ᠰᠢ᠎ᠶᠢᠨ ᠫᠢᠩ ᠰᠥ᠍ ᠯᠢᠨ ᠲᠡᠢ ᠬᠠᠮᠲᠤ ᠳᠤᠮᠳᠠᠳᠤ ᠸᠢᠶᠧᠲᠨᠠᠮ᠎ᠤᠨ ᠵᠠᠯᠠᠭᠤᠴᠤᠳ᠎ᠤᠨ ᠲᠥᠯᠥᠭᠡᠯᠡᠭᠴᠢᠳ᠎ᠲᠠᠢ ᠠᠭᠤᠯᠵᠠᠪᠠ
2026-04-16 09:21:55
ᠵᠣᠬᠢᠶᠠᠭ᠍ᠴᠢ᠄
ᠳ᠋ᠦᠩ ᠰᠢᠦᠸᠠᠢ ᠹᠸᠩ ᠰᠢᠨ ᠷᠠᠨ
ᠣᠩᠱᠢᠭ᠍ᠰᠠᠨ ᠣᠳᠠᠭ᠎ᠠ᠄
★★★☆☆

4 ᠰᠠᠷ᠎ᠠ᠎ᠶᠢᠨ 15 ᠎ᠤ᠋ ᠦᠳᠡ᠎ᠶᠢᠨ ᠡᠮᠦᠨ᠎ᠡ᠂ ᠳᠤᠮᠳᠠᠳᠤ ᠤᠯᠤᠰ᠎ᠤᠨ ᠡᠪ ᠬᠠᠮᠲᠦ ᠨᠠᠮ᠎ᠤᠨ ᠲᠥᠪ ᠬᠣᠷᠢᠶ᠎ᠡ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ ᠰᠢ᠎ᠶᠢᠨ ᠫᠢᠩ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ᠎ᠲᠤ ᠲᠦᠷᠦ᠎ᠶᠢᠨ ᠶᠠᠪᠤᠳᠠᠯ᠎ᠤᠨ ᠠᠶ᠋ᠢᠯᠴᠢᠯᠠᠯᠲᠠ ᠬᠢᠬᠦ᠎ᠪᠡᠷ ᠢᠷᠡᠭᠰᠡᠨ ᠸᠢᠶᠸᠲᠨᠠᠮ᠎ᠤᠨ ᠡᠪ ᠬᠠᠮᠲᠤ ᠨᠠᠮ᠎ᠤᠨ ᠲᠥᠪ ᠬᠣᠷᠢᠶ᠎ᠡ ᠵᠢᠨ ᠶᠡᠷᠦᠩᠬᠡᠢ ᠱᠦᠵᠢ᠂ ᠤᠯᠤᠰ ᠎ᠤᠨ ᠲᠡᠷᠢᠭᠦᠯᠡᠭᠴᠢ ᠰᠦ᠍ ᠯᠢᠨ᠎ᠲᠠᠢ ᠬᠠᠮᠲᠦ 《ᠬᠤᠪᠢᠰᠬᠠᠯ᠎ᠤᠨ ᠬᠥᠮᠦᠵᠢᠯ᠎ᠦᠨ ᠰᠤᠳᠤᠯᠤᠨ ᠰᠤᠷᠤᠯᠴᠠᠯᠭ᠎ᠠ ᠵᠢᠨ ᠠᠶᠠᠯᠠᠯ》 ᠳ᠋ᠤ᠌ ᠣᠷᠣᠯᠴᠠᠭᠰᠠᠨ ᠳᠤᠮᠳᠠᠳᠤ ᠸᠢᠶᠸᠲᠨᠠᠮ᠎ᠤᠨ ᠵᠠᠯᠠᠭᠤᠴᠤᠳ᠎ᠤᠨ ᠲᠥᠯᠥᠭᠡᠯᠡᠭᠴᠢᠳ᠎ᠲᠠᠢ ᠠᠭᠤᠯᠵᠠᠪᠠ᠃

