ᠪᠦᠬᠦ᠌ ᠠᠷᠠᠳ᠎ᠢᠶᠡᠷ᠎ᠢᠶᠡᠨ ᠨᠤᠮ ᠤᠩᠰᠢᠬᠤ ᠵᠢ ᠠᠬᠢᠭᠤᠯᠵᠤ ᠪᠢᠴᠢᠭ᠎ᠤᠨ ᠰᠤᠷᠪᠤᠯᠵᠢᠳᠤ ᠨᠡᠢᠭᠡᠮ᠎ᠢ ᠪᠠᠢᠭᠤᠯᠬᠤ ᠬᠡᠷᠡᠭᠳᠡᠢ
2026-04-16 10:31:32
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

《ᠦᠨᠡᠨ》 ᠰᠡᠳᠬᠦᠯ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠤᠬᠢᠶᠠᠯ᠎ᠢ ᠨᠡᠢᠳᠡᠯᠡᠪᠡ


4 ᠰᠠᠷ᠎ᠠ᠎ᠶ᠋ᠢᠨ 16 ᠎ᠤ᠋ ᠡᠳᠦᠷ ᠬᠡᠪᠯᠡᠭ᠌ᠳᠡᠬᠰᠡᠨ 8 ᠳ᠋ᠤᠭᠠᠷ ᠬᠤᠭᠤᠴᠠᠭᠠᠨ᠎ᠤ 《ᠦᠨᠡᠨ》 ᠰᠡᠳᠬᠦᠯ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠠ᠎ᠶᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠶᠢᠨ ᠲᠡᠷᠢᠭᠦᠯᠡᠭ᠌ᠴᠢ ᠰᠢ ᠵᠢᠨ ᠫᠢᠩ᠎ᠦᠨ 《ᠪᠦᠬᠦ᠌ ᠠᠷᠠᠳ᠎ᠢᠶᠡᠷ᠎ᠢᠶᠡᠨ ᠨᠤᠮ ᠤᠩᠰᠢᠬᠤ ᠵᠢ ᠠᠬᠢᠭᠤᠯᠵᠤ ᠪᠢᠴᠢᠭ᠎ᠤᠨ ᠰᠤᠷᠪᠤᠯᠵᠢᠳᠤ ᠨᠡᠢᠭᠡᠮ᠎ᠢ ᠪᠠᠢᠭᠤᠯᠬᠤ ᠬᠡᠷᠡᠭᠳᠡᠢ》 ᠭᠡᠬᠦ᠌ ᠴᠢᠬᠤᠯᠠ ᠵᠣᠬᠢᠶᠠᠯ᠎ᠢ ᠨᠡᠢᠲᠡᠯᠡᠪᠡ᠃ ᠡᠨᠡ ᠪᠣᠯ ᠶᠡᠷᠦᠩᠬᠡᠢ ᠱᠦᠵᠢ ᠰᠢ ᠵᠢᠨ ᠫᠢᠩ᠎ᠦᠨ 