ᠬᠠᠮᠢᠶ᠎ᠠ ᠪᠦᠬᠦᠢ ᠰᠠᠯᠠᠭ᠎ᠠ ᠮᠥᠴᠢᠷ᠎ᠦᠨ ᠱᠠᠭᠠᠷᠳᠠᠯᠭ᠎ᠠ ᠶᠣᠰᠣᠭᠠᠷ᠂ 2026 ᠣᠨ᠎ᠤ ᠣᠷᠣᠯᠭᠠᠲᠤᠤᠷᠠ ᠡᠮᠡᠭ᠌ᠲᠡᠢᠴᠦᠳ᠎ᠦᠨ 《ᠬᠣᠶᠠᠷ ᠥᠮᠡᠨ》 ᠢ᠋ ᠠᠪᠤᠷᠠᠨ ᠲᠤᠰᠠᠯᠠᠬᠤ 2 ᠲᠥᠷᠥᠯ ᠵᠦᠶ᠋ᠯ᠎ᠢ ᠵᠡᠷᠭᠡ ᠪᠡᠷ ᠡᠬᠢᠯᠡᠭᠦᠯᠪᠡ᠂ ᠲᠤᠬᠠᠢᠯᠠᠪᠠᠯ ᠲᠥᠪ᠎ᠦᠨ ᠲᠤᠰᠭᠠᠶ ᠱᠠᠩᠨᠠᠯᠲᠤ ᠰᠤᠭᠤᠯᠤᠭ᠎ᠠ᠎ᠶ᠋ᠢᠨ ᠨᠡᠢᠲᠡ᠎ᠶ᠋ᠢᠨ ᠠᠰᠠᠷᠠᠮᠵᠢ᠎ᠶ᠋ᠢᠨ ᠮᠥᠩᠭᠥ᠎ᠪᠡᠷ ᠣᠷᠣᠯᠭ᠎ᠠ ᠲᠤᠤᠷ᠎ᠠ ᠡᠮᠡᠭ᠌ᠲᠡᠢᠴᠦᠳ᠎ᠦᠨ 《ᠬᠣᠶᠠᠷ ᠥᠮᠡᠨ》 ᠢ᠋ ᠠᠪᠤᠷᠠᠨ ᠲᠤᠰᠠᠯᠠᠬᠤ ᠲᠥᠷᠥᠯ ᠵᠦᠶ᠋ᠯ ᠪᠠ 《ᠬᠦᠴᠢᠷᠳᠡᠯᠲᠡᠶ ᠡᠮᠡᠭ᠌ᠲᠡᠢᠴᠦᠳ᠎ᠦᠨ 〈ᠬᠣᠶᠠᠷ ᠥᠮᠡᠨ〉 ᠢ᠋ ᠬᠠᠪᠰᠤᠷᠤᠨ ᠲᠡᠳᠬᠦᠬᠦ᠌》᠂ 《ᠬᠠᠢᠷ᠎ᠠ ᠲᠡᠷᠭᠡᠳᠡ ᠪᠤᠢ — ᠳᠤᠤᠷ᠎ᠠ ᠣᠷᠣᠯᠭ᠎ᠠ᠎ᠲᠠᠶ ᠡᠮᠡᠭ᠌ᠲᠡᠢᠴᠦᠳ᠎ᠦᠨ 〈ᠬᠣᠶᠠᠷ ᠥᠮᠡᠨ 〉 ᠢ᠋ ᠬᠠᠪᠰᠤᠷᠤᠨ ᠲᠡᠳᠬᠦᠬᠦ᠌》 ᠲᠥᠷᠥᠯ ᠵᠦᠶ᠋ᠯ ᠪᠤᠯᠤᠨ᠎ᠠ᠃ ᠨᠥᠬᠥᠴᠡᠯ᠎ᠳᠦ ᠨᠡᠢᠴᠡᠬᠦ᠌ ᠠᠮᠢᠳᠤᠷᠠᠯ᠎ᠤᠨ ᠨᠠᠭᠠᠳᠤ ᠵᠠᠬ᠎ᠠ᠎ᠶ᠋ᠢᠨ ᠪᠠᠲᠤᠯᠠᠭ᠎ᠠ᠎ᠶ᠋ᠢᠨ ᠡᠲᠡᠭᠡᠳ᠂ ᠣᠨᠴᠠ ᠬᠦᠴᠢᠷᠳᠡᠯᠲᠡᠶ ᠬᠥᠮᠦᠰ᠂ ᠠᠮᠢᠳᠤᠷᠠᠯ᠎ᠤᠨ ᠨᠠᠭᠠᠳᠤ ᠵᠠᠬ᠎ᠠ᠎ᠶ᠋ᠢᠨ ᠪᠠᠲᠤᠯᠠᠭ᠎ᠠ᠎ᠳᠤ ᠬᠠᠪᠢᠳᠠᠵᠤ ᠪᠠᠢᠭ᠎ᠠ ᠭᠡᠷ ᠪᠦᠯᠢ᠎ᠶ᠋ᠢᠨ ᠪᠦᠷᠢᠯᠳᠦᠬᠦᠨ 《ᠬᠣᠶᠠᠷ ᠥᠮᠡᠨ》 ᠤ᠋ ᠠᠪᠤᠷᠠᠨ ᠲᠤᠰᠠᠯᠠᠬᠤ ᠲᠥᠷᠥᠯ ᠵᠦᠢᠯ ᠢ ᠭᠤᠶᠤᠴᠢᠯᠠᠨ ᠮᠡᠳᠡᠭᠦᠯᠵᠦ ᠪᠤᠯᠤᠨ᠎ᠠ᠂ ᠨᠥᠬᠥᠴᠡᠯ᠎ᠳᠦ ᠨᠡᠢᠴᠡᠬᠦ᠌ ᠠᠮᠠᠷᠬᠠᠨ ᠳᠠᠬᠢᠨ ᠶᠠᠳᠠᠭᠤᠷᠠᠬᠤ ᠪᠠ ᠶᠠᠳᠠᠭᠤᠷᠠᠬᠰᠠᠨ ᠬᠥᠮᠦᠰ᠂ ᠶᠠᠳᠠᠭᠤ ᠬᠦᠴᠢᠷᠳᠡᠯᠲᠡᠶ ᠬᠡᠷ ᠪᠦᠯᠢᠶ᠋ᠢᠨᠡᠮᠡᠭ᠌ᠲᠡᠢᠴᠦᠳ 《ᠬᠦᠴᠢᠷᠳᠡᠯᠲᠡᠶ ᠡᠮᠡᠭ᠌ᠲᠡᠢᠴᠦᠳ᠎ᠦᠨ ᠬᠣᠶᠠᠷ ᠥᠮᠡᠨ᠎ᠢ ᠬᠠᠪᠰᠤᠷᠤᠨ ᠲᠡᠳᠬᠦᠬᠦ᠌》᠂ 《ᠬᠠᠢᠷ᠎ᠠ ᠳᠡᠷᠭᠡᠳᠡ ᠪᠤᠢ — ᠣᠷᠣᠯᠭ᠎ᠠ ᠲᠤᠤᠷ᠎ᠠ ᠡᠮᠡᠭ᠌ᠲᠡᠢᠴᠦᠳ᠎ᠦᠨ ᠬᠣᠶᠠᠷ ᠥᠮᠡᠨ ᠢ ᠬᠠᠪᠰᠤᠷᠤᠨ ᠲᠡᠳᠬᠦᠬᠦ᠌》 ᠲᠥᠷᠥᠯ ᠵᠦᠶ᠋ᠯ ᠢ ᠭᠤᠶᠤᠴᠢᠯᠠᠨ ᠮᠡᠳᠡᠭᠦᠯᠵᠦ ᠪᠤᠯᠤᠨ᠎ᠠ᠃
ᠨᠢᠭᠡ᠂ ᠠᠪᠤᠷᠠᠨ ᠲᠤᠰᠠᠯᠠᠬᠤ ᠡᠲᠡᠭᠡᠳ᠄
