4 ᠰᠠᠷ᠎ᠠ᠎ᠶᠢᠨ 15᠎ᠤ᠋ ᠦᠳᠡ᠎ᠶᠢᠨ ᠡᠮᠦᠨ᠎ᠡ᠂ ᠤᠯᠤᠰ᠎ᠤᠨ ᠲᠡᠷᠢᠭᠦᠯᠡᠭᠴᠢ ᠰᠢ᠎ᠶᠢᠨ ᠫᠢᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠤᠷᠤᠰ᠎ᠤᠨ ᠭᠠᠳᠠᠭᠠᠳᠤ ᠶᠠᠪᠤᠳᠠᠯ᠎ᠤᠨ ᠶᠠᠮᠤᠨ᠎ᠤ ᠰᠠᠢᠳ ᠯᠠᠹᠯᠤᠹ ᠲᠠᠢ ᠠᠭᠤᠯᠵᠠᠪᠠ᠃
ᠰᠢ᠎ᠶᠢᠨ ᠫᠢᠩ ᠯᠠᠹᠯᠤᠹ ᠵᠢᠡᠷ ᠳᠠᠮᠵᠢᠭᠤᠯᠵᠤ ᠶᠡᠷᠦᠩᠬᠡᠢᠯᠡᠭᠴᠢ ᠫᠦᠲ᠋ᠢᠨ ᠳ᠋ᠤ᠌ ᠴᠢᠩ ᠰᠡᠳᠬᠢᠯ᠎ᠦᠨ ᠮᠡᠨᠳᠦᠴᠢᠯᠡᠯ ᠬᠦᠷᠭᠡᠪᠡ᠃ ᠰᠢ᠎ᠶᠢᠨ ᠫᠢᠩ᠂ ᠡᠨᠡ ᠵᠢᠯ ᠪᠣᠯ ᠳᠤᠮᠳᠠᠳᠤ ᠣᠷᠣᠰ᠎ᠤᠨ ᠪᠠᠢᠯᠳᠤᠬᠤ ᠪᠣᠳᠣᠯᠭ᠎ᠠ᠎ᠶᠢᠨ ᠬᠠᠮᠵᠢᠯᠴᠠᠭᠠᠨ᠎ᠤ ᠬᠠᠨᠢᠲᠠᠨ᠎ᠤ ᠬᠠᠷᠢᠯᠴᠠᠭ᠎ᠠ ᠪᠠᠢᠭᠤᠯᠤᠭᠰᠠᠨ 30 ᠵᠢᠯ᠎ᠦᠨ ᠣᠶ ᠮᠥᠨ᠂ ᠪᠠᠰᠠ ᠴᠦ᠍ 《ᠳᠤᠮᠳᠠᠳᠤ ᠣᠷᠣᠰ᠎ᠤᠨ ᠡᠶᠡᠯᠳᠡᠭ ᠬᠥᠷᠰᠢ᠎ᠶᠢᠨ ᠨᠥᠬᠥᠷᠰᠡᠭ ᠬᠠᠮᠲᠤᠷᠠᠯᠴᠠᠭᠠᠨ᠎ᠤ ᠭᠡᠷ᠎ᠡ》 ᠲᠣᠭᠲᠠᠭᠰᠠᠨ 25 ᠵᠢᠯ᠎ᠦᠨ ᠣᠶ ᠮᠥᠨ᠂ ᠬᠣᠶᠠᠷ ᠤᠯᠤᠰ᠎ᠤᠨ ᠪᠥᠬᠥ ᠲᠠᠯ᠎ᠠ᠎ᠶᠢᠨ ᠪᠠᠢᠯᠳᠤᠬᠤ ᠪᠣᠳᠣᠯᠭ᠎ᠠ᠎ᠶᠢᠨ ᠬᠠᠮᠵᠢᠯᠴᠠᠭᠠᠨ᠎ᠤ ᠬᠠᠨᠢᠲᠠᠨ᠎ᠤ ᠬᠠᠷᠢᠯᠴᠠᠭ᠎ᠠ ᠥᠨᠳᠥᠷ ᠲᠦᠪᠰᠢᠨ᠎ᠢᠶᠡᠷ ᠬᠥᠭᠵᠢᠵᠦ᠂ ᠡᠯ᠎ᠡ ᠬᠦᠷᠢᠶᠡᠨ᠎ᠳᠡᠬᠢ ᠬᠠᠮᠲᠤᠷᠠᠯᠴᠠᠭ᠎ᠠ ᠡᠯᠪᠡᠭ ᠦᠷ᠎ᠡ ᠪᠦᠲᠦᠭᠡᠯ ᠤᠯᠪᠠ᠃ ᠡᠭᠡᠳᠡᠷᠡᠭᠡᠨ ᠪᠤᠳᠤᠯᠢᠶᠠᠨᠳᠠᠢ ᠳᠡᠯᠡᠬᠡᠢ᠎ᠶᠢᠨ ᠪᠠᠢᠳᠠᠯ᠎ᠤᠨ ᠡᠮᠦᠨ᠎ᠡ᠂ ᠳᠤᠮᠳᠠᠳᠤ ᠤᠷᠤᠰ᠎ᠤᠨ ᠬᠠᠷᠢᠯᠴᠠᠭ᠎ᠠ᠎ᠶᠢᠨ ᠲᠣᠭᠲᠠᠪᠤᠷᠢᠲᠤ ᠴᠢᠨᠠᠷ ᠪᠣᠯᠣᠨ ᠲᠤᠭᠲᠠᠭᠠᠯ᠎ᠲᠦ ᠴᠢᠨᠠᠷ ᠨᠡᠩ ᠡᠷᠬᠢᠮ ᠨᠠᠨᠳᠢᠨ ᠪᠠᠢᠵᠤ᠂ 《ᠳᠤᠮᠳᠠᠳᠤ ᠤᠷᠤᠰ᠎ᠤᠨ ᠡᠶᠡᠯᠳᠡᠭ ᠬᠥᠷᠰᠢ᠎ᠶᠢᠨ ᠨᠥᠬᠥᠷᠰᠡᠭ ᠬᠠᠮᠲᠤᠷᠠᠯᠴᠠᠭᠠᠨ᠎ᠤ ᠭᠡᠷ᠎ᠡ》 ᠵᠢᠨ ᠬᠦᠴᠦᠷᠬᠡᠭ ᠶᠡᠬᠡ ᠠᠮᠢᠵᠢᠷᠠᠯ᠎ᠤᠨ ᠬᠦᠴᠦᠨ ᠪᠣᠯᠣᠨ ᠵᠢᠱ᠌ᠢᠶᠡᠴᠢ ᠠᠴᠢ ᠬᠣᠯᠪᠣᠭᠳᠠᠯ ᠨᠡᠩ ᠲᠣᠪᠣᠢᠮ᠎ᠠ ᠪᠣᠯᠪᠠ᠃ ᠬᠣᠶᠠᠷ ᠲᠠᠯ᠎ᠠ᠎ᠪᠠᠷ᠎ᠢᠶᠠᠨ ᠮᠢᠨᠤ ᠶᠡᠷᠦᠩᠬᠡᠢᠯᠡᠭᠴᠢ ᠫᠦᠲ᠋ᠢᠨ ᠲᠠᠢ ᠲᠣᠬᠢᠷᠠᠯᠴᠠᠭᠰᠠᠨ ᠴᠢᠬᠤᠯᠠ ᠬᠠᠮᠲᠤ᠎ᠶᠢᠨ ᠲᠠᠨᠢᠯᠲᠠ᠎ᠶᠢ ᠪᠦᠬᠦ ᠬᠦᠴᠦᠨ᠎ᠢᠶᠡᠷ᠎ᠢᠶᠡᠨ ᠨᠠᠢᠳᠠᠪᠤᠷᠢᠵᠢᠭᠤᠯᠵᠤ᠂ ᠪᠠᠢᠯᠳᠤᠬᠤ ᠪᠣᠳᠣᠯᠭ᠎ᠠ᠎ᠶᠢᠨ ᠣᠯᠣᠯᠴᠠᠭ᠎ᠠ᠎ᠪᠠᠨ ᠴᠢᠩᠭᠠᠳᠬᠠᠵᠤ᠂ ᠭᠠᠳᠠᠭᠠᠳᠤ ᠬᠠᠷᠢᠯᠴᠠᠭᠠᠨ᠎ᠤ ᠵᠣᠬᠢᠴᠠᠭᠤᠯᠭ᠎ᠠ᠎ᠪᠠᠨ ᠨᠢᠭ᠍ᠲᠠᠷᠠᠭᠤᠯᠵᠤ᠂ ᠳᠤᠮᠳᠠᠳᠤ ᠤᠷᠤᠰ᠎ᠤᠨ ᠪᠦᠬᠦ ᠲᠠᠯ᠎ᠠ᠎ᠶᠢᠨ ᠪᠠᠢᠯᠳᠤᠬᠤ ᠪᠣᠳᠣᠯᠭ᠎ᠠ᠎ᠶᠢᠨ ᠬᠠᠮᠵᠢᠯᠴᠠᠭᠠᠨ᠎ᠤ ᠬᠠᠨᠢᠲᠠᠨ᠎ᠤ ᠬᠠᠷᠢᠯᠴᠠᠭ᠎ᠠ᠎ᠶᠢᠨ ᠨᠡᠩ ᠥᠨᠳᠥᠷ ᠲᠦ᠍ ᠵᠣᠭᠰᠣᠵᠤ᠂ ᠨᠡᠩ ᠯᠠᠪᠳᠠᠭᠤᠨ ᠪᠤᠯᠵᠤ᠂ ᠨᠡᠩ ᠬᠤᠯᠠ ᠠᠶᠠᠯᠠᠬᠤ ᠶ᠋ᠢ ᠠᠬᠢᠭᠤᠯᠤᠶ᠎ᠠ ᠭᠡᠵᠤ ᠵᠢᠭᠠᠵᠤ ᠭᠠᠷᠭᠠᠪᠠ᠃
