ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠢ᠎ᠠ ᠵᠠᠯᠠᠭᠤᠴᠤᠳ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠰᠠᠨᠠᠯ ᠰᠠᠨᠠᠭᠤᠯᠭ᠎ᠠ᠎ᠶ᠋ᠢᠨ ᠶᠠᠷᠢᠯᠴᠠᠬᠤ ᠬᠤᠷᠠᠯ ᠬᠤᠷᠠᠯᠳᠤᠭᠤᠯᠪᠠ
2026-04-16 15:54:17
ᠵᠣᠬᠢᠶᠠᠭ᠍ᠴᠢ᠄
ᠬᠤᠩ ᠰᠢᠶᠠ
ᠣᠩᠱᠢᠭ᠍ᠰᠠᠨ ᠣᠳᠠᠭ᠎ᠠ᠄
★★★☆☆

ᠵᠠᠯᠠᠭᠤᠴᠤᠳ᠎ᠢ ᠤᠷᠢᠳ᠎ᠢᠶᠠᠷ ᠬᠥᠭ᠌ᠵᠢᠭᠦᠯᠬᠦ᠌ ᠣᠢᠯᠠᠭᠠᠭ᠍ᠳᠠᠬᠤᠨ᠎ᠢ ᠭᠦᠨᠵᠡᠭᠡᠢ ᠦᠢᠯᠡᠳᠦᠯᠭᠡᠵᠢᠭᠦᠯᠵᠦ᠍᠂ ᠱᠢᠨ᠎ᠡ ᠴᠠᠭ ᠦᠶ᠎ᠡ᠎ᠶ᠋ᠢᠨ ᠵᠠᠯᠠᠭᠤᠴᠤᠳ᠎ᠤᠨ ᠬᠥᠭ᠌ᠵᠢᠯᠲᠡ᠎ᠶ᠋ᠢᠨ ᠬᠡᠷᠡᠭ᠌ᠴᠡᠭᠡ᠎ᠶ᠋ᠢ ᠣᠨᠣᠪᠴᠢᠲᠠᠢ ᠡᠵᠡᠮᠳᠡᠵᠦ᠍᠂ ᠵᠠᠯᠠᠭᠤᠴᠤᠳ᠎ᠤᠨ ᠬᠦᠰᠡᠯ ᠡᠷᠡᠮᠡᠯᠵᠡᠯ᠎ᠳᠦ ᠨᠡᠢᠴᠡᠭ᠌ᠰᠡᠨ᠂ ᠬᠥᠭ᠌ᠵᠢᠯᠲᠡ᠎ᠶ᠋ᠢᠨ ᠪᠣᠳᠠᠲᠤ ᠪᠠᠢᠳᠠᠯ᠎ᠳᠤ ᠨᠡᠢᠴᠡᠭ᠌ᠰᠡᠨ ᠵᠠᠯᠠᠭᠤᠴᠤᠳ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠲᠥᠰᠦᠯ᠎ᠢ ᠱᠢᠨᠵᠢᠯᠡᠬᠦ᠌ ᠤᠬᠠᠭᠠᠨᠴᠢ᠎ᠪᠠᠷ ᠲᠣᠭ᠍ᠲᠠᠭᠠᠬᠤ᠎ᠶ᠋ᠢᠨ ᠲᠥᠯᠥᠭᠡ᠂ 4 ᠰᠠᠷ᠎ᠠ᠎ᠶ᠋ᠢᠨ 2᠎ᠤ᠋ᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠢ᠎ᠠ ᠵᠠᠯᠠᠭᠤᠴᠤᠳ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠰᠠᠨᠠᠯ ᠰᠠᠨᠠᠭᠤᠯᠭ᠎ᠠ᠎ᠶ᠋ᠢᠨ ᠶᠠᠷᠢᠯᠴᠠᠬᠤ ᠬᠤᠷᠠᠯ ᠬᠤᠷᠠᠯᠳᠤᠭᠤᠯᠪᠠ᠃ 

