ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡ ᠬᠢᠭᠡᠳ ᠳ᠋ᠠᠢᠲ᠋ᠠ᠎ᠶ᠋ᠢᠨ ᠬᠠᠮᠢᠶᠠᠷᠤᠯᠲᠠ᠎ᠶ᠋ᠢᠨ ᠲᠣᠪᠴᠢᠶ᠎ᠠ᠎ᠠᠴᠠ ᠣᠢᠯᠠᠭᠠᠭ᠍ᠰᠠᠨ᠎ᠢᠶᠠᠷ᠂ ᠥᠪᠡᠷᠲᠡᠭᠡᠨ ᠵᠠᠰᠠᠬᠤ ᠣᠷᠣᠨ 《ᠨᠢᠭᠡ ᠬᠦᠰᠦᠨᠦᠭ᠌ᠲᠦ᠍᠎ᠪᠡᠷ ᠨᠡᠪᠲᠡᠷᠡᠭᠦᠯᠬᠦ᠌》 ᠲᠣᠭᠠᠴᠢᠯᠠᠭ᠍ᠰᠠᠨ ᠲᠠᠪᠴᠠᠩ᠎ᠢ ᠦᠷᠭᠦᠯᠵᠢᠯᠡᠨ ᠳᠡᠯᠭᠡᠷᠡᠭᠦᠯᠦᠨ ᠲᠠᠰ ᠳᠡᠪᠱᠢᠭᠦᠯᠬᠦ ᠪᠡᠷ ᠲᠠᠮᠵᠢᠨ ᠤᠳᠤᠬᠠᠨ ᠤᠯᠤᠰ᠂ ᠥᠪᠡᠷᠲᠡᠭᠡᠨ ᠵᠠᠰᠠᠬᠤ ᠣᠷᠣᠨ᠂ ᠠᠢᠮᠠᠭ ᠬᠣᠲᠠ᠂ ᠬᠣᠱᠢᠭᠤ ᠱᠢᠶᠠᠨ (ᠬᠣᠲᠠ᠂ ᠲᠣᠭᠣᠷᠢᠭ)᠂ ᠰᠤᠮᠤ ᠱᠢᠶᠠᠩ ᠪᠠᠯᠭᠠᠰᠤ (ᠵᠡᠭᠡᠯᠢ ᠭᠤᠳᠤᠮᠵᠢ)᠂ ᠭᠠᠴᠠᠭ᠎ᠠ ᠲᠣᠰᠭᠣᠨ (ᠨᠡᠢᠭᠡᠮ ᠲᠣᠭᠣᠷᠢᠭ) ᠵᠢᠷᠭᠤᠭᠠᠨ ᠱᠠᠲᠤᠨ᠎ᠤ ᠬᠤᠭᠤᠷᠤᠨᠳᠤ ᠨᠡᠪᠲᠡᠷᠡᠭᠦᠯᠬᠦ᠌᠎ᠶ᠋ᠢ ᠪᠡᠶᠡᠯᠡᠭᠦᠯᠵᠦ᠍᠂ ᠲᠣᠭᠠᠴᠢᠯᠠᠭ᠍ᠰᠠᠨ ᠠᠷᠭ᠎ᠠ ᠪᠠᠷᠢᠯ᠎ᠢᠶᠠᠷ ᠦᠨᠳᠦᠰᠦᠨ ᠱᠠᠲᠤᠨ᠎ᠤ ᠵᠠᠰᠠᠯᠲᠠ ᠵᠢ ᠴᠢᠩᠭᠠᠳᠬᠠᠵᠤ᠂ ᠦᠨᠳᠦᠰᠦᠨ ᠱᠠᠲᠤᠨ᠎ᠤ ᠳᠠᠷᠤᠭᠠᠰᠤ᠎ᠶ᠋ᠢ ᠦᠨᠡᠨ ᠬᠦ᠌ ᠬᠥᠩᠭᠡᠷᠡᠭᠦᠯᠪᠠ᠃
ᠦᠨᠳᠦᠰᠦᠨ ᠱᠠᠲᠤᠨ᠎ᠤ 《ᠦᠨᠳᠦᠰᠦᠨ ᠳ᠋ᠠᠢᠲ᠋ᠠ ᠬᠥᠮᠥᠷᠭᠡ》 ᠪᠠ ᠥᠪᠡᠷᠲᠡᠭᠡᠨ ᠵᠠᠰᠠᠬᠤ ᠣᠷᠣᠨ᠎ᠤ 《ᠨᠢᠭᠡ ᠬᠦᠰᠦᠨᠦᠭ᠌ᠲᠦ ᠪᠡᠷ ᠨᠡᠪᠲᠡᠷᠡᠭᠦᠯᠬᠦ᠌》 ᠲᠤᠰᠭᠠᠶ ᠰᠡᠳᠦᠪᠲᠦ ᠬᠥᠮᠥᠷᠭᠡ᠎ᠳᠦ ᠲᠦᠱᠢᠭ᠌ᠯᠡᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡ ᠬᠢᠭᠡᠳ ᠳ᠋ᠠᠢᠲ᠋ᠠ ᠶ᠋ᠢᠨ ᠬᠠᠮᠢᠶᠠᠷᠤᠯᠲᠠ᠎ᠶ᠋ᠢᠨ ᠲᠣᠪᠴᠢᠶ᠎ᠠ᠎ᠵᠢᠨ ᠬᠢᠨ 《ᠶᠡᠷᠦᠩᠬᠡᠢᠯᠡᠨ ᠴᠤᠭ᠍ᠯᠠᠭᠤᠯᠬᠤ᠂ ᠨᠢᠭᠡ ᠬᠦᠰᠦᠨᠦᠭ᠌ᠲᠦ᠍᠎ᠵᠢ ᠨᠡᠢᠳᠡᠮ ᠬᠡᠷᠡᠭ᠌ᠯᠡᠬᠦ᠌᠂ ᠣᠯᠠᠨ ᠲᠠᠯ᠎ᠠ᠎ᠪᠠᠷ ᠬᠠᠮᠲᠤ᠎ᠪᠠᠷ ᠡᠳ᠋ᠯᠡᠬᠦ》 ᠵᠠᠭ᠍ᠪᠤᠷ᠎ᠢ ᠬᠡᠷᠡᠭ᠌ᠯᠡᠵᠦ᠍᠂ ᠪᠥᠬᠥ᠌ ᠤᠯᠤᠰ᠎ᠤᠨ ᠠᠩᠬᠠᠳᠠᠭ᠍ᠴᠢ ᠮᠤᠵᠢ᠎ᠶ᠋ᠢᠨ ᠬᠡᠪᠴᠢᠶ᠎ᠡ᠎ᠶ᠋ᠢ ᠬᠠᠮᠤᠷᠤᠭ᠍ᠰᠠᠨ 《ᠨᠢᠭᠡ ᠬᠦᠰᠦᠨᠦᠭ᠌ᠲᠦ ᠪᠡᠷ ᠨᠡᠪᠲᠡᠷᠡᠭᠦᠯᠬᠦ᠌》 ᠱᠢᠰᠲ᠋ᠧᠮ᠎ᠢ ᠪᠠᠢᠭᠤᠯᠪᠠ᠃ 2025 ᠣᠨ᠎ᠤ ᠡᠴᠦᠰ ᠪᠣᠯᠲᠠᠯ᠎ᠠ ᠲᠤᠰ ᠱᠢᠰᠲ᠋ᠧᠮ᠎ᠨᠢ ᠨᠢᠭᠡᠨᠲᠡ 10744 ᠭᠤᠷᠪᠠᠨ ᠱᠠᠲᠤᠨ᠎ᠤ ᠲᠤᠬᠠᠢᠯᠠᠭ᠍ᠰᠠᠨ ᠠᠵᠢᠯ᠎ᠤᠨ ᠰᠠᠯᠠᠭ᠎ᠠ ᠮᠥᠴᠢᠷ᠂ 1241 ᠰᠤᠮᠤ ᠱᠢᠶᠠᠩ ᠪᠠᠯᠭᠠᠰᠤ (ᠵᠡᠭᠡᠯᠢ ᠭᠤᠳᠤᠮᠵᠢ) ᠶ᠋ᠢ ᠬᠠᠮᠤᠷᠴᠤ᠌᠂ 3 ᠲᠦᠮᠡ ᠭᠠᠷᠤᠶ ᠱᠢᠰᠲ᠋ᠧᠮ᠎ᠦᠨ ᠲᠠᠩᠰᠠᠨ ᠡᠷᠦᠬᠡ᠎ᠶ᠋ᠢ ᠨᠡᠪᠲᠡᠷᠡᠭᠦᠯᠪᠡ᠃ ᠱᠢᠰᠲ᠋ᠧᠮ᠎ᠨᠢ 《ᠨᠢᠭᠡ ᠦᠵᠡᠭ᠌ᠳᠡᠯ᠎ᠳᠦ ᠨᠢᠭᠡ ᠬᠦᠰᠦᠨᠦᠭ᠌ᠲᠦ ᠵᠤᠬᠢᠶᠠᠬᠤ》 ᠵᠠᠭ᠍ᠪᠤᠷ ᠶᠣᠰᠣᠭᠠᠷ ᠪᠥᠬᠥ᠌ ᠣᠷᠣᠨ᠎ᠤ 47 ᠰᠠᠯᠠᠭ᠎ᠠ ᠮᠥᠴᠢᠷ᠎ᠦᠨ 2 ᠲᠦᠮᠡ ᠱᠢᠬᠠᠮ ᠮᠡᠳᠡᠭᠦᠯᠦᠯᠲᠡ᠎ᠶ᠋ᠢᠨ ᠬᠦᠰᠦᠨᠦᠭ᠌ᠲᠦ᠍᠎ᠶ᠋ᠢ 121 ᠪᠠᠷᠢᠮᠵᠢᠶᠠᠲᠤ ᠲᠣᠭ᠎ᠠ ᠪᠠᠷᠢᠮᠲᠠ᠎ᠶ᠋ᠢᠨ ᠬᠦᠰᠦᠨᠦᠭ᠌ᠲᠦ ᠪᠣᠯᠭᠠᠨ ᠴᠣᠮᠬᠠᠳᠭᠠᠵᠤ᠂ ᠮᠡᠳᠡᠭᠦᠯᠦᠯᠲᠡ᠎ᠶ᠋ᠢᠨ ᠬᠦᠰᠦᠨᠦᠭ᠌ᠲᠦ᠍᠎ᠶ᠋ᠢ 《ᠮᠢᠩᠭᠠᠨ ᠬᠦᠰᠦᠨᠦᠭ᠌ᠲᠦ ᠮᠢᠩᠭᠠᠨ ᠶᠠᠩᠵᠤ》 ᠪᠠᠢᠭ᠍ᠰᠠᠨ᠎ᠠᠴᠠ 《ᠨᠢᠭᠡ ᠬᠦᠰᠦᠨᠦᠭ᠌ᠲᠦ᠍᠎ᠵᠢ ᠨᠡᠢᠳᠡᠮ ᠬᠡᠷᠡᠭ᠌ᠯᠡᠬᠦ᠌》 ᠪᠣᠯᠭᠠᠨ ᠬᠤᠪᠢᠷᠠᠭᠤᠯᠪᠠ᠃
ᠣᠳᠣᠬᠠᠨ᠎ᠳᠤ ᠥᠪᠡᠷᠲᠡᠭᠡᠨ ᠵᠠᠰᠠᠬᠤ ᠣᠷᠣᠨ ᠨᠢᠭᠡᠨᠲᠡ ᠨᠢᠭᠡᠳᠦᠯᠲᠡᠶ 《ᠦᠨᠳᠦᠰᠦᠨ ᠳ᠋ᠠᠢᠲ᠋ᠠ ᠬᠥᠮᠥᠷᠭᠡ》 ᠶ᠋ᠢ ᠪᠠᠢᠭᠤᠯᠵᠤ ᠂ 15 ᠰᠠᠯᠠᠭ᠎ᠠ ᠮᠥᠴᠢᠷ᠎ᠦᠨ ᠪᠠᠷᠤᠭ 9.98 ᠳ᠋ᠦᠩᠱᠢᠭᠤᠷ ᠵᠤᠷᠪᠤᠰ ᠳ᠋ᠠᠢᠲ᠋ᠠ᠎ᠶ᠋ᠢ ᠬᠤᠷᠠᠮᠳᠤᠭᠤᠯᠤᠨ᠂ ᠲᠠᠪᠤᠨ ᠱᠠᠲᠤ᠎ᠶ᠋ᠢ ᠬᠠᠮᠤᠷᠤᠭ᠍ᠰᠠᠨ ᠪᠠᠷᠢᠮᠵᠢᠶᠠᠲᠤ ᠭᠠᠵᠠᠷ᠎ᠤᠨ ᠨᠡᠷᠡᠢᠳᠤᠯ᠎ᠦᠨ ᠳ᠋ᠠᠢᠲ᠋ᠠ ᠬᠥᠮᠥᠷᠭᠡ᠎ᠶ᠋ᠢ ᠪᠠᠢᠭᠤᠯᠵᠤ᠂ 《ᠬᠥᠮᠦᠨ᠂ ᠬᠡᠷ ᠪᠠᠢᠱᠢᠩ᠂ ᠠᠵᠤ ᠠᠬᠤᠢᠯᠠᠯ᠂ ᠤᠴᠢᠷ ᠶᠠᠪᠤᠳᠠᠯ 》 ᠤ᠋ᠨ ᠳ᠋ᠠᠢᠲ᠋ᠠ᠎ᠶ᠋ᠢ ᠪᠥᠬᠥ᠌ ᠲᠠᠯ᠎ᠠ᠎ᠪᠠᠷ ᠬᠣᠯᠪᠣᠭ᠍ᠳᠠᠭᠤᠯᠪᠠ;ᠦᠨᠳᠦᠰᠦᠨ ᠱᠠᠲᠤᠨ᠎ᠤ ᠲᠤᠬᠠᠢᠯᠠᠭ᠍ᠰᠠᠨ ᠠᠵᠢᠯ᠎ᠤᠨ ᠬᠡᠷᠡᠭ᠌ᠴᠡᠭᠡ ᠱᠠᠭᠠᠷᠳᠠᠯᠭ᠎ᠠ ᠶᠣᠰᠣᠭᠠᠷ 《ᠰᠠᠭᠤᠷᠢ ᠱᠢᠨᠵᠢ ᠴᠢᠨᠠᠷ + ᠣᠨᠴᠠᠯᠢᠭ᠍ᠲᠤ ᠢᠯᠡᠷᠭᠡᠢᠯᠡᠯᠳᠤ ᠲᠡᠮᠳᠡᠭ》 ᠤ᠋ᠨ ᠬᠤᠤᠰ ᠬᠡᠮᠵᠢᠯᠳᠦ ᠱᠣᠱᠢᠭ᠎ᠠ ᠶ᠋ᠢᠨ ᠬᠠᠮᠢᠶᠠᠷᠤᠯᠲᠠ᠎ᠶ᠋ᠢᠨ ᠱᠢᠰᠲ᠋ᠧᠮ ᠢ ᠪᠠᠢᠭᠤᠯᠵᠤ᠂ ᠵᠡᠮᠳᠡᠭ᠌ᠴᠦᠳ᠂ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ ᠬᠦᠷᠳᠡᠭᠰᠡᠳ᠂ ᠡᠮᠴᠢᠯᠡᠭᠡᠨ᠎ᠦ ᠳᠠᠭᠠᠳᠭᠠᠯ ᠵᠡᠷᠭᠡ 47 ᠲᠥᠷᠥᠯ᠎ᠦᠨ ᠱᠣᠱᠢᠭ᠎ᠠ ᠶ᠋ᠢ ᠪᠦᠷᠢᠯᠳᠦᠭᠦᠯᠵᠦ᠍᠂ ᠣᠨᠴᠠᠭᠠᠢ ᠬᠦᠴᠢᠷᠳᠡᠯᠲᠡᠶ ᠬᠥᠮᠦᠰ ᠢ ᠨᠠᠷᠢᠯᠢᠭ ᠣᠨᠣᠴᠠᠲᠠᠶ᠎ᠪᠠᠷ ᠢᠯᠭᠠᠨ ᠲᠠᠨᠢᠬᠤ ᠪᠠ ᠦᠶ᠋ᠯᠡᠴᠢᠯᠡᠵᠦ ᠪᠤᠢ; ᠦᠨᠳᠦᠰᠦᠨ ᠱᠠᠲᠤᠨ᠎ᠳᠤ ᠪᠤᠴᠠᠵᠤ ᠢᠷᠡᠭ᠌ᠰᠡᠨ ᠡᠯ᠎ᠡ ᠲᠥᠷᠥᠯ᠎ᠦᠨ ᠲᠣᠭ᠎ᠠ ᠪᠠᠷᠢᠮᠲᠠ ᠵᠢ ᠨᠡᠢᠲᠡ 5 ᠳ᠋ᠦᠩᠱᠢᠭᠤᠷ ᠭᠠᠷᠤᠶ ᠵᠤᠷᠪᠤᠰ ᠬᠤᠷᠢᠶᠠᠨ ᠤᠯᠵᠤ᠂ ᠦᠨᠳᠦᠰᠦᠨ ᠱᠠᠲᠤᠨ᠎ᠤ ᠵᠠᠰᠠᠯᠲᠠ ᠪᠠ ᠦᠶ᠋ᠯᠡᠴᠢᠯᠡᠭᠡ ᠳᠦ ᠬᠦᠴᠦᠲᠡᠶ ᠲᠣᠭ᠎ᠠ ᠪᠠᠷᠢᠮᠲᠠ᠎ᠶ᠋ᠢᠨ ᠲᠤᠯᠭᠠᠭᠤᠷᠢᠯᠠᠯ ᠬᠠᠩᠭᠠᠪᠠ᠃