4 ᠰᠠᠷ᠎ᠠ᠎ᠶᠢᠨ 13᠎ᠤ᠋ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠰᠢᠰᠲᠧᠮ ᠵᠠᠰᠠᠭ᠎ᠤᠨ ᠠᠵᠢᠯ᠎ᠤᠨ ᠪᠦᠲᠦᠮᠵᠢ ᠢ᠋ᠢᠨ ᠲᠤᠬᠠᠢ ᠵᠦᠪ ᠦᠵᠡᠯᠲᠡ ᠵᠢ ᠪᠤᠢ ᠪᠤᠯᠭᠠᠨ ᠦᠢᠯᠡᠲᠦᠯᠭᠡᠵᠢᠭᠦᠯᠬᠦ ᠰᠤᠷᠤᠯᠴᠠᠯᠭ᠎ᠠ ᠬᠦᠮᠦᠵᠢᠯ᠎ᠤᠨ ᠠᠵᠢᠯ ᠢ᠋ ᠠᠬᠢᠭᠤᠯᠬᠤ ᠬᠤᠷᠠᠯ ᠬᠤᠷᠠᠯᠳᠤᠭᠤᠯᠪᠠ᠃
ᠬᠤᠷᠠᠯ ᠡᠴᠡ᠂ ᠪᠦᠬᠦ ᠣᠷᠣᠨ᠎ᠤ ᠰᠢᠭᠤᠳ ᠬᠠᠷᠢᠶ᠎ᠠ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠰᠢᠰᠲᠧᠮ᠎ᠦᠨ ᠬᠢᠨ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠣᠢᠯᠠᠭᠠᠵᠤ᠂ ᠨᠠᠮ᠎ᠤᠨ ᠲᠥᠪ ᠬᠣᠷᠢᠶ᠎ᠠ᠎ᠶᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠎ᠤ ᠠᠵᠢᠯ᠎ᠤᠨ ᠲᠣᠬᠢᠷᠠᠭᠤᠯᠤᠯᠲᠠ᠎ᠶᠢ ᠲᠡᠷᠡ ᠬᠡᠪ᠎ᠢᠶᠡᠷ ᠨᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠢᠮᠠᠭᠲᠠ ᠪᠠᠷᠢᠮᠵᠢᠶᠠᠵᠢᠭᠤᠯᠤᠨ ᠬᠠᠷᠭᠤᠭᠤᠯᠵᠦ᠂ ᠰᠤᠷᠤᠯᠴᠠᠯᠭ᠎ᠠ ᠬᠥᠮᠦᠵᠢᠯ᠎ᠦᠨ ᠡᠯ᠎ᠡ ᠵᠦᠢᠯ᠎ᠦᠨ ᠠᠵᠢᠯ᠎ᠢ ᠢᠮᠠᠭᠲᠠ ᠵᠥᠪ ᠣᠨᠣᠪᠴᠢᠲᠠᠶ ᠤᠯᠤᠰ ᠲᠥᠷᠥ᠎ᠶᠢᠨ ᠴᠢᠭᠯᠡᠯ᠎ᠢᠶᠡᠷ ᠠᠬᠢᠭᠤᠯᠬᠤ᠎ᠶᠢ ᠦᠨᠡᠨᠬᠦ ᠪᠠᠲᠤᠯᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ 《ᠬᠣᠶᠠᠷ᠎ᠢ ᠲᠣᠭᠲᠠᠭᠠᠬᠰᠠᠨ》 ᠢ᠋ ᠡᠷᠡᠰ ᠬᠦᠷᠢᠶᠡᠯᠡᠵᠦ᠂ 《ᠬᠣᠶᠠᠷ᠎ᠢ ᠬᠠᠮᠠᠭᠠᠯᠠᠬᠤ》 ᠵᠢ ᠡᠷᠡᠰ ᠪᠡᠶᠡᠯᠡᠭᠦᠯᠬᠦ ᠬᠡᠷᠡᠭᠲᠡᠢ ᠬᠡᠵᠦ ᠵᠢᠭᠠᠵᠦ ᠭᠠᠷᠭᠠᠪᠠ᠃