ᠰᠢ᠎ᠶᠢᠨ ᠫᠢᠩ᠂ ᠵᠠᠭᠤᠨ ᠵᠢᠯ᠎ᠳᠦ ᠲᠤᠬᠢᠶᠠᠯᠳᠤᠭ᠎ᠠ ᠦᠭᠡᠢ ᠶᠡᠬᠡ ᠬᠤᠪᠢᠰᠤᠯᠲᠠ᠎ᠶᠢᠨ ᠡᠮᠦᠨ᠎ᠡ᠂ ᠳᠤᠮᠳᠠᠳᠤ ᠤᠷᠤᠰ ᠬᠣᠶᠠᠷ ᠤᠯᠤᠰ ᠨᠡᠩ ᠨᠢᠭ᠍ᠲᠠ ᠬᠦᠴᠦᠲᠡᠢ ᠪᠠᠢᠯᠳᠤᠬᠤ ᠪᠣᠳᠣᠯᠭ᠎ᠠ᠎ᠶᠢᠨ ᠬᠠᠮᠵᠢᠯᠴᠠᠭ᠎ᠠ᠎ᠪᠠᠷ ᠬᠣᠶᠠᠷ ᠤᠯᠤᠰ᠎ᠤᠨ ᠵᠦᠢ ᠶᠣᠰᠣᠨ᠎ᠤ ᠠᠰᠢᠭ᠋ ᠲᠤᠰᠠ᠎ᠶᠢ ᠡᠷᠡᠰ ᠬᠠᠮᠠᠭᠠᠯᠠᠵᠤ᠂ ᠪᠦᠬᠦ ᠪᠥᠮᠪᠥᠷᠴᠡᠭ᠎ᠦᠨ ᠬᠦᠭᠵᠢᠵᠤ ᠪᠠᠢᠭ᠎ᠠ ᠤᠯᠤᠰ᠎ᠤᠳ᠎ᠤᠨ ᠪᠦᠯᠬᠦᠮᠳᠡᠯ᠎ᠢ ᠬᠠᠮᠠᠭᠠᠯᠠᠵᠤ᠂ ᠲᠤᠮᠤ ᠤᠯᠤᠰ ᠪᠣᠯᠣᠨ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠠᠶᠤᠯ ᠦᠭᠡᠢ᠎ᠶᠢᠨ ᠵᠥᠪᠯᠡᠯ᠎ᠦᠨ ᠪᠠᠢᠩᠭᠤ᠎ᠶᠢᠨ ᠬᠡᠷᠡᠭ ᠡᠷᠬᠢᠯᠡᠭᠴᠢ ᠤᠯᠤᠰ᠎ᠤᠨ ᠡᠭᠦᠷᠭᠡ ᠬᠠᠷᠢᠭᠤᠴᠠᠯᠭ᠎ᠠ ᠪᠡᠨ ᠢᠯᠡᠷᠡᠭᠦᠯᠤᠶᠡ᠃ ᠬᠣᠶᠠᠷ ᠲᠠᠯ᠎ᠠ᠎ᠪᠠᠷ᠎ᠢᠶᠠᠨ ᠪᠠᠢᠯᠳᠤᠬᠤ ᠪᠣᠳᠣᠯᠭ᠎ᠠ᠎ᠶᠢᠨ ᠲᠣᠭᠲᠠᠯ ᠬᠦᠴᠦᠨ᠎ᠢᠶᠡᠨ ᠪᠠᠲᠤᠯᠠᠵᠤ᠂ ᠬᠠᠷᠢᠯᠴᠠᠨ ᠢᠲᠡᠭᠡᠯᠴᠡᠵᠦ᠂ ᠬᠠᠷᠢᠯᠴᠠᠨ ᠳᠡᠮᠵᠢᠵᠦ᠂ ᠬᠠᠮᠲᠤ ᠪᠠᠷ ᠬᠥᠭᠵᠢᠵᠦ ᠂ ᠥᠪᠡᠷ᠎ᠦᠨ ᠶᠠᠪᠤᠳᠠᠯ᠎ᠢᠶᠠᠨ ᠰᠠᠢᠲᠤᠷ ᠬᠢᠶ᠎ᠡ᠃ ᠬᠥᠷᠰᠢ ᠵᠡᠷᠭᠡᠯᠡᠳᠡᠭᠡ ᠪᠠ ᠬᠠᠷᠢᠯᠴᠠᠨ ᠨᠥᠬᠥᠪᠦᠷᠢᠯᠡᠬᠦ ᠳᠠᠪᠠᠭᠤᠯᠢᠭ᠋᠎ᠢᠶᠠᠨ ᠭᠦᠢᠴᠡᠳ ᠪᠠᠳᠠᠷᠠᠭᠤᠯᠵᠤ᠂ ᠪᠦᠬᠦ ᠲᠠᠯ᠎ᠠ᠎ᠶᠢᠨ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠂ ᠲᠤᠰ ᠲᠤᠰ᠎ᠤᠨ ᠬᠥᠭᠵᠢᠯᠲᠡ᠎ᠶᠢᠨ ᠤᠶᠠᠨ ᠬᠠᠳᠠᠨ ᠴᠢᠨᠠᠷ᠎ᠢᠶᠠᠨ ᠳᠡᠭᠡᠭᠰᠢᠯᠡᠭᠦᠯᠤᠶ᠎ᠡ᠃ ᠤᠯᠠᠨ ᠲᠠᠯᠠᠲᠤ ᠬᠠᠮᠵᠢᠯᠴᠠᠭ᠎ᠠ᠎ᠶᠢ ᠴᠢᠩᠭᠠᠳᠬᠠᠵᠤ᠂ ᠤᠯᠠᠨ ᠲᠠᠯᠠᠲᠤ ᠦᠵᠡᠯ᠎ᠢ ᠡᠷᠡᠰ ᠬᠠᠮᠠᠭᠠᠯᠠᠨ ᠦᠢᠯᠡᠳᠦᠯᠭᠡᠵᠢᠭᠦᠯᠵᠦ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠡᠷᠬᠡ ᠰᠦᠷ ᠪᠠ ᠠᠮᠢᠵᠢᠷᠠᠯ᠎ᠤᠨ ᠬᠦᠴᠦᠨ᠎ᠢ ᠭᠠᠷ ᠬᠣᠯᠪᠣᠨ ᠲᠠᠬᠢᠨ ᠪᠤᠰᠬᠠᠵᠤ᠂ ᠱᠠᠩᠬᠠᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠂ ᠠᠯᠳᠠᠨ ᠲᠣᠭᠣᠰᠬ᠎ᠠ ᠤᠯᠤᠰ ᠵᠡᠷᠭᠡ᠎ᠶᠢᠨ ᠪᠦᠲᠦᠭᠦᠪᠴᠢ ᠲᠦᠰᠦᠪ᠎ᠦᠨ ᠳᠣᠲᠣᠷ᠎ᠠ ᠨᠢᠭ᠍ᠲᠠ ᠵᠣᠬᠢᠴᠠᠭᠤᠯᠤᠨ ᠬᠠᠮᠵᠢᠯᠴᠠᠵᠤ᠂ ᠤᠯᠠᠨ ᠤᠯᠤᠰ᠎ᠤᠨ ᠡᠮᠬᠢ ᠳᠢᠭ᠌ᠯᠢᠮ᠎ᠦᠨ ᠨᠡᠩ ᠲᠥᠪ ᠭᠣᠣᠯᠴᠢ ᠵᠦᠢ ᠵᠣᠬᠢᠰᠲᠠᠢ ᠴᠢᠭᠯᠡᠯ ᠲᠡᠢᠰᠢ ᠬᠥᠭᠵᠢᠬᠦ᠎ᠶᠢ ᠠᠬᠢᠭᠤᠯᠤᠶ᠎ᠠ ᠭᠡᠵᠦ ᠴᠢᠬᠤᠯᠠᠴᠢᠯᠠᠪᠠ᠃
