4 ᠰᠠᠷ᠎ᠠ᠎ᠶ᠋ᠢᠨ 15 ᠤ᠋ ᠦᠳᠡ᠎ᠶ᠋ᠢᠨ ᠡᠮᠦᠨ᠎ᠡ᠂ ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ᠎ᠲᠤ ᠲᠦᠷᠦ᠍᠎ᠶ᠋ᠢᠨ ᠶᠠᠪᠤᠳᠠᠯ᠎ᠤᠨ ᠠᠢᠯᠴᠢᠯᠠᠯᠲᠠ ᠬᠢᠬᠦ᠌᠎ᠪᠡᠷ ᠢᠷᠡᠭ᠌ᠰᠡᠨ ᠸᠢᠶ᠍ᠸᠲ᠋ᠨᠠᠮ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ ᠰᠦ᠍ ᠯᠢᠨ᠎ᠲᠡᠶ ᠬᠡᠯᠡᠯᠴᠡᠭᠡ ᠬᠢᠪᠡ᠃

4 ᠰᠠᠷ᠎ᠠ᠎ᠶ᠋ᠢᠨ 15 ᠤ᠋ ᠦᠳᠡ᠎ᠶ᠋ᠢᠨ ᠡᠮᠦᠨ᠎ᠡ᠂ ᠲᠤᠮᠳᠠᠳᠤ ᠤᠯᠤᠰ᠎ᠤᠨ ᠡᠪ ᠬᠠᠮᠲᠤ ᠨᠠᠮ ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ᠎ᠲᠤ ᠲᠦᠷᠦ᠍᠎ᠶ᠋ᠢᠨ ᠶᠠᠪᠤᠳᠠᠯ᠎ᠤᠨ ᠠᠢᠯᠴᠢᠯᠠᠯᠲᠠ ᠬᠢᠬᠦ᠌᠎ᠪᠡᠷ ᠢᠷᠡᠭ᠌ᠰᠡᠨ ᠸᠢᠶ᠍ᠸᠲ᠋ᠨᠠᠮ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ ᠰᠦ᠍ ᠯᠢᠨ᠎ᠲᠡᠶ ᠬᠡᠯᠡᠯᠴᠡᠭᠡ ᠬᠢᠪᠡ᠃ ᠵᠢᠷᠤᠬ ᠪᠤᠯ ᠬᠡᠯᠡᠯᠴᠡᠭᠡ ᠬᠢᠬᠦ᠌᠎ᠡᠴᠡ ᠡᠮᠦᠨ᠎ᠡ᠂ ᠰᠢ ᠵᠢᠨ ᠫᠢᠩ ᠬᠠᠳᠤᠨ ᠫᠸᠩ ᠯᠢ ᠶᠤᠸᠠᠨ᠎ᠲᠠᠶ᠎ᠪᠠᠨ ᠰᠤ᠌ ᠯᠢᠨ ᠪᠣᠯᠤᠨ ᠲᠡᠭᠦᠨ᠎ᠦ ᠬᠠᠳᠤᠨ ᠦ᠋ ᠹᠠᠩ ᠯᠢᠯᠤᠭᠠ ᠬᠠᠮᠳᠤ ᠵᠢᠨ ᠬᠡᠷᠡᠯ ᠵᠢᠷᠤᠬ ᠲᠠᠳᠠᠭᠤᠯᠵᠦ ᠪᠠᠢᠭ᠎ᠠ ᠨᠢ᠃
ᠱᠢᠨᠬᠤᠸᠠ ᠬᠤᠷᠢᠶ᠎ᠠ ᠵᠢᠨ ᠰᠤᠷᠪᠤᠯᠵᠢᠯᠠᠭ᠍ᠴᠢ ᠬᠤᠸᠠᠩ ᠵᠢᠩ ᠸᠸᠨ ᠰᠡᠬᠦᠳᠡᠷᠯᠡᠪᠡ
ᠰᠢ ᠵᠢᠨ ᠫᠢᠩ ᠡᠨᠭ ᠲᠡᠷᠢᠬᠦᠨ ᠳᠤ ᠰᠣ᠌ ᠯᠢᠨ᠎ᠤ ᠸᠢᠶᠧᠲ᠋ᠨᠠᠮ᠎ᠤᠨ ᠤᠯᠤᠰ᠎ᠤᠨ ᠲᠡᠷᠢᠭᠦᠯᠡᠭ᠌ᠴᠢ᠎ᠪᠡᠷ ᠰᠣᠩᠭᠣᠭ᠍ᠳᠠᠭ᠍ᠰᠠᠨ᠎ᠳᠤ ᠳᠠᠬᠢᠨᠲᠠ ᠪᠠᠶᠠᠷ ᠬᠦᠷᠭᠡᠪᠡ᠃ ᠰᠢ ᠵᠢᠨ ᠫᠢᠩ᠂ ᠲᠠ ᠸᠢᠶᠧᠲ᠋ᠨᠠᠮ᠎ᠤᠨ ᠤᠯᠤᠰ᠎ᠤᠨ ᠲᠡᠷᠢᠭᠦᠯᠡᠭ᠌ᠴᠢ᠎ᠪᠡᠷ ᠰᠣᠩᠭᠣᠭ᠍ᠳᠠᠭ᠍ᠰᠠᠨᠤ ᠳᠠᠷᠠᠭ᠎ᠠ ᠲᠠᠷᠤᠢᠬᠠᠨ ᠳᠤᠮᠳᠠᠳᠤ ᠤᠯᠤᠰ᠎ᠲᠤ ᠠᠢᠯᠴᠢᠯᠠᠭ᠍ᠰᠠᠨ ᠨᠢ ᠲᠠᠨ ᠤ ᠳᠤᠮᠳᠠᠳᠤ ᠸᠢᠶᠧᠲ᠋ᠨᠠᠮ᠎ᠤᠨ ᠬᠠᠷᠢᠯᠴᠠᠭ᠎ᠠ ᠶ᠋ᠢ ᠬᠦᠭᠵᠢᠭᠦᠯᠬᠦ ᠵᠢ ᠳᠡᠭᠡᠳᠦ ᠬᠡᠮᠵᠢᠶ᠎ᠡ ᠪᠡᠷ ᠴᠢᠬᠤᠯᠠᠴᠢᠯᠠᠵᠤ ᠪᠠᠢᠬᠤ᠎ᠶ᠋ᠢ ᠬᠠᠷᠠᠭᠤᠯᠵᠤ ᠪᠠᠢᠨ᠎ᠠ᠃ ᠰᠣ᠌ ᠯᠢᠨ ᠨᠥᠬᠥᠷ᠎ᠢᠶᠡᠷ ᠲᠦᠷᠦᠭᠦᠯᠡᠭᠦᠯᠦᠭ᠌ᠰᠡᠨ ᠸᠢᠶ᠍ᠸᠲ᠋ᠨᠠᠮ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠸᠢᠶ᠍ᠸᠲ᠋ᠨᠠᠮ ᠯᠠᠪᠲᠠᠢ ᠨᠡᠢᠭᠡᠮ ᠵᠢᠷᠤᠮ ᠤᠨ ᠵᠠᠮ ᠢᠶᠠᠷ ᠡᠷᠡᠰ ᠰᠠᠢᠲᠤᠷ ᠵᠠᠮᠨᠠᠵᠤ᠂ ᠨᠠᠮ ᠪᠠᠢᠭᠤᠯᠤᠭᠳᠠᠵᠤ ᠤᠯᠤᠰ ᠪᠠᠢᠭᠤᠯᠤᠭᠳᠠᠭᠰᠠᠨ《ᠬᠣᠣᠰ ᠵᠠᠭᠤᠨ ᠵᠢᠯ》 ᠤ᠋ᠨ ᠲᠡᠮᠡᠴᠡᠬᠦ᠌ ᠬᠠᠷᠠᠯᠲᠠ ᠲᠡᠢᠰᠢ ᠡᠷᠡᠮᠡᠬᠡᠢᠯᠡᠨ ᠤᠷᠤᠭ᠍ᠰᠢᠯᠠᠬᠤ ᠶ᠋ᠢ ᠢᠲᠡᠭᠡᠵᠦ᠍ ᠪᠠᠢᠨ᠎ᠠ᠃ ᠳᠡᠯᠡᠬᠡᠢ᠎ᠶ᠋ᠢᠨ ᠪᠠᠢᠳᠠᠯ ᠶᠠᠭᠠᠬᠢᠵᠤ ᠬᠤᠪᠢᠷᠠᠭ᠍ᠰᠠᠨ ᠴᠤ᠌᠂ ᠳᠤᠮᠳᠠᠳᠤ ᠤᠯᠤᠰ ᠸᠢᠶ᠍ᠸᠲ᠋ᠨᠠᠮ ᠢ ᠢᠮᠠᠭ᠍ᠲᠠ ᠡᠷᠬᠢᠨ ᠲᠣᠭᠣᠷᠢᠨ ᠤ ᠭᠠᠳᠠᠭᠠᠳᠤ ᠬᠠᠷᠢᠯᠴᠠᠭᠠᠨ ᠤ ᠪᠠᠨ ᠤᠷᠢᠳ ᠢᠶᠠᠷ ᠪᠣᠳᠣᠯᠬᠢᠯᠠᠬᠤ ᠴᠢᠭ᠌ᠯᠡᠯ ᠪᠣᠯᠭᠠᠵᠤ᠂ ᠳᠤᠷᠠᠲᠠᠶ᠎ᠠ ᠸᠢᠶ᠍ᠸᠲ᠋ᠨᠠᠮ ᠤᠨ ᠬᠢᠨ ᠲᠡᠶ ᠤᠭ ᠰᠠᠨᠠᠭ᠎ᠠ ᠪᠠᠨ ᠪᠠᠷᠢᠮᠲᠠᠯᠠᠵᠤ᠂ ᠨᠥᠬᠥᠷᠯᠡᠯ᠎ᠢᠶᠡᠨ ᠦᠷᠭᠦᠯᠵᠢᠯᠡᠭᠦᠯᠵᠦ᠍᠂ ᠪᠦᠯᠬᠦᠮᠳᠡᠨ ᠬᠠᠮᠵᠢᠯᠴᠠᠵᠤ᠂ ᠬᠠᠷᠢᠯᠴᠠᠨ ᠲᠡᠮᠵᠢᠵᠥ᠍᠂ ᠦᠷᠭᠦᠯᠵᠢᠯᠡᠨ《ᠵᠢᠷᠭᠤᠭᠠᠨ ᠨᠡᠩ》 ᠤ᠋ᠨ ᠶᠡᠷᠦᠩᠬᠡᠢ ᠬᠠᠷᠠᠯᠲᠠ ᠶᠣᠰᠣᠭᠠᠷ᠂ ᠪᠦᠬᠦ᠌ ᠲᠠᠯ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠮᠲᠤᠷᠠᠯᠴᠠᠭ᠎ᠠ᠎ᠶ᠋ᠢ ᠴᠢᠨᠠᠷ ᠰᠠᠢᠲᠠᠢ ᠠᠬᠢᠭᠤᠯᠵᠤ᠂ ᠨᠡᠩ ᠥᠨᠳᠥᠷ ᠲᠦᠪᠱᠢᠨ ᠪᠦᠬᠦᠢ ᠪᠠᠢᠯᠳᠤᠬᠤ ᠪᠤᠳᠤᠯᠭ᠎ᠠ᠎ᠶ᠋ᠢᠨ ᠠᠴᠢ ᠬᠣᠯᠪᠣᠭ᠍ᠳᠠᠯ᠎ᠲᠠᠶ ᠳᠤᠮᠳᠠᠳᠤ ᠸᠢᠶ᠍ᠸᠲ᠋ᠨᠠᠮ᠎ᠤᠨ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠲᠦᠷᠭᠡᠳᠭᠡᠨ ᠪᠠᠢᠭᠤᠯᠵᠤ᠂ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠬᠤ᠎ᠳᠤ ᠨᠡᠩ ᠶᠡᠬᠡ ᠬᠤᠪᠢ ᠨᠡᠮᠡᠷᠢ ᠦᠵᠡᠭᠦᠯᠦᠨ᠎ᠡ ᠭᠡᠵᠦ᠍ ᠵᠢᠭᠠᠵᠤ ᠭᠠᠷᠭᠠᠪᠠ᠃
ᠰᠢ ᠵᠢᠨ ᠫᠢᠩ᠂ ᠨᠠᠮ ᠤᠨ ᠤᠳᠤᠷᠢᠳᠤᠯᠭ᠎ᠠ ᠪᠣᠯ ᠨᠡᠢᠭᠡᠮ ᠵᠢᠷᠤᠮ᠎ᠤᠨ ᠬᠠᠮᠤᠭ᠎ᠤᠨ ᠮᠥᠨ ᠴᠢᠨᠠᠷ᠎ᠤᠨ ᠣᠨᠴᠠᠯᠢᠭ ᠪᠠ ᠬᠠᠮᠤᠭ ᠤᠨ ᠶᠡᠬᠡ ᠳᠠᠪᠠᠭᠤᠯᠢᠭ ᠮᠥᠨ᠃ ᠨᠡᠢᠭᠡᠮ ᠵᠢᠷᠤᠮ᠎ᠤᠨ ᠪᠠᠢᠭᠤᠯᠤᠯ ᠪᠠ ᠡᠪ ᠬᠠᠮᠲᠤ ᠨᠠᠮ ᠤᠨ ᠲᠦᠷᠦ᠍ ᠪᠠᠷᠢᠬᠤ ᠪᠠᠢᠷᠢ ᠰᠠᠭᠤᠷᠢ᠎ᠶ᠋ᠢ ᠬᠠᠮᠠᠭᠠᠯᠠᠬᠤ ᠪᠣᠯ ᠳᠤᠮᠳᠠᠳᠤ ᠸᠢᠶ᠍ᠸᠲ᠋ᠨᠠᠮ ᠬᠣᠶᠠᠷ ᠨᠠᠮ ᠤᠨ ᠪᠠᠢᠯᠳᠤᠬᠤ ᠪᠤᠳᠤᠯᠭ᠎ᠠ᠎ᠶ᠋ᠢᠨ ᠬᠠᠮᠤᠭ᠎ᠤᠨ ᠶᠡᠬᠡ ᠬᠠᠮᠲᠤ᠎ᠶ᠋ᠢᠨ ᠠᠱᠢᠭ ᠲᠤᠰᠠ ᠮᠥᠨ᠃ ᠬᠣᠶᠠᠷ ᠲᠠᠯ᠎ᠠ᠎ᠪᠠᠷ᠎ᠢᠶᠠᠨ ᠳᠡᠭᠡᠳᠦ ᠬᠡᠮᠵᠢᠶᠡᠨ᠎ᠦ ᠪᠠᠢᠯᠳᠤᠬᠤ ᠪᠤᠳᠤᠯᠭ᠎ᠠ᠎ᠶ᠋ᠢᠨ ᠰᠡᠷᠭᠡᠭ ᠴᠢᠨᠠᠷ ᠪᠣᠯᠤᠨ ᠬᠦᠴᠦᠷᠬᠡᠭ ᠶᠡᠬᠡ ᠪᠠᠢᠯᠳᠤᠬᠤ ᠪᠤᠳᠤᠯᠭ᠎ᠠ᠎ᠶ᠋ᠢᠨ ᠲᠣᠭ᠍ᠲᠠᠯ ᠬᠦᠴᠦᠨ᠎ᠢᠶᠡᠨ ᠪᠠᠲᠤᠯᠠᠵᠤ᠂ ᠵᠠᠮ᠎ᠤᠨ ᠢᠲᠡᠭᠡᠯ ᠪᠣᠯᠤᠨ ᠪᠠᠢᠭᠤᠯᠤᠯ᠎ᠤᠨ ᠢᠲᠡᠭᠡᠯ᠎ᠢᠶᠡᠨ ᠢᠮᠠᠭ᠍ᠲᠠ ᠪᠠᠲᠤᠳᠭᠠᠵᠤ᠂ ᠥᠭᠡᠷᠡᠴᠢᠯᠡᠯᠲᠡ᠎ᠬᠢᠵᠦ ᠴᠢᠭ᠌ᠯᠡᠯ᠎ᠢ ᠬᠤᠪᠢᠷᠠᠭᠤᠯᠬᠤ ᠦᠭᠡᠢ᠂ ᠬᠤᠪᠢᠰᠤᠯᠲᠠ ᠬᠢᠵᠦ ᠦᠩᠭᠡ ᠵᠢ ᠬᠤᠪᠢᠷᠠᠭᠤᠯᠬᠤ ᠦᠭᠡᠢ ᠪᠠᠢᠬᠤ᠎ᠶ᠋ᠢ ᠪᠠᠷᠢᠮᠲᠠᠯᠠᠶ᠎ᠡ᠃
ᠬᠣᠶᠠᠷ ᠲᠠᠯ᠎ᠠ ᠪᠠᠷ ᠢᠶᠠᠨ ᠨᠠᠮ᠎ᠤᠨ ᠬᠣᠭᠣᠷᠣᠨᠳᠣᠬᠢ ᠠᠷᠭ᠎ᠠ ᠵᠠᠮ᠎ᠤᠨ ᠣᠨᠴᠠᠭᠠᠢ ᠦᠢᠯᠡᠳᠦᠯ᠎ᠢ ᠭᠦᠢᠴᠡᠳ ᠪᠠᠳᠠᠷᠠᠭᠤᠯᠵᠤ᠂ ᠳᠡᠭᠡᠳᠦ ᠳᠠᠪᠬᠤᠷᠭ᠎ᠠ᠎ᠶ᠋ᠢᠨ ᠶᠠᠪᠤᠯᠴᠠᠭ᠎ᠠ᠎ᠪᠠᠨ ᠨᠢᠭ᠍ᠲᠠᠷᠠᠭᠤᠯᠵᠤ᠂ ᠤᠯᠤᠰ ᠲᠦᠷᠦ᠍ ᠶ᠋ᠢᠨ ᠢᠲᠡᠭᠡᠯᠴᠡᠭᠡ᠎ᠪᠡᠨ ᠪᠡᠬᠢᠵᠢᠭᠦᠯᠦᠶ᠎ᠡ᠃ ᠳᠡᠭᠡᠳᠦ ᠳᠠᠪᠬᠤᠷᠭ᠎ᠠ᠎ᠶ᠋ᠢᠨ ᠠᠭᠤᠯᠵᠠᠯᠲᠠ᠂ ᠤᠨᠤᠯ ᠤᠨ ᠰᠤᠳᠤᠯᠤᠨ ᠶᠠᠷᠢᠯᠴᠠᠭ᠎ᠠ᠂ ᠺᠠᠳ᠋ᠷ᠎ᠤᠨ ᠪᠣᠯᠪᠠᠰᠤᠷᠠᠯ᠂ ᠠᠵᠢᠯ ᠲᠦᠷᠦᠯ ᠦᠨ ᠰᠣᠯᠢᠯᠴᠠᠭ᠎ᠠ᠂ ᠣᠷᠣᠨ ᠨᠤᠲᠤᠭ ᠤᠨ ᠬᠠᠮᠲᠤᠷᠠᠯᠴᠠᠭ᠎ᠠ ᠵᠡᠷᠭᠡ ᠲᠣᠭ᠍ᠲᠠᠴᠠ᠎ᠶ᠋ᠢ ᠰᠠᠢᠲᠤᠷ ᠠᠱᠢᠭ᠍ᠯᠠᠵᠤ᠂ ᠱᠢᠨ᠎ᠡ ᠨᠢᠭᠡ ᠡᠭᠡᠯᠵᠢ᠎ᠶ᠋ᠢᠨ ᠳᠤᠮᠳᠠᠳᠤ ᠤᠯᠤᠰ᠎ᠤᠨ ᠡᠪ ᠬᠠᠮᠲᠤ ᠨᠠᠮ ᠪᠣᠯᠤᠨ ᠸᠢᠶ᠍ᠸᠲ᠋ᠨᠠᠮ᠎ᠤᠨ ᠡᠪ ᠬᠠᠮᠲᠤ ᠨᠠᠮ᠎ᠤᠨ ᠬᠠᠮᠲᠤᠷᠠᠯᠴᠠᠭᠠᠨ᠎ᠤ ᠲᠥᠯᠥᠪᠯᠡᠭᠡ᠎ᠶ᠋ᠢ ᠰᠠᠢᠲᠤᠷ ᠬᠡᠷᠡᠭ᠌ᠵᠢᠭᠦᠯᠵᠦ᠍᠂ ᠨᠠᠮ᠎ᠢ ᠵᠠᠰᠠᠬᠤ ᠲᠦᠷᠦ᠍᠎ᠶ᠋ᠢ ᠵᠠᠰᠠᠬᠤ ᠤᠨᠤᠯ ᠪᠣᠯᠤᠨ ᠲᠤᠷᠱᠢᠯᠭ᠎ᠠ᠎ᠪᠠᠨ ᠰᠣᠯᠢᠯᠴᠠᠵᠤ ᠬᠠᠷᠢᠯᠴᠠᠨ ᠲᠤᠯᠢᠯᠠᠬᠤ ᠠᠵᠢᠯ᠎ᠢ ᠭᠦᠨᠵᠡᠭᠡᠢ ᠥᠷᠨᠢᠭᠦᠯᠦᠶ᠎ᠡ᠃ ᠤᠯᠤᠰ ᠲᠦᠷᠦ᠍᠎ᠶ᠋ᠢᠨ ᠠᠮᠤᠷ ᠲᠦᠪᠱᠢᠨ᠎ᠢ ᠬᠠᠮᠠᠭᠠᠯᠠᠬᠤ᠎ᠶ᠋ᠢ ᠲᠡᠷᠢᠭᠦᠨ ᠪᠠᠢᠷᠢᠨ᠎ᠳᠤ ᠲᠠᠯᠪᠢᠵᠤ᠂ ᠭᠠᠳᠠᠭᠠᠳᠤ ᠬᠠᠷᠢᠯᠴᠠᠭ᠎ᠠ᠂ ᠤᠯᠤᠰ᠎ᠤᠨ ᠪᠠᠲᠤᠯᠠᠨ ᠬᠠᠮᠠᠭᠠᠯᠠᠯᠲᠠ᠂ ᠳᠣᠲᠣᠭᠠᠳᠤ᠎ᠶ᠋ᠢ ᠬᠠᠮᠠᠭᠠᠯᠠᠬᠤ 《3 + 3》 ᠪᠠᠢᠯᠳᠤᠬᠤ ᠪᠤᠳᠤᠯᠭ᠎ᠠ᠎ᠶ᠋ᠢᠨ ᠶᠠᠷᠢᠯᠴᠠᠭᠠᠨ ᠤ ᠲᠣᠭ᠍ᠲᠠᠴᠠ᠎ᠶ᠋ᠢ ᠰᠠᠢᠲᠤᠷ ᠬᠡᠷᠡᠭ᠌ᠯᠡᠵᠦ᠍᠂ ᠬᠣᠶᠠᠷ ᠤᠯᠤᠰ᠎ᠤᠨ ᠵᠠᠯᠠᠭᠤ ᠨᠢᠭᠡ ᠦᠶ᠎ᠡ᠎ᠶ᠋ᠢᠨ ᠬᠢᠨ ᠦ ᠬᠦᠰᠡᠯᠡᠩ ᠢᠲᠡᠭᠡᠯ ᠪᠢᠱᠢᠷᠡᠯ᠎ᠦᠨ ᠬᠥᠮᠦᠵᠢᠯ᠎ᠢ ᠦᠷᠭᠦᠯᠵᠢᠯᠡᠨ ᠴᠢᠩᠭᠠᠳᠭᠠᠶᠡ᠃
ᠬᠣᠶᠠᠷ ᠲᠠᠯ᠎ᠠ᠎ᠪᠠᠷ ᠢᠶᠠᠨ ᠰᠡᠳᠬᠢᠯ ᠨᠢᠭᠡᠳᠦᠨ ᠬᠦᠴᠦ᠎ᠪᠡᠨ ᠬᠠᠮᠲᠤᠳᠬᠠᠵᠤ᠂ ᠣᠳᠣᠬᠢᠴᠢᠯᠠᠯᠲᠠ᠎ᠶᠢᠨ ᠵᠠᠮ᠎ᠢᠶᠠᠷ ᠭᠠᠷ ᠬᠣᠯᠪᠣᠨ ᠤᠷᠤᠭᠰᠢᠯᠠᠶ᠎ᠠ᠃ ᠪᠠᠢᠯᠳᠤᠬᠤ ᠪᠣᠳᠣᠯᠭ᠎ᠠ᠎ᠶᠢᠨ ᠵᠣᠯᠭᠠᠯᠴᠠᠭ᠎ᠠ᠎ᠶᠢ ᠲᠦᠷᠭᠡᠳᠬᠡᠨ ᠬᠥᠭᠵᠢᠭᠦᠯᠵᠦ᠂ ᠰᠠᠭᠤᠷᠢ ᠲᠥᠬᠦᠭᠡᠷᠦᠮᠵᠢ᠎ᠶᠢᠨ ᠬᠣᠯᠪᠣᠯᠳᠤᠨ ᠨᠡᠪᠲᠡᠷᠡᠯᠴᠡᠬᠦ᠎ᠶᠢ ᠤᠷᠢᠳ ᠵᠢᠡᠷ ᠠᠬᠢᠭᠤᠯᠤᠶ᠎ᠠ᠃ ᠵᠣᠬᠢᠶᠠᠮᠠᠯ ᠤᠶᠤᠨ ᠴᠢᠳᠠᠪᠤᠷᠢ᠂ ᠬᠠᠭᠠᠰ ᠳᠠᠮᠵᠢᠭᠤᠯᠤᠭ᠍ᠴᠢ᠂ ᠡᠳ᠋ ᠪᠠᠷᠠᠭᠠᠨ᠎ᠤ ᠰᠦᠯᠵᠢᠶ᠎ᠡ ᠵᠡᠷᠭᠡ ᠰᠢᠨ᠎ᠡ᠎ᠪᠡᠷ ᠮᠠᠨᠳᠤᠭᠰᠠᠨ ᠬᠦᠷᠢᠶᠡᠨ ᠳ᠋ᠡᠬᠢ ᠬᠠᠮᠲᠤᠷᠠᠯᠴᠠᠭ᠎ᠠ᠎ᠶᠢ ᠴᠢᠩᠭᠠᠳᠬᠠᠶ᠎ᠠ᠃ ᠳᠤᠮᠳᠠᠳᠤ ᠵᠢᠨ ᠲᠠᠯ᠎ᠠ ᠸᠢᠶᠧᠲᠨᠠᠮ ᠤᠨ ᠨᠡᠩ ᠤᠯᠠᠨ ᠴᠢᠨᠠᠷ ᠰᠠᠢᠲᠠᠢ ᠦᠢᠯᠡᠳᠬᠦᠨ ᠳᠤᠮᠳᠠᠳᠤ ᠤᠯᠤᠰ᠎ᠤᠨ ᠵᠠᠬ᠎ᠠ ᠳᠡᠯᠭᠡᠭᠦᠷ᠎ᠲᠦ ᠣᠷᠣᠵᠤ ᠢᠷᠡᠬᠦ᠎ᠶᠢ ᠪᠠᠶᠠᠷᠯᠠᠨ ᠤᠭᠲᠤᠵᠤ ᠪᠠᠢᠨ᠎ᠠ᠃ ᠬᠣᠶᠠᠷ ᠲᠠᠯ᠎ᠠ᠎ᠪᠠᠷ᠎ᠢᠶᠠᠨ ᠵᠢᠭᠤᠯᠴᠢᠯᠠᠯ᠂ ᠰᠣᠶᠣᠯ᠂ ᠵᠠᠭᠤᠴᠢᠯᠠᠭᠤᠷ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠪᠡᠶ᠎ᠡ᠎ᠶᠢᠨ ᠲᠠᠮᠢᠷ ᠵᠡᠷᠭᠡ ᠲᠠᠯ᠎ᠠ᠎ᠶᠢᠨ ᠨᠥᠬᠥᠷᠰᠡᠭ ᠰᠣᠯᠢᠯᠴᠠᠭ᠎ᠠ ᠬᠠᠮᠲᠤᠷᠠᠯᠴᠠᠭ᠎ᠠ᠎ᠪᠠᠨ ᠦᠷᠭᠦᠯᠵᠢᠯᠡᠨ ᠴᠢᠩᠭᠠᠳᠬᠠᠵᠤ᠂ ᠬᠣᠶᠠᠷ ᠤᠯᠤᠰ᠎ᠤᠨ ᠠᠷᠠᠳ ᠲᠦᠮᠡᠨ ᠦ ᠬᠠᠷᠢᠯᠴᠠᠨ ᠣᠢᠯᠠᠭᠠᠯᠴᠠᠵᠤ ᠬᠠᠷᠢᠯᠴᠠᠨ ᠳᠣᠲᠣᠨᠣᠴᠢᠯᠠᠬᠤ᠎ᠶᠢ ᠠᠬᠢᠭᠤᠯᠤᠶ᠎ᠠ᠃ ᠪᠢ ᠳᠤᠷᠠᠲᠠᠶ᠎ᠠ ᠲᠠᠨ᠎ᠲᠠᠢ ᠬᠠᠮᠲᠤ ᠪᠠᠷ 2026 ︱ 2027 ᠣᠨ᠎ᠤ 《ᠳᠤᠮᠳᠠᠳᠤ ᠸᠢᠶᠸᠲᠨᠠᠮ᠎ᠤᠨ ᠵᠢᠭᠤᠯᠴᠢᠯᠠᠯ᠎ᠤᠨ ᠬᠠᠮᠲᠤᠷᠠᠯᠴᠠᠭᠠᠨ᠎ᠤ ᠣᠨ》 ᠢ᠋ ᠡᠬᠢᠯᠡᠭᠦᠯᠬᠦ ᠵᠢ ᠨᠡᠢᠲᠡᠯᠡᠨᠠ᠃
ᠬᠣᠶᠠᠷ ᠲᠠᠯ᠎ᠠ᠎ᠪᠠᠷ᠎ᠢᠶᠠᠨ ᠡᠩᠬᠡ ᠲᠠᠢᠪᠤᠩ᠂ ᠬᠥᠭᠵᠢᠯᠲᠡ᠂ ᠬᠠᠮᠲᠤᠷᠠᠯᠴᠠᠭ᠎ᠠ᠂ ᠬᠠᠮᠲᠤ ᠪᠠᠷ ᠠᠰᠢᠭ᠋ ᠬᠦᠷᠳᠡᠬᠦ ᠲᠤᠭ᠎ᠢ ᠥᠨᠳᠥᠷ ᠮᠠᠨᠳᠤᠭᠤᠯᠵᠤ᠂ ᠭᠠᠭᠴᠠ ᠲᠠᠯᠠᠲᠦ ᠦᠵᠡᠯ᠂ ᠬᠠᠮᠠᠭᠠᠯᠠᠬᠤ ᠦᠵᠡᠯ ᠢ ᠬᠠᠮᠲᠤ ᠪᠠᠷ ᠡᠰᠡᠷᠭᠦᠴᠡᠵᠦ᠂ ᠪᠦᠬᠦ ᠪᠥᠮᠪᠥᠷᠴᠡᠭ ᠦᠨ ᠴᠢᠯᠦᠭᠡᠲᠦ ᠠᠷᠠᠯᠵᠢᠶᠠᠨ᠎ᠤ ᠪᠠᠢᠭᠤᠯᠤᠮᠵᠢ ᠪᠣᠯᠣᠨ ᠠᠵᠤ ᠦᠢᠯᠡᠰ ᠦᠨ ᠬᠡᠯᠬᠢᠶ᠎ᠡ ᠬᠠᠩᠭᠠᠯᠭ᠎ᠠ᠎ᠶᠢᠨ ᠬᠡᠯᠬᠢᠶ᠎ᠡ᠎ᠶᠢᠨ ᠲᠣᠭᠲᠠᠭᠤᠨ ᠪᠥᠭᠡᠳ ᠰᠠᠭᠠᠳ ᠦᠭᠡᠢ ᠨᠡᠪᠲᠡᠷᠡᠬᠦ᠎ᠶᠢ ᠬᠠᠮᠠᠭᠠᠯᠠᠶ᠎ᠠ᠃ ᠪᠦᠬᠦ ᠪᠥᠮᠪᠥᠷᠴᠡᠭ᠎ᠦᠨ ᠬᠥᠭᠵᠢᠯᠲᠡ᠎ᠶᠢᠨ ᠰᠠᠨᠠᠭᠠᠴᠢᠯᠠᠭ᠎ᠠ᠂ ᠪᠦᠬᠦ ᠪᠥᠮᠪᠥᠷᠴᠡᠭ᠎ᠦᠨ ᠠᠮᠤᠷ ᠲᠦᠪᠰᠢᠨ᠎ᠦ ᠰᠠᠨᠠᠭᠠᠴᠢᠯᠠᠭ᠎ᠠ᠂ ᠪᠦᠬᠦ ᠪᠥᠮᠪᠥᠷᠴᠡᠭ᠎ᠦᠨ ᠪᠣᠯᠪᠠᠰᠤᠨ᠎ᠤ ᠰᠠᠨᠠᠭᠠᠴᠢᠯᠠᠭ᠎ᠠ᠂ ᠪᠦᠬᠦ ᠪᠥᠮᠪᠥᠷᠴᠡᠭ᠎ᠦᠨ ᠵᠠᠰᠠᠯᠲᠠ᠎ᠶᠢᠨ ᠰᠠᠨᠠᠭᠠᠴᠢᠯᠠᠭ᠎ᠠ ᠶᠢ ᠭᠠᠷ ᠬᠣᠯᠪᠣᠨ ᠦᠢᠯᠡᠳᠦᠯᠭᠡᠵᠢᠭᠦᠯᠵᠦ᠂ ᠪᠦᠬᠦ ᠪᠥᠮᠪᠥᠷᠴᠡᠭ᠎ᠦᠨ ᠴᠢᠨᠠᠷᠲᠠᠢ ᠥᠷᠢᠰᠦᠯᠳᠦᠭᠡᠨ ᠢ ᠬᠠᠮᠲᠤ ᠪᠠᠷ ᠠᠷᠭᠠᠴᠠᠭᠠᠶ᠎ᠠ᠃ ᠡᠨᠡ ᠵᠢᠯ ᠪᠣᠯ ᠳᠤᠮᠳᠠᠳᠤ ᠤᠯᠤᠰ ︱ ᠵᠡᠭᠦᠨ ᠡᠮᠦᠨᠡᠲᠦ ᠠᠽᠢᠶ᠎ᠠ᠎ᠶᠢᠨ ᠤᠯᠤᠰ᠎ᠤᠳ᠎ᠤᠨ ᠬᠣᠯᠪᠣᠭ᠎ᠠ᠎ᠶᠢᠨ ᠪᠦᠬᠦ ᠲᠠᠯ᠎ᠠ᠎ᠶᠢᠨ ᠪᠠᠢᠯᠳᠤᠬᠤ ᠪᠣᠳᠣᠯᠭ᠎ᠠ᠎ᠶᠢᠨ ᠬᠠᠨᠢᠲᠠᠨ᠎ᠤ ᠬᠠᠷᠢᠯᠴᠠᠭ᠎ᠠ ᠪᠠᠢᠭᠤᠯᠤᠭᠰᠠᠨ 5 ᠵᠢᠯ᠎ᠦᠨ ᠤᠢ ᠪᠣᠯᠣᠨ᠎ᠠ᠂ ᠳᠤᠮᠳᠠᠳᠤ ᠵᠢᠨ ᠲᠠᠯ᠎ᠠ ᠳᠤᠷᠠᠲᠠᠶ᠎ᠠ ᠭᠠᠵᠠᠷ ᠣᠷᠣᠨ᠎ᠤ ᠤᠯᠤᠰ᠎ᠤᠳ᠎ᠲᠠᠢ ᠵᠣᠬᠢᠴᠠᠭᠤᠯᠭ᠎ᠠ ᠪᠠ ᠬᠠᠮᠵᠢᠯᠴᠠᠭ᠎ᠠ᠎ᠪᠠᠨ ᠴᠢᠩᠭᠠᠳᠬᠠᠵᠤ᠂ ᠨᠡᠩ ᠨᠢᠭ᠍ᠲᠠ ᠳᠤᠮᠳᠠᠳᠤ ᠤᠯᠤᠰ ︱ ᠵᠡᠭᠦᠨ ᠡᠮᠦᠨᠡᠲᠦ ᠠᠽᠢᠶ᠎ᠠ᠎ᠶᠢᠨ ᠤᠯᠤᠰ᠎ᠤᠳ᠎ᠤᠨ ᠬᠣᠯᠪᠣᠭ᠎ᠠ᠎ᠶᠢᠨ ᠬᠤᠪᠢ ᠵᠠᠶᠠᠭᠠᠨ᠎ᠤ ᠬᠠᠮᠲᠤ᠎ᠶᠢᠨ ᠴᠣᠭᠴᠠ ᠶᠢ ᠪᠠᠢᠭᠤᠯᠬᠤ ᠵᠢ ᠠᠬᠢᠭᠤᠯᠤᠨ᠎ᠠ ᠭᠡᠵᠦ ᠴᠢᠬᠤᠯᠠᠴᠢᠯᠠᠪᠠ᠃
ᠰᠥ᠍ ᠯᠢᠨ᠂ ᠡᠨᠡ ᠪᠣᠯ ᠪᠢ ᠸᠢᠶᠧᠲᠨᠠᠮ ᠤᠨ ᠤᠯᠤᠰ ᠤᠨ ᠲᠡᠷᠢᠭᠦᠯᠡᠭᠴᠢ᠎ᠪᠡᠷ ᠰᠣᠩᠭᠣᠭᠳᠠᠭᠰᠠᠨ ᠤ ᠳᠠᠷᠠᠭᠠᠬᠢ ᠠᠩᠬᠠᠳᠠᠭ᠍ᠴᠢ ᠠᠶ᠋ᠢᠯᠴᠢᠯᠠᠯᠲᠠ ᠮᠥᠨ᠂ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ᠎ᠶᠢᠨ ᠫᠢᠩ ᠨᠢᠳᠤᠨᠤᠨ ᠸᠢᠶᠧᠲᠨᠠᠮ᠎ᠳᠤ ᠲᠡᠦᠬᠡᠲᠦ ᠴᠢᠨᠠᠷᠲᠠᠢ ᠠᠶ᠋ᠢᠯᠴᠢᠯᠠᠯᠲᠠ ᠬᠢᠭᠰᠡᠨ ᠨᠢᠭᠡ ᠵᠢᠯ᠎ᠦᠨ ᠣᠶ ᠪᠠᠢᠵᠤ᠂ ᠶᠡᠷᠦᠩᠬᠡᠢ ᠱᠦᠵᠢ ᠨᠥᠬᠥᠷ᠎ᠦᠨ ᠬᠡᠯᠡᠭᠰᠡᠨ 《ᠬᠥᠷᠰᠢ ᠰᠠᠭᠠᠬᠠᠯᠲᠠ ᠬᠠᠷᠢᠯᠴᠠᠬᠤ ᠲᠤᠲᠤᠮ ᠡᠯᠢᠭᠡᠰᠡᠭ ᠳᠣᠲᠣᠨᠣ᠌》 ᠭᠡᠰᠡᠨ᠎ᠢ ᠭᠦᠢᠴᠡᠳ ᠬᠠᠷᠠᠭᠤᠯᠵᠤ ᠪᠠᠢᠨ᠎ᠠ᠃ ᠸᠢᠶᠧᠲᠨᠠᠮ᠎ᠤᠨ ᠲᠠᠯᠠᠳᠤᠮᠳᠠᠳᠤ ᠤᠯᠤᠰ᠎ᠤᠨ ᠡᠪ ᠬᠠᠮᠲᠤ ᠨᠠᠮ᠂ ᠵᠠᠰᠠᠭ᠎ᠤᠨ ᠣᠷᠳᠣᠨ ᠪᠣᠯᠣᠨ ᠠᠷᠠᠳ ᠲᠦᠮᠡᠨ᠎ᠡᠴᠡ ᠸᠢᠶᠧᠲᠨᠠᠮ᠎ᠤᠨ ᠡᠪ ᠬᠠᠮᠲᠤ ᠨᠠᠮ᠎ᠤᠨ ᠠᠷᠪᠠᠨ ᠳᠥᠷᠪᠡᠳᠦᠭᠡᠷ ᠶᠡᠬᠡ ᠬᠤᠷᠠᠯ ᠳᠤ ᠴᠢᠬᠤᠯᠠ ᠤᠯᠤᠰ ᠲᠦᠷᠦ᠎ᠶᠢᠨ ᠳᠡᠮᠵᠢᠯᠭᠡ ᠦᠵᠡᠭᠦᠯᠦᠭᠰᠡᠨ᠎ᠳᠦ ᠲᠠᠯᠠᠷᠬᠠᠵᠤ᠂ ᠳᠤᠷᠠᠲᠠᠶ᠎ᠠ ᠳᠤᠮᠳᠠᠳᠤ ᠤᠯᠤᠰ ᠯᠤᠭ᠎ᠠ ᠤᠯᠠᠮᠵᠢᠯᠠᠯᠲᠤ ᠨᠥᠬᠥᠷᠯᠡᠯ᠎ᠢᠶᠡᠨ ᠦᠷᠭᠦᠯᠵᠢᠯᠡᠭᠦᠯᠵᠦ᠂ ᠬᠣᠶᠠᠷ ᠤᠯᠤᠰ᠎ᠤᠨ ᠪᠦᠬᠦ ᠲᠠᠯ᠎ᠠ ᠶᠢᠨ ᠪᠠᠢᠯᠳᠤᠬᠤ ᠪᠣᠳᠣᠯᠭ᠎ᠠ᠎ᠶᠢᠨ ᠬᠠᠮᠲᠤᠷᠠᠯᠴᠠᠭᠠᠨ᠎ᠤ ᠬᠠᠨᠢᠲᠠᠨ᠎ᠤ ᠬᠠᠷᠢᠯᠴᠠᠭ᠎ᠠ ᠪᠣᠯᠣᠨ ᠪᠠᠢᠯᠳᠤᠬᠤ ᠪᠣᠳᠣᠯᠭ᠎ᠠ᠎ᠶᠢᠨ ᠠᠴᠢ ᠬᠣᠯᠪᠣᠭᠳᠠᠯ᠎ᠲᠠᠢ ᠬᠤᠪᠢ ᠵᠠᠶᠠᠭᠠᠨ ᠤ ᠬᠠᠮᠲᠤ᠎ᠶᠢᠨ ᠴᠣᠭᠴᠠ ᠶᠢᠨ ᠲᠠᠰᠤᠷᠠᠯᠲᠠ ᠦᠭᠡᠢ ᠬᠥᠭᠵᠢᠬᠦ ᠶᠢ ᠠᠬᠢᠭᠤᠯᠤᠨ᠎ᠠ᠃ ᠸᠢᠶᠧᠲᠨᠠᠮ᠎ᠤᠨ ᠲᠠᠯ᠎ᠠ ᠳᠤᠮᠳᠠᠳᠤ ᠤᠯᠤᠰ᠎ᠤᠨ《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠦᠪᠵᠢᠭᠦᠯᠭᠡ᠎ᠪᠡᠨ ᠢᠯᠠᠯᠲᠠ᠎ᠲᠠᠢ ᠪᠡᠶᠡᠯᠡᠭᠦᠯᠦᠭᠰᠡᠨ᠎ᠤ ᠬᠠᠮᠲᠤ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠣᠭᠰᠠᠨ᠎ᠳᠤ ᠪᠠᠶᠠᠷ ᠬᠦᠷᠭᠡᠵᠦ ᠪᠠᠢᠨ᠎ᠠ᠂ ᠳᠤᠮᠳᠠᠳᠤ᠎ᠶᠢᠨ ᠲᠠᠯ᠎ᠠ᠎ᠶᠢᠨ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠦᠪᠵᠢᠭᠦᠯᠭᠡ᠎ᠪᠡᠨ ᠤᠷᠤᠭᠰᠢᠲᠠᠢ ᠬᠡᠷᠡᠭᠵᠢᠭᠦᠯᠵᠦ᠂ ᠴᠢᠨᠠᠷ ᠰᠠᠢᠲᠠᠢ ᠬᠥᠭᠵᠢᠯᠲᠡ ᠪᠣᠯᠣᠨ ᠨᠡᠢᠭᠡᠮ ᠵᠢᠷᠤᠮᠲᠦ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠶᠢ ᠲᠠᠰᠤᠷᠠᠯᠳᠡ ᠦᠭᠡᠢ ᠠᠬᠢᠭᠤᠯᠵᠤ᠂ ᠬᠣᠶᠠᠳᠤᠭᠠᠷ ᠵᠠᠭᠤᠨ ᠵᠢᠯ ᠦᠨ ᠲᠡᠮᠡᠴᠡᠬᠦ ᠬᠠᠷᠠᠯᠲᠠ ᠪᠠᠨ ᠲᠣᠭᠲᠠᠭᠰᠠᠨ ᠬᠤᠭᠤᠴᠠᠭᠠᠨ᠎ᠳᠠᠭᠠᠨ ᠪᠡᠶᠡᠯᠡᠭᠦᠯᠬᠦ ᠶᠢᠨ ᠬᠠᠮᠲᠤ ᠳᠡᠯᠡᠬᠡᠢ ᠶᠢᠨ ᠡᠩᠬᠡ ᠲᠠᠢᠪᠤᠩ ᠬᠥᠭᠵᠢᠯᠲᠡ᠎ᠶᠢᠨ ᠲᠤᠯᠭᠠᠭᠤᠷᠢ ᠬᠦᠴᠦᠨ ᠪᠣᠯᠣᠨ ᠲᠡᠷᠢᠭᠦᠨ ᠴᠢᠬᠤᠯᠠ ᠬᠥᠳᠡᠯᠭᠡᠬᠦ ᠬᠦᠴᠦᠨ ᠪᠣᠯᠬᠤ᠎ᠶᠢ ᠢᠲᠡᠭᠡᠵᠦ ᠪᠠᠢᠨ᠎ᠠ᠃
ᠣᠳᠣᠬᠠᠨ᠎ᠳᠤ ᠸᠢᠶ᠍ᠸᠲ᠋ᠨᠠᠮ ᠳᠤᠮᠳᠠᠳᠤ᠎ᠶ᠋ᠢᠨ ᠬᠠᠷᠢᠯᠴᠠᠭ᠎ᠠ ᠢᠳᠡᠪᠬᠢᠲᠡᠢ ᠬᠥᠭ᠌ᠵᠢᠯᠲᠡ᠎ᠶ᠋ᠢᠨ ᠬᠠᠨᠳᠤᠰᠢ᠎ᠪᠠᠨ ᠪᠠᠲᠤᠯᠠᠵᠤ᠂ ᠪᠠᠢᠯᠳᠤᠬᠤ ᠪᠤᠳᠤᠯᠭ᠎ᠠ᠎ᠶ᠋ᠢᠨ ᠤᠯᠤᠯᠴᠠᠭ᠎ᠠ ᠨᠢᠭ᠍ᠲᠠ ᠪᠤᠯᠵᠤ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠬᠦᠷᠢᠶ᠎ᠡ ᠴᠠᠷᠠᠭ᠎ᠠ ᠶᠠᠷᠢᠯᠴᠠᠭ᠎ᠠ ᠡᠴᠡ ᠪᠣᠳᠠᠲᠠᠢ᠎ᠶ᠋ᠢ ᠡᠷᠬᠢᠮᠯᠡᠬᠰᠡᠨ ᠬᠠᠮᠲᠤᠷᠠᠯᠴᠠᠭ᠎ᠠ᠎ᠶ᠋ᠢᠨ ᠱᠠᠲᠤᠨ᠎ᠳᠤ ᠣᠷᠣᠵᠤ᠂ ᠠᠵᠤ ᠠᠬᠤᠢ ᠠᠷᠠᠯᠵᠢᠶᠠᠨ᠎ᠤ ᠪᠡᠯᠡ ᠣᠷᠣᠭᠤᠯᠤᠯᠲᠠ ᠪᠣᠯᠤᠨ ᠰᠠᠭᠤᠷᠢ ᠲᠥᠬᠥᠭᠡᠷᠦᠮᠵᠢ ᠶ᠋ᠢᠨ ᠬᠠᠮᠲᠤᠷᠠᠯᠴᠠᠭ᠎ᠠ ᠭᠦᠨᠵᠡᠭᠡᠢ ᠥᠷᠨᠢᠵᠦ᠍᠂ ᠠᠷᠠᠳ᠎ᠤᠨ ᠬᠣᠭᠣᠷᠣᠨᠳᠣᠬᠢ ᠰᠣᠯᠢᠯᠴᠠᠭ᠎ᠠ ᠮᠠᠰᠢ ᠤᠯᠠᠨ ᠪᠤᠯᠵᠤ᠂ ᠤᠯᠠᠨ ᠲᠠᠯ᠎ᠠ᠎ᠶ᠋ᠢᠨ ᠤᠯᠤᠯᠴᠠᠭ᠎ᠠ ᠨᠡᠩ ᠨᠢᠭ᠍ᠲᠠ ᠪᠣᠯᠵᠠᠢ᠃ ᠸᠢᠶ᠍ᠸᠲ᠋ᠨᠠᠮ ᠤᠨ ᠬᠢᠨ ᠶᠡᠷᠦᠩᠬᠡᠢ ᠱᠦᠵᠢ ᠰᠢ ᠵᠢᠨ ᠫᠢᠩ ᠨᠥᠬᠥᠷ᠎ᠦᠨ ᠸᠢᠶ᠍ᠸᠲ᠋ᠨᠠᠮ ᠳᠤᠮᠳᠠᠳᠤ᠎ᠶ᠋ᠢᠨ ᠬᠠᠷᠢᠯᠴᠠᠭ᠎ᠠ᠎ᠳᠤ ᠲᠠᠯᠪᠢᠭ᠍ᠰᠠᠨ ᠣᠨᠴᠠᠭᠠᠢ ᠬᠠᠢᠷ᠎ᠠ ᠰᠡᠳᠭᠢᠯᠭᠡ ᠪᠣᠯᠤᠨ ᠢᠮᠠᠭ᠍ᠲᠠ᠎ᠶ᠋ᠢᠨ ᠳᠡᠮᠵᠢᠯᠭᠡ᠎ᠶ᠋ᠢ ᠨᠠᠨᠳᠢᠩᠨᠠᠵᠤ᠂ ᠳᠤᠮᠳᠠᠳᠤ ᠤᠯᠤᠰ᠎ᠯᠤᠭ᠎ᠠ᠎ᠶ᠋ᠢᠨ ᠬᠠᠷᠢᠯᠴᠠᠭ᠎ᠠ᠎ᠶ᠋ᠢ ᠬᠥᠭ᠌ᠵᠢᠭᠦᠯᠬᠦ᠌᠎ᠶ᠋ᠢ ᠸᠢᠶ᠍ᠸᠲ᠋ᠨᠠᠮ᠎ᠤᠨ ᠪᠤᠰᠤᠳᠴᠢ ᠬᠡᠷᠡᠭ᠌ᠴᠡᠭᠡ᠂ ᠪᠠᠢᠯᠳᠤᠬᠤ ᠪᠤᠳᠤᠯᠭ᠎ᠠ᠎ᠶ᠋ᠢᠨ ᠰᠣᠩᠭᠣᠯᠲᠠ ᠪᠣᠯᠤᠨ ᠲᠡᠷᠢᠭᠦᠨ ᠴᠢᠬᠤᠯᠠ ᠤᠷᠢᠳ ᠵᠢᠡᠷ ᠪᠤᠳᠤᠯᠬᠢᠯᠠᠬᠤ ᠪᠠᠢᠷᠢᠨ᠎ᠳᠤ ᠲᠠᠯᠪᠢᠵᠤ᠂ ᠨᠢᠭᠡ ᠳᠤᠮᠳᠠᠳᠤ ᠤᠯᠤᠰ ᠪᠠᠢᠬᠤ ᠲᠦᠷᠦ᠍᠎ᠶ᠋ᠢᠨ ᠪᠤᠳᠤᠯᠭ᠎ᠠ᠎ᠶ᠋ᠢ ᠦᠷᠭᠦᠯᠵᠢᠯᠡᠨ ᠲᠡᠮᠵᠢᠵᠤ᠂ ᠳᠤᠷᠠᠲᠠᠶ᠎ᠠ ᠳᠤᠮᠳᠠᠳᠤ ᠤᠯᠤᠰ᠎ᠯᠤᠭ᠎ᠠ ᠪᠠᠢᠯᠳᠤᠬᠤ ᠪᠤᠳᠤᠯᠭ᠎ᠠ᠎ᠶ᠋ᠢᠨ ᠤᠯᠤᠯᠴᠠᠭ᠎ᠠ ᠪᠣᠯᠤᠨ ᠥᠨᠳᠥᠷ ᠲᠦᠪᠱᠢᠨ ᠪᠦᠬᠦᠢ ᠪᠠᠢᠯᠳᠤᠬᠤ ᠪᠤᠳᠤᠯᠭ᠎ᠠ᠎ᠶ᠋ᠢᠨ ᠬᠠᠮᠵᠢᠯᠴᠠᠭ᠎ᠠ᠎ᠪᠠᠨ ᠴᠢᠩᠭᠠᠳᠭᠠᠵᠤ᠂ ᠠᠵᠤ ᠠᠬᠤᠢ ᠠᠷᠠᠯᠵᠢᠶ᠎ᠠ᠂ ᠪᠡᠯᠡ ᠣᠷᠣᠭᠤᠯᠤᠯᠲᠠ᠂ ᠲᠡᠮᠦᠷ ᠵᠠᠮ ᠵᠡᠷᠭᠡ ᠰᠠᠭᠤᠷᠢ ᠲᠥᠬᠥᠭᠡᠷᠦᠮᠵᠢ ᠪᠣᠯᠤᠨ ᠵᠢᠭᠤᠯᠴᠢᠯᠠᠯ᠎ᠤᠨ ᠬᠠᠮᠲᠤᠷᠠᠯᠴᠠᠭᠠᠨ᠎ᠤ ᠲᠦᠪᠱᠢᠨ᠎ᠢᠶᠡᠨ ᠳᠡᠭᠡᠭ᠌ᠰᠢᠯᠡᠭᠦᠯᠵᠦ᠍᠂ ᠰᠤᠷᠭᠠᠨ ᠬᠥᠮᠦᠵᠢᠯ᠂ ᠪᠣᠯᠪᠠᠰᠤᠷᠠᠯ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠂ ᠰᠣᠶᠣᠯ ᠢᠷᠭᠡᠨᠱᠢᠯ ᠪᠣᠯᠤᠨ ᠣᠷᠣᠨ ᠨᠤᠲᠤᠭ᠎ᠤᠨ ᠬᠠᠮᠲᠤᠷᠠᠯᠴᠠᠭ᠎ᠠ᠎ᠪᠠᠨ ᠴᠢᠩᠭᠠᠳᠭᠠᠵᠤ᠂ ᠡᠬᠡ ᠬᠠᠭᠤᠷᠠᠢ᠎ᠶ᠋ᠢᠨ ᠬᠢᠯᠢ᠎ᠶ᠋ᠢᠨ ᠵᠠᠭᠠᠭ᠎ᠢ ᠨᠡᠩ ᠰᠠᠢ᠌ᠨ ᠬᠠᠮᠢᠶᠠᠷᠴᠤ᠌᠂ ᠲᠠᠯᠠᠢ ᠳᠡᠭᠡᠷᠡᠬᠢ ᠡᠩᠬᠡ ᠲᠠᠢᠪᠤᠩ ᠢ ᠬᠠᠮᠠᠭᠠᠯᠠᠨ᠎ᠠ᠃ ᠸᠢᠶ᠍ᠸᠲ᠋ᠨᠠᠮ᠎ᠤᠨ ᠬᠢᠨ ᠶᠡᠷᠦᠩᠬᠡᠢ ᠱᠦᠵᠢ ᠰᠢ ᠵᠢᠨ ᠫᠢᠩ ᠨᠥᠬᠥᠷ᠎ᠦᠨ ᠳᠤᠷᠠᠳᠤᠭ᠍ᠰᠠᠨ ᠪᠦᠬᠦ᠌ ᠪᠥᠮᠪᠥᠷᠴᠡᠭ᠎ᠦᠨ ᠬᠥᠭ᠌ᠵᠢᠯᠲᠡ᠎ᠶ᠋ᠢᠨ ᠰᠠᠨᠠᠭᠠᠴᠢᠯᠠᠭ᠎ᠠ᠂ ᠪᠦᠬᠦ᠌ ᠪᠥᠮᠪᠥᠷᠴᠡᠭ᠎ᠦᠨ ᠠᠮᠤᠷ ᠲᠦᠪᠱᠢᠨ᠎ᠦ ᠰᠠᠨᠠᠭᠠᠴᠢᠯᠠᠭ᠎ᠠ᠂ ᠪᠦᠬᠦ᠌ ᠪᠥᠮᠪᠥᠷᠴᠡᠭ᠎ᠦᠨ ᠪᠣᠯᠪᠠᠰᠤᠨ᠎ᠤ ᠰᠠᠨᠠᠭᠠᠴᠢᠯᠠᠭ᠎ᠠ ᠪᠣᠯᠤᠨ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠰᠠᠨᠠᠭᠠᠴᠢᠯᠠᠭ᠎ᠠ᠎ᠶ᠋ᠢ ᠳᠡᠮᠵᠢᠵᠦ᠍᠂ ᠳᠤᠷᠠᠲᠠᠶ᠎ᠠ ᠳᠤᠮᠳᠠᠳᠤ ᠤᠯᠤᠰ ᠯᠤᠭ᠎ᠠ ᠬᠠᠮᠲᠤ᠎ᠪᠠᠷ ᠬᠥᠮᠦᠨ ᠲᠥᠷᠥᠯᠬᠢᠲᠡᠨ ᠦ ᠬᠤᠪᠢ ᠵᠠᠶᠠᠭᠠᠨ ᠤ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠤᠨ᠎ᠠ ᠭᠡᠵᠦ ᠢᠯᠡᠳᠬᠡᠪᠡ᠃
ᠬᠡᠯᠡᠯᠴᠡᠭᠡ ᠲᠡᠭᠦᠰᠦᠭ᠌ᠰᠡᠨ ᠦ ᠲᠠᠷᠠᠭ᠎ᠠ᠂ ᠬᠣᠶᠠᠷ ᠲᠠᠯ᠎ᠠ᠎ᠪᠠᠷ ᠢᠶᠠᠨ ᠨᠠᠮ᠎ᠤᠨ ᠬᠣᠭᠣᠷᠣᠨᠳᠣᠬᠢ᠂ ᠳᠣᠲᠣᠭᠠᠳᠤ ᠶ᠋ᠢ ᠬᠠᠮᠠᠭᠠᠯᠠᠬᠤ᠂ ᠬᠠᠤᠯᠢ ᠴᠠᠭᠠᠵᠠ᠂ ᠠᠵᠤ ᠠᠬᠤᠢ᠂ ᠦᠢᠯᠡᠳᠪᠦᠷᠢᠯᠡᠯ ᠤᠨ ᠬᠡᠯᠬᠢᠶ᠎ᠡ ᠬᠠᠩᠭᠠᠯᠭ᠎ᠠ ᠶ᠋ᠢᠨ ᠬᠡᠯᠬᠢᠶ᠎ᠡ ᠶ᠋ᠢᠨ ᠬᠠᠮᠲᠤᠷᠠᠯᠴᠠᠭ᠎ᠠ᠂ ᠪᠣᠭᠣᠮᠲᠠ ᠶ᠋ᠢᠨ ᠬᠠᠮᠲᠤᠷᠠᠯᠴᠠᠭ᠎ᠠ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠂ ᠠᠷᠠᠳ᠎ᠤᠨ ᠠᠮᠢᠳᠤᠷᠠᠯ᠂ ᠬᠥᠮᠦᠨ᠎ᠦ ᠬᠦᠴᠦᠨ ᠦ ᠡᠬᠢ ᠪᠠᠶᠠᠯᠢᠭ᠎ᠤᠨ ᠨᠡᠭᠡᠭᠡᠨ ᠬᠥᠭ᠌ᠵᠢᠭᠦᠯᠦᠯᠲᠡ᠂ ᠵᠠᠭᠤᠴᠢᠯᠠᠭᠤᠷ ᠪᠣᠯᠤᠨ ᠣᠷᠣᠨ ᠨᠤᠲᠤᠭ ᠵᠡᠷᠭᠡ ᠬᠦᠷᠢᠶᠡᠨ᠎ᠳᠡᠬᠢ ᠤᠯᠠᠨ ᠵᠦᠢᠯ ᠦᠨ ᠬᠣᠶᠠᠷ ᠲᠠᠯ᠎ᠠ᠎ᠶ᠋ᠢᠨ ᠬᠠᠮᠲᠤᠷᠠᠯᠴᠠᠭᠠᠨ᠎ᠤ ᠪᠢᠴᠢᠭ ᠮᠠᠲ᠋ᠧᠷᠢᠶᠠᠯ᠎ᠳᠤ ᠭᠠᠷᠤᠨ ᠦᠰᠦᠭ ᠵᠢᠷᠤᠬᠤ ᠶ᠋ᠢ ᠬᠠᠮᠲᠤ᠎ᠪᠠᠷ ᠭᠡᠷᠡᠴᠢᠯᠡᠪᠡ᠃