ᠰᠢ᠎ᠶᠢᠨ ᠫᠢᠩ ᠶᠠᠷᠢᠶ᠎ᠠ ᠲᠠᠯᠪᠢᠵᠤ᠂ ᠨᠢᠳᠤᠨᠤᠨ ᠪᠢ ᠶᠡᠷᠦᠩᠬᠡᠢ ᠱᠦᠵᠢ ᠰᠥ᠍ ᠯᠢᠨ ᠲᠠᠢ ᠬᠠᠮᠲᠤ 《ᠬᠤᠪᠢᠰᠬᠠᠯ᠎ᠤᠨ ᠬᠥᠮᠦᠵᠢᠯ ᠎ᠦᠨ ᠰᠤᠳᠤᠯᠤᠨ ᠰᠤᠷᠤᠯᠴᠠᠯᠭ᠎ᠠ ᠵᠢᠨ ᠠᠶᠠᠯᠠᠯ》 ᠤ᠋ᠨ ᠲᠦᠷᠦᠯ ᠵᠦᠢᠯ᠎ᠢ ᠡᠬᠢᠯᠡᠭᠦᠯᠵᠦ᠂ ᠨᠢᠭᠡ ᠵᠢᠯ᠎ᠦᠨ ᠲᠤᠷᠰᠢ ᠬᠣᠶᠠᠷ ᠤᠯᠤᠰ᠎ᠤᠨ ᠵᠠᠯᠠᠭᠤᠴᠤᠳ ᠬᠠᠮᠲᠤ ᠪᠠᠷ ᠳᠤᠮᠳᠠᠳᠤ ᠸᠢᠶᠸᠲᠨᠠᠮ᠎ᠤᠨ ᠨᠥᠬᠥᠷᠰᠡᠭ ᠬᠤᠪᠢᠰᠬᠠᠯᠲᠦ ᠤᠳᠤᠮᠰᠢᠯ᠎ᠢ ᠡᠷᠢᠯᠬᠢᠯᠡᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠎ᠶᠢᠨ ᠦᠷᠨᠢᠩᠭᠦᠢ ᠬᠦᠭᠵᠢᠯᠳᠡ ᠵᠢᠨ ᠪᠠᠢᠳᠠᠯ᠎ᠢ ᠣᠢᠯᠠᠭᠠᠵᠤ᠂ ᠳᠤᠮᠳᠠᠳᠤ ᠤᠯᠤᠰ᠎ᠤᠨ ᠡᠯ᠎ᠡ ᠭᠠᠵᠠᠷ ᠎ᠲᠤ ᠬᠠᠷᠢᠯᠴᠠᠨ ᠰᠤᠷᠤᠯᠴᠠᠵᠤ ᠬᠠᠷᠢᠯᠴᠠᠨ ᠲᠣᠯᠢ ᠪᠤᠯᠭᠠᠬᠤ᠂ ᠬᠠᠷᠢᠯᠴᠠᠨ ᠣᠢᠯᠠᠭᠠᠯᠴᠠᠵᠤ ᠬᠠᠷᠢᠯᠴᠠᠨ ᠳᠣᠲᠣᠨᠣᠴᠢᠯᠠᠬᠤ ᠮᠠᠰᠢ ᠤᠯᠠᠨ ᠠᠮᠢᠳᠤᠯᠢᠭ᠋ ᠦᠯᠢᠭᠡᠷ᠎ᠢ ᠦᠯᠡᠳᠡᠭᠡᠪᠡ᠃ ᠲᠦᠷᠦᠭᠦᠬᠡᠨ᠂ ᠪᠢ ᠸᠢᠶᠸᠲᠨᠠᠮ᠎ᠤᠨ ᠬᠠᠨᠤᠢ ᠵᠢᠨ ᠤᠯᠤᠰ᠎ᠤᠨ ᠶᠡᠬᠡ ᠰᠤᠷᠭᠠᠭᠤᠯᠢ᠎ᠶᠢᠨ ᠭᠠᠳᠠᠭᠠᠳᠤ ᠬᠡᠯᠡᠨ᠎ᠦ ᠬᠠᠷᠢᠶᠠᠲᠤ ᠳᠤᠮᠳᠠᠳᠤ ᠰᠤᠷᠭᠠᠭᠤᠯᠢ᠎ᠶᠢᠨ ᠰᠤᠷᠤᠭ᠍ᠴᠢᠳ᠎ᠤᠨ ᠬᠢᠲᠠᠳ ᠬᠡᠯᠡ ᠎ᠪᠡᠷ ᠪᠢᠴᠢᠭᠰᠡᠨ ᠵᠠᠬᠢᠳᠠᠯ ᠎ᠢ ᠲᠤᠰᠤᠨ ᠣᠯᠵᠤ᠂ 《ᠬᠤᠪᠢᠰᠬᠠᠯ᠎ᠤᠨ ᠬᠥᠮᠦᠵᠢᠯ ᠎ᠦᠨ ᠰᠤᠳᠤᠯᠤᠨ ᠰᠤᠷᠤᠯᠴᠠᠯᠭ᠎ᠠ ᠵᠢᠨ ᠠᠶᠠᠯᠠᠯ》 ᠳ᠋ᠤ ᠣᠷᠣᠯᠴᠠᠭᠰᠠᠨ ᠭᠦᠨᠵᠡᠭᠡᠢ ᠣᠢᠯᠠᠭᠠᠯᠲᠠ ᠎ᠪᠠᠨ ᠬᠤᠪᠢᠶᠠᠯᠴᠠᠵᠤ᠂ ᠳᠤᠮᠳᠠᠳᠤ ᠸᠢᠶᠸᠲᠨᠠᠮ᠎ᠤᠨ ᠨᠥᠬᠥᠷᠯᠡᠯ᠎ᠦᠨ ᠤᠯᠠᠮᠵᠢᠯᠠᠭ᠍ᠴᠢ ᠪᠠ ᠳᠠᠮᠵᠢᠭᠤᠯᠤᠭᠴᠢ ᠪᠣᠯᠬᠤ᠎ᠪᠠᠷ ᠵᠣᠷᠢᠭ᠋ ᠰᠢᠭᠤᠳᠤᠭᠰᠠᠨ᠎ᠳᠤᠨᠢ ᠪᠢ ᠮᠠᠰᠢ ᠪᠠᠶᠠᠷᠯᠠᠵᠤ ᠪᠠᠢᠨ᠎ᠠ ᠭᠡᠵᠦ ᠢᠯᠡᠳᠬᠡᠪᠡ᠃

ᠰᠢ᠎ᠶᠢᠨ ᠫᠢᠩ᠂ ᠵᠠᠯᠠᠭᠤᠴᠤᠳ ᠪᠣᠯ ᠨᠡᠢᠭᠡᠮ᠎ᠦᠨ ᠬᠥᠭᠵᠢᠯᠲᠡ ᠳᠠᠪᠰᠢᠯᠲᠠ᠎ᠶᠢ ᠠᠬᠢᠭᠤᠯᠬᠤ ᠠᠮᠢᠳᠤ ᠬᠦᠴᠦᠨ ᠮᠥᠨ᠂ ᠪᠠᠰᠠ ᠴᠤ᠌ ᠳᠤᠮᠳᠠᠳᠤ ᠸᠢᠶᠧᠲᠨᠠᠮ᠎ᠤᠨ ᠬᠣᠶᠠᠷ ᠨᠠᠮ ᠬᠣᠶᠠᠷ ᠤᠯᠤᠰ᠎ᠤᠨ ᠠᠵᠢᠯ ᠦᠢᠯᠡᠰ ᠎ᠢ ᠦᠶ᠎ᠡ᠎ᠶᠢᠨ ᠦᠶ᠎ᠡ᠎ᠳᠦ ᠤᠯᠠᠮᠵᠢᠯᠠᠬᠤ ᠪᠤᠤᠬᠢᠶ᠎ᠠ ᠲᠣᠰᠣᠭ᠍ᠴᠢ ᠮᠥᠨ᠃ ᠪᠢ ᠤᠯᠠᠨ᠎ᠳᠤ ᠭᠤᠷᠪᠠᠨ ᠬᠦᠰᠡᠯ ᠳᠤᠷᠠᠳᠤᠶ᠎ᠠ᠄ ᠨᠢᠭᠡ᠎ᠳᠦ ᠲᠠ ᠨᠠᠷ᠎ᠤᠨ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠤ᠂ ᠳᠤᠮᠳᠠᠳᠤ ᠸᠢᠶᠸᠲᠨᠠᠮ᠎ᠤᠨ 《ᠨᠥᠬᠥᠷ ᠪᠥᠭᠡᠳ ᠠᠬ᠎ᠠ ᠳᠡᠭᠦᠦ》 ᠵᠢᠨ ᠭᠦᠨ ᠵᠤᠵᠠᠭᠠᠨ ᠨᠥᠬᠥᠷᠯᠡᠯ᠎ᠢ ᠵᠠᠯᠠᠭᠤ ᠨᠠᠰᠤᠨ᠎ᠤ ᠭᠡᠷᠡᠯ ᠭᠢᠯᠪᠠᠭ᠎ᠠ ᠪᠤᠯᠭᠠᠨ ᠰᠠᠴᠤᠷᠠᠭᠤᠯᠬᠤ᠎ᠶᠢ ᠬᠦᠰᠡᠵᠦ ᠪᠠᠢᠨ᠎ᠠ; ᠬᠣᠶᠠᠷ᠎ᠲᠤ ᠲᠠ ᠨᠠᠷ ᠎ᠤᠨ  ᠵᠤᠷᠢᠬᠳᠠᠢ ᠪᠡᠷ ᠬᠠᠷᠢᠭᠤᠴᠠᠯᠭ᠎ᠠ ᠡᠭᠦᠷᠭᠡᠯᠡᠵᠦ᠂ ᠵᠠᠯᠠᠭᠤ ᠨᠠᠰᠤᠨ᠎ᠤ ᠠᠮᠢᠵᠢᠷᠠᠯ᠎ᠤᠨ ᠬᠦᠴᠦᠨ ᠪᠣᠯᠣᠨ ᠪᠦᠲᠦᠭᠡᠯᠴᠢ ᠬᠦᠴᠦᠨ᠎ᠢᠶᠡᠷ᠎ᠢᠶᠡᠨ ᠰᠢᠨ᠎ᠡ᠎ᠶᠢ ᠡᠭᠦᠳᠬᠦ᠂ ᠨᠡᠭᠡᠭᠡᠯᠲᠡ᠂ ᠬᠠᠮᠲᠤᠷᠠᠯᠴᠠᠭ᠎ᠠ᠂ ᠬᠠᠮᠲᠤ ᠪᠠᠷ ᠠᠰᠢᠭ᠋ ᠬᠦᠷᠳᠡᠬᠦ ᠰᠦᠷ ᠳᠠᠯᠠᠢᠴᠠᠲᠠᠢ ᠤᠷᠤᠰᠬᠠᠯ ᠎ᠢ ᠬᠥᠭᠵᠢᠭᠡᠬᠦ᠎ᠶᠢ ᠬᠦᠰᠡᠵᠦ ᠪᠠᠢᠨ᠎ᠠ; ᠭᠤᠷᠪᠠ᠎ᠳᠤ ᠲᠠ ᠨᠠᠷ ᠎ᠤᠨ ᠬᠡᠬᠦᠳᠡᠭ ᠴᠡᠭᠡᠵᠢᠨ᠎ᠳᠡᠭᠡᠨ ᠳᠡᠯᠡᠬᠡᠢ ᠳ᠋ᠠᠬᠢᠨ᠎ᠢ ᠪᠠᠭᠲᠠᠭᠠᠵᠤ᠂ ᠬᠥᠮᠥᠨ ᠲᠥᠷᠥᠯᠬᠢᠲᠡᠨ ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ ᠬᠣᠰᠢᠭᠤᠴᠢ ᠠᠩᠭᠢ ᠪᠣᠯᠬᠤ᠎ᠪᠠᠷ ᠴᠢᠷᠮᠠᠢᠵᠤ᠂ ᠬᠥᠮᠥᠨ ᠲᠥᠷᠥᠯᠬᠢᠲᠡᠨ᠎ᠦ ᠲᠠᠪᠰᠢᠯᠳᠠ᠎ᠶᠢᠨ ᠦᠢᠯᠡᠰ᠎ᠲᠦ ᠵᠠᠯᠠᠭᠤ ᠨᠠᠰᠤᠨ᠎ᠤ ᠬᠦᠴᠦᠨ ᠴᠢᠳᠠᠯ᠎ᠢᠶᠠᠨ ᠡᠷᠭᠦᠬᠦ᠎ᠶᠢ ᠬᠦᠰᠡᠵᠦ ᠪᠠᠢᠨ᠎ᠠ ᠭᠡᠵᠤ ᠴᠢᠬᠤᠯᠠᠴᠢᠯᠠᠪᠠ᠃

