ᠬᠠᠷᠢ ᠤᠯᠤᠰ ᠠᠯᠤᠰ ᠭᠠᠵᠠᠷ ᠡᠴᠡ ᠠᠭᠤᠳᠠᠮ ᠲᠠᠮᠠᠴᠢ ᠵᠢᠨ ᠲᠠᠯ᠎ᠠ ᠨᠤᠲᠤᠭ᠎ᠲᠦ ᠢᠷᠡᠵᠤ ᠨᠤᠳᠤᠭᠰᠢᠭᠰᠠᠨ ᠬᠤᠨᠢᠨ ᠲᠡᠮᠡᠭᠡᠨ᠎ᠤ ᠠᠵᠦ ᠦᠢᠯᠡᠰ ᠨᠢ ᠡᠳᠦᠭᠡ ᠡᠨᠳᠡᠬᠢ ᠤᠨᠴᠠᠯᠢᠭᠳᠤ ᠠᠵᠦ ᠦᠢᠯᠡᠰ᠎ᠤᠨ ᠨᠢᠭᠡ ᠪᠤᠯᠵᠦ᠂ ᠲᠤᠬᠠᠢ ᠵᠢᠨ ᠭᠠᠵᠠᠷ᠎ᠤᠨ ᠤᠯᠠᠨ ᠲᠦᠮᠡᠨ᠎ᠳᠤ 《ᠰᠢᠨ᠎ᠡ ᠰᠠᠭᠤᠭᠠᠯᠢ》 ᠬᠡᠮᠡᠭᠳᠡᠨ᠂ ᠮᠠᠯᠴᠢᠳ᠎ᠤᠨ ᠣᠷᠣᠯᠭ᠎ᠠ᠎ᠶ᠋ᠢ ᠨᠡᠮᠡᠭ᠌ᠳᠡᠭᠦᠯᠬᠦ᠌᠂ ᠠᠵᠤ ᠦᠶ᠋ᠯᠡᠰ᠎ᠦᠨ ᠬᠥᠭ᠌ᠵᠢᠯᠲᠡ᠎ᠶ᠋ᠢ ᠠᠬᠢᠭᠤᠯᠬᠤ ᠬᠦᠳᠡᠯᠭᠡᠭᠴᠢ ᠬᠦᠴᠦ ᠪᠤᠯᠵᠦ᠂ ᠰᠥᠨᠢᠳ ᠵᠡᠭᠦᠨ ᠬᠣᠱᠢᠭᠤᠨ᠎ᠤ ᠠᠮᠢ ᠠᠬᠤᠶ᠎ᠶ᠋ᠢᠨ ᠬᠠᠮᠠᠭᠠᠯᠠᠯᠲᠠ ᠬᠢᠭᠡᠳ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠪᠠᠰᠠ ᠨᠢᠭᠡᠨ ᠰᠢᠨ᠎ᠡ ᠬᠠᠭᠤᠳᠠᠰᠤ᠎ᠶ᠋ᠢ ᠪᠢᠴᠢᠭ᠌ᠯᠡᠵᠦ ᠪᠠᠢᠨ᠎ᠠ᠃
ᠮᠡᠳᠡᠭᠡᠵᠢ ᠪᠡᠷ ᠠᠯᠢ ᠡᠷᠲᠡ ᠠᠷᠪᠠ ᠭᠠᠷᠤᠶ ᠵᠢᠯ᠎ᠦᠨ ᠡᠮᠦᠨ᠎ᠡ ᠰᠥᠨᠢᠳ ᠵᠡᠭᠦᠨ ᠬᠣᠱᠢᠭᠤ ᠲᠦᠷᠦᠭᠦᠦ ᠪᠦᠯᠦᠭ ᠬᠣᠨᠢᠨ ᠲᠡᠮᠡᠭᠡ — ᠭᠠᠳᠠᠨ᠎ᠠ᠎ᠠᠴᠠ ᠢᠷᠡᠭ᠌ᠰᠡᠨ ᠮᠠᠯ ᠵᠢᠭᠦᠷᠲᠡᠨ᠎ᠦ ᠡᠭᠦᠯᠳᠡᠷ᠎ᠢ ᠣᠷᠣᠭᠤᠯᠤᠨ ᠠᠪᠴᠢᠷᠠᠵᠤ᠂ ᠵᠤᠷᠢᠭᠳᠠᠢ ᠪᠡᠷ ᠬᠣᠨᠢᠨ ᠲᠡᠮᠡᠭᠡ ᠲᠡᠵᠢᠭᠡᠨ ᠦᠷᠡᠵᠢᠭᠦᠯᠬᠦ᠌ ᠵᠠᠮ᠎ᠢ ᠨᠡᠭᠡᠭᠡᠵᠦ᠍᠂ ᠤᠯᠠᠮᠵᠢᠯᠠᠯᠲᠤ ᠮᠠᠯ ᠠᠵᠤ ᠠᠬᠤᠶ᠎ᠳᠤ ᠱᠢᠨ᠎ᠡ ᠠᠮᠢᠵᠢᠷᠠᠯ᠎ᠤᠨ ᠬᠦᠴᠦᠨ ᠨᠡᠮᠡᠷᠢᠯᠡᠪᠡ᠃《ᠬᠣᠨᠢᠨ ᠲᠡᠮᠡᠭᠡᠨ᠎ᠤ ᠢᠳᠡᠱᠢᠯᠡᠬᠦ᠌ ᠳᠠᠳᠭᠠᠯ ᠨᠢ ᠲᠤᠢᠯ᠎ᠤᠨ ᠣᠨᠴᠠᠭᠠᠶ᠂ ᠪᠡᠯᠴᠢᠭᠡᠷ ᠲᠤ᠌ ᠢᠳᠡᠰᠢᠯᠡᠭᠦ᠎ᠳᠡᠭᠡᠨ ᠡᠪᠡᠰᠦᠨ᠎ᠦ ᠦᠨᠳᠦᠰᠦ᠎ᠶ᠋ᠢ ᠭᠡᠮᠲᠦᠭᠡᠬᠦ᠌ ᠥᠬᠡᠶ᠂ ᠡᠨᠡ ᠨᠢ ᠨᠤᠲᠤᠭ ᠪᠡᠯᠴᠢᠭᠡᠷ᠎ᠦᠨ ᠤᠷᠭᠤᠮᠠᠯ᠎ᠤᠨ ᠬᠤᠴᠢᠯᠭ᠎ᠠ ᠵᠢᠨ ᠪᠤᠢᠵᠢᠯᠳᠠ᠎ᠳᠤ ᠮᠠᠰᠢ ᠨᠦᠬᠦᠷᠰᠡᠭ ᠪᠠᠢᠳᠠᠭ ᠪᠠ ᠢᠳᠡᠰᠢᠨ᠎ᠤ ᠬᠡᠮᠵᠢᠶ᠎ᠡ᠎ᠨᠢ ᠤᠯᠠᠮᠵᠢᠯᠠᠯᠲᠤ ᠬᠡᠷ᠎ᠦᠨ ᠲᠡᠵᠢᠭᠡᠪᠦᠷᠢ᠎ᠡᠴᠡ ᠬᠣᠯᠠ ᠪᠠᠭ᠎ᠠ ᠪᠤᠯᠬᠤᠷ ᠨᠤᠲᠤᠭ ᠪᠡᠯᠴᠢᠭᠡᠷ᠎ᠦᠨ ᠳᠠᠭᠠᠭᠠᠴᠠ᠎ᠳᠤ ᠲᠤᠬᠢᠷᠠᠭᠰᠠᠨ ᠪᠠᠢᠨ᠎ᠠ》 ᠬᠡᠵᠦ ᠥᠪᠥᠷ ᠮᠣᠩᠭᠣᠯ᠎ᠤᠨ ᠰᠥᠨᠢᠳ ᠬᠣᠨᠢᠨ ᠲᠡᠮᠡᠭᠡ᠎ᠶ᠋ᠢᠨ ᠮᠠᠯ ᠠᠵᠤ ᠠᠬᠤᠶ᠎ᠶ᠋ᠢᠨ ᠱᠢᠨᠵᠢᠯᠡᠬᠦ᠌ ᠤᠬᠠᠭᠠᠨ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠬᠣᠨᠢᠨ ᠲᠡᠮᠡᠭᠡ ᠲᠡᠵᠢᠭᠡᠨ ᠦᠷᠡᠵᠢᠭᠦᠯᠬᠦ᠌ ᠰᠠᠭᠤᠷᠢᠨ᠎ᠤ ᠬᠠᠷᠢᠭᠤᠴᠠᠯᠭᠠᠲᠠᠨ ᠤ᠋ᠤᠢ ᠬᠠᠶ ᠲᠤᠤ ᠬᠡᠯᠡᠪᠡ᠃ ᠲᠡᠷᠡ ᠲᠠᠨᠢᠯᠴᠠᠭᠤᠯᠬᠤ ᠳ᠋ᠠᠭᠠᠨ᠂ ᠬᠣᠨᠢᠨ ᠲᠡᠮᠡᠭᠡᠨ᠎ᠤ ᠦᠰᠦ ᠨᠤᠤᠰᠤ᠂ ᠮᠢᠬ᠎ᠠ ᠵᠢᠴᠢ ᠬᠠᠮᠢᠶ᠎ᠠ ᠪᠥᠬᠥᠶ ᠳᠠᠭᠠᠯᠲᠠ ᠪᠦᠲᠦᠭᠡᠭ᠌ᠳᠡᠬᠦᠨ ᠨᠢ ᠴᠥᠮ ᠮᠠᠰᠢ ᠥᠨᠳᠥᠷ ᠠᠵᠤ ᠠᠬᠤᠶ᠎ᠶ᠋ᠢᠨ ᠠᠰᠢᠬᠯᠠᠯᠳᠠ ᠵᠢᠨ ᠦᠨ᠎ᠡ ᠥᠷᠲᠡᠭ᠎ᠲᠡᠶ ᠪᠠᠢᠵᠤ᠂ ᠬᠥᠭ᠌ᠵᠢᠯᠲᠡ᠎ᠶ᠋ᠢᠨ ᠳᠠᠯᠳᠠ ᠬᠦᠴᠦᠨ ᠨᠢ ᠮᠠᠰᠢ ᠶᠡᠬᠡ ᠪᠠᠢᠳᠠᠭ ᠭᠡᠯ᠎ᠠ᠃
ᠣᠳᠣᠬᠠᠨ᠎ᠳᠤ ᠰᠥᠨᠢᠳ ᠵᠡᠭᠦᠨ ᠬᠣᠱᠢᠭᠤᠨ᠎ᠤ ᠬᠣᠨᠢᠨ ᠲᠡᠮᠡᠭᠡ ᠲᠡᠵᠢᠭᠡᠨ ᠦᠷᠡᠵᠢᠭᠦᠯᠬᠦ᠌ ᠠᠵᠤ ᠦᠶ᠋ᠯᠡᠰ ᠨᠢ ᠨᠢᠭᠡᠨᠲᠡ ᠤᠯᠠᠮᠵᠢᠯᠠᠯᠲᠤ ᠲᠡᠵᠢᠭᠡᠨ ᠦᠷᠡᠵᠢᠭᠦᠯᠬᠦ᠌ ᠬᠦᠷᠢᠶ᠎ᠡ ᠴᠠᠷᠠᠭ᠎ᠠ ᠡᠴᠡ ᠬᠠᠯᠢᠨ ᠭᠠᠷᠤᠭᠠᠳ᠂ ᠨᠠᠷᠢᠯᠢᠭ ᠡᠳ᠋ᠱᠢᠭᠦᠯᠬᠦ᠌ ᠵᠦᠭ ᠬᠦᠭᠵᠢᠵᠦ ᠪᠠᠢᠨ᠎ᠠ᠃ ᠲᠡᠭᠦᠨ᠎ᠦ ᠨᠤᠤᠰᠤᠨ᠎ᠤ ᠴᠢᠨᠠᠷ ᠨᠢ ᠰᠠᠢᠨ ᠤᠴᠢᠷ ᠡᠴᠡ 《ᠵᠥᠭᠡᠯᠡᠨ ᠠᠯᠲᠠ》 ᠭᠡᠮᠡᠭᠳᠡᠵᠦ᠂ ᠨᠠᠷᠢᠯᠢᠭ ᠡᠳ᠋ᠱᠢᠭᠦᠯᠵᠦ᠍ ᠦᠢᠯᠡᠳᠦᠭ᠌ᠰᠡᠨ ᠳᠡᠭᠡᠳᠦ ᠳᠡᠰ᠎ᠤᠨ ᠦᠢᠯᠡᠳᠬᠦᠨ᠎ᠦ ᠵᠠᠬ᠎ᠠ ᠳᠡᠯᠭᠡᠭᠦᠷ᠎ᠲᠦ ᠺᠢᠯᠣᠭ᠌ᠷᠠᠮ ᠪᠦᠷᠢ᠎ᠳᠡᠭᠡᠨ 2000 ᠲᠥᠭᠥᠷᠢᠭ ᠣᠷᠴᠢᠮ ᠬᠦᠷᠴᠦ᠂ ᠬᠠᠮᠢᠶ᠎ᠠ ᠪᠥᠬᠥᠶ ᠭᠠᠷᠤᠯᠳᠠ ᠵᠢ ᠠᠮᠢᠳᠤ ᠪᠣᠳᠠᠰ᠎ᠤᠨ ᠡᠮ ᠡᠮᠨᠡᠯᠭᠡ᠎ᠶ᠋ᠢᠨ ᠬᠦᠷᠢᠶᠡᠨ᠎ᠳᠦ ᠠᠮᠵᠢᠯᠲᠠ᠎ᠲᠠᠶ ᠬᠡᠷᠡᠭ᠌ᠯᠡᠵᠦ᠍᠂ ᠠᠵᠤ ᠦᠶ᠋ᠯᠡᠰ᠎ᠦᠨ ᠬᠡᠯᠬᠢᠶ᠎ᠡ ᠲᠠᠰᠤᠷᠠᠯᠲᠠ ᠥᠬᠡᠶ ᠥᠷᠭᠡᠵᠢᠨ ᠦᠶ᠋ᠯᠡᠳᠬᠦᠨ᠎ᠦ ᠨᠡᠮᠡᠯᠲᠡ ᠥᠷᠲᠡᠭ ᠨᠢ ᠦᠷᠭᠦᠯᠵᠢᠯᠡᠨ ᠳᠡᠭᠡᠭ᠌ᠰᠢᠯᠡᠪᠡ᠃
ᠠᠵᠤ ᠦᠢᠯᠡᠰ᠎ᠦᠨ ᠬᠥᠭ᠌ᠵᠢᠯᠲᠡ᠎ᠶ᠋ᠢᠨ ᠶᠠᠪᠤᠴᠠ᠎ᠳᠤ᠂ ᠰᠥᠨᠢᠳ ᠵᠡᠭᠦᠨ ᠬᠣᠱᠢᠭᠤᠣᠯᠠᠨ ᠡᠱᠢᠲᠦ ᠬᠣᠯᠪᠣᠭᠠᠯᠠᠨ ᠬᠥᠳᠡᠯᠦᠯᠴᠡᠬᠦ᠌ ᠬᠥᠭ᠌ᠵᠢᠯᠲᠡ᠎ᠶ᠋ᠢᠨ ᠬᠡᠯᠪᠡᠷᠢ᠎ᠶ᠋ᠢ ᠱᠢᠨᠡᠴᠢᠯᠡᠨ ᠬᠡᠷᠡᠭ᠌ᠵᠢᠭᠦᠯᠵᠦ᠍᠂ ᠠᠵᠤ ᠠᠬᠤᠢᠯᠠᠯ᠂ ᠬᠠᠮᠲᠤ ᠨᠡᠢᠲᠡ ᠬᠢᠭᠡᠳ ᠲᠡᠵᠢᠭᠡᠨ ᠦᠷᠡᠵᠢᠭᠦᠯᠬᠦ᠌ ᠡᠷᠦᠬᠡ᠎ᠶ᠋ᠢᠨ ᠬᠣᠭᠣᠷᠣᠨᠳᠣᠬᠢ ᠠᠱᠢᠭ ᠲᠤᠰᠠ᠎ᠶ᠋ᠢ ᠬᠣᠯᠪᠣᠬᠤ ᠬᠥᠭᠥᠷᠭᠡ ᠬᠣᠯᠪᠣᠭᠠᠰᠤ᠎ᠶ᠋ᠢ ᠪᠠᠢᠭᠤᠯᠵᠤ᠂ ᠨᠠᠢᠳᠠᠨ ᠬᠠᠮᠢᠶᠠᠷᠤᠭᠤᠯᠵᠤ ᠦᠰᠭᠡᠨ ᠦᠷᠡᠵᠢᠭᠦᠯᠬᠦ᠌᠂ ᠠᠱᠢᠭ ᠣᠷᠣᠯᠭ᠎ᠠ᠎ᠶ᠋ᠢ ᠬᠤᠪᠢᠶᠠᠷᠢᠯᠠᠬᠤ᠂ ᠵᠠᠬᠢᠶᠠᠯᠠᠭ᠎ᠠ ᠪᠡᠷ ᠬᠤᠳᠠᠯᠳᠤᠨ ᠠᠪᠬᠤ ᠵᠡᠷᠭᠡ ᠠᠷᠭ᠎ᠠ ᠬᠡᠯᠪᠡᠷᠢ᠎ᠪᠡᠷ ᠮᠠᠯᠴᠢᠳ᠎ᠢ ᠠᠵᠤ ᠦᠢᠯᠡᠰ᠎ᠦᠨ ᠬᠥᠭ᠌ᠵᠢᠯᠲᠡ ᠵᠢᠨ ᠡᠯ᠎ᠡ ᠭᠤᠭᠴᠤᠭ᠎ᠠ᠎ᠳᠦ ᠣᠷᠣᠯᠴᠠᠭᠤᠯᠤᠨ᠂ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠬᠠᠮᠲᠤ ᠪᠠᠷ ᠡᠳ᠋ᠯᠡᠭᠦᠯᠪᠡ᠃
ᠡᠳᠦᠭᠡ ᠴᠥᠭᠡᠨ ᠪᠤᠰᠤ ᠮᠠᠯᠴᠢᠳ ᠲᠡᠵᠢᠭᠡᠨ ᠦᠷᠡᠵᠢᠭᠦᠯᠬᠦ᠌ ᠬᠤᠷᠱᠢᠶ᠎ᠠ ᠪᠠᠢᠭᠤᠯᠵᠤ᠂ ᠤᠨᠴᠠᠯᠢᠬ᠍ᠳᠤ ᠲᠡᠵᠢᠭᠡᠨ ᠦᠷᠡᠵᠢᠭᠦᠯᠬᠦ᠌ ᠦᠢᠯᠡᠰ᠎ᠲᠦ ᠲᠦᠱᠢᠭ᠌ᠯᠡᠨ ᠣᠷᠣᠯᠭ᠎ᠠ᠎ᠪᠠᠨ ᠳᠡᠭᠡᠭ᠌ᠰᠢᠯᠡᠭᠦᠯᠵᠦ᠂ ᠤᠨᠴᠠᠯᠢᠬ᠍ᠳᠤ ᠲᠡᠵᠢᠭᠡᠨ ᠦᠷᠡᠵᠢᠭᠦᠯᠬᠦ᠌ ᠦᠢᠯᠡᠰ ᠢ ᠦᠨᠡᠨᠬᠦ ᠠᠷᠠᠳ ᠤᠯᠠᠨ᠎ᠳᠤ ᠠᠱᠢᠭ ᠬᠦᠷᠲᠡᠭᠡᠬᠦ᠌ ᠠᠷᠠᠳ᠎ᠤᠨ ᠠᠮᠢᠳᠤᠷᠠᠯ᠎ᠤᠨ ᠠᠵᠤ ᠦᠢᠯᠡᠰ ᠪᠣᠯᠭᠠᠪᠠ᠃