2026 ᠣᠨ᠎ᠤ 4 ᠰᠠᠷ᠎ᠠ᠎ᠶ᠋ᠢᠨ 24 ᠤ᠋ ᠡᠳᠦᠷ ᠪᠣᠯᠲᠠᠯ᠎ᠠ᠂ ᠬᠥᠬᠡᠬᠣᠲᠠ᠎ᠶ᠋ᠢᠨ ᠡᠷᠦᠬᠡ ᠠᠮᠠ᠎ᠶ᠋ᠢᠨ ᠲᠠᠩᠰᠠ᠎ᠲᠠᠢ ᠠᠪᠤᠷᠠᠨ ᠲᠤᠰᠠᠯᠠᠬᠤ ᠨᠥᠬᠥᠴᠡᠯ᠎ᠳᠦ ᠨᠡᠢᠴᠡᠬᠦ᠌ ᠣᠷᠣᠯᠭᠠᠲᠤᠤᠷᠠ ᠬᠥᠬᠥᠨ ᠪᠤᠯᠴᠢᠷᠬᠠᠶ᠎ᠶ᠋ᠢᠨ ᠥᠮᠡᠨ᠂ ᠰᠠᠪᠠ᠎ᠶ᠋ᠢᠨ ᠬᠦᠵᠦᠭᠦᠨ᠎ᠦ ᠥᠮᠡᠨ᠎ᠳᠦ ᠨᠡᠷᠪᠡᠭ᠌ᠳᠡᠭ᠌ᠰᠡᠨ ᠡᠮᠡᠭ᠌ᠲᠡᠢᠴᠦᠳ᠃
ᠬᠣᠶᠠᠷ᠂ ᠠᠪᠤᠷᠠᠨ ᠲᠤᠰᠠᠯᠠᠬᠤ ᠨᠥᠬᠥᠴᠡᠯ᠄
1 . ᠡᠪᠡᠳᠴᠢᠨ᠎ᠦ ᠲᠥᠷᠥᠯ ᠡᠪᠡᠳᠴᠢᠨ᠎ᠦ ᠪᠠᠢᠳᠠᠯ᠄ ᠬᠣᠶᠠᠳᠤᠭᠠᠷ ᠳᠡᠰ ᠵᠢᠴᠢ ᠲᠡᠭᠦᠨ᠎ᠡᠴᠡ ᠳᠡᠭᠡᠭ᠌ᠰᠢᠬᠢ ᠡᠮᠴᠢᠯᠡᠭᠡᠨ᠎ᠦ ᠪᠠᠢᠭᠤᠯᠤᠮᠵᠢ᠎ᠳᠤ ᠰᠠᠪᠠᠨ᠎ᠤ ᠬᠦᠵᠦᠭᠦᠦ᠍ᠶ᠋ᠢᠨ ᠨᠡᠪᠴᠢᠬᠦ᠌ ᠥᠮᠡᠨ IIB ᠡᠴᠡ ᠳᠡᠭᠡᠭ᠌ᠰᠢᠬᠢ ᠪᠤᠶᠤ ᠬᠥᠬᠥᠨ ᠪᠤᠯᠴᠢᠷᠬᠠᠢ᠎ᠶ᠋ᠢᠨ ᠨᠡᠪᠴᠢᠬᠦ᠌ ᠥᠮᠡᠨ᠎ᠳᠦ ᠨᠡᠷᠪᠡᠭ᠌ᠳᠡᠭ᠌ᠰᠡᠨ ᠣᠷᠣᠯᠭᠠᠲᠤᠤᠷᠠ ᠡᠮᠡᠭ᠌ᠲᠡᠢ᠃
2 . ᠣᠷᠣᠯᠭ᠎ᠠ ᠵᠢᠨ ᠪᠠᠷᠢᠮᠵᠢᠶ᠎ᠠ᠄ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠦᠨ ᠣᠷᠣᠯᠭ᠎ᠠ ᠲᠤᠤᠷ᠎ᠠ ᠬᠥᠮᠦᠨ ᠠᠮᠠ᠎ᠶ᠋ᠢᠨ ᠬᠥᠳᠡᠯᠦᠩᠬᠦᠢ ᠪᠠᠢᠳᠠᠯ᠎ᠢ ᠬᠢᠨᠠᠨ ᠬᠡᠮᠵᠢᠬᠦ᠌ ᠮᠡᠳᠡᠭᠡ ᠵᠠᠩᠭᠢ᠎ᠶ᠋ᠢᠨ ᠲᠠᠪᠴᠠᠩ᠎ᠳᠤ ᠮᠠᠭᠠᠳᠯᠠᠨ ᠲᠣᠭ᠍ᠲᠠᠭᠠᠭ᠍ᠰᠠᠨ ᠠᠮᠢᠳᠤᠷᠠᠯ᠎ᠤᠨ ᠨᠠᠭᠠᠳᠤ ᠵᠠᠬ᠎ᠠ᠎ᠶ᠋ᠢᠨ ᠪᠠᠲᠤᠯᠠᠭ᠎ᠠ ᠬᠦᠷᠲᠡᠵᠦ ᠪᠠᠢᠭ᠎ᠠ ᠡᠲᠡᠭᠡᠳ᠂ ᠣᠨᠴᠠ ᠬᠦᠴᠢᠷᠳᠡᠯᠲᠡᠶ ᠬᠥᠮᠦᠰ᠂ ᠠᠮᠢᠳᠤᠷᠠᠯ᠎ᠤᠨ ᠨᠠᠭᠠᠳᠤ ᠵᠠᠬ᠎ᠠ᠎ᠶ᠋ᠢᠨ ᠪᠠᠲᠤᠯᠠᠭ᠎ᠠ ᠬᠦᠷᠲᠡᠬᠦ᠌᠎ᠳᠦ ᠬᠠᠪᠢᠳᠠᠵᠤ ᠪᠠᠢᠭ᠎ᠠ ᠭᠡᠷ ᠪᠦᠯᠢ᠎ᠶ᠋ᠢᠨ ᠪᠦᠷᠢᠯᠳᠦᠬᠦᠨ᠃
ᠬᠡᠷᠡᠭ᠌ᠰᠡᠬᠦ᠌ ᠮᠠᠲ᠋ᠧᠷᠢᠶᠠᠯ᠄
1 . ᠣᠷᠣᠯᠭ᠎ᠠ ᠲᠤᠤᠷ᠎ᠠ ᠡᠮᠡᠭ᠌ᠲᠡᠢᠴᠦᠳ᠎ᠦᠨ 《ᠬᠣᠶᠠᠷ ᠥᠮᠡᠨ》 ᠢ᠋ ᠠᠪᠤᠷᠠᠨ ᠲᠤᠰᠠᠯᠠᠬᠤ ᠬᠤᠪᠢ ᠬᠥᠮᠦᠨ᠎ᠦ ᠮᠡᠳᠡᠭᠦᠯᠦᠯᠲᠡ᠎ᠶ᠋ᠢᠨ ᠬᠦᠰᠦᠨᠦᠭ᠌ᠲᠦ᠃
2 . ᠪᠡᠶ᠎ᠡ᠎ᠶ᠋ᠢᠨ ᠦᠨᠡᠮᠯᠡᠯ (ᠵᠥᠪ ᠪᠤᠷᠤᠭᠤ ᠲᠠᠯ᠎ᠠ) ᠂ ᠡᠷᠦᠬᠡ ᠠᠮᠠ᠎ᠶ᠋ᠢᠨ ᠳᠡᠪᠲᠡᠷ (ᠲᠡᠷᠢᠭᠦᠨ ᠨᠢᠭᠤᠷ ᠪᠠ ᠲᠣᠰ ᠬᠥᠮᠦᠨ᠎ᠦ ᠨᠢᠭᠤᠷ) ᠤ᠋ᠨ ᠬᠠᠭᠤᠯᠪᠤᠷᠢ᠃
