ᠠᠷᠠᠳ᠎ᠤᠨ ᠠᠮᠢᠳᠤᠷᠠᠯ᠎ᠤᠨ ᠶᠠᠰᠤ ᠴᠢᠨᠠᠷ᠎ᠢ ᠳᠡᠭᠡᠭᠰᠢᠯᠡᠬᠦᠯᠬᠦ ᠬᠢᠭᠡᠳ ᠠᠵᠤ ᠦᠶ᠋ᠯᠡᠰ᠎ᠢ ᠲᠠᠰ ᠳᠡᠪᠱᠢᠬᠦᠯᠬᠦ ᠬᠤᠤᠰ ᠦᠷ᠎ᠠ ᠠᠰᠢᠭ᠎ᠢ ᠡᠬᠦᠳᠦᠨ᠎ᠠ
2026-04-16 09:19:22
ᠵᠣᠬᠢᠶᠠᠭ᠍ᠴᠢ᠄
ᠱᠢᠨᠬᠤᠸᠠ ᠬᠣᠷᠢᠶ᠎ᠠ ᠵᠢᠨ ᠰᠤᠷᠪᠤᠯᠵᠢᠯᠠᠭ᠍ᠴᠢ ᠰᠶ᠋ᠶᠸ ᠰᠢ ᠶᠣᠣ ᠳ᠋ᠠᠶ ᠱᠢᠶᠤᠤ ᠾᠧ
ᠣᠩᠱᠢᠭ᠍ᠰᠠᠨ ᠣᠳᠠᠭ᠎ᠠ᠄
★★★☆☆

— ᠡᠯ᠎ᠡ ᠭᠠᠵᠠᠷ ᠤᠷᠤᠨ᠎ᠤ ᠬᠢᠨ ᠳᠣᠲᠣᠭᠠᠳᠤ ᠬᠡᠷᠡᠭ᠌ᠴᠡᠭᠡ᠎ᠶ᠋ᠢ ᠪᠥᠬᠥ᠌ ᠲᠠᠯ᠎ᠠ᠎ᠪᠠᠷ ᠥᠷᠭᠡᠳᠭᠡᠵᠤ ᠪᠠᠢᠬᠤ ᠲᠤᠬᠠᠢ ᠡᠮᠦᠨ᠎ᠠ ᠹᠷᠣᠨᠲ ᠤ᠋ᠨ ᠠᠵᠢᠭ᠍ᠯᠠᠯᠲᠠ


ᠡᠨᠡ ᠵᠢᠯ᠎ᠦᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶ᠋ᠢᠨ ᠵᠢᠯ᠎ᠦᠨ ᠠᠵᠢᠯ᠎ᠤᠨ ᠡᠭᠦᠷᠭᠡ᠎ᠶ᠋ᠢ ᠤᠬᠠᠭᠠᠯᠠᠨ ᠲᠥᠯᠥᠪᠯᠡᠬᠦ᠌᠎ᠳᠡᠭᠡᠨ 《ᠬᠦᠴᠦᠷᠬᠡᠭ ᠶᠡᠬᠡ ᠤᠯᠤᠰ᠎ᠤᠨ ᠳᠣᠲᠣᠭᠠᠳᠤ᠎ᠶ᠋ᠢᠨ ᠵᠠᠬ᠎ᠠ ᠳᠡᠯᠭᠡᠭᠦᠷ᠎ᠢ ᠬᠦᠴᠦᠯᠡᠨ ᠪᠠᠢᠭᠤᠯᠬᠤ》 ᠎ᠶ᠋ᠢ ᠲᠡᠷᠢᠭᠦᠨ᠎ᠳᠤ ᠲᠠᠯᠪᠢᠵᠤ᠂ ᠬᠡᠷᠡᠭ᠌ᠯᠡᠭᠡ᠎ᠶ᠋ᠢ ᠠᠬᠢᠭᠤᠯᠬᠤ ᠪᠠ ᠪᠡᠯᠡ ᠣᠷᠣᠭᠤᠯᠤᠯᠲᠠ᠎ᠶ᠋ᠢ ᠥᠷᠭᠡᠳᠭᠡᠬᠦ᠌᠎ᠶ᠋ᠢ ᠨᠢᠭᠡᠳᠦᠯᠲᠡᠢ ᠲᠥᠯᠥᠪᠵᠢᠭᠦᠯᠦᠨ᠂ ᠳᠣᠲᠣᠭᠠᠳᠤ ᠬᠡᠷᠡᠭ᠌ᠴᠡᠭᠡ᠎ᠶ᠋ᠢ ᠨᠡᠮᠡᠭ᠌ᠳᠡᠭᠦᠯᠬᠦ᠌ ᠱᠢᠨ᠎ᠡ ᠣᠷᠣᠨ ᠵᠠᠢ᠎ᠶ᠋ᠢ ᠥᠷᠭᠡᠳᠭᠡᠨ᠎ᠡ ᠭᠡᠵᠦ᠍ ᠲᠣᠳᠣᠷᠬᠠᠢ ᠳᠤᠷᠠᠳᠴᠠᠢ᠃

ᠱᠢᠨᠬᠤᠸᠠ ᠬᠣᠷᠢᠶ᠎ᠠ ᠵᠢᠨ ᠰᠤᠷᠪᠤᠯᠵᠢᠯᠠᠭ᠍ᠴᠢ ᠣᠢᠷ᠎ᠠ᠎ᠳᠤ ᠣᠯᠠᠨ ᠭᠠᠵᠠᠷ᠎ᠲᠤ ᠬᠦᠷᠴᠦ᠍ ᠪᠠᠢᠴᠠᠭᠠᠨ ᠰᠤᠳᠤᠯᠤᠯᠲᠠ ᠬᠢᠵᠤ᠂ 《ᠠᠷᠪᠠᠨ ᠲᠠᠪᠤᠳᠤᠭᠠᠷ ᠲᠠᠪᠤᠨ ᠵᠢᠯ》ᠤ᠋ᠨ ᠡᠬᠢᠯᠡᠯᠲᠡ᠎ᠶ᠋ᠢᠨ ᠲᠦᠷᠦᠭᠦᠦ ᠤᠯᠠᠷᠢᠯ᠎ᠳᠤ᠂ ᠡᠯ᠎ᠡ ᠭᠠᠵᠠᠷ ᠤᠷᠤᠨ᠎ᠤ ᠬᠢᠨ ᠠᠷᠠᠳ᠎ᠤᠨ ᠠᠮᠢᠳᠤᠷᠠᠯ᠎ᠳᠤ ᠠᠱᠢᠭ ᠬᠦᠷᠲᠡᠭᠡᠬᠦ᠌ ᠪᠠ ᠬᠡᠷᠡᠭ᠌ᠯᠡᠭᠡ᠎ᠶ᠋ᠢ ᠠᠬᠢᠭᠤᠯᠬᠤ᠂  ᠪᠣᠳᠠᠰ ᠲᠤ᠌ ᠪᠡᠯᠡ ᠤᠷᠤᠭᠤᠯᠬᠤ ᠪᠣᠯᠤᠨ ᠬᠦᠮᠦᠨ ᠳ᠋ᠤ ᠪᠡᠯᠡ ᠤᠷᠤᠭᠤᠯᠬᠤ ᠵᠢ ᠨᠢᠭ᠍ᠲᠠ ᠤᠶᠠᠯᠳᠤᠭᠤᠯᠬᠤ᠎ᠶ᠋ᠢ ᠪᠠᠷᠢᠮᠲᠠᠯᠠᠵᠤ᠂ ᠠᠷᠠᠳ᠎ᠤᠨ ᠠᠮᠢᠳᠤᠷᠠᠯ ᠢ᠋ ᠰᠠᠢᠵᠢᠷᠠᠭᠤᠯᠬᠤ ᠪᠣᠯᠤᠨ ᠠᠵᠤ ᠦᠢᠯᠡᠰ᠎ᠤᠨ ᠰᠢᠨ᠎ᠠ ᠲᠡᠢᠰᠢ ᠬᠦᠭᠵᠢᠬᠦ ᠬᠠᠷᠢᠯᠴᠠᠨ ᠠᠬᠢᠭᠤᠯᠬᠤ ᠵᠢ ᠲᠦᠷᠭᠡᠳᠬᠡᠵᠤ᠂ ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠬᠦ᠌ ᠠᠵᠢᠯ ᠡᠷᠴᠢᠮ ᠲᠠᠢ᠂ ᠨᠡᠩ ᠪᠦᠳᠦᠮᠵᠢᠳᠡᠢ ᠪᠠᠢᠬᠤ ᠵᠢ ᠪᠡᠶᠡᠯᠡᠬᠦᠯᠪᠡ᠃

《ᠦᠵᠡᠮᠵᠢ》 ᠨᠢ 《ᠦᠢᠯᠡᠳᠬᠦᠨ᠎ᠦ ᠦᠷᠳᠡᠭ》 ᠪᠣᠯᠤᠨ ᠬᠤᠪᠢᠷᠠᠵᠤ᠂ ᠮᠠᠨᠳᠠᠷᠸ᠎ᠠ ᠴᠡᠴᠡᠭ 《ᠵᠤᠯᠭᠠᠷᠠᠰᠢ ᠦᠬᠡᠢ ᠪᠠᠳᠠᠷᠠᠨ ᠲᠡᠯᠬᠡᠷᠡᠨ᠎ᠡ》᠃ ᠤᠢ᠍ᠢᠷ᠎ᠠ᠎ᠶ᠋ᠢᠨ ᠵᠢᠯ᠎ᠳᠦ᠂ ᠾᠧ ᠽᠧ ᠵᠢᠨ ᠬᠢᠨ ᠮᠠᠨᠳᠠᠷᠸ᠎ᠠ ᠴᠡᠴᠡᠭ ᠤ᠋ᠨ ᠪᠦᠬᠦ᠌ ᠠᠵᠤ ᠦᠢᠯᠡᠰ᠎ᠦᠨ ᠬᠡᠯᠬᠢᠶ᠎ᠡ᠎ᠶ᠋ᠢ ᠰᠠᠢᠳᠤᠷ ᠬᠦᠭᠵᠢᠬᠦᠯᠵᠤ᠂ ᠨᠠᠷᠢᠯᠢᠭ ᠡᠳ᠋ᠱᠢᠭᠦᠯᠬᠦ᠌᠂ ᠰᠣᠶᠣᠯ ᠵᠢᠭᠤᠯᠴᠢᠯᠠᠯ ᠡᠷᠡᠭᠦᠯᠵᠢᠯ ᠰᠤᠪᠢᠯᠠᠯᠲᠠ᠂ ᠱᠢᠭᠤᠳ ᠨᠡᠪᠲᠡᠷᠡᠭᠦᠯᠭᠡ ᠡᠯᠧᠺᠲ᠋ᠷᠣᠨ ᠬᠤᠳᠠᠯᠳᠤᠭ᠎ᠠ ᠵᠡᠷᠭᠡ ᠤᠯᠠᠨ ᠡᠱᠢᠵᠢᠭ᠌ᠰᠡᠨ ᠡᠵᠡᠩᠨᠡᠯᠲᠡ᠎ᠶ᠋ᠢᠨ ᠬᠡᠯᠪᠡᠷᠢ᠎ᠶ᠋ᠢ ᠢᠳᠡᠪᠬᠢᠲᠡᠢ ᠥᠷᠭᠡᠳᠭᠡᠪᠡ᠃ ᠾᠧ ᠽᠸ ᠵᠢᠨ ᠮᠠᠨᠳᠠᠷᠸ᠎ᠠ ᠴᠡᠴᠡᠭ ᠤ᠋ᠨ ᠪᠦᠲᠦᠭᠡᠭ᠌ᠳᠡᠬᠦᠨ᠎ᠨᠢ ᠨᠢᠭᠡᠨᠲᠡ 30 ᠭᠠᠷᠤᠶ ᠤᠯᠤᠰ ᠪᠠ ᠭᠠᠵᠠᠷ ᠣᠷᠣᠨ᠎ᠳᠤ ᠪᠣᠷᠣᠯᠠᠭᠤᠯᠤᠭ᠍ᠳᠠᠵᠤ᠂ ᠵᠢᠯ᠎ᠦᠨ ᠶᠡᠷᠦᠩᠬᠡᠢᠯᠡᠭ᠌ᠰᠡᠨ ᠦᠶ᠋ᠯᠡᠳᠬᠦᠨ᠎ᠦ ᠥᠷᠲᠡᠭ᠎ᠨᠢ 130 ᠳ᠋ᠦᠩᠱᠢᠭᠤᠷ ᠲᠥᠭᠥᠷᠢᠭ᠎ᠢ ᠳᠠᠪᠠᠵᠤ᠂ 50 ᠲᠦᠮᠡ ᠭᠠᠷᠤᠢ ᠣᠯᠠᠨ ᠲᠦᠮᠡᠨ᠎ᠢ ᠳᠠᠢᠴᠢᠯᠠᠨ ᠣᠷᠣᠯᠭ᠎ᠠ᠎ᠶ᠋ᠢ᠎ᠨᠢ ᠨᠡᠮᠡᠭ᠌ᠳᠡᠭᠦᠯᠵᠦ᠍᠂ 《ᠨᠢᠭᠡ ᠪᠠᠭ᠍ᠴᠠ ᠴᠡᠴᠡᠭ》 ᠨᠢ 《ᠨᠢᠬᠡᠨ ᠲᠣᠮᠣ ᠠᠵᠤ ᠦᠶ᠋ᠯᠡᠰ》 ᠪᠤᠯᠵᠤ ᠪᠤᠵᠠᠭᠠᠢᠷᠠᠵᠠᠢ᠃

ᠡᠨᠡ ᠵᠢᠯ᠎ᠦᠨ ᠲᠦᠷᠦᠭᠦᠦ 2 ᠰᠠᠷ᠎ᠠ᠎ᠳᠤ᠂ ᠮᠠᠨ᠎ᠤ ᠤᠯᠤᠰ᠎ᠤᠨ ᠦᠶ᠋ᠯᠡᠴᠢᠯᠡᠭᠡᠨ᠎ᠦ ᠵᠢᠵᠢᠭ᠌ᠯᠡᠨ ᠪᠣᠷᠣᠯᠠᠭᠤᠯᠤᠭ᠍ᠰᠠᠨ ᠬᠡᠮᠵᠢᠶ᠎ᠠ ᠳᠡᠭᠡᠷ᠎ᠠ ᠵᠢᠯ ᠤ᠋ᠨ ᠠᠳᠠᠯᠢ ᠬᠤᠭᠤᠴᠠᠭᠠᠨ᠎ᠤ᠎ᠬᠢ᠎ᠡᠴᠡ 5.6% ᠎ᠪᠠᠷ ᠨᠡᠮᠡᠭ᠌ᠳᠡᠵᠦ᠍᠂ ᠲᠠᠸᠠᠷ᠎ᠤᠨ ᠵᠢᠵᠢᠭ᠌ᠯᠡᠨ ᠪᠣᠷᠣᠯᠠᠭᠤᠯᠤᠭ᠍ᠰᠠᠨ ᠨᠡᠮᠡᠭ᠌ᠳᠡᠯ᠎ᠦᠨ ᠬᠤᠷᠳᠤᠴᠠ ᠡᠴᠡ ᠢᠯᠡᠳᠲᠡ ᠲᠦᠷᠭᠡᠨ ᠪᠣᠯᠪᠠ᠃ ᠡᠭᠦᠨ᠎ᠳᠦ᠂ ᠵᠢᠭᠤᠯᠴᠢᠯᠠᠯ᠎ᠤᠨ ᠵᠦᠪᠯᠡᠯᠬᠡ ᠦᠭᠬᠦ ᠳᠦᠷᠢᠶᠡᠰᠦᠯᠠᠵᠤ ᠲᠦᠷᠢᠶᠡᠰᠦᠯᠡᠬᠦᠯᠬᠦ ᠦᠢᠯᠡᠴᠢᠯᠡᠭᠡᠨ᠎ᠦ ᠲᠥᠷᠥᠯ᠂ ᠰᠣᠶᠣᠯ ᠪᠡᠶ᠎ᠡ᠎ᠶ᠋ᠢᠨ ᠲᠠᠮᠢᠷ ᠵᠤᠭ᠎ᠠ ᠰᠡᠯᠡᠭᠦᠴᠡᠯ᠎ᠦᠨ ᠦᠢᠯᠡᠴᠢᠯᠡᠭᠡᠨ᠎ᠦ ᠲᠥᠷᠥᠯ᠎ᠦᠨ ᠵᠢᠵᠢᠭ᠌ᠯᠡᠨ ᠪᠣᠷᠣᠯᠠᠭᠤᠯᠤᠭ᠍ᠰᠠᠨ ᠬᠡᠮᠵᠢᠶ᠎ᠠ ᠴᠥᠮ 10% ᠡᠴᠡ ᠳᠡᠭᠡᠭ᠌ᠰᠢ ᠨᠡᠯᠢᠶᠡᠳ ᠲᠦᠷᠭᠡᠨ ᠨᠡᠮᠡᠭ᠌ᠳᠡᠯ ᠲᠠᠢ ᠪᠤᠯᠵᠠᠢ᠃

ᠣᠢᠷ᠎ᠠ᠎ᠳᠤ᠂ ᠪᠡᠭᠡᠵᠢᠩ ᠬᠣᠲᠠ᠎ᠶ᠋ᠢᠨ ᠵᠠᠩ ᠠᠪᠤᠭᠠᠶ ᠰᠤ᠌ ᠨᠢᠩ ᠢ ᠭᠸᠦ᠍᠎ᠡᠴᠡ AI ᠱᠢᠨ᠎ᠡ ᠠᠭᠠᠷ ᠲᠣᠬᠢᠷᠠᠭᠤᠯᠤᠭ᠍ᠴᠢ ᠬᠤᠳᠠᠯᠳᠤᠨ ᠠᠪᠴᠠᠶ᠃ 《ᠰᠣᠨᠣᠰᠭᠤᠯᠠᠷ ᠡᠨᠡ ᠬᠦ᠌ ᠠᠭᠠᠷ ᠲᠣᠬᠢᠷᠠᠭᠤᠯᠤᠭ᠍ᠴᠢ ᠨᠢ AI ᠤᠶᠤᠨᠲᠤ ᠴᠡᠪᠡᠷᠱᠢᠭᠦᠯᠬᠦ᠌ ᠴᠢᠳᠠᠮᠵᠢ᠎ᠲᠠᠶ᠂ ᠴᠡᠴᠡᠭ᠎ᠦᠨ ᠲᠣᠭᠣᠰᠣᠨ᠎ᠳᠤ ᠬᠠᠷᠱᠢᠮᠠᠲᠠᠭᠠᠶ ᠬᠥᠮᠦᠰ᠎ᠲᠦ ᠮᠠᠰᠢ ᠨᠥᠬᠥᠷᠰᠡᠭ ᠬᠡᠨ᠎ᠡ᠂ 〈ᠤᠯᠤᠰ᠎ᠤᠨ ᠨᠥᠬᠥᠪᠥᠷᠢ〉 ᠶ᠋ᠢ ᠭᠤᠶᠤᠴᠢᠯᠠᠨ ᠠᠪᠤᠭᠠᠳ ᠱᠢᠨ᠎ᠡ᠎ᠶ᠋ᠢ ᠰᠣᠯᠢᠬᠤ᠎ᠪᠠᠷ ᠢᠷᠡᠪᠡ》 ᠭᠡᠵᠡᠢ᠃

ᠲᠦᠷᠦᠭᠦᠬᠡᠨ ᠡᠨᠡ ᠵᠢᠯ᠎ᠦᠨ ᠤᠨᠴᠠ ᠤᠷᠳᠤ ᠬᠤᠭᠤᠴᠠᠭᠠᠨ ᠤ᠋ ᠤᠯᠤᠰ᠎ᠤᠨ ᠣᠨᠴᠠᠭᠠᠶ ᠵᠢᠭᠡᠯᠡᠯᠭᠡ᠎ᠪᠡᠷ ᠬᠡᠷᠡᠭ᠌ᠯᠡᠭᠡᠨ᠎ᠦ ᠵᠦᠶ᠋ᠯ᠎ᠦᠨ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ᠎ᠶ᠋ᠢ ᠳᠡᠮᠵᠢᠬᠦ᠌ ᠬᠣᠶᠠᠳᠤᠭᠠᠷ ᠪᠦᠯᠦᠭ᠎ᠦᠨ 625 ᠳ᠋ᠦᠩᠱᠢᠭᠤᠷ ᠲᠥᠭᠥᠷᠢᠭ᠎ᠦᠨ ᠪᠠᠯᠠ ᠮᠥᠩᠭᠥ᠎ᠶ᠋ᠢ ᠪᠠᠭᠤᠯᠭᠠᠪᠠ᠃ ᠱᠢᠨ᠎ᠡ ᠨᠢᠭᠡ ᠡᠭᠡᠯᠵᠢ᠎ᠶ᠋ᠢᠨ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ ᠲᠥᠷᠥ᠎ᠶ᠋ᠢᠨ ᠪᠣᠳᠣᠯᠭ᠎ᠠ ᠨᠢ ᠪᠣᠬᠢᠷᠲᠤᠯ ᠥᠬᠡᠶ ᠣᠶᠤᠨᠳᠤ ᠲᠠᠸᠠᠷ᠎ᠤᠨ ᠬᠡᠷᠡᠭ᠌ᠯᠡᠭᠡ᠎ᠶ᠋ᠢ ᠨᠠᠩ ᠬᠦᠴᠦᠲᠡᠶ ᠳᠡᠮᠵᠢᠵᠦ᠍᠂ ᠱᠢᠨ᠎ᠡ ᠦᠶ᠋ᠯᠡᠳᠬᠦᠨ᠂ ᠱᠢᠨ᠎ᠡ ᠮᠡᠷᠭᠡᠵᠢᠯ᠎ᠳᠦ ᠨᠠᠩ ᠥᠷᠭᠡᠨ ᠠᠭᠤᠳᠠᠮ ᠵᠠᠬ᠎ᠠ ᠳᠡᠯᠭᠡᠭᠦᠷ ᠬᠠᠩᠭᠠᠵᠤ᠂ ᠱᠢᠨ᠎ᠡ ᠤᠷᠤᠯᠳᠤᠭᠠᠨ᠎ᠤ ᠵᠠᠮ᠂ ᠱᠢᠨ᠎ᠡ ᠠᠵᠤ ᠦᠶ᠋ᠯᠡᠰ᠎ᠢ ᠪᠤᠢ ᠪᠤᠯᠭᠠᠪᠠ᠃

ᠡᠨᠡ ᠬᠠᠪᠤᠷ᠂ ᠰᠣᠶᠣᠯ ᠵᠢᠭᠤᠯᠴᠢᠯᠠᠯ᠎ᠤᠨ ᠠᠵᠢᠯ ᠲᠦᠷᠦᠯ ᠨᠢ ᠬᠠᠷᠢᠯᠴᠠᠨ ᠬᠦᠳᠡᠯᠦᠯᠴᠡᠬᠦ ᠮᠠᠶᠢᠭ᠎ᠤᠨ ᠬᠠᠪᠤᠷ ᠤ᠋ᠨ ᠵᠢᠭᠤᠯᠴᠢᠯᠠᠯ᠎ᠤᠨ ᠦᠢᠯᠡᠳᠬᠦᠨ᠎ᠢ ᠪᠦᠬᠦ᠌ ᠬᠦᠴᠦᠨ᠎ᠢᠶᠡᠷ᠎ᠢᠶᠡᠨ ᠴᠣᠭ᠍ᠴᠠᠯᠠᠪᠠ; ᠢᠳᠡᠭᠡᠨ ᠤᠮᠳᠠᠭᠠᠨ᠎ᠤ ᠠᠵᠤ ᠠᠬᠤᠢᠯᠠᠯ ᠨᠢ ᠰᠢᠨ᠎ᠠ ᠦᠢᠯᠡᠳᠬᠦᠨ ᠎ᠢ ᠦᠢᠯᠡᠳᠪᠦᠷᠢᠯᠡᠵᠤ  ᠬᠥᠮᠦᠰ᠎ᠦᠨ ᠢᠳᠡᠭᠡᠨ ᠤᠮᠳᠠᠭᠠᠨ᠎ᠤ ᠵᠢᠷᠭᠠᠯᠳᠤ ᠲᠥᠷᠥᠭ᠌ᠳᠡᠯ᠎ᠢ ᠨᠡᠮᠡᠭᠳᠡᠬᠦᠯᠪᠡ; ᠦᠢᠯᠡᠳᠬᠦ᠌ ᠠᠵᠤ ᠠᠬᠤᠢᠯᠠᠯ ᠨᠢ ᠣᠶᠤᠨᠳᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢᠶᠡᠷ ᠡᠳᠦᠷ ᠳᠤᠳᠤᠮ᠎ᠤᠨ ᠠᠮᠢᠳᠤᠷᠠᠯ ᠳ᠋ᠤ ᠱᠢᠨ᠎ᠡ ᠤᠳᠭ᠎ᠠ ᠠᠭᠤᠯᠭ᠎ᠠ ᠬᠠᠩᠭᠠᠪᠠ ᠁ ᠬᠡᠷᠡᠭ᠌ᠯᠡᠭᠡ ᠵᠢᠨ ᠠᠮᠢᠵᠢᠷᠠᠯ᠎ᠤᠨ ᠬᠦᠴᠦᠨ᠎ᠢ ᠬᠥᠭ᠌ᠵᠢᠭᠡᠵᠦ᠍᠂ ᠠᠷᠠᠳ᠎ᠤᠨ ᠠᠮᠢᠳᠤᠷᠠᠯ᠎ᠳᠤ ᠠᠱᠢᠭ ᠬᠦᠷᠲᠡᠭᠡᠬᠦ᠌᠂ ᠬᠡᠷᠡᠭ᠌ᠯᠡᠭᠡ᠎ᠶ᠋ᠢ ᠠᠬᠢᠭᠤᠯᠬᠤ᠂ ᠠᠵᠤ ᠦᠢᠯᠡᠰ᠎ᠢ ᠬᠥᠭ᠌ᠵᠢᠭᠦᠯᠬᠦ᠌᠎ᠶ᠋ᠢ ᠵᠡᠷᠭᠡ᠎ᠪᠡᠷ ᠠᠬᠢᠭᠤᠯᠵᠤ᠂ ᠥᠷᠭᠡᠨ ᠠᠭᠤᠳᠠᠮ ᠳᠣᠲᠣᠭᠠᠳᠤ ᠬᠡᠷᠡᠭ᠌ᠴᠡᠭᠡ᠎ᠶ᠋ᠢᠨ ᠵᠠᠬ᠎ᠠ ᠳᠡᠯᠭᠡᠭᠦᠷ᠎ᠲᠦ ᠱᠢᠨ᠎ᠡ ᠬᠥᠳᠡᠯᠭᠡᠬᠦ᠌ ᠡᠨᠧᠷᠭᠢ ᠨᠡᠮᠡᠷᠢᠯᠡᠪᠡ᠃

ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ ᠡᠴᠡ ᠮᠥᠷᠡᠨ ᠳᠠᠭᠠᠤ ᠡᠮᠦᠨ᠎ᠠ ᠹᠷᠣᠨᠲ ᠬᠦᠷᠲᠡᠯ᠎ᠡ᠂ ᠨᠢᠭᠡ ᠪᠦᠯᠦᠭ ᠪᠠᠯᠠ ᠣᠷᠣᠭᠤᠯᠤᠯᠲᠠ᠎ᠶ᠋ᠢᠨ ᠲᠥᠷᠥᠯ ᠵᠦᠶ᠋ᠯ ᠶᠠᠭ ᠲᠦᠷᠭᠡᠨ ᠨᠠᠢᠳᠠᠪᠤᠷᠢᠵᠢᠭᠤᠯᠤᠬᠳᠠᠵᠤ ᠪᠤᠢ᠃

