《ᠪᠤᠭᠤᠷᠤᠯᠴᠤᠳ ᠰᠤᠷᠤᠯᠴᠠᠨ ᠦᠶ᠋ᠯᠡᠳᠦᠯᠭᠡᠵᠢᠭᠦᠯᠵᠦ᠍ ᠨᠠᠮ᠎ᠤᠨ ᠠᠴᠢ᠎ᠳᠤ ᠲᠠᠯᠠᠷᠬᠠᠬᠤ》 ᠭᠤᠤᠯ ᠰᠡᠳᠦᠪᠲᠦ ᠠᠵᠢᠯᠯᠠᠭ᠎ᠠ ᠶᠠᠪᠤᠬᠳᠠᠪᠡ
2026-04-16 15:43:33
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

ᠤᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠪᠠᠢᠭᠤᠯᠭ᠎ᠠ᠎ᠶ᠋ᠢᠨ ᠠᠵᠢᠯ᠎ᠠᠴᠠ᠎ᠪᠠᠨ ᠠᠮᠠᠷᠠᠭ᠍ᠰᠠᠨ ᠺᠠᠳ᠋ᠷ ᠨᠠᠮ᠎ᠤᠨ ᠭᠡᠱᠢᠭᠦᠳ ᠭᠦᠩᠵᠦ᠍᠎ᠶ᠋ᠢᠨ ᠣᠷᠳᠣᠨ᠎ᠤ ᠮᠦᠽᠧᠶ᠎ᠳᠦ ᠬᠦᠷᠴᠦ᠍᠂ 《ᠪᠤᠭᠤᠷᠤᠯᠴᠤᠳ ᠰᠤᠷᠤᠯᠴᠠᠨ ᠦᠶ᠋ᠯᠡᠳᠦᠯᠭᠡᠵᠢᠭᠦᠯᠵᠦ ᠨᠠᠮ᠎ᠤᠨ ᠠᠴᠢ᠎ᠳᠤ ᠲᠠᠯᠠᠷᠬᠠᠬᠤ》 ᠭᠤᠤᠯ ᠰᠡᠳᠦᠪᠲᠦ ᠨᠠᠮ᠎ᠤᠨ ᠡᠳᠦᠷᠯᠢᠭ᠎ᠦᠨ ᠠᠵᠢᠯᠯᠠᠭ᠎ᠠ ᠥᠷᠨᠢᠭᠦᠯᠪᠡ᠃ 

ᠲᠠᠢᠯᠪᠤᠷᠢᠯᠠᠭ᠍ᠴᠢ᠎ᠶ᠋ᠢᠨ ᠵᠢᠯᠤᠭᠤᠳᠤᠯᠭ᠎ᠠ ᠳᠣᠣᠷ᠎ᠠ᠂ ᠠᠬᠠᠮᠠᠳ ᠨᠥᠬᠥᠳ ᠡᠯ᠎ᠡ ᠦᠵᠡᠭᠦᠯᠭᠡ᠎ᠶ᠋ᠢᠨ ᠲᠢᠩᠬᠢᠮ᠎ᠢᠶᠡᠷ ᠲᠣᠭᠣᠷᠢᠨ ᠦᠵᠡᠵᠦ᠍᠂ ᠲᠠᠢᠯᠤᠮᠵᠢ᠎ᠶ᠋ᠢ ᠰᠣᠨᠣᠰᠭᠤ᠂ ᠳᠡᠯᠭᠡᠨ ᠦᠵᠡᠭᠦᠯᠭᠡ᠎ᠶ᠋ᠢ ᠰᠣᠨᠢᠷᠬᠠᠬᠤ᠎ᠪᠠᠷ ᠳᠠᠮᠵᠢᠨ᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠲᠡᠦᠬᠡ᠎ᠶ᠋ᠢᠨ ᠰᠤᠳᠠᠰᠤ ᠪᠣᠯᠤᠨ ᠰᠣᠶᠣᠯ᠎ᠤᠨ ᠠᠭᠤᠯᠤᠭ᠍ᠳᠠᠬᠤᠨ᠎ᠢ ᠭᠦᠨᠵᠡᠭᠡᠢ ᠣᠢᠯᠠᠭᠠᠪᠠ᠃ ᠣᠯᠠᠨ᠎ᠢᠶᠠᠷ᠎ᠢᠶᠠᠨ ᠶᠠᠪᠤᠬᠤ᠎ᠶ᠋ᠢᠨ ᠳᠠᠭᠠᠤ ᠦᠵᠡᠵᠦ᠍᠂ ᠰᠣᠨᠣᠰᠭᠤ᠎ᠶ᠋ᠢᠨ ᠳᠠᠭᠠᠤ ᠵᠥᠪᠯᠡᠵᠦ᠍᠂ ᠪᠣᠳᠠᠲᠦ ᠦᠶ᠋ᠯᠡᠳᠦᠯᠭᠡ᠎ᠶ᠋ᠢᠨ ᠳᠤᠮᠳᠠ᠎ᠠᠴᠠ ᠲᠡᠦᠬᠡ᠎ᠶ᠋ᠢ ᠣᠢᠯᠠᠭᠠᠵᠤ᠂ ᠡᠬᠡ ᠣᠷᠣᠨᠴᠢ ᠬᠠᠢᠷ᠎ᠠ ᠰᠡᠳᠭᠢᠯᠭᠡ ᠪᠠᠨ ᠵᠤᠵᠠᠭᠠᠳᠭᠠᠪᠠ᠃ ᠲᠣᠭᠣᠷᠢᠨ ᠦᠵᠡᠵᠦ᠍ ᠳᠠᠭᠤᠰᠤᠭ᠍ᠰᠠᠨ᠎ᠤ ᠳᠠᠷᠠᠭ᠎ᠠ᠂ ᠠᠬᠠᠮᠠᠳ ᠨᠥᠬᠥᠳ ᠡᠴᠡ᠂ ᠡᠨᠡ ᠤᠳᠠᠭ᠎ᠠ᠎ᠶ᠋ᠢᠨ ᠠᠵᠢᠯᠯᠠᠭ᠎ᠠ ᠮᠠᠰᠢ ᠤᠳᠭ᠎ᠠ ᠠᠭᠤᠯᠭ᠎ᠠ᠎ᠲᠠᠶ᠂ ᠲᠡᠦᠬᠡ᠎ᠶ᠋ᠢ ᠡᠷᠭᠢᠴᠡᠭᠦᠯᠬᠦ᠌ ᠶᠠᠪᠤᠴᠠ᠎ᠳᠤ ᠦᠨᠳᠦᠰᠦᠲᠡᠨ᠎ᠨᠦᠭᠦᠳ᠎ᠦᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠠᠭᠤᠰᠤᠯᠴᠠᠨ ᠬᠠᠮᠲᠤ ᠪᠡᠷ ᠣᠷᠣᠱᠢᠬᠤ ᠲᠡᠦᠬᠡ᠎ᠶ᠋ᠢᠨ ᠰᠤᠳᠠᠰᠤ᠎ᠶ᠋ᠢ ᠭᠦᠨᠵᠡᠭᠡᠢ ᠣᠢᠯᠠᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠤᠯᠤᠰ ᠲᠦᠷᠦ᠍᠎ᠶ᠋ᠢᠨ ᠤᠬᠠᠮᠰᠠᠷ ᠪᠣᠯᠤᠨ ᠦᠵᠡᠯ ᠰᠠᠨᠠᠭᠠᠨ᠎ᠤ ᠤᠬᠠᠮᠰᠠᠷ ᠵᠢᠡᠨ ᠤᠯᠠᠮ ᠴᠢᠨᠠᠭ᠍ᠰᠢᠳᠠ ᠪᠠᠲᠤᠳᠬᠠᠪᠠ᠃ ᠬᠣᠢᠱᠢᠳᠠ ᠲᠣᠰ ᠪᠡᠶ᠎ᠡ᠎ᠶ᠋ᠢᠨ ᠳᠠᠪᠠᠭᠤᠯᠢᠭ᠎ᠢᠶᠠᠨ ᠭᠦᠶ᠋ᠴᠡᠳ ᠪᠠᠳᠠᠷᠠᠭᠤᠯᠵᠤ᠂ ᠡᠬᠡ ᠤᠷᠤᠨᠴᠢ ᠬᠠᠢᠷ᠎ᠠ ᠰᠡᠳᠭᠢᠯᠭᠡ᠎ᠶ᠋ᠢ ᠤᠯᠠᠮᠵᠢᠯᠠᠨ ᠵᠠᠯᠭᠠᠮᠵᠢᠯᠠᠵᠤ᠂ ᠪᠣᠳᠠᠲᠤ ᠦᠢᠯᠡ ᠠᠵᠢᠯᠯᠠᠭ᠎ᠠ᠎ᠪᠠᠷ᠎ᠢᠶᠠᠨ ᠳᠡᠷᠭᠡᠳᠡᠬᠢ ᠬᠥᠮᠦᠰ ᠲᠡᠭᠡᠨ ᠵᠢᠱ᠌ᠢᠶ᠎ᠡ ᠦᠵᠡᠭᠦᠯᠦᠨ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠦᠶ᠋ᠯᠡᠰ᠎ᠲᠦ ᠪᠤᠭᠤᠷᠤᠯᠴᠤᠳ᠎ᠤᠨ ᠬᠦᠴᠦᠨ ᠴᠢᠳᠠᠯ ᠵᠢᠡᠨ ᠦᠷᠭᠦᠯᠵᠢᠯᠡᠨ ᠦᠵᠡᠭᠦᠯᠦᠨ᠎ᠡ ᠭᠡᠵᠦ᠍ ᠰᠠᠨᠠᠯ ᠨᠢᠭᠡᠲᠡᠢ ᠢᠯᠡᠳᠭᠡᠵᠡᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号