ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠶ᠋ᠢᠨ 2026 ᠣᠨ᠎ᠤ ᠬᠢᠨᠠᠯᠲᠠ ᠲᠠᠯᠪᠢᠬᠤ ᠠᠵᠢᠯ᠎ᠤᠨ ᠲᠥᠯᠥᠪᠯᠡᠭᠡ᠎ᠶ᠋ᠢ ᠦᠨᠳᠦᠰᠦᠯᠡᠪᠡᠯ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ 5 ᠰᠠᠷ᠎ᠠ᠎ᠠᠴᠠ 6 ᠰᠠᠷ᠎ᠠ ᠪᠣᠯᠲᠠᠯ᠎ᠠ ᠪᠥᠬᠥ᠌ ᠣᠷᠣᠨ᠎ᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠥᠲᠥᠭᠡᠨ ᠪᠠᠢᠭᠤᠯᠬᠤ᠎ᠶ᠋ᠢ ᠠᠬᠢᠭᠤᠯᠬᠤ ᠲᠦᠷᠢᠮ》 (ᠳᠣᠷᠣᠭ᠍ᠰᠢ 《ᠲᠦᠷᠢᠮ》 ᠭᠡᠵᠦ᠍ ᠲᠣᠪᠴᠢᠯᠠᠨ᠎ᠠ) ᠢ᠋ ᠲᠤᠭᠤᠰᠢᠯᠠᠭᠤᠯᠤᠨ ᠬᠡᠷᠡᠭ᠌ᠵᠢᠭᠦᠯᠦᠭ᠌ᠰᠡᠨ ᠪᠠᠢᠳᠠᠯ᠎ᠳᠤ ᠬᠠᠤᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ ᠬᠢᠨ᠎ᠠ᠃
ᠬᠠᠤᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ᠎ᠶ᠋ᠢᠨ ᠭᠤᠤᠯᠳᠠᠯᠭ᠎ᠠ ᠲᠤᠤᠷᠠᠬᠢ ᠠᠭᠤᠯᠭ᠎ᠠ᠎ᠵᠢ ᠪᠠᠬᠳᠠᠭᠠᠵᠠᠢ᠄
·ᠪᠠᠢᠭᠠᠯᠢ᠎ᠶ᠋ᠢᠨ ᠣᠶ᠎ᠶ᠋ᠢ ᠪᠥᠬᠥ᠌ ᠲᠠᠯ᠎ᠠ᠎ᠪᠠᠷ ᠬᠠᠮᠠᠭᠠᠯᠠᠬᠤ ᠲᠦᠷᠢᠮ ᠪᠠ ᠨᠤᠭᠤ ᠭᠠᠵᠠᠷ᠎ᠤᠨ ᠲᠠᠯᠠᠪᠠᠶ᠎ᠶ᠋ᠢᠨ ᠶᠡᠷᠦᠩᠬᠡᠶ ᠬᠡᠮᠵᠢᠶ᠎ᠡ᠎ᠶ᠋ᠢ ᠬᠠᠮᠢᠶᠠᠷᠤᠨ ᠡᠵᠡᠮᠳᠡᠬᠦ᠌ ᠲᠦᠷᠢᠮ᠎ᠢ ᠨᠠᠢᠳᠠᠪᠤᠷᠢᠵᠢᠭᠤᠯᠤᠭ᠍ᠰᠠᠨ ᠪᠠᠢᠳᠠᠯ;
·ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢ ᠬᠠᠮᠠᠭᠠᠯᠠᠨ ᠰᠡᠷᠭᠦᠭᠡᠭ᠌ᠰᠡᠨ ᠪᠠ ᠪᠣᠬᠢᠷᠲᠤᠯ᠎ᠢ ᠰᠡᠷᠭᠡᠢᠯᠡᠨ ᠵᠠᠰᠠᠭ᠍ᠰᠠᠨ ᠪᠠᠢᠳᠠᠯ;
·ᠬᠥᠬᠡ ᠣᠭ᠍ᠲᠠᠷᠭᠤᠶ᠂ ᠬᠥᠬᠡᠮᠳᠦᠭ ᠤᠰᠤ᠂ ᠠᠷᠢᠭᠤᠨ ᠬᠥᠷᠥᠰᠥ᠎ᠶ᠋ᠢ ᠬᠠᠮᠠᠭᠠᠯᠠᠬᠤ ᠭᠤᠷᠪᠠᠨ ᠶᠡᠬᠡ ᠳᠠᠢᠯᠠᠯᠳᠤᠭᠠᠨ᠎ᠢ ᠠᠬᠢᠭᠤᠯᠤᠭ᠍ᠰᠠᠨ ᠪᠠᠢᠳᠠᠯ;