ᠬᠤᠷᠠᠯ ᠡᠴᠡ᠂ ᠪᠦᠬᠦ ᠣᠷᠣᠨ᠎ᠤ ᠰᠢᠭᠤᠳ ᠬᠠᠷᠢᠶ᠎ᠠ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠰᠢᠰᠲᠧᠮ᠎ᠦᠨ ᠬᠢᠨ ᠠᠵᠢᠯ᠎ᠤᠨ ᠭᠣᠣᠯᠳᠠᠯᠭ᠎ᠠ᠎ᠪᠠᠨ ᠣᠨᠣᠪᠴᠢᠲᠠᠶ ᠡᠵᠡᠮᠰᠢᠵᠦ᠂ ᠰᠤᠷᠤᠯᠴᠠᠵᠤ ᠰᠤᠳᠤᠯᠤᠨ ᠶᠠᠷᠢᠯᠴᠠᠬᠤ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠪᠠᠢᠴᠠᠭᠠᠨ ᠭᠠᠷᠭᠠᠬᠰᠠᠨ ᠠᠰᠠᠭᠤᠳᠠᠯ᠎ᠢ ᠴᠢᠩᠭ᠎ᠠ ᠪᠠᠷᠢᠮᠵᠢᠶ᠎ᠠ᠂ ᠲᠦᠪ ᠰᠤᠷᠲᠠᠯ᠎ᠢᠶᠠᠷ ᠲᠠᠬᠢᠨ ᠡᠮᠬᠢᠯᠡᠨ᠂ ᠲᠠᠬᠢᠨ ᠨᠥᠬᠥᠪᠦᠷᠢᠯᠡᠵᠦ᠂ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠬᠦ᠂ ᠬᠦᠯᠢᠶᠡᠬᠦ ᠦᠭᠡᠢ ᠲᠦᠰᠢᠬᠦ ᠦᠭᠡᠢ ᠪᠡᠷ ᠴᠡᠭᠴᠡᠯᠡᠨ ᠰᠠᠢᠵᠢᠷᠠᠭᠤᠯᠵᠦ ᠵᠠᠰᠠᠬᠤ ᠵᠢ ᠠᠬᠢᠭᠤᠯᠬᠤ ᠵᠢ ᠪᠠᠷᠢᠮᠲᠠᠯᠠᠵᠦ᠂ ᠳᠦᠷᠢᠮ ᠲᠣᠭᠲᠠᠭᠠᠯ ᠲᠣᠭᠲᠠᠭᠠᠬᠤ ᠡᠯ᠎ᠡ ᠵᠦᠢᠯ᠎ᠦᠨ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠦ᠂ 《ᠨᠡᠭᠡᠭᠡᠯᠲᠡᠲᠤ ᠬᠥᠮᠦᠵᠢᠯ》 ᠢ᠋ ᠴᠢᠨᠠᠷ ᠰᠠᠢᠲᠠᠢ ᠥᠷᠨᠢᠭᠦᠯᠵᠦ᠂ ᠰᠤᠷᠤᠯᠴᠠᠯᠭ᠎ᠠ ᠬᠥᠮᠦᠵᠢᠯ᠎ᠦᠨ ᠭᠦᠨᠵᠡᠭᠡᠢᠷᠡᠬᠦ᠂ ᠪᠣᠳᠠᠲᠠᠢᠵᠢᠬᠤ ᠵᠢ ᠦᠨᠡᠨᠬᠦ ᠠᠬᠢᠭᠤᠯᠵᠤ᠂ ᠦᠨᠡᠨ ᠪᠣᠳᠠᠲᠠᠢ ᠦᠷ᠎ᠡ ᠪᠦᠲᠦᠮᠵᠢ ᠣᠯᠬᠤ᠎ᠶᠢ ᠪᠠᠲᠤᠯᠠᠬᠤ ᠬᠡᠷᠡᠭᠲᠡᠢ ᠬᠡᠵᠦ ᠴᠢᠬᠤᠯᠠᠴᠢᠯᠠᠪᠠ᠃