《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠥᠲᠥᠯᠪᠦᠷᠢ᠎ᠳᠦ᠂ ᠬᠡᠷᠡᠭ᠌ᠯᠡᠭᠡ ᠪᠣᠯᠤᠨ ᠪᠡᠯᠡ ᠣᠷᠣᠭᠤᠯᠤᠯᠲᠠ᠂ ᠬᠠᠩᠭᠠᠯᠭ᠎ᠠ ᠪᠣᠯᠤᠨ ᠬᠡᠷᠡᠭ᠌ᠴᠡᠭᠡ᠎ᠶ᠋ᠢᠨ ᠰᠠᠢ᠌ᠨ ᠨᠦᠬᠦᠴᠡᠯᠳᠦᠯ᠎ᠢ ᠠᠬᠢᠭᠤᠯᠵᠤ᠂ ᠬᠠᠩᠭᠠᠯᠭ᠎ᠠ ᠬᠡᠷᠡᠭ᠌ᠴᠡᠭᠡ᠎ᠶ᠋ᠢᠨ ᠨᠡᠩ ᠥᠨᠳᠥᠷ ᠲᠦᠪᠱᠢᠨ ᠪᠦᠬᠦᠢ ᠬᠥᠳᠡᠯᠦᠩᠭᠦᠢ ᠲᠡᠩᠴᠡᠭᠦᠷᠢ᠎ᠶ᠋ᠢ ᠪᠡᠶᠡᠯᠡᠭᠦᠯᠵᠦ᠍᠂ ᠤᠯᠤᠰ᠎ᠤᠨ ᠳᠣᠲᠣᠭᠠᠳᠤ᠎ᠶ᠋ᠢᠨ ᠶᠡᠬᠡ ᠣᠷᠴᠢᠯ᠎ᠤᠨ ᠳᠣᠲᠣᠭᠠᠳᠤ ᠬᠥᠳᠡᠯᠭᠡᠬᠦ᠌ ᠬᠦᠴᠦᠨ ᠪᠣᠯᠤᠨ ᠨᠠᠢᠳᠠᠪᠤᠷᠢᠲᠤ ᠴᠢᠨᠠᠷ᠎ᠢ ᠴᠢᠩᠭᠠᠳᠭᠠᠨ᠎ᠠ ᠭᠡᠵᠦ᠍ ᠲᠣᠳᠣᠷᠬᠠᠢ ᠵᠢᠭᠠᠵᠤ ᠭᠠᠷᠭᠠᠪᠠ᠃

ᠠᠵᠤ ᠦᠢᠯᠡᠰ ᠮᠠᠨᠳᠤᠪᠠᠯ ᠠᠵᠢᠯ ᠣᠯᠭᠣᠯᠲᠠ ᠲᠣᠭ᠍ᠲᠠᠭᠤᠨ᠂ ᠨᠥᠭᠡᠴᠡ ᠬᠦᠴᠦᠨ ᠬᠦᠢᠴᠡᠳ  ᠪᠣᠯᠤᠨ᠎ᠠ᠃

ᠤᠷᠢᠬᠠᠨ ᠬᠠᠪᠤᠷ᠎ᠤᠨ ᠳᠤᠯᠠᠭᠠᠨ ᠨᠡᠷᠡᠨ᠎ᠦ ᠳᠣᠣᠷ᠎ᠠ᠂ ᠭᠤᠸᠠᠩᠰᠢ᠎ᠶ᠋ᠢᠨ ᠬᠦᠢ ᠭᠠᠩ ᠠᠵᠤ ᠠᠬᠤᠢ ᠮᠡᠷᠭᠡᠵᠢᠯ᠎ᠦᠨ ᠨᠡᠬᠡᠬᠡᠯᠳᠡ᠎ᠶ᠋ᠢᠨ ᠲᠤᠭᠤᠷᠢᠭ ᠲᠤ᠌᠂ ᠬᠦᠢ ᠭᠠᠩ ᠯᠢ ᠸᠸᠨ ᠴᠠᠭᠠᠰᠤᠨ᠎ᠤ ᠦᠢᠯᠡᠰ᠎ᠦᠨ ᠬᠢᠵᠠᠭᠠᠷᠲᠤ ᠺᠣᠮᠫᠠᠨᠢ᠎ᠶ᠋ᠢᠨ ᠮᠤᠳᠤ ᠲᠠᠷᠢᠬᠤ  ᠴᠠᠭᠠᠰᠤᠨ ᠡᠬᠡᠳᠡᠩ ᠬᠢᠬᠦ ᠴᠠᠭᠠᠰᠤ ᠦᠢᠯᠡᠳᠬᠦ᠎ᠶ᠋ᠢ ᠨᠢᠭᠡ ᠴᠤᠬ᠍ᠴᠠᠵᠢᠭᠤᠯᠤᠬᠰᠠᠨ ᠪᠦᠬᠦ᠌ ᠠᠵᠤ ᠦᠢᠯᠡᠰ᠎ᠦᠨ ᠬᠡᠯᠬᠢᠶ᠎ᠡ᠎ᠶ᠋ᠢᠨ ᠲᠦᠷᠦᠯ ᠵᠦᠢᠯ᠎ᠦᠨ ᠪᠦᠳᠦᠭᠡᠨ ᠪᠠᠢᠭᠤᠯᠤᠯᠲᠠ ᠤᠷᠤᠬᠰᠢᠳᠠᠢ ᠶᠠᠪᠤᠭ᠍ᠳᠠᠵᠤ᠂ ᠲᠤᠬᠠᠢ᠎ᠶ᠋ᠢᠨ ᠲᠠᠯᠠᠪᠠᠢ᠎ᠳᠤ ᠬᠦᠷ ᠬᠥᠭ᠌ᠵᠢᠶᠡᠨ᠎ᠢᠶᠡᠷ ᠪᠢᠯᠬᠠᠨ᠎ᠠ᠃

《ᠲᠥᠷᠥᠯ ᠵᠦᠶ᠋ᠯ᠎ᠦᠨ ᠶᠡᠷᠦᠩᠬᠡᠶ ᠪᠠᠯᠠ ᠣᠷᠣᠭᠤᠯᠤᠯᠲᠠ᠎ᠶ᠋ᠢ 275 ᠳ᠋ᠦᠩᠱᠢᠭᠤᠷ ᠲᠥᠭᠥᠷᠢᠭ᠎ᠢᠶᠡᠷ ᠲᠥᠯᠥᠪᠯᠡᠵᠦ᠍ ᠪᠤᠢ᠂ ᠬᠣᠶᠠᠷ ᠬᠤᠭᠤᠴᠠᠭ᠎ᠠ ᠬᠤᠪᠢᠶᠠᠨ ᠪᠥᠲᠥᠭᠡᠨ ᠪᠠᠢᠭᠤᠯᠵᠤ᠂ ᠡᠷᠡᠭᠦᠯ ᠬᠠᠮᠠᠭᠠᠯᠠᠯ᠎ᠳᠤ ᠬᠡᠷᠡᠭ᠌ᠯᠡᠬᠦ᠌ ᠳᠡᠭᠡᠳᠦ ᠲᠠᠰ᠎ᠤᠨ ᠴᠠᠭᠠᠰᠤ ᠵᠢᠴᠢ ᠦᠶ᠋ᠯᠡᠳᠬᠦᠨ᠂ ᠵᠠᠳᠠᠷᠠᠵᠤ ᠪᠣᠯᠬᠤ ᠳᠡᠭᠡᠳᠦ ᠲᠠᠰ᠎ᠤᠨ ᠱᠢᠨ᠎ᠡ ᠮᠠᠲ᠋ᠧᠷᠢᠶᠠᠯ ᠵᠡᠷᠭᠡ᠎ᠶ᠋ᠢ ᠦᠶ᠋ᠯᠡᠳᠪᠦᠷᠢᠯᠡᠨ᠎ᠡ᠃ ᠲᠥᠷᠥᠯ ᠵᠦᠶ᠋ᠯ᠎ᠦᠨ ᠨᠢᠭᠡᠳᠦᠭᠡᠷ ᠬᠤᠭᠤᠴᠠᠭ᠎ᠠ  ᠵᠢ  ᠵᠢᠱ᠌ᠢᠯᠲᠡ᠎ᠪᠡᠷ ᠢᠷᠡᠬᠦ᠌ ᠵᠢᠯ᠎ᠦᠨ ᠳᠡᠭᠡᠷ᠎ᠡ ᠬᠠᠭᠠᠰ ᠵᠢᠯ᠎ᠳᠦ ᠪᠠᠷᠢᠯᠭ᠎ᠠ ᠳᠠᠭᠤᠰᠴᠤ᠌ ᠠᠱᠢᠭ᠍ᠯᠠᠯᠲᠠ᠎ᠳᠤ ᠣᠷᠣᠭᠤᠯᠵᠤ᠂ ᠵᠢᠯ᠎ᠦᠨ ᠦᠶ᠋ᠯᠡᠳᠬᠦᠨ᠎ᠦ ᠥᠷᠲᠡᠭ ᠪᠠᠷᠤᠭ ᠵᠠᠭᠤᠨ ᠳ᠋ᠦᠩᠱᠢᠭᠤᠷ ᠲᠥᠭᠥᠷᠢᠭ᠎ᠲᠦ ᠬᠦᠷᠴᠦ᠍᠂ ᠲᠥᠷᠥᠯ ᠵᠦᠶ᠋ᠯ ᠵᠢᠴᠢ ᠠᠵᠤ ᠦᠶ᠋ᠯᠡᠰ᠎ᠦᠨ ᠡᠬᠢᠨ᠎ᠤ ᠪᠠ ᠡᠴᠦᠰ᠎ᠤᠨ ᠬᠡᠯᠬᠢᠶ᠎ᠡ᠎ᠶ᠋ᠢᠨ ᠠᠵᠤ ᠠᠬᠤᠢᠯᠠᠯ ᠳ᠋ᠤ ᠠᠵᠢᠯ ᠣᠯᠬᠤ ᠬᠥᠮᠦᠨ᠎ᠦ ᠲᠣᠭ᠎ᠠ 3000 ᠎ᠶ᠋ᠢ ᠳᠠᠪᠠᠬᠤ ᠪᠣᠯᠤᠨ᠎ᠠ》 ᠭᠡᠵᠦ ᠺᠣᠮᠫᠠᠨᠢ᠎ᠶ᠋ᠢᠨ ᠶᠡᠷᠦᠩᠬᠡᠶ ᠳᠠᠭᠠᠭᠠᠮᠠᠯ ᠵᠧᠸ᠋ ᠶᠦᠩ ᠯᠢ ᠬᠡᠯᠡᠪᠡ᠃