·ᠠᠵᠤ ᠦᠢᠯᠡᠰ᠎ᠦᠨ ᠪᠦᠲᠦᠴᠡ᠂ ᠡᠨᠧᠷᠭᠢ᠎ᠶ᠋ᠢᠨ ᠪᠦᠲᠦᠴᠡ᠂ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠪᠦᠲᠦᠴᠡ᠎ᠶ᠋ᠢ ᠱᠢᠯᠢᠳᠡᠭ᠌ᠵᠢᠭᠦᠯᠦᠨ ᠲᠣᠬᠢᠷᠠᠭᠤᠯᠤᠭ᠍ᠰᠠᠨ ᠪᠠᠢᠳᠠᠯ᠂ ᠣᠷᠴᠢᠯ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠪᠠᠢᠳᠠᠯ᠂ ᠳᠠᠬᠢᠯᠲᠠ ᠡᠬᠢ ᠪᠠᠶᠠᠯᠢᠭ᠎ᠢ ᠡᠭᠡᠭᠦᠯᠦᠨ ᠬᠤᠷᠢᠶᠠᠵᠤ ᠠᠱᠢᠭ᠍ᠯᠠᠭ᠍ᠰᠠᠨ ᠪᠠᠢᠳᠠᠯ;
·ᠠᠮᠢ ᠠᠬᠤᠶ ᠣᠷᠴᠢᠨ ᠲᠣᠭᠣᠷᠢᠨ᠎ᠢ ᠲᠣᠭᠣᠷᠢᠭ ᠬᠤᠪᠢᠶᠠᠨ ᠬᠠᠮᠢᠶᠠᠷᠤᠨ ᠡᠵᠡᠮᠳᠡᠵᠦ᠍ ᠬᠡᠷᠡᠭ᠌ᠵᠢᠭᠦᠯᠦᠭ᠌ᠰᠡᠨ ᠪᠠᠢᠳᠠᠯ᠂ ᠭᠠᠵᠠᠷ ᠱᠢᠷᠣᠶ ᠂ ᠤᠰᠤᠨ᠎ᠤ ᠡᠬᠢ ᠪᠠᠶᠠᠯᠢᠭ᠎ᠢ ᠠᠷᠪᠢᠲᠠᠶ ᠡᠷᠴᠢᠮᠵᠢᠭᠦᠯᠦᠨ ᠠᠱᠢᠭ᠍ᠯᠠᠭ᠍ᠰᠠᠨ ᠪᠠᠢᠳᠠᠯ᠂ ᠳᠠᠬᠢᠯᠲᠠ ᠴᠡᠪᠡᠷ ᠡᠨᠧᠷᠭᠢ᠎ᠶ᠋ᠢ ᠳᠡᠯᠭᠡᠷᠡᠭᠦᠯᠦᠨ ᠬᠡᠷᠡᠭ᠌ᠯᠡᠭ᠌ᠰᠡᠨ ᠪᠠᠢᠳᠠᠯ;
·ᠠᠮᠢ ᠠᠬᠤᠶ᠎ᠶ᠋ᠢᠨ ᠪᠣᠯᠪᠠᠰᠤᠨ᠎ᠤ ᠮᠡᠳᠡᠯᠭᠡ ᠪᠠ ᠠᠮᠢ ᠠᠬᠤᠶ᠎ᠶ᠋ᠢᠨ ᠰᠣᠶᠣᠯ᠎ᠤᠨ ᠣᠢᠯᠠᠭᠠᠭ᠍ᠳᠠᠬᠤᠨ᠎ᠢ ᠤᠯᠠᠮᠵᠢᠯᠠᠨ ᠲᠦᠭᠡᠮᠡᠯᠵᠢᠭᠦᠯᠦᠭ᠌ᠰᠡᠨ ᠪᠠᠢᠳᠠᠯ;
·ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠥᠲᠥᠭᠡᠨ ᠪᠠᠢᠭᠤᠯᠬᠤ ᠠᠵᠢᠯ᠎ᠤᠨ ᠡᠳ᠋᠎ᠦᠨ ᠵᠠᠰᠠᠭ᠎ᠤᠨ ᠳᠡᠮᠵᠢᠯᠭᠡ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠴᠢᠳᠠᠮᠵᠢ ᠣᠯᠭᠣᠬᠤ᠂ ᠴᠢᠳᠠᠪᠤᠷᠢᠲᠠᠨ᠎ᠢ ᠬᠥᠮᠦᠵᠢᠭᠦᠯᠬᠦ᠌᠂ ᠦᠨᠡᠯᠡᠵᠦ᠍ ᠱᠢᠯᠭᠠᠨ ᠬᠢᠨᠠᠬᠤ᠂ ᠬᠢᠨᠠᠯᠲᠠ ᠬᠠᠮᠢᠶᠠᠷᠤᠯᠲᠠ ᠵᠡᠷᠭᠡ ᠲᠠᠯ᠎ᠠ᠎ᠶ᠋ᠢᠨ ᠪᠠᠲᠤᠯᠠᠭ᠎ᠠ᠎ᠶ᠋ᠢᠨ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠤᠭ᠍ᠰᠠᠨ ᠪᠠᠢᠳᠠᠯ ᠵᠡᠷᠭᠡ ᠪᠤᠢ᠃
ᠬᠠᠤᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ᠎ᠶ᠋ᠢᠨ ᠬᠤᠭᠤᠴᠠᠭᠠᠨ᠎ᠳᠤ ᠪᠠᠰᠠ 《ᠲᠦᠷᠢᠮ》 ᠢ᠋ ᠲᠤᠭᠤᠰᠢᠯᠠᠭᠤᠯᠤᠨ ᠬᠡᠷᠡᠭ᠌ᠵᠢᠭᠦᠯᠬᠦ᠌ ᠳᠤᠮᠳᠠ ᠣᠷᠣᠱᠢᠵᠤ ᠪᠠᠢᠭ᠎ᠠ ᠭᠤᠤᠯ ᠠᠰᠠᠭᠤᠳᠠᠯ ᠪᠠ 《ᠲᠦᠷᠢᠮ》 ᠢ᠋ ᠤᠯᠠᠮ ᠨᠢᠭᠡ ᠠᠯᠬᠤᠮ ᠲᠤᠭᠤᠰᠢᠯᠠᠭᠤᠯᠤᠨ ᠬᠡᠷᠡᠭ᠌ᠵᠢᠭᠦᠯᠬᠦ᠌ ᠰᠠᠨᠠᠯ ᠰᠠᠨᠠᠭᠤᠯᠭ᠎ᠠ᠎ᠶ᠋ᠢ ᠰᠣᠨᠣᠰᠤᠨ᠎ᠠ᠃