ᠣᠢᠷ᠎ᠠ᠎ᠳᠤ᠂ ᠦᠪᠦᠷ ᠮᠤᠩᠭᠤᠯ᠎ᠤᠨ ᠵᠡᠮᠳᠡᠭ᠌ᠴᠦᠳ᠎ᠦᠨ ᠬᠣᠯᠪᠣᠭ᠎ᠠ ᠨᠠᠮ᠎ᠤᠨ ᠭᠡᠱᠢᠭᠦᠨ ᠺᠠᠳ᠋ᠷᠴᠤᠳ ᠵᠢᠡᠨᠵᠣᠬᠢᠶᠠᠨ ᠪᠠᠢᠭᠤᠯᠵᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠩᠰᠠ ᠡᠪᠬᠡᠮᠡᠯ᠎ᠦᠨ ᠣᠷᠳᠣᠨ᠎ᠳᠤ ᠬᠦᠷᠴᠦ᠍᠂ 《ᠴᠢᠬᠡᠴᠢ ᠰᠤᠷᠲᠠᠯ ᠢ ᠡᠷᠬᠢᠮᠯᠡᠵᠦ ᠠᠷᠢᠭᠤᠨ ᠴᠢᠬᠡᠴᠢ᠎ᠪᠡᠷ ᠬᠡᠷ ᠪᠦᠯᠢ᠎ᠪᠡᠨ ᠴᠣᠭ᠍ᠴᠠᠯᠠᠬᠤ》 ᠭᠤᠤᠯ ᠰᠡᠳᠦᠪᠲᠦ ᠨᠠᠮ᠎ᠤᠨ ᠡᠳᠦᠷᠯᠢᠭ᠎ᠤᠨ ᠠᠵᠢᠯᠯᠠᠭ᠎ᠠ ᠥᠷᠨᠢᠭᠦᠯᠪᠡ᠃
ᠠᠵᠢᠯᠯᠠᠭ᠎ᠠ᠎ᠳᠤ᠂ ᠨᠠᠮ᠎ᠤᠨ ᠬᠡᠰᠢᠬᠦᠨ ᠺᠠᠳ᠋ᠷᠴᠤᠳ ᠡᠴᠡ ᠨᠠᠮ᠎ᠳᠤ ᠣᠷᠣᠬᠤ ᠲᠠᠩᠭᠠᠷᠢᠭ᠎ᠤᠨ ᠦᠭᠡᠰ᠎ᠢ ᠳᠠᠬᠢᠨᠲᠠ ᠤᠩᠱᠢᠵᠦ᠂ 《ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠬᠡᠷ᠎ᠦᠨ ᠰᠤᠷᠲᠠᠯ》᠂ 《ᠲᠠᠩᠰᠠ ᠡᠪᠬᠡᠮᠡᠯ᠎ᠳᠡᠬᠢ ᠥᠪᠥᠷ ᠮᠣᠩᠭᠣᠯ》 ᠭᠤᠤᠯ ᠰᠡᠳᠦᠪᠲᠦ ᠦᠵᠡᠭᠦᠯᠭᠡ᠎ᠶ᠋ᠢ ᠲᠣᠭᠣᠷᠢᠨ ᠦᠵᠡᠪᠡ᠃ ᠦᠵᠡᠭᠦᠯᠭᠡ᠎ᠶ᠋ᠢᠨ ᠲᠢᠩᠬᠢᠮ᠎ᠳᠡᠬᠢ ᠬᠤᠪᠤᠷ ᠨᠠᠨᠳᠢᠨ ᠭᠠᠯ ᠪᠢᠴᠢᠮᠡᠯ᠂ ᠲᠡᠥᠬᠡ᠎ᠵᠢᠨ ᠭᠡᠷᠡᠯ ᠵᠢᠷᠤᠭ᠂ ᠨᠠᠷᠢᠨ ᠪᠣᠳᠠᠲᠠᠶ ᠲᠡᠦᠬᠡ᠎ᠶ᠋ᠢᠨ ᠲᠠᠩᠰᠠ ᠡᠪᠬᠡᠮᠡᠯ᠂ ᠰᠤᠷᠪᠤᠯᠵᠢ ᠪᠢᠴᠢᠭ ᠮᠠᠲ᠋ᠧᠷᠢᠶᠠᠯ᠂ ᠪᠣᠳᠠᠲᠤ ᠪᠣᠳᠠᠰ᠎ᠤᠨ ᠦᠵᠡᠭᠦᠯᠭᠡ᠎ᠶ᠋ᠢᠨ ᠵᠦᠶ᠋ᠯᠡᠰ᠎ᠢ ᠲᠤᠭᠤᠷᠢᠨ ᠦᠵᠡᠬᠦ ᠪᠡᠷ ᠳᠡᠮᠵᠢᠨ᠂ ᠤᠯᠠᠨ ᠵᠢᠷ ᠵᠢᠡᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠤᠤᠷᠡᠬᠢ ᠬᠤᠪᠢᠰᠭᠠᠯ᠎ᠤᠨ ᠣᠨ ᠰᠠᠷ᠎ᠠ᠎ᠠᠴᠠ ᠪᠥᠲᠥᠭᠡᠨ ᠪᠠᠢᠭᠤᠯᠤᠯᠲᠠ ᠬᠥᠭ᠌ᠵᠢᠯᠲᠡ᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠦᠭ᠌ᠰᠡᠨ ᠬᠡᠷᠡᠯ ᠰᠠᠴᠤᠷᠠᠩᠭᠤᠶ ᠥᠩᠭᠡᠷᠡᠯᠲᠡ᠎ᠶ᠋ᠢ ᠱᠢᠰᠲ᠋ᠧᠮ᠎ᠲᠡᠶ ᠡᠷᠭᠢᠴᠡᠭᠦᠯᠵᠦ᠍᠂ ᠦᠪᠦᠷ ᠮᠤᠩᠭᠤᠯ᠎ᠤᠨ ᠲᠡᠦᠬᠡ᠎ᠶ᠋ᠢᠨ ᠬᠤᠪᠢᠷᠠᠯᠲᠠ᠂ ᠦᠨᠳᠦᠰᠦᠲᠡᠨ᠎ᠦ ᠠᠭᠤᠰᠤᠯᠴᠠᠯ ᠪᠠ ᠬᠥᠭ᠌ᠵᠢᠯᠲᠡ᠎ᠶ᠋ᠢᠨ ᠠᠮᠵᠢᠯᠲᠠ ᠪᠦᠲᠦᠮᠵᠢ᠎ᠶ᠋ᠢ ᠱᠢᠭᠤᠳ ᠮᠡᠳᠡᠷᠡᠵᠦ᠍᠂ ᠨᠠᠮ᠎ᠠᠴᠠ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠤᠳᠤᠷᠢᠳᠤᠨ ᠪᠦᠯᠬᠦᠮᠳᠡᠨ ᠲᠡᠮᠡᠴᠡᠵᠦ᠍᠂ ᠡᠷᠡᠮᠡᠬᠡᠢᠯᠡᠨ ᠤᠷᠤᠭ᠍ᠰᠢᠯᠠᠭ᠍ᠰᠠᠨ ᠠᠭᠤᠤ ᠶᠡᠬᠡ ᠲᠡᠦᠬᠡᠨ ᠶᠠᠪᠤᠴᠠ᠎ᠶ᠋ᠢ ᠭᠦᠨᠵᠡᠭᠡᠶ ᠣᠢᠯᠠᠭᠠᠵᠤ᠂ ᠨᠠᠮ᠎ᠢᠶᠠᠨ ᠬᠠᠢᠷᠠᠯᠠᠬᠤ ᠤᠯᠤᠰ᠎ᠢᠶᠠᠨ ᠬᠠᠢᠷᠠᠯᠠᠬᠤ ᠬᠡᠷ ᠣᠷᠣᠨ᠎ᠢᠶᠠᠨ ᠬᠠᠢᠷᠠᠯᠠᠬᠤ ᠭᠦᠨ ᠵᠤᠵᠠᠭᠠᠨ ᠬᠠᠢᠷ᠎ᠠ ᠰᠡᠳᠭᠢᠯᠭᠡ ᠵᠢ ᠵᠤᠵᠠᠭᠠᠳᠭᠠᠪᠠ᠃
ᠤᠯᠠᠨ᠎ᠢᠶᠠᠷ᠎ᠢᠶᠠᠨ᠂ ᠲᠤᠰ ᠤᠳᠠᠭ᠎ᠠ᠎ᠶ᠋ᠢᠨ ᠭᠣᠣᠯ ᠰᠡᠳᠦᠪᠲᠦ ᠨᠠᠮ᠎ᠤᠨ ᠡᠳᠦᠷᠯᠢᠭ᠎ᠤᠨ ᠠᠵᠢᠯᠯᠠᠭ᠎ᠠ ᠨᠢ ᠨᠢᠭᠡ ᠤᠳᠠᠭ᠎ᠠ᠎ᠶ᠋ᠢᠨ ᠭᠡᠷ᠎ᠦᠨ ᠰᠤᠷᠲᠠᠯ᠎ᠤᠨ ᠪᠠᠢᠭᠤᠯᠤᠯᠲᠠ᠎ᠶ᠋ᠢᠨ ᠦᠵᠡᠯ ᠰᠠᠨᠠᠭᠠᠨ᠎ᠤ ᠳᠠᠪᠲᠠᠯᠲᠠ ᠪᠣᠯᠬᠤ᠎ᠪᠠᠷ ᠪᠠᠷᠠᠬᠤ ᠦᠭᠡᠢ᠂ ᠪᠠᠰᠠ ᠴᠤ᠌ ᠨᠢᠭᠡ ᠤᠳᠠᠭ᠎ᠠ᠎ᠶ᠋ᠢᠨ ᠲᠡᠦᠬᠡ᠎ᠪᠡᠨ ᠪᠠᠲᠤ ᠴᠡᠭᠡᠵᠢᠯᠡᠵᠦ᠍᠂ ᠤᠭ ᠰᠠᠨᠠᠭ᠎ᠠ᠎ᠪᠠᠨ ᠪᠠᠲᠤ ᠰᠠᠬᠢᠬᠤ ᠵᠣᠷᠢᠭ ᠰᠠᠨᠠᠭᠠᠨ᠎ᠤ ᠳᠠᠪᠲᠠᠯᠲᠠ ᠪᠣᠯᠤᠨ᠎ᠠ᠃ ᠬᠣᠢᠱᠢᠳᠠ ᠬᠤᠪᠢᠰᠭᠠᠯᠲᠤ ᠬᠡᠷ᠎ᠦᠨ ᠰᠤᠷᠲᠠᠯ᠎ᠢ ᠤᠬᠠᠮᠰᠠᠷ᠎ᠠᠴᠠ᠎ᠪᠠᠨ ᠤᠯᠠᠮᠵᠢᠯᠠᠵᠤ᠂ ᠰᠠᠬᠢᠯᠭ᠎ᠠ ᠪᠠᠲᠤ ᠶᠣᠰᠣ ᠲᠦᠷᠢᠮ᠎ᠢ ᠴᠢᠩᠭ᠎ᠠ ᠰᠠᠬᠢᠵᠤ᠂ ᠥᠪᠡᠷ᠎ᠢ᠎ᠪᠡᠨ ᠰᠠᠢᠲᠤᠷ ᠬᠠᠮᠢᠶᠠᠷᠴᠤ᠌᠂ ᠬᠡᠷ᠎ᠦᠨ ᠬᠥᠮᠦᠰ᠎ᠢᠶᠡᠨ ᠰᠠᠢᠲᠤᠷ ᠬᠠᠮᠢᠶᠠᠷᠴᠤ᠌᠂ ᠱᠢᠯᠢᠳᠡᠭ ᠬᠡᠷ᠎ᠦᠨ ᠰᠤᠷᠲᠠᠯ᠎ᠢᠶᠠᠷ ᠪᠠᠲᠤ ᠴᠢᠩᠭ᠎ᠠ ᠰᠤᠷᠲᠠᠯ᠎ᠢ ᠬᠥᠮᠦᠵᠢᠭᠦᠯᠦᠨ᠎ᠡ ᠬᠡᠵᠦ ᠢᠯᠡᠳᠬᠡᠵᠡᠭᠡᠪᠡ᠃