠡᠨ ᠨᠡᠮᠡᠭ᠌ᠳᠡᠭᠦᠯᠵᠦ᠍᠂ 《ᠪᠣᠭᠣᠮᠢ》 ᠪᠤᠯᠵᠤ ᠪᠠᠢᠭ᠎ᠠ ᠬᠦᠴᠢᠷ ᠠᠰᠠᠭᠤᠳᠠᠯ᠎ᠢ ᠲᠥᠪᠯᠡᠷᠡᠭᠦᠯᠦᠨ ᠱᠢᠶ᠋ᠳᠪᠦᠷᠢᠯᠡᠵᠦ᠍᠂ ᠵᠠᠬ᠎ᠠ ᠳᠡᠯᠭᠡᠭᠦᠷ᠎ᠲᠦ ᠴᠢᠭᠯᠡᠭᠦᠯᠦᠨ ᠡᠴᠦᠰ᠎ᠤᠨ ᠬᠡᠯᠬᠢᠶ᠎ᠠ ᠵᠢᠨ ᠦᠶ᠋ᠯᠡᠳᠬᠦᠨ᠎ᠢ ᠣᠯᠠᠨ ᠨᠡᠭᠡᠭᠡᠨ ᠬᠥᠭ᠌ᠵᠢᠭᠦᠯᠵᠦ᠍᠂ ᠬᠣᠯᠪᠣᠭ᠍ᠳᠠᠯ ᠪᠥᠬᠥᠶ ᠲᠠᠯ᠎ᠠ᠎ᠶ᠋ᠢᠨ᠎ᠬᠢᠨ᠎ᠲᠡᠶ ᠬᠠᠮᠲᠤᠷᠠᠨ ᠳᠡᠭᠡᠳᠦ ᠲᠠᠰ᠎ᠤᠨ ᠲᠣᠨᠣᠭ ᠲᠥᠬᠥᠭᠡᠷᠦᠮᠵᠢ᠎ᠶ᠋ᠢ ᠰᠤᠳᠤᠯᠤᠨ ᠨᠡᠭᠡᠭᠡᠵᠦ᠍ ᠦᠶ᠋ᠯᠡᠳᠬᠦ᠌᠎ᠶ᠋ᠢ ᠴᠢᠩᠭᠠᠳᠭᠠᠵᠤ᠂ ᠠᠵᠤ ᠦᠶ᠋ᠯᠡᠰ᠎ᠦᠨ ᠬᠡᠯᠬᠢᠶ᠎ᠡ᠎ᠶ᠋ᠢ ᠤᠷᠲᠤᠳᠭᠠᠨ ᠬᠡᠯᠬᠢᠶ᠎ᠡ᠎ᠶ᠋ᠢ ᠨᠥᠬᠥᠪᠥᠷᠢᠯᠡᠵᠦ᠍ ᠬᠡᠯᠬᠢᠶ᠎ᠡ ᠎ᠶ᠋ᠢ ᠬᠦᠴᠦᠷᠬᠡᠭᠵᠢᠭᠦᠯᠬᠦ ᠠᠵᠢᠯ᠎ᠢ ᠰᠠᠢᠲᠤᠷ ᠬᠢᠵᠦ᠍᠂ ᠡᠬᠢ ᠪᠠᠶᠠᠯᠢᠭ᠎ᠢ ᠬᠤᠪᠢᠷᠠᠭᠤᠯᠤᠨ ᠥᠷᠲᠡᠭ ᠎ᠢ ᠨᠡᠮᠡᠭ᠌ᠳᠡᠭᠦᠯᠬᠦ᠌ ᠴᠢᠳᠠᠪᠤᠷᠢ ᠪᠠ ᠴᠡᠪᠡᠷ ᠥᠨᠳᠥᠷ ᠪᠦᠲᠦᠮᠵᠢᠲᠡᠶ ᠠᠱᠢᠭ᠍ᠯᠠᠬᠤ ᠲᠦᠪᠱᠢᠨ ᠎ᠢ ᠳᠡᠭᠡᠭ᠌ᠰᠢᠯᠡᠭᠦᠯᠬᠦ ᠵᠢ ᠵᠣᠷᠢᠭ᠍ᠵᠢᠭᠤᠯᠪᠠ᠃ ᠲᠡᠷᠡ ᠠᠵᠤ ᠠᠬᠤᠢᠯᠠᠯ᠎ᠤᠨ᠎ᠬᠢᠨ ᠠᠶᠤᠯᠭᠦᠶ ᠦᠶ᠋ᠯᠡᠳᠪᠦᠷᠢᠯᠡᠯ᠎ᠦᠨ ᠬᠣᠷᠢᠭ᠎ᠠ ᠱᠤᠭᠤᠮ ᠎ᠢ ᠪᠠᠲᠤ ᠰᠠᠬᠢᠵᠤ᠂ ᠬᠠᠷᠢᠭᠤᠴᠠᠯᠭ᠎ᠠ ᠪᠡᠨ ᠪᠠᠲᠤ ᠡᠭᠦᠷᠭᠡᠯᠡᠨ᠂ ᠬᠠᠮᠢᠶᠠᠷᠤᠯᠲᠠ᠎ᠪᠠᠨ ᠴᠢᠩᠭᠠᠳᠭᠠᠵᠤ᠂ ᠠᠶᠤᠯ ᠲᠦᠭ᠌ᠰᠢᠭᠦᠷᠢ ᠬᠡᠮ ᠰᠣᠭᠣᠭ ᠎ᠢ ᠴᠢᠩᠭ᠎ᠠ ᠰᠡᠷᠭᠡᠢᠯᠡᠨ ᠴᠢᠩᠭ᠎ᠠ ᠡᠵᠡᠮᠳᠡᠵᠦ᠍᠂ ᠠᠮᠤᠷ ᠲᠦᠪᠱᠢᠨ ᠲᠣᠭ᠍ᠲᠠᠭᠤᠨ᠎ᠢᠶᠠᠷ ᠠᠵᠢᠯᠯᠠᠬᠤ ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ ᠭᠡᠵᠦ᠍ ᠱᠠᠭᠠᠷᠳᠠᠪᠠ᠃ ᠠᠷᠪᠠᠰ᠎ᠤᠨ ᠨᠣᠣᠯᠣᠭᠤᠷ᠎ᠤᠨ ᠢᠮᠠᠭ᠎ᠠ ᠲᠡᠵᠢᠭᠡᠨ ᠦᠷᠡᠵᠢᠭᠦᠯᠬᠦ᠌ ᠰᠠᠭᠤᠷᠢᠨ᠎ᠳᠤ᠂ ᠸᠠᠩ ᠸᠧᠢ ᠵᠦᠩ ᠳᠠᠪᠠᠭᠤᠯᠢᠭ ᠬᠦᠷᠢᠢ᠎ᠡ ᠪᠣᠯᠤᠨ ᠤᠨᠴᠠᠯᠢᠬ᠍ᠳᠤ ᠠᠵᠤ ᠦᠢᠯᠡᠰ᠎ᠲᠦ ᠠᠩᠬᠠᠷᠤᠯ᠎ᠢᠶᠠᠨ ᠲᠥᠪᠯᠡᠷᠡᠭᠦᠯᠦᠨ ᠦᠷ᠎ᠡ᠎ᠶ᠋ᠢᠨ ᠢᠯᠳᠡᠰᠦ ᠵᠢᠨ ᠢᠨᠵᠧᠨᠧᠷᠢᠩ᠎ᠢ ᠰᠠᠢᠲᠤᠷ ᠬᠡᠷᠡᠭ᠌ᠵᠢᠭᠦᠯᠵᠦ᠍᠂ ᠦᠷ᠎ᠡ ᠡᠳ᠋᠎ᠤᠨ ᠡᠬᠢ ᠪᠠᠶᠠᠯᠢᠭ ᠎ᠤᠨ ᠬᠠᠮᠠᠭᠠᠯᠠᠯᠲᠠ ᠎ᠶ᠋ᠢ ᠴᠢᠩᠭᠠᠳᠭᠠᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠮᠠᠯ ᠠᠵᠤ ᠠᠬᠤᠢ ᠲᠠᠷᠢᠶᠠᠯᠠᠩ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠠᠬᠢᠭᠤᠯᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃

ᠥᠪᠥᠷ ᠮᠣᠩᠭᠣᠯ᠎ᠤᠨ ᠪᠤᠷᠤᠪᠠᠯᠭᠠᠰᠤ ᠵᠢᠨ ᠺᠠᠳ᠋ᠷ᠎ᠤᠨ ᠳᠡᠭᠡᠳᠦ ᠰᠤᠷᠭᠠᠭᠤᠯᠢ᠎ᠳᠤ᠂ ᠸᠠᠩ ᠸᠧᠢ ᠵᠦᠩ ᠶᠠᠨ ᠠᠨ᠎ᠤ ᠦᠨᠳᠦᠰᠦᠲᠡᠨ᠎ᠦ ᠳᠡᠭᠡᠳᠦ ᠰᠤᠷᠭᠠᠭᠤᠯᠢ᠎ᠶ᠋ᠢᠨ ᠪᠤᠷᠤᠪᠠᠯᠭᠠᠰᠤ ᠳ᠋ᠡᠬᠢ ᠳᠤᠷᠠᠰᠭᠠᠯ᠎ᠤᠨ ᠣᠷᠳᠣᠨ᠎ᠢᠶᠠᠷ ᠲᠣᠭᠣᠷᠢᠨ ᠦᠵᠡᠵᠦ᠍᠂ ᠤᠷᠳᠤᠰ ᠬᠤᠳᠠ᠎ᠶ᠋ᠢᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ ᠎ᠢ ᠥᠷᠨᠢᠭᠦᠯᠵᠦ ᠪᠠᠢᠭ᠎ᠠ ᠪᠠᠢᠳᠠᠯ ᠎ᠤᠨ ᠲᠤᠬᠠᠢ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠶᠡᠷᠦᠩᠬᠡᠢ ᠱᠦᠵᠢ ᠰᠢ ᠵᠢᠨ ᠫᠢᠩ ᠎ᠦᠨ ᠴᠢᠬᠤᠯᠠ ᠥᠭᠦᠯᠡᠯᠲᠡ ᠪᠣᠯᠤᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠦᠷᠭᠦᠯᠵᠢᠯᠡᠨ ᠭᠦᠨᠵᠡᠭᠡᠢ ᠰᠤᠷᠤᠯᠴᠠᠵᠤ᠂ ᠬᠤᠪᠢᠰᠭᠠᠯ᠎ᠤᠨ ᠡᠬᠢ ᠪᠠᠶᠠᠯᠢᠭ ᠪᠣᠯᠤᠨ ᠵᠥᠪ ᠪᠤᠷᠤᠭᠤ ᠬᠣᠶᠠᠷ ᠲᠠᠯ᠎ᠠ᠎ᠶ᠋ᠢᠨ ᠨᠡᠢᠲᠡᠯᠢᠭ ᠵᠢᠱ᠌ᠢᠢ᠎ᠡ᠎ᠶ᠋ᠢ ᠰᠠᠢᠲᠤᠷ ᠬᠡᠷᠡᠭ᠌ᠯᠡᠵᠦ᠍᠂ ᠨᠠᠮ᠎ᠤᠨ ᠭᠡᠱᠢᠭᠦᠨ ᠺᠠᠳ᠋ᠷᠴᠤᠳ᠎ᠢ ᠬᠥᠮᠦᠵᠢᠭᠦᠯᠦᠨ ᠵᠢᠯᠣᠭᠣᠳᠴᠤ᠌ ᠪᠠᠢᠭᠠᠳ ᠠᠷᠠᠳ ᠲᠦᠮᠡᠨ᠎ᠦ ᠲᠥᠯᠥᠭᠡ ᠵᠠᠰᠠᠭ᠎ᠤᠨ ᠠᠵᠢᠯ᠎ᠤᠨ ᠪᠦᠲᠦᠮᠵᠢ ᠭᠠᠷᠭᠠᠵᠤ᠂ ᠪᠣᠳᠠᠲᠠᠢ ᠠᠵᠢᠯᠯᠠᠬᠤ᠎ᠪᠠᠷ ᠵᠠᠰᠠᠭ᠎ᠤᠨ ᠠᠵᠢᠯ᠎ᠤᠨ ᠪᠦᠲᠦᠮᠵᠢ ᠭᠠᠷᠭᠠᠬᠤ᠎ᠶ᠋ᠢ ᠪᠠᠷᠢᠮᠲᠠᠯᠠᠬᠤ ᠬᠡᠷᠡᠭ᠌ᠲᠡᠢ᠃ ᠠᠰᠠᠭᠤᠳᠠᠯ᠎ᠢ ᠣᠨᠣᠪᠴᠢᠲᠠᠶ ᠪᠠᠢᠴᠠᠭᠠᠨ ᠣᠯᠵᠤ᠂ ᠬᠠᠲᠠᠭᠤ᠎ᠲᠠᠶ᠎ᠨᠢ ᠬᠠᠯᠳᠠᠵᠤ ᠴᠡᠭ᠌ᠴᠡᠯᠡᠨ ᠰᠠᠢᠵᠢᠷᠠᠭᠤᠯᠵᠤ ᠴᠡᠭ᠌ᠴᠡᠯᠡᠨ ᠵᠠᠰᠠᠬᠤ᠎ᠶ᠋ᠢ ᠰᠠᠢᠲᠤᠷ ᠠᠳᠭᠤᠵᠤ᠂ ᠬᠥᠳᠡᠯᠮᠦᠷᠢ ᠬᠦᠴᠦᠨ᠎ᠦ ᠴᠠᠯᠢᠩ ᠥᠷᠢᠲᠦᠬᠦ᠌᠂ ᠭᠠᠵᠠᠷ ᠱᠢᠷᠣᠶ ᠨᠤᠲᠤᠭ ᠪᠡᠯᠴᠢᠭᠡᠷ᠎ᠦᠨ ᠵᠠᠭᠤᠷᠠᠯᠳᠤᠭᠠᠨ ᠵᠡᠷᠭᠡ ᠣᠯᠠᠨ ᠲᠦᠮᠡᠨ᠎ᠦ ᠲᠣᠰ ᠪᠡᠶ᠎ᠡ᠎ᠶ᠋ᠢᠨ ᠠᠱᠢᠭ ᠲᠤᠰᠠ ᠲᠠᠢ ᠬᠤᠯᠪᠤᠭᠳᠠᠭᠰᠠᠨ ᠠᠰᠠᠭᠤᠳᠠᠯ᠎ᠢ ᠰᠡᠳᠭᠢᠯ ᠳᠡᠯᠪᠢᠨ ᠦᠨᠡᠨ ᠰᠡᠳᠭᠢᠯ ᠡᠴᠡ ᠪᠡᠨ ᠰᠠᠢᠲᠤᠷ ᠱᠢᠶ᠋ᠳᠪᠦᠷᠢᠯᠡᠵᠦ᠍᠂ ᠱᠢᠨ᠎ᠡ ᠨᠣᠶᠠᠨ ᠬᠠᠭᠤᠴᠢᠨ ᠲᠠᠩᠰᠠ᠎ᠶ᠋ᠢ ᠥᠯᠥ᠍ ᠬᠠᠮᠢᠶᠠᠷᠬᠤ᠂ ᠲᠣᠭ᠍ᠲᠠᠭᠠᠯ᠎ᠡᠴᠡ ᠵᠥᠷᠢᠴᠡᠨ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ᠂ ᠰᠣᠬᠣᠷ ᠪᠠᠯᠠᠶ᠎ᠪᠠᠷ ᠲᠡᠮᠡᠢ ᠠᠵᠢᠯᠯᠠᠬᠤ᠂ ᠠᠪᠤᠨ ᠳᠤᠤᠷ᠎ᠠ᠎ᠪᠠᠨ ᠦᠷ᠎ᠠ ᠪᠦᠲᠦᠮᠵᠢ ᠤᠯᠬᠤ᠎ᠪᠠᠷ ᠶᠠᠭᠠᠷᠠᠬᠤ ᠪᠠ 《ᠳᠦᠷᠢ ᠲᠥᠷᠬᠦ᠌ ᠎ᠶ᠋ᠢᠨ ᠢᠨᠵᠧᠨᠧᠷᠢᠩ》᠂ 《ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠢᠨᠵᠧᠨᠧᠷᠢᠩ》 ᠵᠡᠷᠭᠡ ᠦᠶ᠋ᠯᠡ ᠠᠵᠢᠯᠯᠠᠭ᠎ᠠ᠎ᠶ᠋ᠢ ᠡᠷᠡᠰ ᠰᠡᠷᠭᠡᠢᠯᠡᠨ ᠵᠠᠯᠠᠷᠠᠭᠤᠯᠬᠤ ᠬᠡᠷᠡᠭ᠌ᠲᠡᠶ᠃ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠎ᠶ᠋ᠢᠨ ᠲᠦᠷᠦᠯ ᠵᠦᠢᠯ ᠎ᠦᠨ ᠬᠠᠭᠠᠰ ᠲᠤᠲᠠᠭᠤ ᠤᠷᠬᠢᠭᠰᠠᠨ ᠰᠤᠯᠠ ᠲᠠᠯᠪᠢᠭᠳᠠᠵᠤ ᠪᠠᠢᠭ᠎ᠠ ᠠᠰᠠᠭᠤᠳᠠᠯ᠎ᠢ ᠪᠦᠬᠦ᠌ ᠲᠠᠯ᠎ᠠ᠎ᠪᠠᠷ ᠵᠢᠭ᠍ᠰᠠᠭᠠᠨ ᠪᠠᠢᠴᠠᠭᠠᠵᠤ᠂ ᠲᠤᠢᠯᠪᠤᠷᠢᠲᠠᠢ ᠴᠡᠭ᠌ᠴᠡᠯᠡᠨ ᠰᠠᠢᠵᠢᠷᠠᠭᠤᠯᠵᠤ᠂ ᠠᠮᠢᠳᠤᠯᠢᠭᠵᠢᠭᠤᠯᠤᠨ ᠠᠱᠢᠭ᠍ᠯᠠᠬᠤ ᠠᠵᠢᠯ ᠎ᠢ ᠱᠢᠨᠵᠢᠯᠡᠬᠦ᠌ ᠤᠬᠠᠭᠠᠨᠴᠢ᠎ᠪᠠᠷ ᠡᠮᠬᠢ ᠵᠢᠷᠤᠮ᠎ᠲᠠᠶ ᠠᠬᠢᠭᠤᠯᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃

ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠢᠦᠶ ᠯᠢ ᠱᠢᠨ ᠣᠷᠣᠯᠴᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号