ᠣᠳᠣᠬᠠᠨ᠎ᠳᠤ᠂ ᠪᠦᠲᠦᠮᠵᠢᠲᠡᠢ ᠪᠡᠯᠡ ᠣᠷᠣᠭᠤᠯᠤᠯᠲᠠ ᠨᠢ ᠶᠠᠭ ᠤᠯᠠᠮᠵᠢᠯᠠᠯᠲᠤ ᠠᠵᠤ ᠦᠢᠯᠡᠰ᠎ᠦᠨ ᠲᠡᠰ ᠳᠡᠪᠱᠢᠬᠦ᠌᠂ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ᠎ᠦᠨ ᠪᠤᠵᠠᠭᠠᠢ᠌ᠷᠠᠬᠤ᠂ ᠢᠷᠡᠭᠡᠳᠦᠢ᠎ᠶ᠋ᠢᠨ ᠠᠵᠤ ᠦᠢᠯᠡᠰ᠎ᠦᠨ ᠬᠥᠭ᠌ᠵᠢᠨ ᠮᠠᠨᠳᠤᠬᠤ᠎ᠶ᠋ᠢ ᠠᠬᠢᠭᠤᠯᠵᠤ᠂ ᠬᠥᠳᠡᠯᠭᠡᠬᠦ᠌ ᠡᠨᠧᠷᠭᠢ ᠵᠢᠨ ᠰᠣᠯᠢᠭ᠍ᠳᠠᠯ᠂ ᠪᠦᠲᠦᠴᠡ ᠱᠢᠯᠢᠳᠡᠭ᠌ᠵᠢᠬᠦ᠌ ᠴᠢᠨᠠᠷ ᠰᠠᠢᠲᠠᠢ ᠬᠥᠭ᠌ᠵᠢᠯᠲᠡ᠎ᠶ᠋ᠢᠨ ᠵᠢᠷᠤᠭ ᠲᠥᠰᠦᠪ᠎ᠢ ᠲᠦᠷᠭᠡᠨ ᠵᠢᠷᠤᠭ᠍ᠯᠠᠵᠤ᠂ ᠨᠢᠭᠡ ᠲᠠᠯ᠎ᠠ᠎ᠪᠠᠷ ᠠᠵᠢᠯ ᠣᠯᠭᠣᠯᠲᠠ ᠣᠷᠣᠯᠭ᠎ᠠ᠎ᠶ᠋ᠢ ᠨᠡᠮᠡᠭ᠌ᠳᠡᠭᠦᠯᠬᠦ᠌ ᠪᠠ ᠣᠷᠣᠨ ᠪᠦᠰᠡ᠎ᠶ᠋ᠢᠨ ᠬᠥᠭ᠌ᠵᠢᠯᠲᠡ᠎ᠶ᠋ᠢ ᠠᠬᠢᠭᠤᠯᠵᠤ᠂ ᠨᠦᠬᠦᠬᠡ ᠲᠠᠯ᠎ᠠ᠎ᠪᠠᠷ ᠢᠷᠡᠭᠡᠳᠦᠢ᠎ᠶᠢᠨ᠎ᠵᠠᠬ᠎ᠠ ᠳᠡᠯᠭᠡᠭᠦᠷ᠎ᠢ ᠨᠡᠭᠡᠭᠡᠵᠦ᠍᠂ ᠱᠢᠨ᠎ᠡ ᠨᠡᠮᠡᠭ᠌ᠳᠡᠯ᠎ᠦᠨ ᠴᠡᠭ᠎ᠢ ᠪᠣᠢᠵᠢᠭᠤᠯᠵᠤ ᠪᠠᠢᠨ᠎ᠠ᠃

ᠬᠥᠮᠦᠨ᠎ᠳᠦ ᠪᠡᠯᠡ ᠣᠷᠣᠭᠤᠯᠬᠤ ᠨᠢ ᠠᠷᠠᠳ᠎ᠤᠨ ᠰᠡᠳᠭᠢᠯ᠎ᠢ ᠳᠤᠯᠠᠭᠠᠴᠠᠭᠤᠯᠵᠤ᠂ ᠠᠵᠤ ᠦᠢᠯᠡᠰ᠎ᠢ ᠮᠠᠨᠳᠤᠭᠤᠯᠵᠤ᠂ ᠰᠠᠭᠤᠷᠢ᠎ᠶ᠋ᠢ ᠬᠦᠴᠦᠷᠬᠡᠭᠵᠢᠭᠦᠯᠦᠨ᠎ᠡ᠃

ᠣᠳᠣᠬᠠᠨ᠎ᠳᠤ᠂ ᠬᠠᠢᠨᠠᠨ᠎ᠤ ᠰᠠᠨᠶᠠ᠎ᠶᠢᠨ ᠶᠠ ᠵᠧᠦ ᠸᠠᠨ ᠬᠦᠨ ᠲᠠᠯᠠᠢ ᠵᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠤᠳᠠ᠎ᠶ᠋ᠢᠨ ᠲᠦᠬᠦᠮ ᠪᠦᠳᠦᠴᠡᠳᠦ ᠣᠷᠣᠨ ᠰᠠᠭᠤᠴᠠ᠎ᠶ᠋ᠢᠨ ᠲᠣᠭᠣᠷᠢᠭ᠎ᠤᠨ ᠲᠥᠪᠬᠢᠨᠡᠭᠦᠯᠬᠦ᠌ ᠲᠦᠷᠦᠯ ᠵᠦᠢᠯ᠎ᠦᠨ ᠬᠣᠶᠠᠳᠤᠭᠠᠷ ᠲᠠᠭᠠᠭᠠᠴᠢᠯᠠᠯᠳᠠ ᠬᠦᠯᠢᠶᠡᠬᠦ ᠬᠡᠰᠡᠭ ᠨᠢ ᠤᠯᠠᠨ ᠲᠦᠮᠡᠨ᠎ᠦ 《ᠠᠮᠤᠭᠤᠯᠠᠩ ᠰᠠᠭᠤᠴᠠ᠎ᠶ᠋ᠢᠨ ᠵᠡᠭᠦᠳᠦ》 ᠵᠢ ᠠᠴᠢᠶᠠᠯᠠᠭ᠍ᠰᠠᠨ ᠠᠷᠠᠳ᠎ᠤᠨ ᠠᠮᠢᠳᠤᠷᠠᠯ᠎ᠤᠨ ᠢᠨᠵᠧᠨᠧᠷᠢᠩ ᠪᠣᠯᠤᠭ᠍ᠰᠠᠨ᠎ᠤ ᠬᠤᠪᠢ᠎ᠳᠤ᠂ ᠶᠠᠭ ᠪᠦᠬᠦ᠌ ᠬᠦᠴᠦᠨ᠎ᠢᠶᠡᠷ᠎ᠢᠶᠡᠨ ᠪᠦᠳᠦᠭᠡᠨ ᠪᠠᠢᠭᠤᠯᠵᠤ ᠪᠠᠢᠨ᠎ᠠ᠃ 《ᠪᠢᠳᠡ ᠳᠤᠲᠠᠭᠤ ᠨᠢᠭᠡ ᠡᠳᠦᠷ ᠪᠠᠷᠢᠯᠭ᠎ᠠ ᠬᠢᠪᠡᠯ᠂ ᠪᠤᠴᠠᠵᠤ ᠨᠡᠭᠦᠬᠦ ᠲᠣᠰᠭᠣᠨ᠎ᠤ ᠠᠷᠠᠳ ᠡᠷᠲᠡᠬᠡᠨ ᠨᠢᠭᠡ ᠡᠳᠦᠷ ᠱᠢᠨ᠎ᠡ ᠭᠡᠷ᠎ᠲᠡᠬᠡᠨ ᠣᠷᠣᠵᠤ ᠰᠠᠭᠤᠵᠤ ᠪᠣᠯᠤᠨ᠎ᠠ》 ᠬᠡᠵᠤ ᠨᠢᠭᠡᠨ ᠪᠠᠷᠢᠯᠭ᠎ᠠ᠎ᠶ᠋ᠢᠨ ᠠᠩᠭᠢ᠎ᠶ᠋ᠢᠨ ᠳᠤᠭᠤᠢᠯᠠᠩ᠎ᠤᠨ ᠳᠠᠷᠤᠭ᠎ᠠ᠎ᠶᠠᠷᠢᠵᠤ ᠪᠠᠢᠯ᠎ᠠ᠃