ᠯᠠᠹᠯᠤᠹ ᠡᠴᠡ ᠶᠡᠷᠦᠩᠬᠡᠢᠯᠡᠭᠴᠢ ᠫᠦᠲ᠋ᠢᠨ᠎ᠤ ᠲᠡᠷᠢᠭᠦᠯᠡᠭᠴᠢ ᠰᠢ᠎ᠶᠢᠨ ᠫᠢᠩ᠎ᠳᠦ ᠳᠡᠪᠰᠢᠭᠦᠯᠦᠭᠰᠡᠨ ᠴᠢᠩ ᠰᠡᠳᠬᠢᠯ᠎ᠦᠨ ᠮᠡᠨᠳᠦᠴᠢᠯᠡᠯ ᠪᠠ ᠰᠠᠢᠨ ᠰᠠᠢᠬᠠᠨ ᠵᠦᠨᠭᠨᠡᠯᠢ ᠳᠠᠮᠵᠢᠭᠤᠯᠵᠤ᠂ ᠬᠣᠶᠠᠷ ᠤᠯᠤᠰ᠎ᠤᠨ ᠲᠡᠷᠢᠭᠦᠨ᠎ᠦ ᠪᠠᠢᠯᠳᠤᠬᠤ ᠪᠣᠳᠣᠯᠭ᠎ᠠ᠎ᠶᠢᠨ ᠵᠢᠯᠤᠭᠤᠳᠤᠯᠭ᠎ᠠ ᠳᠣᠣᠷ᠎ᠠ᠂ ᠤᠷᠤᠰ ᠳᠤᠮᠳᠠᠳᠤ᠎ᠶᠢᠨ ᠬᠠᠷᠢᠯᠴᠠᠭ᠎ᠠ ᠨᠠᠷᠢᠨ ᠪᠤᠳᠤᠯᠢᠶᠠᠨᠲᠠᠢ ᠭᠠᠳᠠᠭᠠᠳᠤ ᠣᠷᠴᠢᠨ ᠨᠦᠭᠦᠴᠡᠯ᠎ᠳᠤ ᠳᠡᠭᠡᠳᠦ ᠬᠡᠮᠵᠢᠶᠡᠨ᠎ᠦ ᠤᠶᠠᠨ ᠬᠠᠳᠠᠨ ᠴᠢᠨᠠᠷ᠎ᠢᠶᠠᠨ ᠢᠯᠡᠷᠡᠭᠦᠯᠵᠦ᠂ ᠠᠷᠠᠯᠵᠢᠶ᠎ᠠ ᠪᠡᠯᠡ ᠣᠷᠣᠭᠤᠯᠤᠯᠲᠠ᠎ᠶᠢᠨ ᠬᠠᠮᠲᠤᠷᠠᠯᠴᠠᠭᠠᠨ᠎ᠤ ᠬᠠᠨᠳᠤᠰᠢ ᠰᠠᠢᠨ ᠪᠤᠯᠵᠦ᠂ ᠰᠣᠶᠣᠯ ᠢᠷᠭᠡᠨᠰᠢᠯ᠎ᠦᠨ ᠰᠣᠯᠢᠯᠴᠠᠭ᠎ᠠ ᠡᠳᠦᠷ ᠢᠷᠡᠬᠦᠶ᠎ᠡ ᠨᠢᠭ᠍ᠲᠠᠷᠠᠵᠤ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠂ ᠱᠠᠩᠬᠠᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠂ ᠠᠯᠳᠠᠨ ᠲᠣᠭᠣᠰᠬ᠎ᠠ ᠤᠯᠤᠰ᠂ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ ᠵᠡᠷᠭᠡ ᠤᠯᠠᠨ ᠲᠠᠯᠠᠲᠦ ᠲᠠᠪᠴᠠᠩ᠎ᠤᠨ ᠵᠣᠬᠢᠴᠠᠭᠤᠯᠭ᠎ᠠ ᠨᠢᠭ᠍ᠲᠠ ᠪᠣᠯᠪᠠ᠃ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠳᠡᠯᠡᠬᠡᠢ᠎ᠶᠢᠨ ᠪᠠᠢᠳᠠᠯ᠎ᠤᠨ ᠡᠮᠦᠨ᠎ᠡ᠂ ᠤᠷᠤᠰ᠎ᠤᠨ ᠲᠠᠯᠠᠳᠤᠷᠠᠲᠠᠶᠠ ᠳᠤᠮᠳᠠᠳᠤ ᠵᠢᠨ ᠲᠠᠯ᠎ᠠ᠎ᠲᠠᠢ ᠬᠠᠮᠲᠤ ᠪᠠᠷ᠂ ᠬᠣᠶᠠᠷ ᠤᠯᠤᠰ᠎ᠤᠨ ᠲᠡᠷᠢᠭᠦᠨ᠎ᠦ ᠲᠣᠬᠢᠷᠠᠯᠴᠠᠭᠰᠠᠨ ᠴᠢᠬᠤᠯᠠ ᠬᠠᠮᠲᠤ᠎ᠶᠢᠨ ᠲᠠᠨᠢᠯᠲᠠ᠎ᠶᠢ ᠦᠨᠡᠨ ᠬᠦ᠌ ᠨᠠᠢᠳᠠᠪᠤᠷᠢᠵᠢᠭᠤᠯᠵᠤ᠂ ᠳᠡᠭᠡᠳᠦ ᠳᠠᠪᠬᠤᠷᠭ᠎ᠠ᠎ᠶᠢᠨ ᠶᠠᠪᠤᠯᠴᠠᠭ᠎ᠠ᠎ᠪᠠᠨ ᠪᠠᠲᠤᠯᠠᠵᠤ᠂ ᠪᠣᠳᠠᠲᠠᠢ᠎ᠶᠢ ᠡᠷᠬᠢᠮᠯᠡᠭᠰᠡᠨ ᠬᠠᠮᠲᠤᠷᠠᠯᠴᠠᠭ᠎ᠠ᠎ᠪᠠᠨ ᠴᠢᠩᠭᠠᠳᠬᠠᠵᠤ᠂ ᠰᠣᠶᠣᠯ ᠢᠷᠭᠡᠨᠰᠢᠯ᠎ᠦᠨ ᠰᠣᠯᠢᠯᠴᠠᠭ᠎ᠠ ᠪᠠᠨ ᠠᠬᠢᠭᠤᠯᠵᠤ᠂ ᠳᠡᠯᠡᠬᠡᠢ᠎ᠶᠢᠨ ᠲᠥᠪ ᠭᠣᠣᠯᠴᠢ ᠰᠢᠳᠤᠷᠭᠤ ᠶᠣᠰᠣ᠌᠎ᠶᠢ ᠬᠠᠮᠠᠭᠠᠯᠠᠵᠤ᠂ ᠤᠷᠤᠰ ᠳᠤᠮᠳᠠᠳᠤ᠎ᠶᠢᠨ ᠬᠠᠷᠢᠯᠴᠠᠭ᠎ᠠ ᠨᠡᠩ ᠶᠡᠬᠡ ᠬᠥᠭᠵᠢᠯᠲᠡ᠎ᠲᠠᠢ ᠪᠣᠯᠬᠤ᠎ᠶᠢ ᠠᠬᠢᠭᠤᠯᠵᠤ᠂ ᠳᠡᠯᠡᠬᠡᠢ᠎ᠶᠢᠨ ᠡᠩᠬᠡ ᠲᠠᠢᠪᠤᠩ ᠲᠣᠭᠲᠠᠭᠤᠨ᠎ᠳᠤ ᠨᠡᠩ ᠶᠡᠬᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠪᠡ᠃
ᠸᠠᠩ ᠢ ᠠᠭᠤᠯᠵᠠᠯᠲᠠ᠎ᠳᠤ ᠣᠷᠣᠯᠴᠠᠵᠠᠢ᠃
(ᠰᠢᠨᠬᠤᠸᠠ ᠬᠣᠷᠢᠶ᠎ᠡ ᠵᠢᠨ ᠪᠡᠭᠡᠵᠢᠩ᠎ᠦᠨ 4 ᠰᠠᠷ᠎ᠠ᠎ᠶᠢᠨ 15᠎ᠤ᠋ ᠴᠠᠬᠢᠯᠭᠠᠨ ᠮᠡᠳᠡᠭᠡ)