10 ᠭᠠᠷᠤᠢ ᠵᠢᠯ᠎ᠦᠨ ᠨᠢᠮᠪᠠᠢ ᠪᠣᠢᠵᠢᠭᠤᠯᠤᠯᠲᠠ ᠪᠠ ᠱᠢᠨᠵᠢᠯᠡᠬᠦ᠌ ᠤᠬᠠᠭᠠᠨᠴᠢ ᠬᠥᠭ᠌ᠵᠢᠭᠦᠯᠦᠯᠲᠡ᠎ᠪᠡᠷ ᠳᠠᠮᠵᠢᠨ ᠂ ᠰᠥᠨᠢᠳ ᠵᠡᠭᠦᠨ ᠬᠣᠱᠢᠭᠤ᠎ᠨᠢ ᠤᠯᠤᠰ᠎ᠤᠨ ᠲᠤᠳᠤᠷᠠᠭᠢ ᠬᠠᠮᠤᠭ ᠲᠤᠮᠤ ᠬᠤᠨᠢᠨ ᠲᠡᠮᠡᠭᠡ ᠲᠡᠵᠢᠭᠡᠨ ᠦᠷᠡᠵᠢᠭᠦᠯᠬᠦ ᠬᠡᠪᠴᠢᠶᠡᠵᠢᠭᠰᠡᠨ ᠰᠠᠭᠤᠷᠢᠨ᠎ᠢ ᠪᠠᠢᠭᠤᠯᠵᠤ᠂ ᠠᠮᠢ ᠠᠬᠤᠢ᠎ᠶ᠋ᠢᠨ ᠬᠠᠮᠠᠭᠠᠯᠠᠯᠲᠠ ᠪᠠ ᠠᠷᠠᠳ᠎ᠤᠨ ᠠᠮᠢᠳᠤᠷᠠᠯ᠎ᠤᠨ ᠬᠥᠭ᠌ᠵᠢᠯᠲᠡ᠂ ᠠᠵᠤ ᠦᠢᠯᠡᠰ᠎ᠦᠨ ᠦᠷ᠎ᠡ ᠠᠱᠢᠭ᠎ᠤᠨ ᠨᠡᠮᠡᠭ᠌ᠳᠡᠯ ᠪᠠ ᠲᠠᠯ᠎ᠠ ᠨᠤᠲᠤᠭ᠎ᠤᠨ ᠨᠣᠭᠣᠭᠠᠷᠠᠭᠤᠯᠤᠯᠲᠠ᠎ᠶ᠋ᠢᠨ ᠬᠣᠣᠰ ᠦᠷ᠎ᠡ ᠠᠰᠢᠬ᠎ᠢ ᠲᠡᠮᠡᠴᠡᠨ ᠤᠯᠪᠠ᠃ ᠤᠯᠠᠮᠵᠢᠯᠠᠯᠲᠤ ᠮᠠᠯ ᠠᠵᠤ ᠠᠬᠤᠶ ᠯᠤᠭ᠎ᠠ ᠬᠠᠷᠢᠴᠠᠭᠤᠯᠪᠠᠯ᠂ ᠡᠨᠡᠬᠦ ᠣᠨᠴᠠᠯᠢᠭ᠍ᠲᠤ ᠲᠡᠵᠢᠭᠡᠨ ᠦᠷᠡᠵᠢᠭᠦᠯᠬᠦ᠌ ᠵᠠᠭ᠍ᠪᠤᠷ᠎ᠤᠨ ᠬᠠᠮᠤᠭ᠎ᠤᠨ ᠶᠡᠬᠡ ᠳᠠᠪᠠᠭᠤᠯᠢᠭ ᠨᠢ ᠠᠮᠢ ᠠᠬᠤᠶ ᠪᠠ ᠦᠷ᠎ᠡ ᠠᠱᠢᠭ᠎ᠤᠨ ᠬᠤᠤᠰ ᠠᠱᠢᠭ᠎ᠢ ᠪᠡᠶᠡᠯᠡᠭᠦᠯᠦᠭ᠌ᠰᠡᠨ ᠶᠠᠪᠤᠳᠠᠯ ᠪᠣᠯᠤᠨ᠎ᠠ᠃ ᠲᠠᠯ᠎ᠠ ᠨᠤᠲᠤᠭ᠎ᠤᠨ ᠠᠮᠢ ᠠᠬᠤᠢ᠎ᠶ᠋ᠢᠨ ᠣᠷᠴᠢᠨ ᠲᠣᠭᠣᠷᠢᠨ᠎ᠢ ᠪᠦᠲᠦᠮᠵᠢᠲᠡᠢ ᠬᠠᠮᠠᠭᠠᠯᠠᠭ᠍ᠰᠠᠨ ᠮᠥᠷᠲᠡᠭᠡᠨ ᠲᠡᠵᠢᠭᠡᠨ ᠦᠷᠡᠵᠢᠭᠦᠯᠬᠦ᠌ ᠠᠵᠤ ᠠᠬᠤᠢ᠎ᠶ᠋ᠢᠨ ᠦᠷ᠎ᠡ ᠠᠱᠢᠭ ᠢ ᠢᠯᠡᠳᠲᠡ ᠳᠡᠭᠡᠭ᠌ᠰᠢᠯᠡᠭᠦᠯᠵᠦ᠍᠂ ᠤᠯᠠᠮᠵᠢᠯᠠᠯᠲᠤ ᠮᠠᠯ ᠠᠵᠤ ᠠᠬᠤᠢ᠎ᠶ᠋ᠢᠨ ᠬᠡᠯᠪᠡᠷᠢ᠎ᠶ᠋ᠢ ᠬᠤᠪᠢᠷᠠᠭᠤᠯᠤᠨ ᠳᠡᠰ ᠳᠡᠪᠱᠢᠭᠦᠯᠬᠦ᠌᠂ ᠪᠣᠬᠢᠷᠲᠤᠯ ᠦᠭᠡᠢ ᠬᠥᠭ᠌ᠵᠢᠭᠦᠯᠬᠦ᠌᠎ᠳᠦ ᠳᠠᠭᠤᠷᠢᠶᠠᠵᠤ ᠪᠣᠯᠬᠤ᠂ ᠳᠡᠯᠭᠡᠷᠡᠭᠦᠯᠵᠦ᠍ ᠪᠣᠯᠬᠤ ᠠᠮᠵᠢᠯᠲᠠ᠎ᠲᠠᠶ ᠵᠢᠱ᠌ᠢᠶ᠎ᠡ ᠵᠢ ᠬᠠᠩᠭᠠᠪᠠ᠃
ᡂᠢ ᠬᠠᠢ ᠲᠤᠤ ᠢᠯᠡᠷᠬᠡᠢᠯᠡᠬᠦ ᠳ᠋ᠡᠭᠡᠨ᠂ ᠪᠢᠳᠡ ᠢᠮᠠᠭ᠍ᠲᠠ ᠲᠠᠯ᠎ᠠ ᠨᠤᠲᠤᠭ᠎ᠤᠨ ᠠᠮᠢ ᠠᠬᠤᠢ᠎ᠶ᠋ᠢᠨ ᠳᠠᠪᠠᠭᠤᠯᠢᠭ᠎ᠲᠤ ᠰᠠᠭᠤᠷᠢᠯᠠᠵᠤ᠂ ᠱᠢᠨᠵᠢᠯᠡᠬᠦ᠌ ᠤᠬᠠᠭᠠᠨᠴᠢ᠎ᠪᠠᠷ ᠦᠷᠡᠵᠢᠭᠦᠯᠦᠨ ᠪᠣᠢᠵᠢᠭᠤᠯᠬᠤ᠂ ᠪᠣᠬᠢᠷᠲᠤᠯ ᠦᠭᠡᠢ ᠬᠥᠭ᠌ᠵᠢᠭᠦᠯᠬᠦ᠌ ᠣᠢᠯᠠᠭᠠᠭ᠍ᠳᠠᠬᠤᠨ᠎ᠢ ᠪᠠᠷᠢᠮᠲᠠᠯᠠᠨ᠂ ᠤᠨᠴᠠᠯᠢᠬ᠍ᠳᠤ ᠲᠡᠵᠢᠭᠡᠨ ᠦᠷᠡᠵᠢᠭᠦᠯᠬᠦ᠌ ᠲᠦᠷᠦᠯ᠎ᠦᠨ ᠠᠮᠢ ᠠᠬᠤᠢ᠎ᠶ᠋ᠢᠨ ᠦᠷ᠎ᠡ ᠠᠱᠢᠭ ᠰᠠᠢ᠌ᠨ᠂ ᠠᠵᠤ ᠠᠬᠤᠢ᠎ᠶ᠋ᠢᠨ ᠦᠷᠳᠡᠭ ᠥᠨᠳᠥᠷ ᠪᠠᠢᠳᠠᠭ ᠳᠠᠪᠠᠭᠤᠯᠢᠭ᠎ᠢᠶᠠᠨ ᠭᠦᠢᠴᠡᠳ ᠪᠠᠳᠠᠷᠠᠭᠤᠯᠵᠤ᠂ ᠲᠡᠵᠢᠭᠡᠨ ᠦᠷᠡᠵᠢᠭᠦᠯᠬᠦ᠌ ᠬᠡᠪᠴᠢᠶ᠎ᠡ᠎ᠪᠡᠨ ᠦᠷᠭᠦᠯᠵᠢᠯᠡᠨ ᠥᠷᠭᠡᠳᠭᠡᠵᠦ᠍᠂ ᠰᠠᠢ᠌ᠨ ᠡᠭᠦᠯᠳᠡᠷ᠎ᠢ ᠪᠣᠢᠵᠢᠭᠤᠯᠤᠨ᠂ ᠨᠡᠡᠭ ᠤᠯᠠᠨ ᠮᠠᠯᠴᠢᠳ᠎ᠢ ᠲᠠᠢ᠌ᠴᠢᠯᠠᠨ ᠤᠨᠴᠠᠯᠢᠬ᠍ᠳᠤ ᠠᠵᠤ ᠦᠢᠯᠡᠰ᠎ᠲᠦ ᠤᠷᠤᠯᠴᠠᠭᠤᠯᠵᠦ᠂ 《ᠬᠤᠨᠢᠨ ᠲᠡᠮᠡᠭᠡᠨ᠎ᠦ ᠠᠵᠤ ᠠᠬᠤᠢ》 ᠵᠢ ᠦᠨᠡᠨᠬᠦ ᠠᠷᠠᠳ᠎ᠢ ᠪᠠᠶᠠᠵᠢᠭᠤᠯᠵᠤ ᠰᠠᠭᠤᠷᠢ᠎ᠪᠠᠨ ᠴᠢᠩᠭᠠᠳᠭᠠᠬᠤ ᠲᠤᠯᠭᠠᠭᠤᠷᠢ ᠠᠵᠤ ᠦᠢᠯᠡᠰ ᠪᠣᠯᠭᠠᠨ ᠬᠦᠴᠦᠷᠬᠡᠭᠵᠢᠭᠦᠯᠵᠦ᠂ ᠬᠥᠳᠡᠭᠡ ᠲᠣᠰᠭᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠳᠤ ᠪᠣᠬᠢᠷᠲᠤᠯ ᠦᠭᠡᠢ ᠬᠥᠳᠡᠯᠭᠡᠬᠦ᠌ ᠬᠦᠴᠦᠨ ᠨᠡᠮᠡᠷᠢᠯᠡᠨ᠎ᠡ ᠭᠡᠯᠡ᠃