ᠬᠥᠮᠦᠨ ᠪᠣᠯ ᠬᠡᠷᠡᠭ᠌ᠯᠡᠭ᠌ᠴᠢ ᠮᠥᠷᠲᠡᠭᠡᠨ ᠪᠠᠰᠠ ᠦᠢᠯᠡᠳᠪᠦᠷᠢᠯᠡᠭ᠌ᠴᠢ ᠮᠥᠨ᠃ ᠡᠯ᠎ᠡ ᠭᠠᠵᠠᠷ ᠤᠷᠤᠨ᠎ᠤ ᠬᠢᠨ ᠪᠣᠳᠠᠰ᠎ᠲᠤ ᠪᠡᠯᠡ ᠣᠷᠣᠭᠤᠯᠬᠤ ᠪᠠ ᠬᠥᠮᠦᠨ᠎ᠳᠦ ᠪᠡᠯᠡ ᠣᠷᠣᠭᠤᠯᠬᠤ᠎ᠶ᠋ᠢ ᠨᠢᠭ᠍ᠲᠠ ᠤᠶᠠᠯᠳᠤᠭᠤᠯᠬᠤ᠎ᠶ᠋ᠢ ᠪᠠᠷᠢᠮᠲᠠᠯᠠᠵᠤ᠂ ᠬᠥᠮᠦᠨ᠎ᠦ ᠬᠦᠴᠦᠨ᠎ᠦ ᠡᠬᠢ ᠪᠠᠶᠠᠯᠢᠭ᠎ᠢ ᠨᠡᠭᠡᠭᠡᠨ ᠬᠥᠭ᠌ᠵᠢᠭᠦᠯᠬᠦ᠌ ᠪᠠ ᠬᠥᠮᠦᠨ᠎ᠦ ᠪᠦᠬᠦ᠌ ᠲᠠᠯ᠎ᠠ᠎ᠶ᠋ᠢᠨ ᠬᠥᠭ᠌ᠵᠢᠯᠲᠡ ᠳ᠋ᠤ ᠪᠡᠯᠡ ᠣᠷᠣᠭᠤᠯᠬᠤ᠎ᠶ᠋ᠢ ᠴᠢᠩᠭᠠᠳᠭᠠᠵᠤ᠂ ᠬᠥᠮᠦᠰ᠎ᠦᠨ ᠬᠡᠷᠡᠭ᠌ᠯᠡᠭᠡᠨ᠎ᠦ ᠢᠳᠡ ᠬᠦᠴᠦᠨ᠎ᠢ ᠪᠠᠲᠤᠳᠭᠠᠵᠤ᠂ ᠬᠥᠮᠦᠰ᠎ᠦᠨ ᠬᠡᠷᠡᠭ᠌ᠯᠡᠭᠡᠨ᠎ᠦ ᠬᠦᠰᠡᠯ ᠰᠠᠨᠠᠭ᠎ᠠ᠎ᠶ᠋ᠢ ᠬᠥᠭ᠌ᠵᠢᠭᠡᠵᠦ᠍᠂ ᠱᠢᠨ᠎ᠡ᠎ᠶ᠋ᠢ ᠡᠭᠦᠳᠴᠦ᠍ ᠡᠭᠦᠳᠦᠨ ᠪᠦᠲᠦᠭᠡᠬᠦ᠌ ᠳᠣᠲᠣᠭᠠᠳᠤ ᠬᠥᠳᠡᠯᠭᠡᠬᠦ᠌ ᠬᠦᠴᠦᠨ᠎ᠢ ᠪᠠᠳᠠᠷᠠᠭᠤᠯᠪᠠ᠃

ᠠᠷᠠᠳ᠎ᠤᠨ ᠠᠮᠢᠳᠤᠷᠠᠯ᠎ᠢ ᠳᠤᠯᠠᠭᠠᠴᠠᠭᠤᠯᠬᠤ ᠪᠣᠯᠤᠨ ᠠᠵᠤ ᠦᠢᠯᠡᠰ᠎ᠢ ᠬᠦᠭᠵᠢᠬᠦᠯᠦᠨ ᠮᠠᠨᠳᠤᠭᠤᠯᠬᠤ ᠬᠤᠤᠰ ᠬᠠᠷᠠᠯᠳᠠ ᠵᠢ ᠪᠡᠶᠡᠯᠡᠬᠦᠯᠬᠦ᠎ᠳᠤ ᠥᠭᠡᠷᠡᠴᠢᠯᠡᠯᠲᠡ ᠬᠢᠬᠦ ᠰᠥᠰᠥ᠍ ᠵᠣᠷᠢᠭ ᠪᠣᠯᠤᠨ ᠨᠠᠷᠢᠯᠢᠭ ᠣᠨᠣᠴᠠᠲᠠᠢ ᠠᠷᠭ᠎ᠠ ᠪᠤᠳᠤᠯᠭ᠎ᠠ᠎ᠪᠠᠷ ᠬᠣᠷᠢᠭ᠎ᠠ ᠴᠡᠭ ᠲᠦᠭ᠌ᠵᠢᠷᠡᠯ ᠴᠡᠭ᠎ᠢ ᠨᠡᠪᠲᠡᠷᠡᠭᠦᠯᠬᠦ᠌  ᠴᠢᠬᠤᠯᠠᠲᠠᠢ᠃

ᠲᠦᠷᠦᠭᠦᠬᠡᠨ᠂ ᠪᠥᠬᠥ᠌ ᠤᠯᠤᠰ᠎ᠤᠨ ᠠᠩᠬᠠᠳᠠᠭ᠍ᠴᠢ ᠮᠤᠵᠢ ᠠᠯᠤᠰᠯᠠᠭ᠍ᠰᠠᠨ ᠳᠡᠭᠡᠳᠦ ᠱᠢᠨ᠎ᠡ ᠮᠡᠷᠭᠡᠵᠢᠯ᠎ᠦᠨ ᠠᠵᠤ ᠦᠶ᠋ᠯᠡᠰ᠎ᠦᠨ ᠨᠡᠭᠡᠭᠡᠯᠲᠡ᠎ᠶ᠋ᠢᠨ ᠲᠤᠭᠤᠷᠢᠭ —《ᠬᠥᠬᠡᠮᠥ᠋ᠷᠡᠨ᠎ᠦ ᠭᠤᠷᠪᠠᠯᠵᠢᠨ ᠬᠣᠢᠭ᠎ᠤᠨ ᠴᠢᠩ ᠫᠦ ᠦ᠋ ᠵᠢᠶᠠᠩ ᠵᠢᠶᠠ ᠱᠠᠨ ᠳᠡᠭᠡᠳᠦ ᠱᠢᠨ᠎ᠡ ᠮᠡᠷᠭᠡᠵᠢᠯ᠎ᠦᠨ ᠠᠵᠤ ᠦᠶ᠋ᠯᠡᠰ᠎ᠦᠨ ᠨᠡᠭᠡᠭᠡᠯᠲᠡ᠎ᠶ᠋ᠢᠨ ᠲᠤᠭᠤᠷᠢᠭ》᠎ᠢ᠋ ᠵᠢᠨᠭᠭᠢᠨᠢ᠎ᠪᠡᠷ ᠨᠡᠷᠡᠢᠳᠪᠠ᠂ ᠡᠨᠡ ᠨᠢ ᠱᠠᠩᠬᠠᠶ᠎ᠶ᠋ᠢᠨ ᠴᠢᠩ ᠫᠦ᠂ ᠵᠢᠶᠠᠩᠰᠦ᠎ᠶ᠋ᠢᠨ ᠦ᠋ ᠵᠢᠶᠠᠩ᠂ ᠵᠧᠵᠢᠶᠠᠩ᠎ᠤᠨ ᠵᠢᠶᠠ ᠱᠠᠨ ᠭᠤᠷᠪᠠᠨ ᠬᠦᠷᠢᠶᠡᠯᠡᠩ ᠲᠣᠭᠣᠷᠢᠭ᠎ᠢ ᠪᠠᠭ᠍ᠲᠠᠭᠠᠨ᠎ᠠ᠃ ᠠᠮᠢ ᠠᠬᠤᠢ᠎ᠶ᠋ᠢᠨ ᠰᠠᠭᠤᠷᠢ᠎ᠶ᠋ᠢ ᠴᠣᠭ᠍ᠴᠠᠯᠠᠬᠰᠠᠨ᠂ ᠱᠢᠨ᠎ᠡ᠎ᠶ᠋ᠢ ᠡᠭᠦᠳᠬᠦ ᠡᠯ᠎ᠠ ᠵᠦᠢᠯ᠎ᠤᠨ ᠡᠯᠸᠮᠸᠨ᠋ᠲ ᠲᠦᠪᠯᠡᠷᠡᠭᠰᠡᠨ᠂ ᠣᠷᠣᠨ ᠪᠦᠰᠡ ᠬᠠᠮᠲᠤ᠎ᠪᠠᠷ ᠠᠱᠢᠭ ᠬᠦᠷᠳᠡᠭᠰᠡᠨ ᠨᠢᠬᠡᠨ ᠱᠢᠨ᠎ᠡ ᠲᠠᠪᠴᠠᠩ ᠶᠠᠭ ᠥᠷᠨᠢᠨ ᠬᠥᠭ᠌ᠵᠢᠵᠦ᠍᠂ ᠣᠷᠣᠨ ᠪᠦᠰᠡ᠎ᠶ᠋ᠢᠨ ᠵᠠᠰᠠᠭ ᠵᠠᠬᠢᠷᠭᠠᠨ᠎ᠤ ᠪᠡᠬᠢᠯᠡᠯᠲᠡ᠎ᠶ᠋ᠢ ᠡᠪᠳᠡᠭᠰᠡᠨ᠂ ᠡᠯᠧᠮᠧᠨ᠋ᠲ᠎ᠦᠨ ᠴᠢᠯᠥᠭᠡᠲᠡᠢ ᠱᠢᠯᠵᠢᠬᠦ᠌᠎ᠶ᠋ᠢ ᠠᠬᠢᠭᠤᠯᠤᠬᠰᠠᠨ᠂ ᠨᠢᠭᠡᠳᠦᠯᠲᠡᠢ ᠨᠡᠭᠡᠭᠡᠯᠲᠡᠲᠡᠢ ᠵᠠᠬ᠎ᠠ ᠳᠡᠯᠭᠡᠭᠦᠷ᠎ᠦᠨ ᠱᠢᠰᠲ᠋ᠧᠮ᠎ᠢ ᠪᠠᠢᠭᠤᠯᠬᠤ ᠵᠢᠨ ᠲᠦᠯᠦᠬᠡ ᠵᠠᠮ ᠬᠠᠢᠵᠤ ᠪᠤᠢ᠃