3 . ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠡᠴᠡ ᠭᠠᠷᠭᠠᠭ᠍ᠰᠠᠨ ᠠᠮᠢᠳᠤᠷᠠᠯ᠎ᠤᠨ ᠨᠠᠭᠠᠳᠤ ᠵᠠᠬ᠎ᠠ᠎ᠶ᠋ᠢᠨ ᠪᠠᠲᠤᠯᠠᠭ᠎ᠠ ᠭᠥᠷᠳᠡᠬᠦ᠌ ᠡᠲᠡᠭᠡᠳ᠂ ᠣᠨᠴᠠ ᠬᠦᠴᠢᠷᠳᠡᠯᠲᠡᠶ ᠬᠥᠮᠦᠰ᠂ ᠠᠮᠢᠳᠤᠷᠠᠯ᠎ᠤᠨ ᠨᠠᠭᠠᠳᠤ ᠵᠠᠬ᠎ᠠ᠎ᠶ᠋ᠢᠨ ᠪᠠᠲᠤᠯᠠᠭ᠎ᠠ ᠭᠥᠷᠳᠡᠬᠦ᠌᠎ᠳᠦ ᠬᠠᠪᠢᠳᠠᠵᠤ ᠪᠠᠢᠭ᠎ᠠ ᠬᠡᠷ ᠪᠦᠯᠢ᠎ᠶ᠋ᠢᠨ ᠪᠦᠷᠢᠯᠳᠦᠬᠦᠨ᠎ᠦ ᠬᠠᠮᠢᠶ᠎ᠠ ᠪᠥᠬᠥᠶ ᠭᠡᠷᠡᠴᠢ᠃
4 . 2021 ᠣᠨ᠎ᠤ 1 ᠰᠠᠷ᠎ᠠ᠎ᠶ᠋ᠢᠨ 1 ᠤ᠋ ᠡᠳᠦᠷ — 2026 ᠣᠨ᠎ᠤ 4 ᠰᠠᠷ᠎ᠠ᠎ᠶ᠋ᠢᠨ 24᠎ᠤ᠋ ᠡᠳᠦᠷ ᠪᠣᠯᠲᠠᠯᠠᠬᠢ ᠬᠤᠭᠤᠴᠠᠭᠠᠨ᠎ᠳᠤ᠂ ᠬᠣᠶᠠᠳᠤᠭᠠᠷ ᠳᠡᠰ ᠵᠢᠴᠢ ᠲᠡᠭᠦᠨ᠎ᠡᠴᠡ ᠳᠡᠭᠡᠭ᠌ᠰᠢᠬᠢ ᠡᠮᠴᠢᠯᠡᠭᠡᠨ᠎ᠦ ᠪᠠᠢᠭᠤᠯᠤᠮᠵᠢ᠎ᠶ᠋ᠢᠨ ᠣᠨᠣᠱᠢᠯᠠᠭ᠍ᠰᠠᠨ ᠭᠡᠷᠡᠴᠢ ᠪᠤᠶᠤ ᠡᠮᠨᠡᠯᠭᠡ᠎ᠳᠦ ᠰᠠᠭᠤᠭ᠍ᠰᠠᠨ ᠡᠪᠡᠳᠴᠢᠨ᠎ᠦ ᠲᠠᠩᠰᠠ᠃
ᠭᠤᠷᠪᠠ᠂ ᠮᠡᠳᠡᠭᠦᠯᠬᠦ᠌ ᠴᠠᠭ ᠬᠤᠭᠤᠴᠠᠭ᠎ᠠ᠄
2026 ᠣᠨ᠎ᠤ 4 ᠰᠠᠷ᠎ᠠ᠎ᠶ᠋ᠢᠨ 24 ᠤ᠋ ᠡᠳᠦᠷ ᠪᠣᠯᠲᠠᠯ᠎ᠠ ᠨᠡᠷ᠎ᠡ ᠮᠡᠳᠡᠭᠦᠯᠵᠦ ᠪᠤᠯᠤᠨ᠎ᠠ᠃