ᠲᠦᠷᠦᠭᠦᠭᠡᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶᠢᠨ ᠲᠢᠩᠬᠢᠮ 《ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠣᠶ ᠪᠣᠯᠭᠠᠨ ᠦᠢᠯᠡᠳᠦᠯᠭᠡᠵᠢᠭᠦᠯᠵᠦ ᠠᠷᠠᠳ᠎ᠤᠨ ᠲᠥᠯᠥᠭᠡ ᠬᠠᠤᠯᠢ᠎ᠪᠠᠷ ᠵᠠᠰᠠᠬᠤ ᠤᠭ ᠰᠠᠨᠠᠭ᠎ᠠ᠎ᠶᠢ ᠦᠢᠯᠡᠳᠦᠯᠭᠡᠵᠢᠭᠦᠯᠬᠦ》 ᠭᠣᠣᠯ ᠰᠡᠳᠦᠪᠲᠦ ᠨᠠᠮ᠎ᠤᠨ ᠡᠳᠦᠷ᠎ᠦᠨ ᠠᠵᠢᠯᠯᠠᠭᠠᠡᠷᠭᠢᠯᠡᠪᠡ᠃
ᠠᠵᠢᠯᠯᠠᠭ᠎ᠠ᠎ᠳᠤ᠂ ᠦᠪᠡᠷᠲᠡᠭᠡᠨ ᠵᠠᠰᠬᠠᠤ ᠤᠷᠤᠨ᠎ᠤ ᠬᠠᠤᠯᠢ ᠴᠠᠭᠠᠵᠠ᠎ᠶᠢᠨ ᠲᠢᠩᠬᠢᠮ᠎ᠦᠨ ᠬᠠᠤᠯᠢ ᠲᠣᠭᠲᠠᠭᠠᠬᠤ ᠨᠢᠭᠡᠳᠦᠭᠡᠷ ᠭᠠᠵᠠᠷ᠎ᠤᠨ ᠳᠠᠷᠤᠭ᠎ᠠ ᠶᠤᠸᠠᠨ ᠮᠧᠶ ᠨᠥᠬᠥᠷ ᠲᠦᠮᠡᠳ ᠵᠡᠭᠦᠨ ᠬᠣᠰᠢᠭᠤᠨ᠎ᠳᠤ ᠲᠤᠰᠢᠶᠠᠯ ᠡᠭᠦᠷᠭᠡᠯᠡᠨ ᠪᠣᠯᠪᠠᠰᠤᠷᠠᠬᠰᠠᠨ ᠥᠩᠭᠡᠷᠡᠯᠲᠡ᠎ᠲᠠᠢ᠎ᠪᠡᠨ ᠤᠶᠠᠯᠳᠤᠭᠤᠯᠤᠨ᠂ ᠠᠵᠠ ᠲᠣᠬᠢᠶᠠᠯ᠎ᠢ ᠨᠠᠨᠳᠢᠩᠨᠠᠬᠤ᠂ ᠨᠠᠮ᠎ᠤᠨ ᠠᠴᠢ ᠵᠢ ᠬᠠᠷᠢᠭᠤᠯᠠᠬᠤ ᠳᠤᠮᠳᠠ ᠡᠴᠡ ᠡᠬᠢᠯᠡᠭᠦᠯᠬᠦ᠂ ᠡᠭᠦᠷᠭᠡ ᠲᠤᠰᠢᠶᠠᠯ᠎ᠢᠶᠠᠨ ᠴᠢᠷᠮᠠᠢᠨ ᠭᠦᠢᠴᠡᠳᠬᠡᠬᠦ᠂ ᠪᠣᠳᠠᠲᠠᠢ ᠠᠵᠢᠯᠯᠠᠬᠤ ᠳᠤᠮᠳᠠ᠎ᠪᠠᠨ ᠴᠢᠳᠠᠪᠤᠷᠢ᠎ᠪᠠᠨ ᠬᠦᠴᠦᠷᠬᠡᠭᠵᠢᠭᠦᠯᠬᠦ᠂ ᠳᠠᠪᠲᠠᠨ ᠪᠣᠯᠪᠠᠰᠤᠷᠠᠵᠤ ᠦᠰᠦᠨ ᠪᠣᠢᠵᠢᠬᠤ᠂ ᠤᠬᠠᠬᠤ ᠳᠤᠮᠳᠠ᠎ᠪᠠᠨ ᠲᠠᠨᠢᠯᠲᠠ᠎ᠪᠠᠨ ᠳᠡᠭᠡᠭᠰᠢᠯᠡᠭᠦᠯᠬᠦ᠂ ᠥᠪᠡᠷ᠎ᠦᠨ ᠪᠡᠶ᠎ᠡ᠎ᠪᠡᠨ ᠡᠷᠭᠢᠴᠡᠭᠦᠯᠦᠨ ᠪᠤᠳᠤᠬᠤ᠂ ᠳ᠋ᠦᠩᠨᠡᠬᠦ ᠳᠤᠮᠳᠠ᠎ᠪᠠᠨ ᠴᠢᠭᠯᠡᠯ᠎ᠢᠶᠡᠨ ᠲᠣᠳᠣᠷᠬᠠᠢᠯᠠᠬᠤ᠂ ᠡᠷᠡᠮᠡᠬᠡᠢᠯᠡᠨ ᠲᠡᠮᠡᠴᠡᠬᠦ᠂ ᠣᠯᠣᠯᠲᠠ ᠳᠤᠮᠳᠠ᠎ᠪᠠᠨ ᠬᠥᠳᠡᠯᠭᠡᠬᠦ ᠬᠦᠴᠦᠨ ᠣᠯᠬᠤ ᠵᠡᠷᠭᠡ ᠲᠠᠪᠤᠨ ᠲᠠᠯ᠎ᠠ᠎ᠪᠠᠷ ᠲᠢᠩᠬᠢᠮ᠎ᠦᠨ ᠪᠠᠢᠭᠤᠯᠭ᠎ᠠ᠎ᠶᠢᠨ ᠨᠠᠮ᠎ᠤᠨ ᠭᠡᠰᠢᠭᠦᠨ ᠺᠠᠳ᠋ᠷᠴᠤᠳ᠎ᠲᠠᠢ ᠡᠭᠦᠷᠭᠡ ᠲᠤᠰᠢᠶᠠᠯ᠎ᠢᠶᠠᠨ ᠭᠦᠢᠴᠡᠳᠬᠡᠭᠰᠡᠨ ᠲᠥᠷᠥᠭᠳᠡᠯ᠂ ᠦᠢᠯᠡᠳᠦᠯᠭᠡ᠎ᠶᠢᠨ ᠲᠥᠷᠥᠭᠳᠡᠯ ᠪᠠ ᠠᠷᠠᠳ᠎ᠤᠨ ᠲᠥᠯᠥᠭᠡ ᠵᠢᠳᠬᠦᠭᠰᠡᠨ ᠦᠯᠢᠭᠡᠷ᠎ᠢᠶᠡᠨ ᠬᠤᠪᠢᠶᠠᠯᠴᠠᠪᠠ᠃
ᠨᠠᠮ᠎ᠤᠨ ᠭᠡᠰᠢᠭᠦᠨ ᠺᠠᠳ᠋ᠷᠴᠤᠳ᠂ ᠰᠢᠨ᠎ᠡ ᠴᠠᠭ ᠦᠶ᠎ᠡ᠎ᠶᠢᠨ ᠨᠠᠮ᠎ᠤᠨ ᠤᠯᠠᠨ ᠲᠦᠮᠡᠨᠴᠢ ᠱᠤᠭᠤᠮ᠎ᠢ ᠦᠢᠯᠡᠳᠦᠯᠭᠡᠵᠢᠭᠦᠯᠵᠦ᠂ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭᠵᠢᠯᠲᠡ᠎ᠶᠢᠨ ᠦᠵᠡᠯ ᠰᠠᠨᠠᠭ᠎ᠠ᠎ᠶᠢ ᠪᠠᠷᠢᠮᠲᠠᠯᠠᠵᠤ᠂ ᠦᠨᠳᠦᠰᠦᠨ ᠱᠠᠲᠤᠨ᠎ᠤ ᠤᠯᠠᠨ ᠲᠦᠮᠡᠨ᠎ᠦ ᠪᠠᠴᠢᠮᠲᠠᠵᠦ ᠬᠦᠴᠢᠷᠲᠡᠵᠦ ᠵᠤᠪᠠᠨᠢᠵᠦ ᠬᠦᠰᠡᠵᠦ ᠪᠠᠢᠭ᠎ᠠ ᠠᠰᠠᠭᠤᠲᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠠᠵᠢᠯ᠎ᠤᠨ ᠪᠣᠳᠠᠲᠠᠢ᠎ᠲᠠᠢ ᠤᠶᠠᠯᠳᠤᠭᠤᠯᠤᠨ ᠤᠯᠠᠨ ᠲᠦᠮᠡᠨ᠎ᠳᠦ ᠪᠣᠳᠠᠲᠤ ᠶᠠᠪᠤᠳᠠᠯ᠂ ᠰᠠᠢᠨ ᠶᠠᠪᠤᠳᠠᠯ ᠬᠢᠵᠦ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠪᠦᠲᠦᠮᠵᠢ᠎ᠪᠡᠷ ᠪᠦᠬᠦ ᠲᠠᠯ᠎ᠠ᠎ᠪᠠᠷ ᠬᠠᠤᠯᠢ᠎ᠪᠠᠷ ᠣᠷᠣᠨ᠎ᠢᠶᠠᠨ ᠵᠠᠰᠠᠬᠤ ᠪᠠ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠠᠵᠢᠯ᠎ᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠤᠨ᠎ᠠ ᠭᠡᠵᠦ ᠰᠠᠨᠠᠯ ᠨᠢᠭᠡᠲᠡᠢ ᠦᠵᠡᠵᠡᠬᠡᠪᠡ᠃