ᠭᠤᠤᠯᠳᠠᠯᠭ᠎ᠠ ᠲᠠᠢ ᠵᠦᠪᠯᠡᠬᠦ ᠰᠡᠳᠦᠪ᠎ᠤᠨ ᠲᠤᠭᠤᠷᠢᠨ᠎ᠳᠤ ᠪᠠᠢᠴᠠᠭᠠᠨ ᠰᠤᠳᠤᠯᠤᠯᠲᠠ ᠦᠷᠨᠢᠬᠦᠯᠪᠠ
2026-04-16 15:27:04
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠪᠠᠢᠴᠠᠭᠠᠨ ᠰᠤᠳᠤᠯᠬᠤ ᠳᠤᠭᠤᠢᠯᠠᠩ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠢᠩᠬᠢᠮ᠎ᠳᠦ ᠬᠦᠷᠴᠦ᠍ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠲᠦᠷᠢᠮ》 ᠢ᠋ ᠲᠤᠭᠤᠱᠢᠯᠠᠭᠤᠯᠤᠨ ᠨᠠᠢᠳᠠᠪᠤᠷᠢᠵᠢᠭᠤᠯᠤᠭ᠍ᠰᠠᠨ ᠪᠠᠢᠳᠠᠯ ᠪᠣᠯᠤᠨ 《ᠬᠠᠷᠢᠯᠴᠠᠨ ᠱᠢᠭᠢᠳᠭᠡᠬᠦ ᠮᠠᠶᠢᠭ᠎ᠤᠨ ᠨᠡᠢᠭᠡᠮ᠎ᠦᠨ ᠪᠦᠲᠦᠴᠡ ᠪᠣᠯᠤᠨ ᠨᠡᠢᠭᠡᠮ ᠲᠣᠭᠣᠷᠢᠭ᠎ᠤᠨ ᠣᠷᠴᠢᠨ ᠲᠣᠭᠣᠷᠢᠨ ᠎ᠢ ᠲᠦᠷᠭᠡᠳᠭᠡᠨ ᠪᠠᠢᠭᠤᠯᠬᠤ》 ᠬᠣᠶᠠᠷ ᠵᠥᠪᠯᠡᠬᠦ᠌ ᠰᠡᠳᠦᠪ᠎ᠦᠨ ᠲᠣᠭᠣᠷᠢᠨ᠎ᠳᠤ ᠲᠤᠰᠭᠠᠶ ᠰᠡᠳᠦᠪᠲᠦ ᠪᠠᠢᠴᠠᠭᠠᠨ ᠰᠤᠳᠤᠯᠤᠯᠲᠠ ᠥᠷᠨᠢᠭᠦᠯᠪᠡ᠃

ᠪᠠᠢᠴᠠᠭᠠᠨ ᠰᠤᠳᠤᠯᠬᠤ ᠳᠤᠭᠤᠢᠯᠠᠩ᠎ᠤᠨ᠎ᠬᠢᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠢᠩᠬᠢᠮ᠂ ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠣᠷᠢᠶᠠᠨ᠎ᠤ ᠨᠡᠢᠭᠡᠮ᠎ᠦᠨ ᠠᠵᠢᠯ᠎ᠤᠨ ᠬᠡᠯᠲᠡᠰ᠎ᠦᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠲᠦᠷᠢᠮ》 ᠢ᠋ ᠲᠤᠭᠤᠱᠢᠯᠠᠭᠤᠯᠤᠨ ᠨᠠᠢᠳᠠᠪᠤᠷᠢᠵᠢᠭᠤᠯᠤᠬᠰᠠᠨ ᠪᠠᠢᠳᠠᠯ᠂ ᠬᠠᠷᠢᠯᠴᠠᠨ ᠱᠢᠭᠢᠳᠭᠡᠬᠦ ᠮᠠᠶᠢᠭ᠎ᠤᠨ ᠨᠡᠢᠭᠡᠮ᠎ᠦᠨ ᠪᠦᠲᠦᠴᠡ ᠪᠠ ᠨᠡᠢᠭᠡᠮ ᠲᠣᠭᠣᠷᠢᠭ᠎ᠤᠨ ᠣᠷᠴᠢᠨ ᠲᠣᠭᠣᠷᠢᠨ᠎ᠢ ᠪᠠᠢᠭᠤᠯᠬᠤ ᠲᠠᠯ᠎ᠠ᠎ᠪᠠᠷ᠎ᠬᠢ ᠠᠵᠢᠯ᠎ᠤᠨ ᠠᠷᠭ᠎ᠠ ᠬᠡᠮᠵᠢᠶ᠎ᠡ᠂ ᠦᠷ᠎ᠡ ᠪᠦᠲᠦᠮᠵᠢ ᠲᠤᠷᠱᠢᠯᠭ᠎ᠠ᠂ ᠬᠦᠴᠢᠷ ᠠᠰᠠᠭᠤᠳᠠᠯ᠎ᠢ ᠨᠠᠷᠢᠨ ᠬᠢᠨᠠᠮᠠᠭᠠᠶ ᠣᠢᠯᠠᠭᠠᠭ᠍ᠰᠠᠨ ᠪᠥᠭᠡᠳ ᠬᠠᠮᠢᠶ᠎ᠠ ᠪᠥᠬᠥᠶ ᠪᠠᠢᠳᠠᠯ᠎ᠤᠨ ᠲᠤᠬᠠᠶ ᠭᠦᠨᠵᠡᠭᠡᠶ ᠰᠣᠯᠢᠯᠴᠠᠪᠠ᠃ ᠪᠠᠢᠴᠠᠭᠠᠨ ᠰᠤᠳᠤᠯᠬᠤ ᠳᠤᠭᠤᠢᠯᠠᠩ᠎ᠤᠨ ᠬᠢᠨ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ᠎ᠬᠢᠨ ᠭᠦᠨᠵᠡᠭᠡᠶ ᠪᠠᠢᠴᠠᠭᠠᠨ ᠰᠤᠳᠤᠯᠤᠯᠲᠠ ᠬᠢᠵᠦ᠍᠂ ᠲᠤᠢᠯ᠎ᠤᠨ ᠣᠨᠣᠪᠴᠢᠲᠠᠶ᠎ᠪᠠᠷ ᠰᠠᠨᠠᠯ ᠰᠠᠨᠠᠭᠤᠯᠭ᠎ᠠ ᠳᠤᠷᠠᠳᠴᠤ᠌᠂ ᠬᠢᠨᠠᠯᠲᠠ ᠲᠠᠯᠪᠢᠬᠤ᠎ᠶ᠋ᠢ ᠴᠢᠩᠭᠠᠳᠭᠠᠵᠦ᠂ ᠨᠠᠢᠳᠠᠪᠤᠷᠢᠵᠢᠭᠤᠯᠤᠯᠲᠠ᠎ᠶ᠋ᠢ ᠠᠬᠢᠭᠤᠯᠵᠤ᠂ ᠡᠭᠦᠷᠭᠡ ᠬᠠᠷᠢᠭᠤᠴᠠᠯᠭ᠎ᠠ᠎ᠪᠠᠨ ᠴᠢᠨᠠᠷ ᠰᠠᠢᠲᠠᠶ ᠭᠦᠶ᠋ᠴᠡᠳᠭᠡᠭ᠌ᠰᠡᠨ ᠦᠷ᠎ᠡ ᠪᠦᠲᠦᠭᠡᠯ ᠎ᠢᠶᠡᠷ ᠎ᠢᠶᠡᠨ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠠᠮᠲᠤ᠎ᠪᠠᠷ ᠰᠠᠭᠤᠵᠤ ᠬᠠᠮᠲᠤ᠎ᠪᠠᠷ ᠰᠤᠷᠤᠯᠴᠠᠬᠤ᠂ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠌᠂ ᠬᠠᠮᠲᠤ᠎ᠪᠠᠷ ᠠᠵᠢᠯᠯᠠᠵᠤ ᠬᠠᠮᠲᠤ᠎ᠪᠠᠷ ᠵᠢᠷᠭᠠᠬᠤ ᠨᠡᠢᠭᠡᠮ᠎ᠦᠨ ᠨᠥᠬᠥᠴᠡᠯ᠎ᠢ ᠪᠣᠶ ᠪᠣᠯᠭᠠᠬᠤ᠎ᠳᠤ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠱᠠᠭᠠᠷᠳᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号