ᠰᠥ᠍ ᠯᠢᠨ ᠂ 《ᠬᠤᠪᠢᠰᠬᠠᠯ ᠎ᠤᠨ ᠬᠥᠮᠦᠵᠢᠯ ᠎ᠦᠨ ᠰᠤᠳᠤᠯᠤᠨ ᠰᠤᠷᠤᠯᠴᠠᠯᠭ᠎ᠠ ᠵᠢᠨ ᠠᠶᠠᠯᠠᠯ》 ᠡᠬᠢᠯᠡᠭᠰᠡᠨ ᠨᠢᠭᠡ ᠵᠢᠯ ᠎ᠦᠨ ᠲᠤᠷᠰᠢ᠂ ᠸᠢᠶᠧᠲᠨᠠᠮ ᠎ᠤᠨ ᠮᠢᠩᠭ᠎ᠠ ᠭᠠᠷᠤᠢ ᠵᠠᠯᠠᠭᠤᠴᠤᠳ ᠠᠬᠠᠮᠠᠳ ᠨᠢᠭᠡ ᠦᠶ᠎ᠡ᠎ᠶᠢᠨ ᠤᠳᠤᠷᠢᠳᠬᠤ ᠬᠥᠮᠥᠰ ᠎ᠦᠨ ᠤᠯᠠ ᠮᠥᠷ᠎ᠢᠶᠡᠷ ᠳᠤᠮᠳᠠᠳᠤ ᠤᠯᠤᠰ ᠎ᠲᠠᠬᠢ ᠬᠤᠪᠢᠰᠬᠠᠯ ᠎ᠤᠨ ᠪᠠᠭᠤᠷᠢ ᠎ᠳᠤ ᠠᠢᠯᠴᠢᠯᠠᠵᠤ᠂ ᠬᠣᠶᠠᠷ ᠤᠯᠤᠰ᠎ᠤᠨ ᠬᠤᠪᠢᠰᠬᠠᠯ ᠎ᠤᠨ ᠤᠯᠠᠮᠵᠢᠯᠠᠯ ᠪᠣᠯᠣᠨ ᠭᠦᠨ ᠵᠤᠵᠠᠭᠠᠨ ᠨᠥᠬᠥᠷᠯᠡᠯ ᠎ᠢ ᠣᠢᠯᠠᠭᠠᠪᠠ᠃ ᠵᠠᠯᠠᠭᠤᠴᠤᠳ ᠪᠣᠯ ᠸᠢᠶᠸᠲᠨᠠᠮ ᠳᠤᠮᠳᠠᠳᠤ᠎ᠶᠢᠨ ᠬᠣᠶᠠᠷ ᠨᠠᠮ ᠬᠣᠶᠠᠷ ᠤᠯᠤᠰ᠎ᠤᠨ ᠬᠠᠷᠢᠯᠴᠠᠭᠠᠨ᠎ᠤ ᠴᠢᠬᠤᠯᠠ ᠬᠥᠭᠥᠷᠭᠡ ᠮᠥᠨ᠂ ᠬᠣᠶᠠᠷ ᠤᠯᠤᠰ᠎ᠤᠨ ᠵᠠᠯᠠᠭᠤᠴᠤᠳ ᠬᠦᠰᠡᠯᠡᠩ ᠢᠲᠡᠭᠡᠯ ᠪᠢᠰᠢᠷᠡᠯ᠎ᠢᠶᠡᠨ ᠴᠢᠨᠠᠭᠰᠢᠳᠠ ᠪᠠᠲᠤᠳᠬᠠᠵᠤ᠂ ᠤᠯᠤᠰ ᠲᠦᠷᠦ᠎ᠶᠢᠨ ᠴᠢᠳᠠᠪᠤᠷᠢ᠎ᠪᠠᠨ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠎ᠤ ᠮᠡᠳᠡᠯᠭᠡ ᠎ᠶᠢ ᠡᠵᠡᠮᠰᠢᠵᠦ᠂ ᠸᠢᠶᠸᠲᠨᠠᠮ ᠳᠤᠮᠳᠠᠳᠤ᠎ᠶᠢᠨ ᠬᠠᠷᠢᠯᠴᠠᠭᠠᠨ ᠎ᠤ ᠲᠤᠬᠠᠢ ᠲᠠᠨᠢᠯᠲᠠ᠎ᠪᠠᠨ ᠭᠦᠨᠵᠡᠭᠡᠢᠷᠡᠭᠦᠯᠵᠦ᠂ ᠥᠪᠡᠷ ᠥᠪᠡᠷ᠎ᠦᠨ ᠤᠯᠤᠰ᠎ᠤᠨ᠎ᠢᠶᠠᠨ ᠬᠥᠭᠵᠢᠯᠲᠡ ᠪᠣᠯᠣᠨ ᠬᠣᠶᠠᠷ ᠤᠯᠤᠰ᠎ᠤᠨ ᠨᠥᠬᠥᠷᠰᠡᠭ ᠪᠠᠢᠳᠠᠯ᠎ᠳᠦ ᠴᠢᠬᠤᠯᠠ ᠦᠢᠯᠡᠳᠦᠯ ᠦᠵᠡᠭᠦᠯᠬᠦ᠎ᠶᠢ ᠬᠦᠰᠡᠵᠦ ᠪᠠᠢᠨ᠎ᠠ ᠭᠡᠵᠦ ᠢᠯᠡᠳᠬᠡᠪᠡ᠃

《ᠬᠤᠪᠢᠰᠬᠠᠯ ᠎ᠤᠨ ᠬᠥᠮᠦᠵᠢᠯ ᠎ᠤᠨ  ᠰᠤᠳᠤᠯᠤᠨ ᠰᠤᠷᠤᠯᠴᠠᠯᠭ᠎ᠠ ᠵᠢᠨ ᠠᠶᠠᠯᠠᠯ》 ᠎ᠤ᠋ᠨ ᠠᠵᠢᠯᠯᠠᠭ᠎ᠠ᠎ᠳᠤ ᠣᠷᠣᠯᠴᠠᠭᠰᠠᠨ ᠸᠢᠶᠸᠲᠨᠠᠮ᠎ᠤᠨ ᠲᠠᠯ᠎ᠠ᠎ᠶᠢᠨ 200 ᠭᠠᠷᠤᠢ ᠵᠠᠯᠠᠭᠤᠴᠤᠳ᠎ᠤᠨ ᠲᠥᠯᠥᠭᠡᠯᠡᠭᠴᠢ ᠪᠣᠯᠣᠨ ᠳᠤᠮᠳᠠᠳᠤ᠎ᠶᠢᠨ ᠲᠠᠯ᠎ᠠ᠎ᠶᠢᠨ 100 ᠭᠠᠷᠤᠢ ᠵᠠᠯᠠᠭᠤᠴᠤᠳ᠎ᠤᠨ ᠲᠥᠯᠥᠭᠡᠯᠡᠭᠴᠢ ᠲᠤᠰ ᠤᠳᠠᠭ᠎ᠠ ᠎ᠶᠢᠨ ᠠᠵᠢᠯᠯᠠᠭ᠎ᠠ ᠎ᠳᠤ ᠣᠷᠣᠯᠴᠠᠪᠠ᠃ ᠬᠣᠶᠠᠷ ᠤᠯᠤᠰ᠎ᠤᠨ ᠵᠠᠯᠠᠭᠤᠴᠤᠳ ᠬᠣᠶᠠᠷ ᠲᠠᠯ᠎ᠠ ᠎ᠶᠢᠨ ᠤᠳᠤᠷᠢᠳᠬᠤ ᠬᠥᠮᠦᠨ ᠎ᠤ ᠲᠠᠯᠪᠢᠭ᠍ᠰᠠᠨ ᠴᠢᠬᠤᠯᠠ ᠶᠠᠷᠢᠶ᠎ᠠ᠎ᠳᠤ ᠬᠠᠯᠠᠭᠤᠨ ᠠᠯᠠᠭ᠎ᠠ ᠲᠠᠰᠢᠪᠠ᠃

《ᠬᠤᠪᠢᠰᠬᠠᠯ ᠎ᠤᠨ ᠬᠥᠮᠦᠵᠢᠯ ᠎ᠦᠨ ᠰᠤᠳᠤᠯᠤᠨ ᠰᠤᠷᠤᠯᠴᠠᠯᠭ᠎ᠠ ᠵᠢᠨ ᠠᠶᠠᠯᠠᠯ》 ᠎ᠤ᠋ᠨ ᠠᠵᠢᠯᠯᠠᠭ᠎ᠠ ᠎ᠶᠢ ᠶᠡᠷᠦᠩᠬᠡᠢ ᠱᠦᠵᠢ᠂ ᠤᠯᠤᠰ ᠎ᠤᠨ ᠲᠡᠷᠢᠭᠦᠯᠡᠭᠴᠢ ᠰᠢ᠎ᠶᠢᠨ ᠫᠢᠩ᠂ 2025 ᠣᠨ᠎ᠤ 4 ᠰᠠᠷ᠎ᠠ᠎ᠳᠤ ᠸᠢᠶᠧᠲᠨᠠᠮ ᠎ᠳᠤ ᠠᠢᠯᠴᠢᠯᠠᠬᠤ ᠬᠤᠭᠤᠴᠠᠭᠠᠨ᠎ᠳᠠᠭᠠᠨ ᠰᠥ᠍ ᠯᠢᠨ ᠲᠠᠢ ᠬᠠᠮᠲᠤ ᠨᠡᠢᠲᠡᠯᠡᠵᠤ᠂ ᠬᠣᠶᠠᠷ ᠤᠯᠤᠰ ᠎ᠤᠨ ᠵᠠᠯᠠᠭᠤᠴᠤᠳ᠎ᠤᠨ ᠬᠣᠶᠠᠷ ᠤᠯᠤᠰ᠎ᠤᠨ ᠠᠬᠠᠮᠠᠳ ᠨᠢᠭᠡ ᠦᠶ᠎ᠡ᠎ᠶᠢᠨ ᠤᠳᠤᠷᠢᠳᠬᠤ ᠬᠥᠮᠥᠰ ᠎ᠦᠨ ᠬᠤᠪᠢᠰᠬᠠᠯ ᠎ᠤᠨ ᠤᠯᠠ ᠮᠥᠷ ᠎ᠢ ᠳᠠᠭᠠᠵᠤ᠂ ᠳᠤᠮᠳᠠᠳᠤ ᠸᠢᠶᠸᠲᠨᠠᠮ᠎ᠤᠨ ᠨᠥᠬᠥᠷᠰᠡᠭ ᠬᠤᠪᠢᠰᠬᠠᠯᠲᠤ ᠤᠳᠤᠮᠰᠢᠯ᠎ᠢ ᠡᠷᠢᠯᠬᠢᠯᠡᠵᠤ᠂ ᠬᠣᠶᠠᠷ ᠤᠯᠤᠰ᠎ᠤᠨ ᠨᠡᠢᠭᠡᠮ ᠵᠢᠷᠤᠮ᠎ᠤᠨ ᠦᠢᠯᠡᠰ ᠪᠣᠯᠣᠨ ᠪᠠᠢᠯᠳᠤᠬᠤ ᠪᠣᠳᠣᠯᠭ᠎ᠠ᠎ᠶᠢᠨ ᠠᠴᠢ ᠬᠣᠯᠪᠣᠭᠳᠠᠯ᠎ᠪᠦᠬᠦᠢ ᠳᠤᠮᠳᠠᠳᠤ ᠸᠢᠶᠸᠲᠨᠠᠮ᠎ᠤᠨ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ᠎ᠳᠤ ᠵᠠᠯᠠᠭᠤ ᠨᠠᠰᠤᠨ᠎ᠤ ᠬᠦᠴᠦᠨ ᠴᠢᠳᠠᠯ᠎ᠢ ᠨᠢᠭ᠍ᠲᠠᠷᠠᠭᠤᠯᠬᠤ ᠵᠢ ᠵᠤᠷᠢᠪᠠ᠃

ᠼᠠᠢ ᠴᠢ᠂ ᠸᠠᠩ ᠢ᠂ ᠶᠢᠨ ᠯᠢ᠂ ᠸᠠᠩ ᠰᠢᠶᠣᠣ ᠬᠣᠩ ᠨᠠᠷ ᠣᠷᠣᠯᠴᠠᠵᠠᠢ᠃


ᠰᠢᠨᠬᠤᠸᠠ ᠬᠣᠷᠢᠶ᠎ᠡ ᠵᠢᠨ ᠪᠡᠭᠡᠵᠢᠩ᠎ᠦᠨ 4 ᠰᠠᠷ᠎ᠠ᠎ᠶᠢᠨ 15 ᠎ᠤ᠋ ᠴᠠᠬᠢᠯᠭᠠᠨ ᠮᠡᠳᠡᠭᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号