ᠬᠡᠯᠡᠯᠴᠡᠭᠡ ᠬᠢᠬᠦ᠌ ᠡᠴᠡ ᠡᠮᠦᠨ᠎ᠡ᠂ ᠰᠢ ᠵᠢᠨ ᠫᠢᠩ ᠬᠠᠳᠤᠨ ᠫᠸᠩ ᠯᠢ ᠶᠤᠸᠠᠨ᠎ᠲᠠᠶ᠎ᠪᠠᠨ ᠠᠷᠠᠳ ᠤᠨ ᠶᠡᠬᠡ ᠬᠤᠷᠠᠯ᠎ᠤᠨ ᠲᠠᠩᠬᠢᠮ᠎ᠤᠨ ᠵᠡᠭᠦᠨ ᠡᠭᠦᠳᠡᠨ᠎ᠦ ᠭᠠᠳᠠᠨᠠᠬᠢ ᠠᠭᠤᠳᠠᠮ ᠲᠠᠯᠠᠪᠠᠢ᠎ᠳᠤ ᠰᠤ᠌ ᠯᠢᠨ ᠪᠣᠯᠤᠨ ᠲᠡᠭᠦᠨ᠎ᠦ ᠬᠠᠳᠤᠨ ᠦ᠋ ᠹᠠᠩ ᠯᠢ᠎ᠶ᠋ᠢ ᠤᠭ᠍ᠲᠤᠬᠤ ᠶᠣᠰᠣᠯᠠᠯ ᠶᠠᠪᠤᠭᠤᠯᠪᠠ᠃ ᠰᠤ᠌ ᠯᠢᠨ ᠬᠦᠷᠴᠦ᠍ ᠢᠷᠡᠬᠦ᠌᠎ᠳᠦ ᠶᠣᠰᠣᠯᠠᠯ᠎ᠤᠨ ᠴᠡᠷᠢᠭ ᠮᠥᠷᠯᠡᠨ ᠵᠣᠭ᠍ᠰᠣᠵᠤ ᠶᠣᠰᠣᠯᠠᠪᠠ᠃ ᠰᠢ ᠵᠢᠨ ᠫᠢᠩ ᠪᠣᠯᠤᠨ ᠰᠤ᠌ ᠯᠢᠨ ᠱᠢᠯᠭᠠᠨ ᠦᠵᠡᠬᠦ᠌ ᠲᠠᠢᠰᠠᠨ᠎ᠳᠤ ᠭᠠᠷᠴᠤ᠌᠂ ᠴᠡᠷᠢᠭ᠎ᠦᠨ ᠬᠥᠭ᠌ᠵᠢᠮ᠎ᠦᠨ ᠪᠦᠯᠬᠦᠮ ᠳᠤᠮᠳᠠᠳᠤ ᠸᠢᠶ᠍ᠸᠲ᠋ᠨᠠᠮ ᠬᠣᠶᠠᠷ ᠤᠯᠤᠰ᠎ᠤᠨ ᠤᠯᠤᠰ᠎ᠤᠨ ᠰᠦᠯᠳᠡ ᠳᠠᠭᠤᠤ᠎ᠶ᠋ᠢ ᠬᠥᠭ᠌ᠵᠢᠮᠳᠡᠵᠦ᠍᠂ ᠲᠢᠶᠠᠨ ᠠᠨ ᠮᠸᠨ ᠠᠭᠤᠳᠠᠮ ᠲᠠᠯᠠᠪᠠᠢ᠎ᠳᠤ ᠶᠣᠰᠣᠯᠠᠯ᠎ᠤᠨ ᠫᠤᠤ ᠵᠢ 21 ᠳᠤᠤᠭᠠᠷᠭᠠᠪᠠ᠃ ᠰᠤ᠌ ᠯᠢᠨ ᠰᠢ ᠵᠢᠨ ᠫᠢᠩ᠎ᠦᠨ ᠪᠠᠷ᠎ᠠ ᠪᠤᠯᠤᠯᠭ᠎ᠠ᠎ᠲᠠᠶ᠎ᠪᠠᠷ ᠳᠤᠮᠳᠠᠳᠤ ᠤᠯᠤᠰ᠎ᠤᠨ ᠠᠷᠠᠳ᠎ᠤᠨ ᠴᠢᠯᠥᠭᠡᠯᠡᠬᠦ᠌ ᠴᠡᠷᠢᠭ᠎ᠦᠨ ᠶᠣᠰᠣᠯᠠᠯ᠎ᠤᠨ ᠠᠩᠬᠢ᠎ᠶ᠋ᠢ ᠱᠢᠯᠭᠠᠨ ᠦᠵᠡᠭ᠌ᠰᠡᠨ ᠪᠥᠭᠡᠳ ᠵᠢᠭ᠍ᠰᠠᠭᠠᠯ᠎ᠢ ᠰᠣᠨᠢᠷᠬᠠᠪᠠ᠃ ᠪᠠᠭᠠᠴᠤᠳ ᠬᠡᠦᠬᠡᠳ ᠭᠠᠷ᠎ᠲᠠᠭᠠᠨ ᠬᠤᠸᠠᠷ ᠴᠡᠴᠡᠭ ᠪᠠ ᠳᠤᠮᠳᠠᠳᠤ ᠸᠢᠶᠧᠲ᠋ᠨᠠᠮ ᠬᠣᠶᠠᠷ ᠤᠯᠤᠰ᠎ᠤᠨ ᠨᠠᠮ᠎ᠤᠨ ᠲᠣᠭ᠂ ᠤᠯᠤᠰ᠎ᠤᠨ ᠲᠣᠭ᠎ᠢ ᠠᠳᠬᠤᠵᠤ ᠤᠷᠠᠢᠯᠠᠨ ᠮᠡᠨᠳᠦᠴᠢᠯᠡᠪᠡ᠃
ᠲᠤᠰ ᠡᠳᠦᠷ ᠦᠨ ᠦᠳᠡ᠎ᠳᠦ᠂ ᠰᠢ ᠵᠢᠨ ᠫᠢᠩ ᠪᠣᠯᠤᠨ ᠫᠸᠩ ᠯᠢ ᠶᠤᠸᠠᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠠᠯᠳᠠᠨ ᠰᠢᠷᠭᠠᠯ ᠶᠡᠬᠡ ᠲᠢᠩᠬᠢᠮ᠎ᠳᠦ ᠰᠤ᠌ ᠯᠢᠨ ᠪᠤᠯᠤᠨ ᠳᠡᠭᠦᠨ ᠤ᠋ ᠬᠠᠳᠤᠨ ᠢ ᠤᠭ᠍ᠲᠤᠬᠤ ᠳᠠᠢᠯᠠᠯᠭ᠎ᠠ ᠬᠢᠪᠡ᠃
ᠲᠤᠰ ᠡᠳᠦᠷ ᠦᠨ ᠦᠳᠡ᠎ᠶ᠋ᠢᠨ ᠬᠣᠢᠨ᠎ᠠ᠂ ᠰᠤ᠌ ᠯᠢᠨ ᠪᠠᠰᠠ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡ᠎ᠶ᠋ᠢᠨ ᠦᠵᠡᠰᠭᠦᠯᠡᠩ᠎ᠦᠨ ᠣᠷᠳᠣᠨ᠎ᠢᠶᠠᠷ ᠲᠣᠭᠣᠷᠢᠨ ᠦᠵᠡᠪᠡ᠃
ᠼᠠᠢ ᠴᠢ᠂ ᠸᠠᠩ ᠢ᠂ ᠶᠢᠨ ᠯᠢ᠂ ᠸᠠᠩ ᠱᠢᠶᠤᠤ ᠬᠣᠩᠨᠠᠷ ᠬᠣᠯᠪᠣᠭ᠍ᠳᠠᠯ ᠪᠦᠬᠦᠢ ᠠᠵᠢᠯᠯᠠᠭ᠎ᠠ᠎ᠳᠤ ᠣᠷᠣᠯᠴᠠᠵᠠᠢ᠃
(ᠱᠢᠨᠬᠤᠸᠠ ᠬᠤᠷᠢᠶ᠎ᠠ ᠵᠢᠨ ᠪᠡᠭᠡᠵᠢᠩ᠎ᠦᠨ 4 ᠰᠠᠷ᠎ᠠ᠎ᠶ᠋ᠢᠨ 15 ᠤ᠋ ᠴᠠᠬᠢᠯᠭᠠᠨ ᠮᠡᠳᠡᠭᠡ)