《ᠠᠵᠤ ᠠᠬᠤᠢᠯᠠᠯ ᠡᠨᠳᠡ ᠪᠠᠯᠠ ᠣᠷᠣᠭᠤᠯᠤᠨ ᠦᠶ᠋ᠯᠡᠰ ᠪᠤᠰᠭᠠᠪᠠᠯ᠂ ᠬᠥᠬᠡᠮᠥ᠋ᠷᠡᠨ᠎ᠦ ᠭᠤᠷᠪᠠᠯᠵᠢᠨ ᠬᠣᠢᠭ᠎ᠤᠨ ᠨᠢᠭᠡ ᠴᠣᠭ᠍ᠴᠠᠵᠢᠭ᠍ᠰᠠᠨ ᠲᠦᠷᠢᠮ᠎ᠦᠨ ᠱᠢᠨ᠎ᠡ᠎ᠶ᠋ᠢ ᠡᠭᠦᠳᠦᠭ᠌ᠰᠡᠨ᠎ᠡᠴᠡ ᠪᠣᠯᠤᠭ᠍ᠰᠠᠨ ᠨᠠᠩ ᠥᠨᠳᠥᠷ ᠪᠦᠲᠦᠮᠵᠢᠲᠡᠶ ᠳᠥᠭᠥᠮ ᠦᠵᠡᠬᠦᠯᠦᠭᠰᠡᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠡᠳ᠋ᠯᠡᠵᠦ᠍ ᠪᠤᠯᠤᠨ᠎ᠠ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠡᠮᠳᠡᠭ᠌ᠲᠦ᠍᠎ᠶ᠋ᠢ ᠣᠯᠠᠨ ᠭᠠᠵᠠᠷ᠎ᠲᠤ ᠨᠢᠬᠡᠳᠦᠯᠳᠡᠢ ᠬᠡᠷᠡᠭ᠌ᠯᠡᠵᠦ᠍᠂ ᠲᠤᠰᠭᠠᠶ ᠮᠡᠷᠭᠡᠵᠢᠯ᠎ᠦᠨ ᠠᠵᠢᠯᠲᠠᠨ᠎ᠤ ᠠᠵᠢᠯ ᠮᠡᠷᠭᠡᠵᠢᠯ᠎ᠦᠨ ᠬᠢᠷᠢ ᠬᠡᠮ᠎ᠢ ᠬᠠᠷᠢᠯᠴᠠᠨ ᠮᠡᠳᠡᠷᠡᠨ᠎ᠠ᠂ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠂ ᠡᠮ ᠡᠮᠨᠡᠯᠭᠡ᠎ᠶ᠋ᠢᠨ ᠳᠠᠭᠠᠳᠭᠠᠯ᠎ᠢ ᠲᠠᠰᠤᠯᠤᠨ ᠪᠤᠳᠤᠬᠤ᠂ ᠮᠥᠩᠭᠥᠨ ᠭᠦᠶ᠋ᠯᠭᠡᠭᠡᠨ᠎ᠦ ᠦᠶ᠋ᠯᠡᠴᠢᠯᠡᠭᠡ ᠵᠡᠷᠭᠡ ᠶᠠᠪᠤᠳᠠᠯ᠎ᠳᠦ ᠴᠦ᠍ 〈ᠳᠠᠬᠢᠨ ᠳᠠᠪᠲᠠᠨ ᠪᠤᠴᠠᠵᠤ ᠭᠦᠶᠦᠬᠦ᠌〉 ᠴᠢᠬᠤᠯᠠ ᠥᠬᠡᠶ ᠶᠤᠮ》 ᠭᠡᠵᠦ᠍ ᠬᠥᠬᠡᠮᠥ᠋ᠷᠡᠨ᠎ᠦ ᠭᠤᠷᠪᠠᠯᠵᠢᠨ ᠬᠣᠢᠭ᠎ᠤᠨ ᠠᠮᠢ ᠠᠬᠤᠢ᠎ᠶ᠋ᠢᠨ ᠪᠣᠬᠢᠷᠲᠤᠯ ᠦᠭᠡᠢ ᠨᠢᠭᠡ ᠴᠤᠬ᠍ᠴᠠᠵᠢᠬ᠍ᠰᠠᠨ ᠬᠥᠭ᠌ᠵᠢᠯᠲᠡ᠎ᠶ᠋ᠢᠨ ᠵᠢᠱ᠌ᠢᠶ᠎ᠡ ᠦᠵᠡᠭᠦᠯᠬᠦ᠌ ᠣᠷᠣᠨ᠎ᠤ ᠭᠦᠢᠴᠡᠳᠭᠡᠬᠦ᠌ ᠵᠥᠪᠯᠡᠯ᠎ᠦᠨ ᠬᠤᠳᠠᠯᠳᠤᠭ᠎ᠠ ᠡᠵᠡᠩᠨᠡᠬᠦ ᠪᠠ ᠠᠵᠤ ᠦᠢᠯᠡᠰ᠎ᠦᠨ ᠬᠡᠯᠲᠡᠰ᠎ᠦᠨ ᠳᠡᠭᠡᠳᠦ  ᠲᠡᠰ᠎ᠤᠨ ᠭᠣᠣᠯᠯᠠᠨ ᠬᠠᠮᠢᠶᠠᠷᠤᠭ᠍ᠴᠢ ᠯᠠᠩ ᠽᠸ ᠵᠢᠶᠦ᠋ᠨ ᠬᠡᠯᠡᠪᠡ᠃

ᠭᠤᠸᠠᠩᠳᠦ᠋ᠩ ᠮᠤᠵᠢ ᠭᠤᠸᠠᠩᠳᠦ᠋ᠩ ᠱᠢᠶᠠᠩᠭᠠᠩ ᠣᠣᠮᠧᠨ᠎ᠦ ᠲᠣᠮᠣ ᠪᠤᠯᠤᠩ᠎ᠤᠨ ᠣᠷᠣᠨ᠎ᠤ᠎ᠳᠤᠲᠤᠷ᠎ᠠ ᠭᠠᠵᠠᠷ᠎ᠤᠨ ᠶᠢᠰᠦᠨ ᠬᠣᠲᠠ᠎ᠶ᠋ᠢᠨ ᠡᠯᠧᠮᠧᠨ᠋ᠲ᠎ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠶᠡᠷᠦᠩᠬᠡᠢᠯᠡᠭ᠌ᠰᠡᠨ ᠥᠭᠡᠷᠡᠴᠢᠯᠡᠯᠲᠡ᠎ᠶ᠋ᠢᠨ ᠲᠤᠷᠱᠢᠯᠲᠠ᠎ᠶ᠋ᠢᠨ ᠴᠡᠭ᠎ᠤᠨ ᠡᠭᠦᠷᠭᠡ᠎ᠶ᠋ᠢ ᠨᠠᠢᠳᠠᠪᠤᠷᠢᠵᠢᠭᠤᠯᠬᠤ ᠠᠵᠢᠯ᠎ᠢ ᠲᠣᠪᠣᠢᠮ᠎ᠠ ᠰᠠᠢᠲᠤᠷ ᠠᠳᠭᠤᠪᠠ; ᠵᠧᠵᠢᠶᠠᠩ ᠎ᠤᠨ ᠬᠢᠨ  ᠠᠷᠠᠳ᠎ᠤᠨ ᠡᠵᠡᠨᠭᠨᠡᠯᠲᠡ᠎ᠶᠢᠨ ᠠᠵᠤ ᠠᠬᠤᠢᠯᠠᠯ᠎ᠤᠨ ᠬᠠᠤᠯᠢ᠎ᠪᠠᠷ ᠵᠠᠰᠠᠬᠤ ᠣᠷᠴᠢᠨ ᠨᠥᠬᠥᠴᠡᠯ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂ 《ᠠᠷᠠᠳ᠎ᠤᠨ ᠡᠵᠡᠨᠭᠨᠡᠯᠲᠡ᠎ᠶᠢᠨ ᠠᠵᠤ ᠠᠬᠤᠶ᠎ᠶ᠋ᠢᠨ 32 ᠵᠤᠷᠪᠤᠰ》 ᠢ᠋ ᠰᠤᠯᠢᠨ ᠰᠢᠨᠡᠳᠬᠡᠵᠤ ᠲᠠᠰ ᠳᠡᠪᠱᠢᠭᠦᠯᠪᠡ; ᠪᠡᠭᠡᠵᠢᠩ᠂ ᠱᠠᠩᠬᠠᠶ᠂ ᠱᠧᠨᠵᠧᠨ ᠵᠡᠷᠭᠡ ᠭᠠᠵᠠᠷ᠎ᠤᠨ ᠬᠢᠨ ᠢᠷᠡᠭᠡᠳᠦᠶ᠎ᠶ᠋ᠢᠨ ᠠᠵᠤ ᠦᠶ᠋ᠯᠡᠰ᠎ᠦᠨ ᠰᠠᠭᠤᠷᠢ ᠮᠥᠩᠭᠥ᠌ ᠵᠢ ᠲᠤᠬᠢᠷᠠᠭᠤᠯᠬᠤ᠂ ᠤᠬᠠᠭ᠍ᠳᠠᠬᠤᠨ᠎ᠢ ᠱᠢᠯᠭᠠᠨ ᠪᠠᠲᠤᠯᠠᠬᠤ ᠲᠥᠪ᠎ᠢ ᠪᠠᠢᠭᠤᠯᠬᠤ᠂ ᠬᠡᠷᠡᠭ᠌ᠯᠡᠭᠡᠨ᠎ᠦ ᠪᠠᠢᠳᠠᠯ᠎ᠢ ᠴᠢᠯᠥᠭᠡᠲᠡᠶ ᠪᠣᠯᠭᠠᠬᠤ ᠵᠡᠷᠭᠡ ᠠᠷᠭ᠎ᠠ ᠮᠠᠶᠢᠭ᠎ᠢᠶᠠᠷ ᠳᠠᠮᠵᠢᠨ᠂ 《ᠬᠦᠯᠢᠴᠡᠩᠭᠦᠶ ᠬᠥᠷᠥᠩᠭᠡ》 ᠪᠡᠷ ᠲᠤᠷᠱᠢᠯᠲᠠ᠎ᠶ᠋ᠢᠨ ᠲᠠᠰᠤᠭ᠎ᠡᠴᠡ ᠦᠶ᠋ᠯᠡᠳᠪᠦᠷᠢᠯᠡᠯ᠎ᠦᠨ ᠱᠤᠭᠤᠮ ᠬᠦᠷᠲᠡᠯ᠎ᠡ ᠳᠠᠬᠢᠨ ᠵᠠᠬ᠎ᠠ ᠳᠡᠯᠭᠡᠭᠦᠷ᠎ᠲᠦ ᠬᠥᠷᠬᠥ᠌ ᠱᠢᠨ᠎ᠡ᠎ᠶ᠋ᠢ ᠡᠭᠦᠳᠬᠦ᠌ ᠠᠷᠭ᠎ᠠ ᠵᠠᠮ᠎ᠢ ᠨᠡᠪᠲᠡᠷᠡᠭᠦᠯᠪᠡ ᠁

