ᠦᠪᠦᠷ ᠮᠤᠡᠭᠭᠤᠯ ᠤᠯᠠᠨ ᠤᠯᠤᠰ ᠤ᠋ᠨ ᠢᠳᠡᠭᠡᠨ ᠤ᠋ ᠦᠵᠡᠰᠭᠦᠯᠡᠡᠭ ᠤ᠋ᠨ ᠴᠤᠭᠯᠠᠭᠠᠨ ᠳ᠋ᠤ ᠴᠢᠨᠠᠷ ᠰᠠᠢᠲᠠᠢ ᠮᠠᠯ ᠤ᠋ᠨ ᠠᠰᠢᠭ ᠰᠢᠮ᠎ᠡ ᠲᠠᠷᠢᠶᠠᠯᠠᠡᠭ ᠤ᠋ᠨ ᠪᠦᠲᠦᠭᠡᠭᠳᠡᠭᠦᠨ ᠶ᠋ᠢᠡᠨ ᠳᠠᠨᠢᠯᠴᠠᠭᠤᠯᠪᠠ
2026-04-16 16:35:28
ᠵᠣᠬᠢᠶᠠᠭ᠍ᠴᠢ᠄
​ᠼᠠᠢ ᠬᠤᠡᠭ
ᠣᠩᠱᠢᠭ᠍ᠰᠠᠨ ᠣᠳᠠᠭ᠎ᠠ᠄
★★★☆☆

ᠦᠪᠤᠷ ᠮᠤᠩᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠡᠴᠡ ᠤᠢᠯᠠᠭᠠᠭᠰᠠᠨ ᠶ᠋ᠢᠡᠷ᠂ ᠮᠠᠨ ᠤ᠋ ᠤᠷᠤᠨ ᠮᠠᠯ ᠤ᠋ᠨ ᠠᠰᠢᠭ ᠰᠢᠮ᠎ᠠ ᠲᠠᠷᠢᠶᠠᠯᠠᠡᠭ ᠤ᠋ᠨ ᠪᠦᠲᠦᠭᠡᠭᠳᠡᠭᠦᠨ ᠤ᠋ 50 ᠭᠠᠷᠤᠢ ᠠᠵᠤ ᠠᠬᠤᠢᠯᠠᠯ ᠢ᠋ ᠵᠤᠬᠢᠶᠠᠨ ᠪᠠᠢᠭᠤᠯᠤᠨ ᠲᠦᠷᠦᠬᠦᠬᠡᠨ ᠭᠤᠸᠠᠩᠳᠦ᠋ᠩ ᠳ᠋ᠤ ᠶᠠᠪᠤᠭᠳᠠᠭᠰᠠᠨ ᠠᠷᠪᠠᠳᠤᠭᠠᠷ ᠬᠤᠭᠤᠴᠠᠭᠠᠨ ᠤ᠋ ᠳᠤᠮᠳᠠᠳᠤ ᠤᠯᠤᠰ ᠤ᠋ᠨ ᠤᠯᠠᠨ ᠤᠯᠤᠰ ᠤ᠋ᠨ ᠢᠳᠡᠭᠡᠨ ᠵᠢᠴᠢ ᠨᠡᠮᠡᠯᠲᠡ ᠡᠳ᠋ ᠤ᠋ᠨ ᠦᠵᠡᠰᠭᠦᠯᠡᠡᠭ ᠤ᠋ᠨ ᠴᠤᠭᠯᠠᠭᠠᠨ᠂ ᠳᠦᠷᠪᠡᠳᠦᠭᠡᠷ ᠬᠤᠭᠤᠴᠠᠭᠠᠨ ᠤ᠋ ᠳᠤᠮᠳᠠᠳᠤ ᠤᠯᠤᠰ ᠤ᠋ᠨ ᠤᠯᠠᠨ ᠤᠯᠤᠰ ᠤ᠋ᠨ ᠪᠡᠯᠡᠨ ᠵᠠᠭᠤᠰᠢ ᠶ᠋ᠢᠨ ᠠᠵᠤ ᠦᠢᠯᠡᠰ ᠤ᠋ᠨ ᠦᠵᠡᠰᠭᠦᠯᠡᠡᠭ ᠤ᠋ᠨ ᠴᠤᠭᠯᠠᠭᠠᠨ ᠳ᠋ᠤ ᠤᠷᠤᠯᠴᠠᠭᠤᠯᠵᠤ᠂ ᠤᠷᠤᠨ ᠪᠦᠰᠡ ᠶ᠋ᠢᠨ ᠨᠡᠢᠲᠡ ᠶ᠋ᠢᠨ ᠬᠡᠷᠡᠭᠯᠡᠭᠡᠨ ᠤ᠋ ᠲᠦᠷᠦᠯ ᠲᠡᠮᠲᠡᠭᠲᠦ ᠪᠦᠲᠦᠭᠡᠭᠳᠡᠭᠦᠨ ᠪᠤᠯᠤᠨ ᠠᠵᠤ ᠦᠢᠯᠡᠰ ᠤ᠋ᠨ ᠬᠦᠭᠵᠢᠯᠲᠡ ᠶ᠋ᠢᠨ ᠰᠢᠨ᠎ᠡ ᠦᠷ᠎ᠡ ᠪᠦᠲᠦᠭᠡᠯ ᠵᠢᠡᠨ ᠲᠦᠪᠯᠡᠷᠡᠭᠦᠯᠦᠨ ᠳᠡᠯᠭᠡᠨ ᠦᠵᠡᠭᠦᠯᠪᠡ᠃

ᠪᠦᠬᠦ ᠤᠯᠤᠰ ᠤ᠋ᠨ ᠴᠢᠬᠤᠯᠠ ᠮᠠᠯ ᠤ᠋ᠨ ᠠᠰᠢᠭ ᠰᠢᠮ᠎ᠡ ᠲᠠᠷᠢᠶᠠᠯᠠᠡᠭ ᠤ᠋ᠨ ᠪᠦᠲᠦᠭᠡᠭᠳᠡᠭᠦᠨ ᠤ᠋ ᠦᠢᠯᠡᠳᠪᠦᠷᠢᠯᠡᠯ ᠤ᠋ᠨ ᠰᠠᠭᠤᠷᠢᠨ ᠪᠤᠯᠤᠭᠰᠠᠨ ᠤ᠋ ᠬᠤᠪᠢ ᠳ᠋ᠦ ᠦᠪᠤᠷ ᠮᠤᠩᠭᠤᠯ ᠤ᠋ᠨ ᠦᠬᠡᠷ ᠬᠤᠨᠢᠨ ᠮᠢᠬ᠎ᠠ᠂ ᠦᠨᠢᠶᠡᠨ ᠰᠦ ᠶ᠋ᠢᠨ ᠭᠠᠷᠤᠯᠲᠠ ᠴᠦᠮ ᠪᠦᠬᠦ ᠤᠯᠤᠰ ᠤ᠋ᠨ ᠡᠮᠦᠨ᠎ᠡ ᠡᠡᠭᠨᠡᠭᠡᠨ ᠳ᠋ᠦ ᠤᠷᠤᠵᠤ᠂ ᠠᠯᠠᠱᠠ ᠶ᠋ᠢᠨ ᠢᠡᠭᠭᠡᠨ ᠰᠦ᠂ ᠮᠤᠨᠢ ᠠᠭᠤᠯᠠ ᠶ᠋ᠢᠨ ᠨᠤᠬᠠᠢ ᠶ᠋ᠢᠨ ᠬᠤᠰᠢᠭᠤ᠂ ᠤᠷᠤᠨ ᠨᠤᠲᠤᠭ ᠤ᠋ᠨ ᠤᠨᠴᠠᠯᠢᠭᠲᠦ ᠡᠯᠳᠡᠪ ᠠᠮᠤ ᠵᠡᠷᠭᠡ ᠪᠦᠲᠦᠭᠡᠭᠳᠡᠭᠦᠨ ᠤ᠋ ᠶᠠᠰᠤ ᠴᠢᠨᠠᠷ ᠨᠢ ᠰᠢᠯᠢᠳᠡᠭ ᠰᠠᠢᠨ ᠪᠠᠢᠵᠤ᠂ ᠲᠤᠰ ᠬᠤᠭᠤᠴᠠᠭᠠᠨ ᠤ᠋ ᠦᠵᠡᠰᠭᠦᠯᠡᠡᠭ ᠤ᠋ᠨ ᠴᠤᠭᠯᠠᠭᠠᠨ ᠳ᠋ᠦ ᠦᠬᠡᠷ ᠬᠤᠨᠢᠨ ᠮᠢᠬ᠎ᠡ᠂ ᠴᠠᠭᠠᠨ ᠢᠳᠡᠭᠡᠨ᠂ ᠠᠮᠤ ᠲᠤᠰᠤ᠂ ᠬᠤᠨᠴᠢᠷ᠂ ᠴᠠᠭᠠᠨ ᠭᠤᠶᠤᠤ᠂ ᠬᠠᠷ᠎ᠠ ᠳᠡᠯᠳᠡᠦ ᠵᠡᠷᠭᠡ ᠤᠨᠴᠠᠯᠢᠭᠲᠦ ᠪᠦᠲᠦᠭᠡᠭᠳᠡᠭᠦᠨ ᠢ᠋ ᠳᠡᠯᠭᠡᠨ ᠦᠵᠡᠭᠦᠯᠬᠦ ᠵᠢᠨ ᠬᠠᠮᠳᠤ  ᠪᠡᠯᠡᠨ ᠵᠠᠭᠤᠰᠢ ᠶ᠋ᠢᠨ ᠵᠠᠬ᠎ᠠ ᠳᠡᠯᠭᠡᠭᠦᠷ ᠤ᠋ᠨ ᠬᠡᠷᠡᠭᠴᠡᠭᠡ ᠱᠠᠭᠠᠷᠳᠠᠯᠭ᠎ᠠ ᠶ᠋ᠢᠨ ᠲᠤᠭᠤᠷᠢᠨ ᠳ᠋ᠦ ᠪᠦᠲᠦᠭᠡᠭᠳᠡᠭᠦᠨ ᠶ᠋ᠢᠡᠨ ᠤᠨᠤᠴᠠᠲᠠᠢ ᠰᠤᠡᠭᠭᠤᠵᠤ᠂ ᠦᠵᠡᠭᠦᠯᠭᠡ ᠶ᠋ᠢᠨ ᠪᠠᠢᠷᠢ ᠪᠠᠨ ᠲᠤᠭᠤᠷᠢᠭ ᠬᠤᠪᠢᠶᠠᠨ ᠪᠠᠢᠷᠢᠰᠢᠭᠤᠯᠵᠤ᠂ ᠡᠯ᠎ᠡ ᠲᠦᠷᠦᠯ ᠤ᠋ᠨ ᠠᠵᠤ ᠠᠬᠤᠢᠯᠠᠯ ᠳ᠋ᠦ ᠦᠨᠳᠦᠷ ᠪᠦᠲᠦᠮᠵᠢᠲᠡᠢ ᠵᠤᠯᠭᠠᠯᠴᠠᠭᠠᠨ ᠤ᠋ ᠳᠡᠯᠭᠡᠨ ᠦᠵᠡᠭᠦᠯᠵᠦ ᠰᠤᠯᠢᠯᠴᠠᠬᠤ ᠲᠠᠪᠴᠠᠡᠭ ᠬᠠᠡᠭᠭᠠᠪᠠ᠃

ᠮᠠᠨ ᠤ᠋ ᠤᠷᠤᠨ ᠲᠤᠰ ᠦᠵᠡᠰᠭᠦᠯᠡᠡᠭ ᠤ᠋ᠨ ᠴᠤᠭᠯᠠᠭᠠᠨ ᠳ᠋ᠦ ᠨᠢᠭᠡᠨᠲᠡ 4 ᠵᠢᠯ ᠳᠠᠷᠠᠭᠠᠯᠠᠨ ᠤᠷᠤᠯᠴᠠᠵᠤ᠂ ᠴᠢᠨᠠᠷ ᠰᠠᠢᠲᠠᠢ ᠪᠤᠬᠢᠷᠳᠤᠯ ᠦᠭᠡᠢ ᠮᠠᠯ ᠤ᠋ᠨ ᠠᠰᠢᠭ ᠰᠢᠮ᠎ᠡ ᠲᠠᠷᠢᠶᠠᠯᠠᠡᠭ ᠤ᠋ᠨ ᠪᠦᠲᠦᠭᠡᠭᠳᠡᠭᠦᠨ ᠤ᠋ ᠪᠠᠨ ᠪᠦᠬᠦ ᠤᠯᠤᠰ ᠤ᠋ᠨ ᠵᠠᠬ᠎ᠠ ᠳᠡᠯᠭᠡᠭᠦᠷ ᠢ᠋ ᠦᠷᠭᠡᠳᠭᠡᠬᠦ ᠵᠢ ᠬᠦᠴᠦᠲᠡᠢ ᠠᠬᠢᠭᠤᠯᠤᠨ᠂ ᠤᠷᠤᠨ ᠨᠤᠲᠤᠭ ᠤ᠋ᠨ ᠵᠢᠡᠨ ᠭᠤᠤᠯᠯᠠᠭᠴᠢ ᠠᠵᠤ ᠠᠬᠤᠢᠯᠠᠯ ᠤ᠋ᠨ ᠨᠡᠷ᠎ᠡ ᠠᠯᠳᠠᠷᠰᠢᠯ ᠢ᠋ ᠦᠷᠬᠦᠯᠵᠢᠯᠡᠨ ᠳᠡᠭᠡᠭᠰᠢᠯᠡᠭᠦᠯᠵᠦ᠂ ᠤᠯᠠᠨ ᠵᠦᠢᠯ ᠤ᠋ᠨ ᠪᠦᠲᠦᠭᠡᠭᠳᠡᠭᠦᠨ ᠨᠢ ᠦᠵᠡᠰᠭᠦᠯᠡᠡᠭ ᠤ᠋ᠨ ᠴᠤᠭᠯᠠᠭᠠᠨ ᠤ᠋ ᠬᠠᠯᠠᠮᠰᠢᠯ ᠪᠦᠲᠦᠭᠡᠭᠳᠡᠭᠦᠨ ᠪᠤᠯᠵᠠᠢ; ᠨᠢᠭᠡ ᠪᠦᠯᠦᠭ ᠤᠯᠠᠮᠵᠢᠯᠠᠯᠲᠤ ᠴᠠᠭᠠᠨ ᠢᠳᠡᠭᠡᠨ᠂ ᠡᠯᠳᠡᠪ ᠠᠮᠤ᠂᠎ᠪᠡᠯᠡᠨ ᠢᠳᠡᠭᠡᠨ᠂ ᠤᠨᠴᠠᠯᠢᠬ᠍ᠳᠤ ᠨᠠᠷᠢᠯᠢᠭ ᠪᠤᠯᠪᠠᠰᠤᠷᠠᠭᠤᠯᠤᠭᠰᠠᠨ ᠪᠦᠲᠦᠭᠡᠭ᠌ᠳᠡᠬᠦᠨ ᠤ᠋ ᠳᠤᠮᠳᠠ ᠪᠠᠭ᠎ᠠ ᠵᠢᠵᠢᠭ ᠠᠵᠤ ᠠᠬᠤᠢᠯᠠᠯ ᠴᠤ᠌ ᠳᠡᠯᠭᠡᠨ ᠦᠵᠡᠭᠦᠯᠬᠦ᠌ ᠲᠠᠪᠴᠠᠩ᠎ᠢ ᠠᠱᠢᠭ᠍ᠯᠠᠨ ᠵᠠᠬ᠎ᠠ ᠳᠡᠯᠭᠡᠭᠦᠷ ᠲᠡᠶ ᠢᠳᠡᠪᠬᠢᠲᠡᠢ ᠵᠤᠯᠭᠠᠯᠴᠠᠭ᠎ᠠ ᠦᠷᠨᠢᠭᠦᠯᠵᠦ᠂ ᠲᠣᠭ᠍ᠲᠠᠭᠤᠨ ᠬᠦᠭᠵᠢᠯᠲᠡ ᠶ᠋ᠢᠨ ᠰᠠᠭᠤᠷᠢ ᠪᠠᠨ ᠪᠠᠳᠤᠳᠬᠠᠭᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号