2013 ᠣᠨ᠎ᠤ 3 ᠰᠠᠷ᠎ᠠ ᠡᠴᠡ 2025 ᠣᠨ᠎ᠤ 3 ᠰᠠᠷ᠎ᠠ ᠪᠣᠯᠲᠠᠯᠠᠬᠢ ᠬᠤᠭᠤᠴᠠᠭᠠᠨ᠎ᠳᠠᠬᠢ ᠬᠣᠯᠪᠣᠭ᠍ᠳᠠᠯ ᠪᠦᠬᠦᠢ ᠴᠢᠬᠤᠯᠠ ᠥᠭᠦᠯᠡᠯᠲᠡ᠎ᠶ᠋ᠢᠨ ᠳᠤᠪᠴᠢᠯᠠᠪᠤᠷᠢ ᠪᠣᠯᠤᠨ᠎ᠠ᠃

ᠵᠣᠬᠢᠶᠠᠯ᠎ᠳᠤ᠂ ᠤᠩᠱᠢᠯᠭ᠎ᠠ ᠪᠣᠯ ᠬᠥᠮᠦᠨ ᠲᠥᠷᠥᠯᠬᠢᠲᠡᠨ᠎ᠦ ᠮᠡᠳᠡᠯᠭᠡ ᠬᠦᠷᠳᠡᠬᠦ᠂ ᠤᠶᠤᠨ᠎ᠢᠶᠠᠨ ᠰᠡᠩᠬᠡᠷᠡᠭᠦᠯᠵᠦ᠍ ᠤᠬᠠᠭᠠᠨ᠎ᠢᠶᠠᠨ ᠨᠡᠮᠡᠭ᠌ᠳᠡᠭᠦᠯᠬᠦ᠌᠂ ᠶᠣᠰᠣ ᠰᠤᠷᠲᠠᠬᠤᠨ᠎ᠢ ᠬᠥᠮᠦᠵᠢᠭᠦᠯᠬᠦ᠌ ᠴᠢᠬᠤᠯᠠ ᠠᠷᠭ᠎ᠠ ᠵᠠᠮ ᠮᠥᠨ᠂ ᠡᠭᠦᠨ ᠡᠴᠡ ᠬᠥᠮᠦᠰ ᠦᠵᠡᠯ ᠰᠠᠨᠠᠭᠠᠨ᠎ᠤ ᠰᠡᠩᠬᠡᠷᠡᠭᠦᠯᠦᠯ ᠣᠯᠵᠤ᠂ ᠡᠷᠬᠢᠮ ᠳᠡᠭᠡᠳᠦ ᠬᠦᠰᠡᠯᠡᠩ᠎ᠢ ᠪᠤᠢ ᠪᠣᠯᠭᠠᠵᠤ᠂ ᠲᠥᠪ ᠴᠢᠬᠡᠴᠢ ᠵᠣᠷᠢᠭ ᠰᠠᠨᠠᠭ᠎ᠠ᠎ᠶ᠋ᠢ ᠬᠥᠮᠦᠵᠢᠭᠦᠯᠵᠦ᠍ ᠪᠣᠯᠤᠨ᠎ᠠ᠃ ᠲᠡᠦᠬᠡ ᠵᠢ ᠰᠤᠷᠪᠠᠯ ᠢᠯᠠᠵᠤ ᠢᠯᠠᠭ᠍ᠳᠠᠬᠤ᠎ᠶ᠋ᠢ ᠦᠵᠡᠵᠦ᠍᠂ ᠣᠯᠵᠤ ᠠᠯᠳᠠᠬᠤ᠎ᠶ᠋ᠢ ᠰᠢᠨᠵᠢᠵᠦ᠂ ᠮᠠᠨᠳᠤᠵᠤ ᠮᠥᠬᠥᠬᠦ᠌᠎ᠶ᠋ᠢ ᠮᠡᠳᠡᠵᠦ ᠪᠤᠯᠤᠨ᠎ᠠ; ᠱᠢᠯᠦᠭ ᠤᠩᠰᠢᠪᠠᠯ ᠤᠷᠮ᠎ᠠ ᠪᠠᠨ ᠬᠦᠭᠵᠢᠭᠡᠵᠦ᠂ ᠵᠣᠷᠢᠭ᠎ᠢᠶᠡᠨ ᠬᠦᠪᠴᠢᠯᠡᠵᠦ᠂ ᠬᠤᠷᠴᠠ ᠰᠡᠷᠭᠦᠯᠡᠩ ᠪᠤᠯᠵᠤ ᠴᠢᠳᠠᠨ᠎ᠠ; ᠶᠣᠰᠣ ᠰᠤᠷᠲᠠᠬᠤᠨ᠎ᠢ ᠰᠤᠷᠪᠠᠯ ᠴᠢᠬᠡᠴᠢ ᠢᠴᠢᠭᠦᠷᠢ᠎ᠶ᠋ᠢ ᠮᠡᠳᠡᠵᠦ᠍᠂ ᠠᠯᠳᠠᠷ ᠭᠤᠲᠤᠮᠱᠢᠭ᠎ᠢ ᠤᠢᠯᠠᠭᠠᠵᠤ᠂ ᠵᠥᠪ ᠪᠤᠷᠤᠭᠤ᠎ᠶ᠋ᠢ ᠢᠯᠭᠠᠵᠤ ᠴᠢᠳᠠᠨ᠎ᠠ᠃ ᠨᠣᠮ ᠪᠢᠴᠢᠭ ᠢᠯᠡᠭᠦᠬᠡᠨ ᠤᠩᠱᠢᠬᠤ᠎ᠶ᠋ᠢ ᠰᠠᠨᠠᠭᠠᠴᠢᠯᠠᠵᠤ᠂ ᠪᠢᠴᠢᠭ᠎ᠤᠨ ᠰᠤᠷᠪᠤᠯᠵᠢᠳᠤ ᠨᠡᠢᠭᠡᠮ᠎ᠢ ᠪᠠᠢᠭᠤᠯᠤᠨ᠂ ᠠᠷᠠᠳ ᠲᠦᠮᠡᠨ᠎ᠦ ᠦᠵᠡᠯ ᠰᠠᠨᠠᠭᠠᠨ᠎ᠤ ᠰᠠᠨᠠᠭ᠎ᠠ ᠠᠬᠤᠢ ᠪᠠᠨ ᠲᠠᠰᠤᠷᠠᠯᠳᠠ ᠦᠭᠡᠢ ᠳᠡᠭᠡᠭ᠌ᠰᠢᠯᠡᠭᠦᠯᠵᠦ᠍᠂ ᠠᠷᠠᠳ ᠲᠦᠮᠡᠨ᠎ᠦ ᠤᠶᠤᠨ ᠰᠠᠨᠠᠭᠠᠨ᠎ᠤ ᠬᠦᠴᠦᠨ ᠴᠢᠳᠠᠯ᠎ᠢ ᠨᠡᠮᠡᠭ᠌ᠳᠡᠭᠦᠯᠪᠡᠯ᠂ ᠳᠤᠮᠳᠠᠳᠤ᠎ᠶ᠋ᠢᠨ ᠦᠨᠳᠦᠰᠦᠲᠡᠨ᠎ᠦ ᠤᠶᠤᠨ ᠰᠠᠨᠠᠭᠠᠨ᠎ᠤ ᠶᠢᠷᠲᠢᠨᠴᠦ᠍ ᠨᠡᠩ ᠭᠦᠨ ᠭᠦᠨᠵᠡᠭᠡᠢ ᠪᠤᠯᠵᠤ ᠴᠢᠳᠠᠨ᠎ᠠ ᠭᠡᠵᠦ ᠵᠢᠭᠠᠵᠤ ᠭᠠᠷᠭᠠᠪᠠ᠃

ᠵᠣᠬᠢᠶᠠᠯ᠎ᠳᠤ᠂ ᠡᠪ ᠬᠠᠮᠲᠤᠴᠤᠳ ᠮᠠᠷᠺᠰ᠎ᠤᠨ ᠦᠵᠡᠯ᠎ᠦᠨ ᠰᠣᠩᠭᠣᠳᠠᠭ ᠵᠣᠬᠢᠶᠠᠯ᠎ᠢ ᠤᠩᠱᠢᠬᠤ᠂ ᠮᠠᠷᠺᠰ᠎ᠤᠨ ᠦᠵᠡᠯ᠎ᠦᠨ ᠤᠭ ᠶᠣᠰᠣ᠎ᠶ᠋ᠢ ᠣᠢᠯᠠᠭᠠᠬᠤ᠎ᠶ᠋ᠢ ᠨᠢᠭᠡ ᠵᠦᠢᠯ᠎ᠦᠨ ᠠᠮᠢᠳᠤᠷᠠᠯ᠎ᠤᠨ ᠳᠠᠳᠭᠠᠯ ᠪᠣᠯᠭᠠᠵᠤ᠂ ᠨᠢᠭᠡ ᠵᠦᠢᠯ᠎ᠦᠨ ᠤᠶᠤᠨ ᠰᠠᠨᠠᠭᠠᠨ᠎ᠤ ᠬᠥᠭᠡᠭᠡᠴᠡᠯᠳᠦᠯ ᠪᠣᠯᠭᠠᠵᠤ᠂ ᠰᠣᠩᠭᠣᠳᠠᠭ ᠵᠣᠬᠢᠶᠠᠯ᠎ᠢᠶᠠᠷ ᠲᠥᠪ ᠰᠤᠷᠲᠠᠯ᠎ᠢ ᠪᠤᠢ ᠪᠣᠯᠭᠠᠵᠤ᠂ ᠦᠵᠡᠯ ᠰᠠᠨᠠᠭ᠎ᠠ᠎ᠪᠠᠨ ᠳᠠᠪᠲᠠᠨ ᠪᠣᠯᠪᠠᠰᠤᠷᠠᠭᠤᠯᠵᠤ᠂ ᠰᠠᠨᠠᠭ᠎ᠠ ᠠᠬᠤᠢ ᠪᠠᠨ ᠳᠡᠭᠡᠭ᠌ᠰᠢᠯᠡᠭᠦᠯᠵᠦ᠍᠂ ᠦᠢᠯᠡᠳᠦᠯᠭᠡ᠎ᠪᠡᠨ ᠵᠢᠯᠤᠭᠤᠳᠤᠭᠤᠯᠬᠤ ᠬᠡᠷᠡᠭ᠌ᠲᠡᠢ᠃ ᠺᠠᠳ᠋ᠷᠴᠤᠳ ᠠᠵᠢᠯ᠎ᠤᠨ ᠬᠡᠷᠡᠭ᠌ᠴᠡᠭᠡ᠎ᠲᠡᠶ᠎ᠪᠡᠨ ᠤᠶᠠᠯᠳᠤᠭᠤᠯᠤᠨ ᠰᠤᠷᠤᠯᠴᠠᠵᠤ᠂ ᠶᠠᠭᠤ ᠬᠢᠪᠡᠯ ᠶᠠᠭᠤ᠎ᠶ᠋ᠢ ᠰᠤᠷᠬᠤ᠂ ᠶᠠᠭᠤ ᠳᠤᠲᠠᠭ᠍ᠳᠠᠪᠠᠯ ᠶᠠᠭᠤ᠎ᠶ᠋ᠢ ᠨᠥᠬᠥᠪᠥᠷᠢᠯᠡᠬᠦ᠌᠎ᠶ᠋ᠢ ᠪᠡᠶᠡᠯᠡᠭᠦᠯᠬᠦ᠌ ᠬᠡᠷᠡᠭ᠌ᠲᠡᠢ᠃ ᠮᠠᠷᠺᠰ᠎ᠤᠨ ᠦᠵᠡᠯ᠎ᠦᠨ ᠣᠨᠣᠯ ᠢᠯᠠᠩᠭᠤᠶ᠎ᠠ ᠱᠢᠨ᠎ᠡ ᠴᠠᠭ ᠦᠶ᠎ᠡ᠎ᠶ᠋ᠢᠨ ᠨᠠᠮ᠎ᠤᠨ ᠱᠢᠨ᠎ᠡ ᠡᠭᠦᠳᠦᠯᠳᠡ᠎ᠶᠢᠨ ᠣᠨᠣᠯ᠎ᠢ ᠰᠤᠷᠤᠯᠴᠠᠵᠤ᠂ ᠨᠠᠮ᠎ᠤᠨ ᠲᠡᠦᠬᠡ᠂ ᠱᠢᠨ᠎ᠡ ᠳᠤᠮᠳᠠᠳᠤ ᠤᠯᠤᠰ᠎ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ᠎ᠶ᠋ᠢᠨ ᠲᠡᠦᠬᠡ᠂ ᠨᠡᠢᠭᠡᠮ ᠵᠢᠷᠤᠮ᠎ᠤᠨ ᠬᠥᠭ᠌ᠵᠢᠯᠲᠡ᠎ᠶ᠋ᠢᠨ ᠲᠡᠦᠬᠡ᠎ᠶ᠋ᠢ ᠰᠤᠷᠤᠯᠴᠠᠵᠤ᠂ ᠠᠵᠤ ᠠᠬᠤᠶ᠂ ᠤᠯᠤᠰ ᠲᠥᠷᠥ᠍᠂ ᠬᠠᠤᠯᠢ ᠴᠠᠭᠠᠵᠠ᠂ ᠰᠣᠶᠣᠯ᠂ ᠨᠡᠢᠭᠡᠮ᠂ ᠬᠠᠮᠢᠶᠠᠷᠤᠯᠲᠠ᠂ ᠠᠮᠢ ᠠᠬᠤᠶ᠂ ᠣᠯᠠᠨ ᠤᠯᠤᠰ ᠵᠡᠷᠭᠡ ᠡᠯ᠎ᠡ ᠲᠠᠯ᠎ᠠ᠎ᠶ᠋ᠢᠨ ᠰᠠᠭᠤᠷᠢ ᠴᠢᠨᠠᠷᠲᠠᠶ ᠮᠡᠳᠡᠯᠭᠡ᠎ᠶ᠋ᠢ ᠰᠤᠷᠤᠯᠴᠠᠵᠤ᠂ ᠲᠤᠬᠠᠢᠯᠠᠭ᠍ᠰᠠᠨ ᠠᠵᠢᠯ᠎ᠢᠶᠠᠨ ᠰᠠᠢᠲᠤᠷ ᠬᠢᠬᠦ᠌᠎ᠯᠦᠭᠡ ᠬᠣᠯᠪᠣᠭ᠍ᠳᠠᠬᠤ ᠱᠢᠨ᠎ᠡ ᠮᠡᠳᠡᠯᠭᠡ ᠱᠢᠨ᠎ᠡ ᠤᠷ᠎ᠠ ᠴᠢᠳᠠᠪᠤᠷᠢ᠎ᠶ᠋ᠢ ᠰᠤᠷᠤᠯᠴᠠᠵᠤ᠂ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌᠎ᠳᠦ ᠵᠠᠪᠠᠯ ᠱᠠᠭᠠᠷᠳᠠᠭ᠍ᠳᠠᠬᠤ ᠮᠡᠳᠡᠯᠭᠡ᠎ᠶ᠋ᠢᠨ ᠱᠢᠰᠲ᠋ᠧᠮ᠎ᠢᠶᠡᠨ ᠲᠠᠰᠤᠷᠠᠯᠲᠠ ᠥᠬᠡᠶ ᠲᠡᠭᠦᠯᠳᠡᠷᠵᠢᠭᠦᠯᠬᠦ᠌ ᠬᠡᠷᠡᠭ᠌ᠲᠡᠶ᠃ ᠥᠷᠭᠡᠨ ᠤᠯᠠᠨ ᠵᠠᠯᠠᠭᠤᠴᠤᠳ ᠰᠤᠷᠤᠯᠴᠠᠯᠭ᠎ᠠ᠎ᠶ᠋ᠢ ᠠᠳᠭᠤᠬᠤ᠎ᠳᠠᠭᠠᠨ ᠴᠠᠭ ᠮᠥᠴᠡ᠎ᠶ᠋ᠢ ᠨᠠᠨᠳᠢᠩᠨᠠᠨ᠂ ᠬᠠᠯᠠᠱᠢᠷᠠᠯ ᠦᠭᠡᠢ ᠴᠢᠷᠮᠠᠢᠵᠤ᠂ ᠨᠢᠭᠡ ᠰᠡᠳᠭᠢᠯ ᠨᠢᠭᠡ ᠵᠣᠷᠢᠭ᠎ᠢᠶᠠᠷ ᠳᠠᠢᠪᠤᠭᠤ ᠳᠤᠭᠳᠠᠩᠭᠤᠢ ᠪᠡᠷ ᠬᠦᠴᠦ᠍ ᠣᠷᠣᠭᠤᠯᠬᠤ ᠬᠡᠷᠡᠭ᠌ᠲᠡᠢ ᠮᠥᠷᠲᠡᠭᠡᠨ ᠪᠠᠰᠠ ᠭᠣᠣᠯ ᠵᠦᠢᠯ᠎ᠢ ᠲᠤᠪᠤᠢ᠌ᠯᠭᠠᠨ᠂ ᠤᠬᠢ ᠰᠣᠳᠣ᠎ᠶ᠋ᠢ ᠨᠢ ᠰᠣᠩᠭᠣᠵᠤ᠂ ᠥᠷᠭᠡᠨ ᠳᠡᠯᠭᠡᠷ ᠮᠥᠷᠲᠡᠭᠡᠨ ᠲᠤᠰᠭᠠᠢ ᠮᠡᠷᠭᠡᠵᠢᠬᠰᠡᠨ᠂ ᠥᠷᠭᠡᠨ ᠳᠡᠯᠭᠡᠷ ᠪᠣᠯᠬᠤ ᠲᠤᠳᠤᠮ ᠮᠡᠷᠭᠡᠰᠢᠬᠦ᠌᠎ᠶ᠋ᠢ ᠴᠢᠷᠮᠠᠢᠨ ᠪᠡᠶᠡᠯᠡᠭᠦᠯᠬᠦ᠌ ᠬᠡᠷᠡᠭ᠌ᠲᠡᠢ ᠭᠡᠵᠦ ᠵᠢᠭᠠᠵᠤ ᠭᠠᠷᠭᠠᠪᠠ᠃

ᠵᠣᠬᠢᠶᠠᠯ᠎ᠳᠤ᠂ 《ᠱᠢᠬᠠᠬᠤ》 ᠪᠠ 《ᠰᠤᠳᠤᠯᠬᠤ》 ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠢᠯᠡᠭᠦᠬᠡᠨ ᠨᠣᠮ ᠤᠩᠱᠢᠵᠤ᠂ ᠰᠠᠢ᠌ᠨ ᠨᠣᠮ ᠤᠩᠱᠢᠵᠤ᠂ ᠨᠣᠮ ᠪᠢᠴᠢᠭ ᠡᠴᠡ ᠤᠶᠤᠨ ᠤᠬᠠᠭᠠᠨ ᠪᠠ ᠱᠢᠮ᠎ᠡ ᠲᠡᠵᠢᠭᠡᠯ ᠱᠢᠩᠭᠡᠭᠡᠨ ᠠᠪᠴᠤ᠂ ᠦᠪᠡᠷ᠎ᠢ ᠪᠠᠨ ᠪᠠᠬᠠᠷᠬᠠᠭᠠᠤᠨ ᠰᠤᠷᠤᠯᠴᠠᠯᠭ᠎ᠠ᠎ᠶ᠋ᠢ ᠬᠥᠩᠭᠡᠪᠴᠢᠯᠡᠵᠦ᠍ ᠪᠣᠯᠬᠤ ᠦᠭᠡᠢ᠂ ᠠᠵᠢᠯ ᠶᠠᠭᠠᠷᠠᠤ ᠪᠠᠢᠬᠤ᠎ᠪᠠᠷ ᠱᠢᠯᠲᠠᠭ᠍ᠯᠠᠵᠤ ᠰᠤᠷᠤᠯᠴᠠᠯᠭ᠎ᠠ᠎ᠪᠠᠨ ᠰᠤᠯᠠᠷᠠᠭᠤᠯᠵᠤ ᠪᠣᠯᠬᠤ ᠦᠭᠡᠢ᠂ ᠦᠩᠭᠡᠨ ᠳᠡᠳᠦᠢ ᠬᠢᠵᠦ ᠰᠤᠷᠤᠯᠴᠠᠯᠭ᠎ᠠ᠎ᠶ᠋ᠢ ᠠᠷᠭᠠᠴᠠᠭᠠᠵᠤ ᠪᠣᠯᠬᠤ ᠦᠭᠡᠢ᠃ ᠰᠡᠳᠭᠢᠯ ᠰᠠᠨᠠᠭ᠎ᠠ ᠪᠠᠨ ᠲᠤᠭᠳᠠᠭᠤᠨ ᠪᠠᠢᠯᠭᠠᠵᠤ᠂ ᠤᠳᠠᠭᠠᠨ ᠪᠠᠷᠢᠮᠲᠠᠯᠠᠬᠤ ᠵᠢ ᠡᠷᠬᠢᠮᠯᠡᠵᠦ᠂ ᠰᠠᠢᠳᠤᠷ ᠰᠤᠷᠴᠤ᠌ ᠨᠡᠪᠲᠡᠷᠡᠲᠡᠯ᠎ᠡ ᠮᠡᠳᠡᠬᠦ᠌ ᠵᠢ ᠴᠢᠬᠤᠯᠠᠴᠢᠯᠠᠵᠤ᠂ ᠰᠡᠳᠭᠢᠯ ᠬᠦᠪᠭᠡᠯᠵᠡᠵᠦ ᠳᠤᠲᠠᠭᠤ ᠳᠣᠷᠭᠣᠨ ᠵᠣᠭ᠍ᠰᠣᠵᠤ ᠭᠦᠨᠵᠡᠭᠡᠶ ᠣᠢᠯᠠᠭᠠᠬᠤ ᠦᠭᠡᠢ ᠪᠠᠢᠵᠤ ᠪᠣᠯᠬᠤ ᠦᠭᠡᠢ᠃ ᠨᠢᠭᠡ ᠡᠳᠦᠷ ᠲᠤ᠌ ᠬᠠᠭᠠᠰᠬᠠᠨ ᠴᠠᠭ ᠱᠢᠬᠠᠵᠤ ᠭᠠᠷᠭᠠᠭᠰᠠᠨ ᠴᠤ᠌᠂ ᠬᠡᠳᠦᠬᠡᠨ ᠨᠢᠭᠤᠷ ᠨᠣᠮ ᠤᠩᠱᠢᠭ᠍ᠰᠠᠨ ᠴᠤ᠌᠂ ᠪᠠᠷᠢᠮᠳᠠᠯᠠᠵᠤ ᠯᠡ ᠪᠠᠢᠪᠠᠯ ᠯᠠᠪᠲᠠᠶ ᠪᠠᠭ᠎ᠠ᠎ᠶ᠋ᠢ ᠬᠤᠷᠠᠮᠳᠤᠭᠤᠯᠵᠤ ᠶᠡᠬᠡ᠎ᠶ᠋ᠢ ᠪᠦᠲᠦᠭᠡᠵᠦ᠍᠂ ᠳᠤᠰᠤᠯ᠎ᠢ ᠬᠤᠷᠠᠮᠳᠤᠭᠤᠯᠤᠨ ᠳᠠᠯᠠᠢ ᠪᠤᠯᠭᠠᠵᠤ᠂ ᠨᠢᠭᠡ ᠨᠢᠭᠡ ᠠᠯᠬᠤᠮ᠎ᠢᠶᠠᠷ ᠮᠢᠩᠭᠠᠨ ᠭᠠᠵᠠᠷ ᠠᠶᠠᠯᠠᠬᠤ ᠪᠣᠯᠤᠨ᠎ᠠ᠃ ᠲᠣᠭᠠᠴᠢᠯᠠᠭ᠍ᠰᠠᠨ ᠤᠩᠱᠢᠯᠭ᠎ᠠ᠎ᠶ᠋ᠢ ᠤᠯᠠᠮᠵᠢᠯᠠᠯᠲᠤ ᠤᠩᠱᠢᠯᠭ᠎ᠠ᠎ᠲᠠᠶ ᠤᠶᠠᠯᠳᠤᠭᠤᠯᠵᠤ᠂ ᠪᠢᠳᠡᠨ᠎ᠦ ᠲᠤᠳᠤᠭᠠᠳᠤ ᠵᠢᠨ ᠭᠤᠤᠯᠯᠠᠬᠤ ᠦᠷᠳᠡᠭ᠎ᠤᠨ ᠦᠵᠡᠯᠳᠡ ᠪᠠ ᠬᠡᠪ ᠪᠣᠯᠪᠠᠰᠤᠷᠠᠯ᠎ᠢᠶᠠᠨ ᠰᠠᠬᠢᠬᠤ ᠬᠡᠷᠡᠭ᠌ᠲᠡᠶ ᠭᠡᠵᠦ ᠵᠢᠭᠠᠵᠤ ᠭᠠᠷᠭᠠᠪᠠ᠃

ᠵᠣᠬᠢᠶᠠᠯ᠎ᠳᠤ᠂ ᠪᠦᠬᠦ᠌ ᠠᠷᠠᠳ᠎ᠢᠶᠠᠷ᠎ᠢᠶᠠᠨ ᠨᠠᠰᠤᠨ ᠲᠤᠷᠱᠢᠳᠠ ᠰᠤᠷᠤᠯᠴᠠᠬᠤ ᠬᠡᠯᠪᠡᠷᠢ᠎ᠶ᠋ᠢᠨ ᠨᠡᠢᠭᠡᠮ᠂ ᠰᠤᠷᠤᠯᠴᠠᠬᠤ ᠬᠡᠯᠪᠡᠷᠢ᠎ᠶ᠋ᠢᠨ ᠶᠡᠬᠡ ᠤᠯᠤᠰ᠎ᠢ ᠪᠠᠢᠭᠤᠯᠵᠤ᠂ ᠬᠥᠮᠦᠨ ᠪᠦᠬᠦᠨ ᠰᠤᠷᠤᠯᠴᠠᠬᠤ᠂ ᠭᠠᠵᠠᠷ ᠪᠣᠯᠭᠠᠨ᠎ᠳᠤ ᠰᠤᠷᠤᠯᠴᠠᠬᠤ᠂ ᠴᠠᠭ ᠢᠮᠠᠭ᠍ᠲᠠ ᠰᠤᠷᠤᠯᠴᠠᠬᠤ᠎ᠶ᠋ᠢ ᠠᠬᠢᠭᠤᠯᠵᠤ᠂ ᠬᠥᠮᠦᠨ᠎ᠦ ᠪᠦᠬᠦ᠌ ᠲᠠᠯ᠎ᠠ᠎ᠶ᠋ᠢᠨ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠢ᠃ ᠥᠷᠭᠡᠨ ᠤᠯᠠᠨ ᠨᠠᠮ᠎ᠤᠨ ᠭᠡᠱᠢᠭᠦᠨ᠂ ᠺᠠᠳ᠋ᠷ ᠲᠦᠷᠦᠭᠦᠯᠡᠨ ᠨᠣᠮ ᠤᠩᠱᠢᠨ ᠰᠤᠷᠤᠯᠴᠠᠵᠤ᠂ ᠪᠡᠶ᠎ᠡ᠎ᠪᠡᠨ ᠵᠠᠰᠠᠵᠤ ᠵᠣᠷᠢᠭ᠎ᠢᠶᠠᠨ ᠬᠥᠪᠴᠢᠯᠡᠵᠦ᠍᠂ ᠡᠷᠳᠡᠮ ᠴᠢᠳᠠᠪᠤᠷᠢ᠎ᠪᠠᠨ ᠲᠡᠭᠡᠭᠰᠢᠯᠡᠬᠦᠯᠬᠦ ᠶ᠋ᠢ ᠬᠦᠰᠡᠵᠦ᠍ ᠪᠠᠢᠨ᠎ᠠ; ᠬᠡᠦᠬᠡᠳ᠎ᠦᠳ ᠤᠩᠱᠢᠯᠭ᠎ᠠ ᠵᠢᠨ ᠳᠠᠳᠭᠠᠯ᠎ᠲᠠᠶ ᠪᠣᠯᠵᠤ᠂ ᠪᠠᠶᠠᠷ ᠬᠥᠷ᠎ᠲᠡᠶ᠎ᠪᠡᠷ ᠨᠣᠮ ᠤᠩᠱᠢᠵᠤ᠂ ᠡᠷᠡᠭᠦᠯ᠎ᠢᠶᠡᠷ ᠦᠰᠦᠨ ᠪᠣᠢᠵᠢᠬᠤ᠎ᠶ᠋ᠢ ᠬᠦᠰᠡᠵᠦ᠍ ᠪᠠᠢᠨ᠎ᠠ; ᠨᠡᠢᠭᠡᠮ ᠳᠠᠶᠠᠭᠠᠷ᠎ᠢᠶᠠᠨ ᠨᠣᠮ ᠤᠩᠱᠢᠵᠤ᠂ ᠨᠣᠮ ᠤᠩᠱᠢᠬᠤ ᠳᠤᠷᠠᠲᠠᠶ᠂ ᠰᠠᠢᠨ ᠨᠣᠮ ᠤᠩᠱᠢᠬᠤ᠂ ᠨᠣᠮ ᠤᠩᠱᠢᠬᠤ᠎ᠳᠠᠭᠠᠨ ᠴᠢᠳᠠᠮᠠᠭᠠᠶ ᠪᠠᠢᠬᠤ ᠭᠦᠨ ᠵᠤᠵᠠᠭᠠᠨ ᠠᠭᠤᠷ ᠠᠮᠢᠰᠭᠤᠯ᠎ᠢ ᠪᠣᠶ ᠪᠣᠯᠭᠠᠬᠤ᠎ᠶ᠋ᠢ ᠬᠦᠰᠡᠵᠦ᠍ ᠪᠠᠢᠨ᠎ᠠ ᠭᠡᠵᠦ ᠵᠢᠭᠠᠵᠤ ᠭᠠᠷᠭᠠᠪᠠ᠃

 (ᠱᠢᠨᠬᠤᠸᠠ ᠬᠤᠷᠢᠶ᠎ᠠ᠎ᠶᠢᠨ ᠪᠡᠭᠡᠵᠢᠩ᠎ᠦᠨ 4 ᠰᠠᠷ᠎ᠠ᠎ᠶ᠋ᠢᠨ 15᠎ᠤ᠋ ᠴᠠᠬᠢᠯᠭᠠᠨ ᠮᠡᠳᠡᠭᠡ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号