2026 ᠣᠨ᠎ᠤ 《ᠡᠷᠡᠭᠦᠯ ᠮᠡᠨᠳᠦ ᠵᠢᠨ ᠬᠡᠷᠡᠭ᠌ᠯᠡᠭᠡ ᠵᠢᠨ ᠰᠠᠷ᠎ᠠ》 ᠶ᠋ᠢᠨ ᠠᠵᠢᠯᠯᠠᠭ᠎ᠠ ᠡᠬᠢᠯᠡᠪᠡ
2026-04-16 09:39:23
ᠵᠣᠬᠢᠶᠠᠭ᠍ᠴᠢ᠄
​ᠱᠢᠨᠬᠤᠸᠠ ᠬᠣᠷᠢᠶ᠎ᠠ ᠵᠢᠨ ᠰᠤᠷᠪᠤᠯᠵᠢᠯᠠᠭ᠍ᠴᠢ ᠭᠤᠤ ᠵᠢᠩ ᠦ᠋ ᠮᠤᠤ ᠬᠤᠢ
ᠣᠩᠱᠢᠭ᠍ᠰᠠᠨ ᠣᠳᠠᠭ᠎ᠠ᠄
★★★☆☆

2026 ᠣᠨ᠎ᠤ 《ᠡᠷᠡᠭᠦᠯ ᠮᠡᠨᠳᠦ ᠵᠢᠨ ᠬᠡᠷᠡᠭ᠌ᠯᠡᠭᠡ ᠵᠢᠨ ᠰᠠᠷ᠎ᠠ》 ᠵᠢᠨ ᠠᠵᠢᠯᠯᠠᠭ᠎ᠠ 14 ᠤ᠋ ᠡᠳᠦᠷ ᠬᠠᠢᠨᠠᠨ ᠮᠤᠵᠢ᠎ᠶ᠋ᠢᠨ ᠬᠠᠢ᠌ᠺᠸᠤ ᠬᠤᠳᠠ᠎ᠳᠤ ᠡᠬᠢᠯᠡᠵᠦ᠍᠂ ᠡᠷᠡᠭᠦᠯ ᠮᠡᠨᠳᠦ ᠵᠢᠨ ᠬᠡᠷᠡᠭ᠌ᠯᠡᠭᠡ ᠵᠢᠨ ᠠᠮᠢᠵᠢᠷᠠᠯ᠎ᠤᠨ ᠬᠦᠴᠦᠨ᠎ᠢ ᠬᠥᠭ᠌ᠵᠢᠭᠡᠵᠦ᠍᠂ ᠡᠷᠡᠭᠦᠯ ᠰᠠᠷᠠᠭᠤᠯ ᠠᠮᠢᠳᠤᠷᠠᠯ᠎ᠤᠨ ᠠᠷᠭ᠎ᠠ ᠬᠡᠯᠪᠡᠷᠢ᠎ᠶ᠋ᠢ ᠪᠣᠢ ᠪᠤᠯᠭᠠᠵᠤ᠂ ᠠᠷᠠᠳ ᠲᠦᠮᠡᠨ᠎ᠦ ᠰᠠᠢ᠌ᠨ ᠰᠠᠢᠬᠠᠨ ᠠᠮᠢᠳᠤᠷᠠᠯ᠎ᠤᠨ ᠬᠡᠷᠡᠭ᠌ᠴᠡᠭᠡ᠎ᠶ᠋ᠢ ᠨᠡᠩ ᠰᠠᠢᠲᠤᠷ ᠬᠠᠩᠭᠠᠬᠤ ᠵᠢ ᠵᠤᠷᠢᠪᠠ᠃

ᠵᠢᠷᠭᠤᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠣᠯᠠᠨ ᠤᠯᠤᠰ᠎ᠤᠨ ᠬᠡᠷᠡᠭ᠌ᠯᠡᠭᠡᠨ ᠤ᠋ ᠵᠦᠶ᠋ᠯ᠎ᠦᠨ ᠦᠵᠡᠰᠭᠦᠯᠡᠩ᠎ᠦᠨ ᠴᠤᠭ᠍ᠯᠠᠭᠠᠨ᠎ᠤ ᠬᠤᠭᠤᠴᠠᠭᠠᠨ᠎ᠳᠤ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ ᠡᠴᠡ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠂ ᠬᠥᠳᠡᠭᠡ ᠠᠵᠤ ᠠᠬᠤᠶ ᠬᠥᠳᠡᠭᠡ ᠲᠣᠰᠭᠣᠨ᠎ᠤ ᠶᠠᠮᠤᠨ᠂ ᠤᠯᠤᠰ᠎ᠤᠨ ᠪᠡᠶ᠎ᠡ᠎ᠶ᠋ᠢᠨ ᠲᠠᠮᠢᠷ᠎ᠤᠨ ᠶᠡᠷᠦᠩᠬᠡᠶ ᠲᠣᠪᠴᠢᠶ᠎ᠠ᠂ ᠤᠯᠤᠰ᠎ᠤᠨ ᠡᠮ ᠡᠮᠨᠡᠯᠬᠡ ᠵᠢᠨ ᠪᠠᠲᠤᠯᠠᠭ᠎ᠠ᠎ᠶ᠋ᠢᠨ ᠲᠣᠪᠴᠢᠶ᠎ᠠ ᠵᠡᠷᠭᠡ ᠰᠠᠯᠠᠭ᠎ᠠ ᠮᠥᠴᠢᠷ᠎ᠲᠡᠶ ᠬᠠᠮᠲᠤᠷᠠᠨ ᠲᠣᠰ ᠤᠳᠠᠭ᠎ᠠ᠎ᠶ᠋ᠢᠨ ᠠᠵᠢᠯᠯᠠᠭ᠎ᠠ᠎ᠶ᠋ᠢ ᠡᠬᠢᠯᠡᠭᠦᠯᠪᠡ᠃

ᠰᠤᠷᠪᠤᠯᠵᠢᠯᠠᠭ᠍ᠴᠢ᠎ᠶ᠋ᠢᠨ ᠣᠢᠯᠠᠭᠠᠭ᠍ᠰᠠᠨ᠎ᠢᠶᠠᠷ᠂ 《ᠡᠷᠡᠭᠦᠯ ᠮᠡᠨᠳᠦ ᠵᠢᠨ ᠬᠡᠷᠡᠭ᠌ᠯᠡᠭᠡ ᠵᠢᠨ ᠰᠠᠷ᠎ᠠ》 ᠶ᠋ᠢᠨ ᠠᠵᠢᠯᠯᠠᠭ᠎ᠠ᠎ᠶ᠋ᠢ ᠳᠥᠷᠪᠡᠨ ᠶᠡᠬᠡ ᠭᠤᠤᠯᠳᠠᠯᠭ᠎ᠠ᠎ᠲᠠᠶ ᠬᠦᠷᠢᠶ᠎ᠠ ᠴᠠᠷᠠᠭ᠎ᠠ ᠵᠢᠨ ᠲᠤᠭᠤᠷᠢᠨ᠎ᠳᠦ ᠥᠷᠨᠢᠭᠦᠯᠬᠦ᠌ ᠪᠣᠯᠤᠨ᠎ᠠ᠄

ᠨᠢᠭᠡ᠎ᠳᠦ᠂ ᠡᠷᠡᠭᠦᠯ ᠮᠡᠨᠳᠦ ᠢᠳᠡᠭᠡᠨ ᠤᠮᠳᠠᠭᠠᠨ᠎ᠢ ᠰᠠᠨᠠᠭᠠᠴᠢᠯᠠᠨ᠎ᠠ᠃ ᠪᠣᠬᠢᠷᠲᠤᠯ ᠥᠬᠡᠶ᠂ ᠣᠷᠭᠠᠨᠢᠭ᠂ ᠨᠠᠷᠠᠲᠤ ᠣᠨᠴᠠ ᠱᠢᠯᠢᠳᠡᠭ ᠱᠢᠨ᠎ᠡ ᠪᠠ ᠭᠠᠵᠠᠷ ᠵᠦᠶ᠎ᠶ᠋ᠢᠨ ᠢᠯᠡᠷᠬᠡᠢᠯᠡᠯᠳᠤ ᠲᠠᠷᠢᠶᠠᠯᠠᠩ᠎ᠤᠨ ᠪᠦᠲᠦᠭᠡᠭ᠌ᠳᠡᠬᠦᠨ᠎ᠢ ᠶᠡᠬᠡ ᠪᠡᠷ ᠳᠡᠯᠭᠡᠷᠡᠭᠦᠯᠵᠦ᠍᠂ ᠦᠶ᠋ᠯᠡᠳᠪᠦᠷᠢᠯᠡᠯ ᠪᠣᠷᠣᠯᠠᠭᠤᠯᠭ᠎ᠠ᠎ᠶ᠋ᠢ ᠵᠣᠯᠭᠠᠭᠤᠯᠬᠤ᠎ᠶ᠋ᠢ ᠴᠢᠩᠭᠠᠳᠭᠠᠨ᠂ ᠴᠢᠨᠠᠷ ᠰᠠᠢᠲᠠᠶ ᠲᠠᠷᠢᠶᠠᠯᠠᠩ᠎ᠤᠨ ᠪᠦᠲᠦᠭᠡᠭ᠌ᠳᠡᠬᠦᠨ᠎ᠦ ᠬᠠᠩᠭᠠᠯᠭ᠎ᠠ᠎ᠶ᠋ᠢ ᠨᠡᠮᠡᠭ᠌ᠳᠡᠭᠦᠯᠵᠦ᠍᠂ ᠵᠢᠮᠢᠰ ᠵᠡᠷᠭᠡ ᠲᠠᠷᠢᠶᠠᠯᠠᠩ᠎ᠤᠨ ᠪᠦᠲᠦᠭᠡᠭ᠌ᠳᠡᠬᠦᠨ ᠳ᠋ᠤ ᠠᠩᠬᠠᠷᠤᠯ ᠵᠢᠡᠨ ᠲᠦᠪᠯᠡᠷᠡᠭᠦᠯᠵᠤ ᠬᠡᠷᠡᠭ᠌ᠯᠡᠭᠡ᠎ᠶ᠋ᠢ ᠠᠬᠢᠭᠤᠯᠬᠤ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ᠎ᠠ᠃ ᠢᠳᠡᠭᠡᠨ ᠤᠮᠳᠠᠭᠠᠨ᠎ᠤ ᠱᠢᠮ᠎ᠡ ᠲᠡᠵᠢᠭᠡᠯ ᠡᠷᠡᠭᠦᠯ ᠮᠡᠨᠳᠦ᠍᠎ᠶ᠋ᠢᠨ ᠢᠨᠵᠧᠨᠧᠷᠢᠩ ᠤ᠋ᠨ ᠪᠠᠢᠭᠤᠯᠤᠯᠲᠠ᠎ᠶ᠋ᠢ ᠴᠢᠩᠭᠠᠳᠭᠠᠵᠤ᠂ ᠢᠳᠡᠭᠡᠨ ᠤᠮᠳᠠᠭᠠᠨ᠎ᠤ ᠠᠵᠤ ᠠᠬᠤᠢᠯᠠᠯ ᠨᠢ ᠲᠣᠭᠣᠭᠠᠨ ᠭᠡᠷ᠎ᠦᠨ 《ᠳᠠᠪᠤᠰᠤ᠎ᠶ᠋ᠢ ᠪᠠᠭᠠᠰᠭᠠᠬᠤ᠂ ᠲᠣᠰᠣ᠎ᠶ᠋ᠢ ᠪᠠᠭᠠᠰᠭᠠᠬᠤ᠂ ᠱᠢᠬᠢᠷ᠎ᠢ ᠪᠠᠭᠠᠰᠭᠠᠬᠤ》 ᠶ᠋ᠢ ᠪᠥᠬᠥ᠌ ᠲᠠᠯ᠎ᠠ᠎ᠪᠠᠷ ᠠᠬᠢᠭᠤᠯᠬᠤ᠎ᠶ᠋ᠢ ᠳᠠᠮᠵᠢᠵᠤ᠂ ᠪᠡᠶ᠎ᠡ ᠰᠤᠪᠢᠯᠠᠯᠳᠠ ᠵᠢᠨ ᠬᠣᠭᠣᠯᠠ᠂ ᠨᠠᠰᠤᠲᠠᠢᠴᠤᠳ᠎ᠤᠨ ᠬᠣᠭᠣᠯᠠ᠂ ᠲᠤᠰᠤ ᠰᠢᠬᠢᠷ ᠪᠠᠭ᠎ᠠ ᠢᠳᠡᠭᠡᠨ ᠳᠥᠭᠥᠮ ᠬᠣᠭᠣᠯᠠ ᠵᠡᠷᠭᠡ ᠢᠳᠡᠭᠡᠨ ᠤᠮᠳᠠᠭᠠᠨ᠎ᠤ ᠨᠠᠷᠢᠨ ᠬᠤᠪᠢᠶᠠᠭ᠍ᠰᠠᠨ ᠵᠠᠬ᠎ᠠ ᠳᠡᠯᠭᠡᠭᠦᠷ᠎ᠢ ᠬᠥᠭ᠌ᠵᠢᠭᠦᠯᠦᠨ᠎ᠡ᠃ ᠨᠠᠰᠤᠲᠠᠢᠴᠤᠳ ᠪᠣᠯᠤᠨ ᠰᠤᠷᠤᠭ᠍ᠴᠢᠳ᠎ᠤᠨ ᠴᠠᠭᠠᠨ ᠢᠳᠡᠭᠡᠨ᠎ᠦ ᠬᠡᠷᠡᠭ᠌ᠯᠡᠭᠡ᠎ᠶ᠋ᠢ ᠬᠥᠲᠥᠯᠥᠨ ᠵᠢᠯᠣᠭᠣᠳᠴᠤ᠌ ᠨᠡᠮᠡᠭ᠌ᠳᠡᠭᠦᠯᠦᠨ᠎ᠡ᠃ ᠦᠨᠳᠦᠰᠦᠨ ᠱᠠᠲᠤᠨ᠎ᠤ ᠡᠮ ᠡᠮᠨᠡᠯᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ᠎ᠶ᠋ᠢ ᠵᠢᠯᠣᠭᠣᠳᠴᠤ᠌ ᠴᠢᠰᠤᠨ ᠳᠠᠷᠤᠯᠲᠠ ᠥᠨᠳᠥᠷ᠂ ᠮᠠᠷᠢᠶᠠᠯᠠᠬᠤ ᠵᠡᠷᠭᠡ ᠡᠪᠡᠳᠴᠢᠲᠡᠨ᠎ᠳᠦ ᠵᠦᠶ ᠵᠣᠬᠢᠰᠲᠠᠶ ᠬᠣᠭᠣᠯᠠ ᠤᠮᠳᠠ᠎ᠶ᠋ᠢᠨ ᠵᠢᠯᠣᠭᠣᠳᠣᠯᠭ᠎ᠠ ᠬᠠᠩᠭᠠᠨ᠎ᠠ᠃

ᠬᠣᠶᠠᠷ᠎ᠲᠤ᠂ ᠪᠡᠶ᠎ᠡ ᠴᠢᠭᠢᠷᠠᠭ᠍ᠵᠢᠭᠤᠯᠬᠤ ᠬᠥᠳᠡᠯᠭᠡᠭᠡᠨ᠎ᠢ ᠴᠢᠩᠭᠠᠳᠭᠠᠨ᠎ᠠ᠃ ᠲᠤᠬᠠᠶ᠎ᠶ᠋ᠢᠨ ᠭᠠᠵᠠᠷ ᠣᠷᠣᠨ᠎ᠤ ᠪᠠᠢᠳᠠᠯ᠎ᠳᠤᠨᠢ ᠳᠣᠭᠢᠷᠠᠭᠤᠯᠤᠨ ᠳᠠᠢᠴᠢᠯᠠᠬᠤ ᠦᠷ᠎ᠡ ᠪᠦᠲᠦᠮᠵᠢ᠎ᠪᠡᠷ ᠰᠠᠢᠨ᠂ ᠣᠯᠠᠨ ᠲᠦᠮᠡᠨ᠎ᠦ ᠣᠷᠣᠯᠴᠠᠬᠤ ᠴᠢᠨᠠᠷ᠎ᠢᠶᠠᠷ ᠴᠢᠩᠭ᠎ᠠ ᠲᠥᠷᠥᠯ ᠲᠡᠮᠳᠡᠭ᠌ᠲᠦ᠍ ᠤᠷᠤᠯᠳᠤᠭᠠᠨ᠎ᠤ ᠵᠦᠢᠯ᠎ᠢ ᠡᠬᠦᠳᠦᠨ᠎ᠠ᠃ 《ᠤᠷᠤᠯᠳᠤᠭᠠᠨ᠎ᠢ ᠳᠠᠭᠠᠵᠤ ᠵᠢᠭᠤᠯᠴᠢᠯᠠᠬᠤ》 ᠵᠡᠷᠭᠡ ᠠᠵᠢᠯᠯᠠᠭ᠎ᠠ᠎ᠶ᠋ᠢ ᠦᠷᠭᠦᠯᠵᠢᠯᠡᠨ ᠥᠷᠨᠢᠭᠦᠯᠦᠨ᠎ᠡ᠃ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠲᠠᠯᠠᠪᠤᠷ ᠭᠠᠵᠠᠷ᠎ᠤᠨ ᠲᠤᠨᠤᠭ ᠲᠦᠬᠦᠭᠡᠷᠤᠮᠵᠢ᠎ᠶ᠋ᠢᠨ ᠪᠥᠲᠥᠭᠡᠨ ᠪᠠᠢᠭᠤᠯᠤᠯᠲᠠ᠎ᠶ᠋ᠢ ᠴᠢᠩᠭᠠᠳᠭᠠᠵᠤ᠂ ᠨᠥᠬᠥᠴᠡᠯ᠎ᠳᠦ ᠨᠡᠢᠴᠡᠬᠦ᠌ ᠣᠯᠠᠨ ᠨᠡᠢᠲᠡ᠎ᠶ᠋ᠢᠨ ᠪᠡᠶ᠎ᠡ᠎ᠶ᠋ᠢᠨ ᠲᠠᠮᠢᠷ᠎ᠤᠨ ᠲᠠᠯᠠᠪᠤᠷ ᠣᠷᠳᠣᠨ᠎ᠢ ᠦᠨ᠎ᠡ ᠲᠥᠯᠥᠪᠦᠷᠢ ᠥᠬᠡᠶ ᠪᠤᠶᠤ ᠪᠠᠭ᠎ᠠ ᠰᠦᠶ᠋ᠳᠭᠡᠯ᠎ᠢᠶᠡᠷ ᠤᠯᠠᠨ ᠨᠠᠢᠳᠠ ᠳ᠋ᠤ ᠨᠡᠭᠡᠭᠡᠬᠦ᠌᠎ᠶ᠋ᠢ ᠳᠡᠮᠵᠢᠨ᠎ᠡ᠃ ᠮᠥᠰᠥ᠍ ᠴᠠᠰᠤ᠂ ᠤᠰᠤᠨ ᠳᠡᠭᠡᠷᠡᠬᠢ ᠬᠦᠳᠡᠯᠭᠡᠭᠡᠨ ᠵᠡᠷᠭᠡ ᠵᠤᠭ᠎ᠠ ᠰᠡᠯᠡᠭᠦᠴᠡᠯ᠎ᠦᠨ ᠬᠥᠳᠡᠯᠭᠡᠭᠡᠨ᠎ᠦ ᠲᠥᠷᠥᠯ ᠵᠦᠢᠯ᠎ᠢ ᠢᠳᠡᠪᠬᠢᠲᠡᠶ ᠪᠣᠢᠵᠢᠭᠤᠯᠤᠨ᠎ᠠ᠃

ᠭᠤᠷᠪᠠ᠎ᠳᠤ᠂ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡ᠎ᠶ᠋ᠢ ᠱᠢᠯᠢᠳᠡᠭ᠌ᠵᠢᠭᠦᠯᠦᠨ᠎ᠡ᠃ ᠳᠤᠮᠳᠠ ᠵᠡᠷᠭᠡ᠎ᠡᠴᠡ ᠳᠡᠭᠡᠭ᠌ᠰᠢ ᠠᠮᠢᠳᠦᠷᠠᠯ᠎ᠤᠨ ᠪᠠᠶ᠎ᠠ ᠪᠠᠨ ᠲᠠᠭᠠᠭᠠᠬᠤ  ᠴᠢᠳᠠᠪᠤᠷᠢ ᠪᠠᠨ ᠠᠯᠳᠠᠭᠰᠠᠨ ᠨᠠᠰᠤᠲᠠᠢᠴᠤᠳ᠎ᠲᠤ ᠨᠠᠰᠤᠵᠢᠯ᠎ᠤᠨ ᠠᠰᠠᠷᠠᠮᠵᠢ ᠵᠢᠨ ᠦᠶ᠋ᠯᠡᠴᠢᠯᠡᠭᠡᠨ᠎ᠦ ᠬᠡᠷᠡᠭ᠌ᠯᠡᠭᠡ᠎ᠶ᠋ᠢᠨ ᠨᠥᠬᠥᠪᠥᠷᠢ ᠣᠯᠭᠣᠬᠤ ᠲᠥᠷᠥᠯ ᠵᠦᠶ᠋ᠯ᠎ᠢ ᠬᠡᠷᠡᠭ᠌ᠵᠢᠭᠦᠯᠵᠦ᠍᠂ ᠤᠶᠤᠨᠲᠤ ᠨᠠᠰᠤᠵᠢᠯ᠎ᠤᠨ ᠠᠰᠠᠷᠠᠮᠵᠢ ᠵᠢᠨ ᠦᠶ᠋ᠯᠡᠴᠢᠯᠡᠭᠡᠨ᠎ᠦ ᠮᠠᠱᠢᠨ ᠬᠥᠮᠦᠨ ᠤ᠋ ᠲᠤᠷᠱᠢᠯᠲᠠ᠎ᠶ᠋ᠢᠨ ᠴᠡᠭ ᠤ᠋ᠨ ᠲᠥᠷᠥᠯ ᠵᠦᠶ᠋ᠯ᠎ᠢ ᠦᠷᠭᠦᠯᠵᠢᠯᠡᠨ ᠰᠢᠯᠢᠨ ᠰᠤᠩᠭᠤᠵᠤ ᠰᠠᠢᠲᠤᠷ ᠬᠢᠨ᠎ᠠ᠃ ᠨᠠᠰᠤᠲᠠᠢᠴᠤᠳ᠎ᠢ ᠠᠰᠠᠷᠠᠨ ᠰᠤᠪᠢᠯᠠᠬᠤ ᠦᠢᠯᠡᠴᠢᠯᠡᠭᠡᠨ᠎ᠦ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠡᠮᠨᠡᠬᠦ᠌ ᠪᠠ ᠠᠰᠠᠷᠠᠬᠤ᠎ᠶ᠋ᠢ ᠤᠶᠠᠯᠳᠤᠭᠤᠯᠤᠭ᠍ᠰᠠᠨ ᠦᠢᠯᠡᠴᠢᠯᠡᠭᠡ᠎ᠶ᠋ᠢ ᠬᠥᠭ᠌ᠵᠢᠭᠦᠯᠵᠦ᠍᠂ ᠨᠠᠰᠤᠲᠠᠢᠴᠤᠳ᠎ᠢ ᠠᠰᠠᠷᠠᠨ ᠰᠤᠪᠢᠯᠠᠬᠤ ᠡᠬᠢ ᠪᠠᠶᠠᠯᠢᠭ᠎ᠤᠨ ᠬᠠᠩᠭᠠᠯᠭ᠎ᠠ᠎ᠶ᠋ᠢ ᠨᠡᠮᠡᠭ᠌ᠳᠡᠭᠦᠯᠦᠨ᠎ᠡ᠃

ᠳᠥᠷᠪᠡ᠎ᠳᠦ᠂ ᠡᠷᠡᠭᠦᠯ ᠮᠡᠨᠳᠦ᠍᠎ᠶ᠋ᠢᠨ ᠦᠶ᠋ᠯᠡᠴᠢᠯᠡᠭᠡ᠎ᠶ᠋ᠢ ᠳᠡᠯᠭᠡᠷᠡᠭᠦᠯᠦᠨ᠎ᠡ᠃ ᠡᠷᠡᠭᠦᠯ ᠮᠡᠨᠳᠦ᠍᠎ᠶ᠋ᠢᠨ ᠵᠦᠪᠯᠡᠯᠬᠡ ᠥᠭ᠌ᠬᠦ᠂ ᠪᠡᠶ᠎ᠡ ᠮᠠᠬᠠᠪᠣᠳ᠎ᠢ ᠪᠠᠢᠴᠠᠭᠠᠬᠤ᠌ ᠵᠡᠷᠭᠡ ᠠᠵᠢᠯᠯᠠᠭ᠎ᠠ᠎ᠶ᠋ᠢ ᠵᠣᠬᠢᠶᠠᠨ ᠪᠠᠢᠭᠤᠯᠵᠤ᠂ ᠡᠷᠡᠭᠦᠯ ᠮᠡᠨᠳᠦ᠍᠎ᠶ᠋ᠢᠨ ᠬᠠᠮᠢᠶᠠᠷᠤᠯᠲᠠ᠎ᠶ᠋ᠢᠨ ᠦᠢᠯᠡᠴᠢᠯᠡᠭᠡ᠎ᠵᠢ ᠳᠡᠯᠭᠡᠷᠡᠭᠦᠯᠦᠨ᠎ᠠ᠃ ᠪᠡᠶ᠎ᠡ᠎ᠶ᠋ᠢᠨ ᠲᠠᠮᠢᠷ᠎ᠤᠨ ᠡᠷᠡᠭᠦᠯᠵᠢᠯ᠎ᠦᠨ ᠲᠥᠪ᠂ ᠡᠷᠡᠭᠦᠯᠵᠢᠯ ᠰᠤᠪᠢᠯᠠᠯᠲᠠ᠎ᠶ᠋ᠢᠨ ᠰᠠᠭᠤᠷᠢᠨ᠂ ᠡᠮᠴᠢᠯᠡᠭᠡᠨ᠎ᠦ ᠪᠠᠢᠭᠤᠯᠤᠮᠵᠢ ᠵᠡᠷᠭᠡ᠎ᠶ᠋ᠢ ᠬᠥᠲᠥᠯᠥᠨ ᠵᠢᠯᠣᠭᠣᠳᠴᠤ᠌ ᠪᠡᠶᠡᠴᠢᠯᠡᠨ ᠣᠢᠯᠠᠭᠠᠬᠤ ᠴᠢᠨᠠᠷ᠎ᠢᠶᠠᠷ ᠴᠢᠩᠭ᠎ᠠ᠂ ᠣᠷᠣᠯᠴᠠᠬᠤ ᠬᠡᠮᠵᠢᠶ᠎ᠡ᠎ᠪᠡᠷ ᠥᠷᠭᠡᠨ ᠡᠷᠡᠭᠦᠯᠵᠢᠯ ᠰᠤᠪᠢᠯᠠᠯᠲᠠ᠂ ᠰᠡᠯᠡᠭᠦᠴᠡᠯ ᠰᠤᠪᠢᠯᠠᠯᠲᠠ᠂ ᠬᠢᠲᠠᠳ ᠡᠮᠨᠡᠯᠭᠡ᠎ᠶ᠋ᠢᠨ ᠵᠠᠰᠠᠯ ᠤ᠋ᠨ ᠡᠷᠡᠭᠦᠯᠵᠢᠯ᠎ᠦᠨ ᠪᠦᠲᠦᠭᠡᠭ᠌ᠳᠡᠬᠦᠨ᠎ᠢ ᠨᠡᠭᠡᠭᠡᠨ ᠬᠥᠭ᠌ᠵᠢᠭᠦᠯᠬᠦ᠌ ᠪᠠ ᠲᠠᠨᠢᠯᠴᠠᠭᠤᠯᠤᠨ᠎ᠠ᠃ ᠵᠢᠵᠢᠭ᠌ᠯᠡᠨ ᠬᠤᠳᠠᠯᠳᠤᠬᠤ ᠡᠮ᠎ᠦᠨ ᠳᠡᠯᠭᠡᠭᠦᠷ᠎ᠢ ᠵᠢᠯᠣᠭᠣᠳᠤᠨ ᠡᠷᠡᠭᠦᠯ ᠮᠡᠨᠳᠦ᠍᠎ᠶ᠋ᠢ ᠠᠬᠢᠭᠤᠯᠬᠤ᠂ ᠱᠢᠮ᠎ᠡ ᠲᠡᠵᠢᠭᠡᠯ ᠡᠷᠡᠭᠦᠯ ᠮᠡᠨᠳᠦ᠍᠎ᠶ᠋ᠢ ᠬᠠᠮᠠᠭᠠᠯᠠᠬᠤ ᠵᠡᠷᠭᠡ ᠠᠷᠠᠳ᠎ᠲᠤ ᠲᠥᠬᠥᠮ ᠦᠵᠡᠭᠦᠯᠬᠦ᠌ ᠦᠶ᠋ᠯᠡᠴᠢᠯᠡᠭᠡ ᠬᠠᠩᠭᠠᠵᠤ᠂ 《ᠡᠷᠡᠭᠦᠯ ᠮᠡᠨᠳᠦ᠍᠎ᠶ᠋ᠢᠨ ᠤᠯᠠᠭ᠎ᠠ ᠥᠷᠲᠡᠭᠡ》 ᠎ᠶ᠋ᠢ ᠪᠠᠢᠭᠤᠯᠤᠨ᠎ᠠ᠃

ᠡᠷᠡᠭᠦᠯ ᠮᠡᠨᠳᠦ ᠵᠢᠨ ᠬᠡᠷᠡᠭ᠌ᠯᠡᠭᠡ ᠨᠢ ᠨᠢᠭᠡᠨᠲᠡ ᠬᠡᠷᠡᠭ᠌ᠯᠡᠭᠡ᠎ᠶ᠋ᠢ ᠠᠬᠢᠭᠤᠯᠬᠤ ᠪᠠ ᠠᠷᠠᠳ᠎ᠤᠨ ᠠᠮᠢᠳᠤᠷᠠᠯ᠎ᠢ ᠬᠠᠷᠠᠭᠠᠯᠵᠠᠬᠤ᠎ᠶ᠋ᠢ ᠬᠠᠮᠵᠢᠯᠴᠠᠭᠤᠯᠤᠨ ᠬᠥᠭ᠌ᠵᠢᠭᠦᠯᠬᠦ᠌ ᠴᠢᠬᠤᠯᠠ ᠭᠠᠷᠳᠠᠴᠠ ᠪᠣᠯᠪᠠ᠃ ᠲᠣᠰ ᠬᠤᠭᠤᠴᠠᠭᠠᠨ᠎ᠤ ᠬᠡᠷᠡᠭ᠌ᠯᠡᠭᠡᠨ ᠤ᠋ ᠵᠦᠢᠯ ᠤ᠋ᠨ ᠦᠵᠡᠰᠭᠦᠯᠡᠩ ᠤ᠋ᠨ ᠴᠤᠭᠯᠠᠭᠠᠨ᠎ᠳᠦ ᠡᠷᠡᠭᠦᠯ ᠮᠡᠨᠳᠦ᠍ ᠵᠢᠨ ᠬᠡᠷᠡᠭ᠌ᠯᠡᠭᠡ ᠵᠢᠨ ᠲᠤᠰᠭᠠᠶ ᠲᠣᠭᠣᠷᠢᠭ ᠭᠠᠷᠭᠠᠵᠤ᠂ ᠡᠷᠡᠭᠦᠯᠵᠢᠯ ᠤ᠋ᠨ ᠢᠳᠡᠭᠡᠨ᠂ ᠴᠠᠭᠠᠨ ᠢᠳᠡᠭᠡᠨ᠂ ᠡᠷᠡᠭᠦᠯ ᠮᠡᠨᠳᠦ᠍᠎ᠶ᠋ᠢᠨ ᠰᠤᠪᠢᠯᠠᠯᠲᠠ ᠵᠡᠷᠭᠡ ᠲᠠᠸᠠᠷ ᠪᠠ ᠦᠶ᠋ᠯᠡᠴᠢᠯᠡᠭᠡ᠎ᠶ᠋ᠢ ᠳᠡᠯᠭᠡᠨ ᠦᠵᠡᠭᠦᠯᠪᠡ; ᠪᠥᠸᠧ ᠤ᠌ᠤ᠎ᠶ᠋ᠢᠨ ᠬᠤᠪᠢᠶᠠᠷᠢ ᠲᠠᠯᠠᠪᠠᠶ᠎ᠳᠤ ᠣᠯᠠᠨ ᠤᠯᠤᠰ᠎ᠤᠨ ᠡᠷᠡᠭᠦᠯ ᠮᠡᠨᠳᠦ᠍᠎ᠶ᠋ᠢᠨ ᠦᠵᠡᠭᠦᠯᠭᠡ᠎ᠶ᠋ᠢᠨ ᠲᠣᠭᠣᠷᠢᠭ ᠭᠠᠷᠭᠠᠵᠤ᠂ ᠡᠷᠡᠭᠦᠯ ᠮᠡᠨᠳᠦ ᠰᠣᠶᠣᠯ ᠵᠢᠭᠤᠯᠴᠢᠯᠠᠯ ᠵᠡᠷᠭᠡ ᠱᠢᠨ᠎ᠡ ᠬᠡᠯᠪᠡᠷᠢ᠎ᠶ᠋ᠢᠨ ᠬᠡᠷᠡᠭ᠌ᠯᠡᠭᠡᠨ᠎ᠦ ᠠᠬᠤᠶ ᠪᠠᠢᠳᠠᠯ ᠪᠠ ᠦᠶ᠋ᠯᠡᠴᠢᠯᠡᠭᠡ᠎ᠶ᠋ᠢ ᠰᠢᠨ᠎ᠠ ᠵᠢ ᠡᠭᠦᠳᠦᠨ ᠳᠡᠯᠭᠡᠨ ᠦᠵᠡᠭᠦᠯᠵᠠᠢ᠃

(ᠱᠢᠨᠬᠤᠸᠠ ᠬᠣᠷᠢᠶ᠎ᠠ ᠵᠢᠨ ᠬᠠᠢ᠌ᠺᠸᠤ ᠵᠢᠨ 4 ᠰᠠᠷ᠎ᠠ᠎ᠶ᠋ᠢᠨ 14 ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号