ᠬᠤᠷᠠᠯ᠎ᠲᠡᠭᠡᠷ᠎ᠡ᠂ ᠡᠯ᠎ᠡ ᠠᠵᠢᠯ ᠲᠦᠷᠦᠯ᠎ᠡᠴᠡ ᠢᠷᠡᠭ᠌ᠰᠡᠨ 14 ᠵᠠᠯᠠᠭᠤᠴᠤᠳ᠎ᠤᠨ ᠲᠥᠯᠥᠭᠡᠯᠡᠭ᠌ᠴᠢ ᠨᠢᠭᠡ ᠲᠠᠩᠬᠢᠮ᠎ᠳᠤ ᠴᠤᠭ᠍ᠯᠠᠷᠠᠵᠤ᠂ ᠵᠠᠯᠠᠭᠤᠴᠤᠳ᠎ᠤᠨ ᠬᠥᠭ᠌ᠵᠢᠯᠲᠡ᠎ᠶ᠋ᠢᠨ ᠭᠣᠣᠯᠳᠠᠯᠭ᠎ᠠ᠎ᠲᠠᠶ ᠬᠦᠷᠢᠶᠡᠨ᠎ᠦ ᠲᠣᠭᠣᠷᠢᠨ᠎ᠳᠤ ᠪᠤᠳᠤᠯ ᠰᠠᠨᠠᠯ᠎ᠢᠶᠠᠨ ᠠᠭᠤᠵᠢᠷᠠᠲᠠᠯ᠎ᠠ ᠶᠠᠷᠢᠵᠤ᠂ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠭᠠᠷᠭᠠᠵᠤ᠂ ᠵᠠᠯᠠᠭᠤᠴᠤᠳ᠎ᠤᠨ ᠬᠥᠭ᠌ᠵᠢᠯᠲᠡ᠎ᠶ᠋ᠢᠨ ᠶᠡᠬᠡ ᠪᠤᠳᠤᠯᠭ᠎ᠠ᠎ᠶ᠋ᠢ ᠬᠠᠮᠲᠤ ᠪᠠᠷ ᠵᠥᠪᠯᠡᠪᠡ᠃

ᠲᠤᠰ ᠤᠳᠠᠭ᠎ᠠ᠎ᠶ᠋ᠢᠨ ᠶᠠᠷᠢᠯᠴᠠᠬᠤ ᠬᠤᠷᠠᠯ᠎ᠳᠤ ᠡᠭᠦᠳᠡ᠎ᠪᠡᠨ ᠨᠡᠭᠡᠭᠡᠵᠦ᠍ ᠠᠷᠭ᠎ᠠ ᠪᠤᠳᠤᠯᠭ᠎ᠠ ᠠᠰᠠᠭᠤᠨ᠂ ᠤᠯᠠᠨ᠎ᠤ ᠤᠶᠤᠨ ᠤᠬᠠᠭᠠᠨ᠎ᠢ ᠲᠥᠪᠯᠡᠷᠡᠭᠦᠯᠵᠦ᠍᠂ ᠵᠠᠯᠠᠭᠤᠴᠤᠳ᠎ᠤᠨ ᠬᠠᠮᠲᠤᠯᠢᠭ᠎ᠤᠨ ᠥᠷᠭᠡᠨ ᠳᠡᠯᠭᠡᠷ ᠴᠢᠨᠠᠷ ᠪᠣᠯᠤᠨ ᠲᠥᠯᠥᠭᠡᠯᠡᠬᠦ᠌ ᠴᠢᠨᠠᠷ᠎ᠢ ᠭᠦᠢᠴᠡᠳ ᠬᠠᠷᠠᠭᠠᠯᠵᠠᠪᠠ᠃ ᠵᠠᠯᠠᠭᠤᠴᠤᠳ᠎ᠤᠨ ᠲᠥᠯᠥᠭᠡᠯᠡᠭ᠌ᠴᠢᠳ ᠲᠤᠰ ᠪᠡᠶ᠎ᠡ᠎ᠶ᠋ᠢᠨ ᠠᠵᠢᠯ᠎ᠤᠨ ᠥᠩᠭᠡᠷᠡᠯᠲᠡ ᠪᠣᠯᠤᠨ ᠳᠡᠷᠭᠡᠳᠡᠬᠢ ᠵᠠᠯᠠᠭᠤᠴᠤᠳ᠎ᠤᠨ ᠨᠡᠢᠳᠡᠮ᠎ᠦᠨ ᠬᠦᠰᠡᠯ ᠱᠠᠭᠠᠷᠳᠠᠯᠭ᠎ᠠ᠎ᠲᠠᠶ ᠤᠶᠠᠯᠳᠤᠭᠤᠯᠵᠤ᠂ ᠵᠠᠯᠠᠭᠤᠴᠤᠳ᠎ᠤᠨ ᠠᠵᠢᠯ ᠣᠯᠵᠤ ᠦᠢᠯᠡᠰ ᠪᠤᠰᠭᠠᠬᠤ᠂ ᠰᠤᠷᠤᠯᠴᠠᠵᠥ᠍ ᠦᠰᠤᠨ ᠪᠣᠢᠵᠢᠬᠤ᠂ ᠪᠡᠶ᠎ᠡ ᠰᠡᠳᠭᠢᠯ᠎ᠦᠨ ᠡᠷᠡᠭᠦᠯ ᠮᠡᠨᠳᠤ᠂ ᠡᠷᠬᠡ ᠠᠱᠢᠭ᠎ᠤᠨ ᠪᠠᠲᠤᠯᠠᠭ᠎ᠠ ᠵᠡᠷᠭᠡ ᠵᠠᠯᠠᠭᠤᠴᠤᠳ᠎ᠤᠨ ᠬᠠᠯᠠᠮᠵᠢᠯᠠᠨ ᠠᠩᠬᠠᠷᠴᠤ᠌ ᠪᠠᠢᠭ᠎ᠠ ᠭᠣᠣᠯᠳᠠᠯᠭ᠎ᠠ᠎ᠲᠠᠶ ᠠᠰᠠᠭᠤᠳᠠᠯ᠎ᠤᠨ ᠲᠣᠭᠣᠷᠢᠨ᠎ᠳᠤ ᠰᠠᠨᠠᠭᠤᠯᠭ᠎ᠠ ᠳᠤᠷᠠᠳᠴᠠᠢ᠂ ᠡᠭᠦᠨ ᠳ᠋ᠦ ᠵᠠᠯᠠᠭᠤᠴᠤᠳ᠎ᠤᠨ ᠬᠥᠭ᠌ᠵᠢᠯᠲᠡ᠎ᠶ᠋ᠢᠨ ᠣᠷᠴᠢᠨ ᠲᠣᠭᠣᠷᠢᠨ᠎ᠢ ᠱᠢᠯᠢᠳᠡᠭ᠌ᠵᠢᠭᠦᠯᠬᠦ᠌ ᠲᠤᠬᠠᠢ ᠪᠣᠳᠣᠯᠬᠢᠯᠠᠯ᠂ ᠵᠠᠯᠠᠭᠤᠴᠤᠳ᠎ᠤᠨ ᠦᠰᠦᠨ ᠪᠣᠢᠵᠢᠯᠲᠠ᠎ᠶ᠋ᠢ ᠳᠡᠮᠵᠢᠬᠦ᠌ ᠲᠦᠷᠦ᠍᠎ᠶ᠋ᠢᠨ ᠪᠤᠳᠤᠯᠭ᠎ᠠ᠎ᠶ᠋ᠢᠨ ᠲᠤᠬᠠᠢ ᠬᠦᠰᠡᠯ ᠡᠷᠡᠮᠡᠯᠵᠡᠯ᠂ ᠵᠠᠯᠠᠭᠤᠴᠤᠳ᠎ᠤᠨ ᠨᠡᠢᠭᠡᠮ᠎ᠦᠨ ᠪᠠᠢᠭᠤᠯᠤᠯᠲᠠ᠎ᠳᠤ ᠣᠷᠣᠯᠴᠠᠬᠤ ᠲᠤᠬᠠᠢ ᠰᠠᠨᠠᠭᠤᠯᠭ᠎ᠠ ᠵᠢ ᠪᠠᠬᠳᠠᠭᠠᠨ᠎ᠠ᠃ ᠰᠠᠨᠠᠯ ᠪᠣᠯᠭᠠᠨ ᠨᠢ ᠵᠠᠯᠠᠭᠤᠴᠤᠳ᠎ᠤᠨ ᠬᠡᠷᠡᠭ᠌ᠴᠡᠭᠡ᠎ᠳᠦ ᠨᠡᠢᠴᠡᠵᠦ᠍᠂ ᠰᠠᠨᠠᠭᠤᠯᠭ᠎ᠠ ᠪᠣᠯᠭᠠᠨ᠎ᠳᠤᠨᠢ ᠪᠣᠳᠠᠲᠠᠢ᠎ᠶ᠋ᠢ ᠡᠷᠬᠢᠮᠯᠡᠭ᠌ᠰᠡᠨ ᠪᠣᠳᠣᠯᠬᠢᠯᠠᠯ ᠠᠭᠤᠯᠤᠭ᠍ᠳᠠᠵᠤ᠂ ᠵᠠᠯᠠᠭᠤᠴᠤᠳ᠎ᠤᠨ ᠬᠥᠭ᠌ᠵᠢᠯᠲᠡ᠎ᠶ᠋ᠢᠨ ᠠᠵᠢᠯ᠎ᠳᠤ ᠠᠮᠢᠳᠤᠯᠢᠭ ᠪᠣᠳᠠᠲᠠᠢ ᠯᠠᠪᠯᠠᠯᠲᠠ ᠬᠠᠩᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号