ᠣᠳᠣᠬᠠᠨ᠎ᠳᠤ᠂ ᠪᠥᠬᠥ᠌ ᠤᠯᠤᠰ᠎ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ᠎ᠦᠨ ᠪᠥᠲᠥᠭᠡᠨ ᠪᠠᠢᠭᠤᠯᠤᠯᠲᠠ᠎ᠶ᠋ᠢᠨ ᠭᠦᠨᠵᠡᠭᠡᠶ ᠠᠭᠢᠬᠤ᠎ᠶ᠋ᠢ ᠳᠠᠭᠠᠯᠳᠤᠨ᠂ ᠡᠯ᠎ᠡ ᠭᠠᠵᠠᠷ ᠤᠷᠤᠨ᠎ᠤ᠎ᠬᠢᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠬᠦᠴᠦᠯᠡᠨ ᠱᠢᠯᠢᠳᠡᠭ᠌ᠵᠢᠭᠦᠯᠵᠦ᠍᠂ ᠴᠢᠳᠠᠪᠤᠷᠢᠲᠠᠨ᠂ ᠮᠡᠷᠭᠡᠵᠢᠯ ᠵᠡᠷᠭᠡ ᠡᠬᠢ ᠪᠠᠶᠠᠯᠢᠭ᠎ᠤᠨ ᠡᠯᠧᠮᠧᠨ᠋ᠲ᠎ᠦᠨ ᠨᠠᠩ ᠶᠡᠬᠡ ᠬᠡᠪᠴᠢᠶᠡᠨ᠎ᠳᠦ ᠰᠠᠭᠠᠳ ᠥᠬᠡᠶ ᠱᠢᠯᠵᠢᠬᠦ᠌᠎ᠳᠦ ᠳᠦᠭᠵᠢᠷᠡᠯ ᠴᠡᠭ ᠬᠤᠷᠢᠭ᠎ᠠ ᠴᠡᠭ᠎ᠢ ᠠᠷᠢᠯᠭᠠᠨ᠂ ᠠᠰᠢᠭᠳᠠᠢ ᠤᠷᠴᠢᠨ ᠨᠦᠬᠦᠴᠡᠯ᠎ᠢ ᠡᠬᠦᠳᠦᠨ ᠦᠭᠴᠦ ᠪᠤᠢ᠃

ᠠᠷᠠᠳ᠎ᠤᠨ ᠠᠮᠢᠳᠤᠷᠠᠯ᠎ᠤᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠨᠢ ᠵᠢᠷᠭᠠᠯᠲᠤ ᠲᠦᠷᠦᠭ᠌ᠳᠡᠯ᠎ᠢ ᠳᠡᠭᠡᠭ᠌ᠰᠢᠯᠡᠭᠦᠯᠬᠦ᠌᠎ᠳᠦ ᠪᠤᠢ; ᠠᠵᠤ ᠦᠶ᠋ᠯᠡᠰ᠎ᠢ ᠲᠠᠰ ᠳᠠᠪᠱᠢᠬᠦᠯᠬᠦ ᠨᠢ ᠪᠦᠲᠦᠭᠡᠯᠴᠢ ᠴᠢᠳᠠᠪᠤᠷᠢ᠎ᠶᠢ ᠳᠡᠭᠡᠭᠰᠢᠯᠡᠬᠦᠯᠬᠦ᠎ᠳᠤ ᠪᠣᠶ᠃

ᠡᠨᠡ ᠬᠦ᠌ ᠬᠣᠣᠰ ᠦᠷ᠎ᠠ ᠠᠰᠢᠭ᠎ᠢ ᠡᠭᠦᠳᠬᠦ ᠵᠢᠨ ᠮᠥᠨ ᠴᠢᠨᠠᠷ ᠨᠢ ᠬᠠᠩᠭᠠᠯᠭ᠎ᠠ ᠬᠡᠷᠡᠭ᠌ᠴᠡᠭᠡ᠎ᠶ᠋ᠢᠨ ᠰᠠᠢ᠌ᠨ ᠨᠥᠬᠥᠴᠡᠯᠳᠦᠯ ᠪᠣᠯᠤᠨ᠎ᠠ᠃ ᠬᠡᠷᠡᠭ᠌ᠯᠡᠭᠡ᠎ᠨᠢ ᠬᠥᠮᠦᠨ᠎ᠦ ᠬᠡᠷᠡᠭ᠌ᠴᠡᠭᠡ᠎ᠶ᠋ᠢ ᠨᠡᠩ ᠰᠠᠢ᠌ᠳᠤᠷ ᠬᠠᠩᠭᠠᠵᠤ᠂ ᠪᠡᠯᠡ ᠣᠷᠣᠭᠤᠯᠤᠯᠲᠠ᠎ᠨᠢ ᠬᠥᠮᠦᠨ᠎ᠦ ᠬᠥᠭ᠌ᠵᠢᠯᠲᠡ᠎ᠳᠦ ᠨᠡᠩ ᠰᠠᠢ᠌ᠳᠤᠷ ᠦᠢᠯᠡᠴᠢᠯᠡᠵᠦ᠍᠂ ᠡᠯ᠎ᠡ ᠵᠦᠢᠯ᠎ᠦᠨ ᠥᠭᠡᠷᠡᠴᠢᠯᠡᠯᠲᠡ᠎ᠨᠢ ᠬᠥᠮᠦᠨ᠎ᠦ ᠬᠦᠰᠡᠯ ᠡᠷᠡᠮᠡᠯᠵᠡᠯ᠎ᠳᠦ ᠨᠡᠩ ᠰᠠᠢ᠌ᠳᠤᠷ ᠬᠠᠷᠢᠭᠤᠯᠲᠠ ᠥᠭ᠌ᠴᠦ᠂ ᠳᠤᠮᠳᠠᠳᠤ ᠤᠯᠤᠰ᠎ᠤᠨ ᠠᠵᠤ ᠠᠬᠤᠢ᠎ᠶ᠋ᠢᠨ ᠯᠤᠲᠤ ᠶᠡᠬᠡ ᠳᠣᠲᠣᠭᠠᠳᠤ ᠬᠡᠷᠡᠭ᠌ᠴᠡᠭᠡ᠎ᠶ᠋ᠢᠨ ᠵᠠᠬ᠎ᠠ ᠳᠡᠯᠭᠡᠭᠦᠷ ᠨᠡᠩ ᠪᠠᠲᠤ ᠪᠡᠬᠢ ᠰᠠᠭᠤᠷᠢ᠎ᠲᠠᠶ᠂ ᠨᠡᠩ ᠤᠳᠠᠭᠠᠨ ᠳᠠᠭᠠᠭᠠᠮᠠᠭᠠᠢ ᠬᠥᠳᠡᠯᠭᠡᠬᠦ᠌ ᠡᠨᠧᠷᠭᠢ ᠲᠠᠢ᠂ ᠨᠡᠩ ᠬᠠᠯᠠᠭᠤᠨ ᠳᠤᠯᠠᠭᠠᠨ ᠬᠦᠴᠦᠨ᠎ᠲᠡᠶ ᠪᠣᠯᠵᠠᠢ᠃

(ᠱᠢᠨᠬᠤᠸᠠ ᠬᠣᠷᠢᠶ᠎ᠠ᠎ᠶᠢᠨ ᠪᠡᠭᠡᠵᠢᠩ᠎ᠦᠨ 4 ᠰᠠᠷ᠎ᠠ᠎ᠶ᠋ᠢᠨ 13 ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号